ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠬᠢᠯᠢ ᠶᠢᠨ ᠬᠠᠮᠠᠭᠠᠯᠠᠯᠲᠠ ᠶᠢᠨ ᠱᠤᠭᠤᠮ ᠤᠨ ᠰᠣᠳᠣᠨ ᠲᠥᠷᠥᠯ ᠵᠦᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/13
     2 ᠰᠠᠷ᠎ᠠ ᠶᠢᠨ 11 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ ᠪᠥᠬᠦ ᠬᠤᠰᠢᠭᠤᠨ ᠤ ᠬᠢᠯᠢ ᠶᠢᠨ ᠬᠠᠮᠠᠭᠠᠯᠠᠯᠲᠠ ᠶᠢᠨ ᠱᠤᠭᠤᠮ ᠤᠨ ᠰᠣᠳᠣᠨ ᠲᠥᠷᠥᠯ ᠵᠦᠢᠯ ᠢ ᠲᠦᠯᠬᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠳᠡᠳ᠋  ᠳᠠᠷᠤᠭ᠎ᠠ ᠶᠢᠨ ᠨᠡᠷ᠎ᠡ ᠵᠢᠱᠢᠭᠳᠡᠭᠰᠡᠳ ᠵᠠᠩ ᠵᠢᠶᠦ᠋ᠨ ᠢᠦᠢ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠡ ᠪᠣᠯᠣᠨ ᠬᠡᠰᠡᠭ ᠰᠤᠮᠤ ᠰᠢᠶᠠᠩ ᠪᠠᠯᠭᠠᠰᠤ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ᠃     ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠯᠢ ᠬᠢᠵᠠᠭᠠᠷ ᠣᠷᠣᠨ ᠤ ᠴᠠᠬᠢᠯᠭᠠᠨ ᠲᠣᠣᠷ ᠤᠨ ᠪᠦᠲᠦᠭᠡᠨ ᠪᠠᠶᠢᠭᠤᠯᠤᠯᠲᠠ᠂  ᠮᠠᠨᠵᠤᠲ᠋ᠥ᠋ᠨ ᠤ ᠮᠠᠨᠵᠤ ᠦᠨᠳᠦᠰᠦᠲᠡᠨ ᠤ ᠰᠢᠶᠠᠩ ᠤᠨ ᠬᠤᠨᠢ ᠡᠪᠡᠰᠦᠨ ᠤ ᠦᠷ᠎ᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠬᠢᠯᠢ ᠶᠢᠨ ᠪᠣᠰᠤᠭ᠎ᠠ ᠴᠣᠭᠴᠠᠲᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠦᠲᠦᠭᠡᠨ ᠪᠠᠶᠢᠭᠤᠯᠤᠯᠲᠠ ᠵᠡᠷᠭᠡ ᠬᠢᠯᠢ ᠶᠢᠨ ᠬᠠᠮᠠᠭᠠᠯᠠᠯᠲᠠ ᠶᠢᠨ ᠱᠤᠭᠤᠮ ᠤᠨ 26 ᠰᠣᠳᠣᠨ ᠲᠦᠷᠦᠯ ᠵᠦᠢᠯ ᠤᠨ ᠲᠣᠭᠤᠷᠢᠨ ᠳᠤ ᠶᠠᠷᠢᠯᠴᠠᠭ᠎ᠠ ᠥᠷᠨᠢᠭᠦᠯᠵᠦ᠂ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠰᠤᠳᠤᠯᠵᠤ᠂ ᠪᠦᠲᠦᠭᠡᠯᠴᠢ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠪᠠ      ᠬᠤᠷᠠᠯ ᠠᠴᠠ ᠱᠠᠭᠠᠷᠳᠠᠭᠰᠠᠨ ᠨᠢ᠂ ᠡᠯ᠎ᠡ ᠬᠤᠯᠪᠣᠭᠳᠠᠯ ᠪᠦᠬᠦᠢ ᠨᠢᠭᠡᠴᠡ ᠦᠵᠡᠯ ᠰᠠᠨᠠᠭᠠᠨ ᠤ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠬᠢᠯᠢ ᠶᠢᠨ ᠬᠠᠮᠠᠭᠠᠯᠠᠯᠲᠠ ᠶᠢᠨ ᠱᠤᠭᠤᠮ ᠤᠨ ᠣᠬᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠳᠤ ᠢᠳᠡᠪᠬᠢᠲᠡᠢ ᠰᠠᠨᠠᠭᠠᠴᠢᠯᠠᠭ᠎ᠠ  ᠠᠴᠠ ᠪᠠᠨ ᠣᠷᠣᠯᠴᠠᠵᠤ᠂ ᠢᠳᠡᠪᠬᠢᠲᠡᠢ ᠪᠠᠷ ᠨᠡᠪᠲᠡᠷᠡᠯᠴᠡᠨ ᠬᠠᠷᠢᠭᠤ ᠮᠡᠳᠡᠭᠦᠯᠵᠦ᠂ ᠪᠣᠳᠠᠲᠠᠢ ᠵᠦᠢᠯᠡᠰ ᠢᠶᠠᠨ ᠲᠡᠭᠦᠯᠳᠡᠷᠵᠢᠭᠦᠯᠦᠨ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ︽ᠨᠢᠭᠡ ᠬᠥᠯᠭᠡ ᠰᠢᠲᠠᠷ᠎ᠠ︾ ᠶᠢᠨ ᠠᠵᠢᠯ ᠤᠨ ᠪᠠᠶᠢᠷᠢᠰᠢᠯ ᠢ ᠪᠣᠶ ᠪᠣᠯᠭᠠᠵᠤ᠂ ᠲᠥᠷᠥᠯ ᠵᠦᠢᠯ ᠤᠨ ᠤᠷᠤᠭᠰᠢᠲᠠᠢ ᠪᠥᠭᠡᠳ ᠥᠨᠳᠥᠷ ᠪᠦᠲᠦᠮᠵᠢᠲᠡᠶ ᠪᠠᠷ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号