ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠲᠣᠭᠲᠠᠭᠤᠨ ᠬᠥᠭᠵᠢᠯᠲᠡ  ᠶᠢ  ᠲᠤᠰᠠᠯᠠᠶ᠎ᠠ
ᠨᠡᠶᠢᠲᠡᠯᠡᠭᠰᠡᠨ ᠴᠠᠭ᠄
2023/2/14
    【ᠰᠤᠷᠪᠤᠯᠵᠢᠯᠠᠨ ᠶᠠᠷᠢᠯᠴᠠᠭᠰᠠᠨ ᠴᠠᠭ】 2021 ᠣᠨ ᠤ 6 ᠰᠠᠷ᠎ᠠ ᠶᠢᠨ 16 ᠤ ᠡᠳᠦᠷ    【 ᠰᠣᠷᠪᠤᠯᠵᠢᠯᠠᠭ᠎ᠠ ᠶᠢᠨ ᠵᠣᠴᠢᠨ 】 ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠣᠪᠴᠢᠶ᠎ᠠ ᠶᠢᠨ ᠠᠵᠢᠯ ᠠᠯᠳᠠᠯᠲᠠ ᠶᠢᠨ ᠳᠠᠭᠠᠳᠬᠠᠯ ᠤᠨ ᠲᠠᠰᠤᠭ ᠤᠨ ᠳᠠᠷᠤᠭ᠎ᠠ  ᠵᠤ᠋ ᠯᠢ ᠵᠢᠤᠸᠠᠨ     【ᠭᠤᠣᠯ ᠰᠠᠨᠠᠭᠤᠯᠤᠮᠵᠢ】      ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠲᠥᠷᠥ ᠶᠢᠨ ᠪᠣᠳᠣᠯᠭ᠎ᠠ ᠪᠣᠯ ᠠᠵᠢᠯ ᠠᠯᠳᠠᠯᠲᠠ ᠶᠢᠨ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠤᠨ ᠣᠨ ᠤ ᠠᠵᠢᠯᠲᠠᠨ ᠢᠶᠠᠨ ᠥᠯᠥ ᠬᠠᠰᠤᠬᠤ ᠪᠤᠶᠤ ᠠᠵᠤ ᠠᠬᠤᠶᠢᠯᠠᠯ ᠤᠨ ᠠᠵᠢᠯᠲᠠᠨ ᠢᠶᠠᠨ ᠬᠠᠰᠤᠬᠤ ᠨᠣᠷᠮ᠎ᠠ ᠨᠢ ᠲᠤᠬᠠᠢ ᠶᠢᠨ ᠭᠠᠵᠠᠷ ᠤᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠠᠴᠠ ᠳᠣᠣᠷ᠎ᠠ ᠪᠠᠶᠢᠬᠤ ᠪᠠᠶᠢᠳᠠᠯ ᠳᠣᠣᠷ᠎ᠠ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠵᠢᠯ ᠠᠯᠳᠠᠯᠲᠠ ᠶᠢᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠪᠠᠷᠢᠮᠵᠢᠶ᠎ᠠ ᠶᠢ ᠠᠵᠤ ᠠᠬᠤᠶᠢᠯᠠᠯ ᠵᠢᠴᠢ ᠲᠡᠭᠦᠨ ᠤ ᠠᠵᠢᠯᠲᠠᠨ ᠠᠵᠢᠯᠴᠢᠨ ᠤ ᠲᠦᠷᠦᠭᠦᠸ ᠵᠢᠯ ᠤᠨ ᠲᠤᠰᠢᠶᠠᠬᠤ ᠠᠵᠢᠯ ᠠᠯᠳᠠᠯᠲᠠ ᠶᠢᠨ ᠳᠠᠭᠠᠳᠬᠠᠯ ᠤᠨ ᠵᠠᠷᠤᠳᠠᠯ ᠤᠨ 100% ᠳᠤ ᠬᠦᠷᠲᠡᠯ᠎ᠡ ᠳᠡᠭᠡᠭᠰᠢᠯᠡᠭᠦᠯᠵᠦ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠳᠤ ᠬᠡᠷᠡᠭᠯᠡᠬᠦ ᠲᠥᠷᠥ ᠶᠢᠨ ᠪᠣᠳᠣᠯᠭ᠎ᠠ ᠪᠣᠯᠣᠨ᠎ᠠ᠃    【ᠰᠣᠷᠪᠤᠯᠵᠢᠯᠠᠭ᠎ᠠ ᠶᠢᠨ ᠠᠭᠤᠯᠭ᠎ᠠ 1】 ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ      ᠰᠤᠷᠪᠤᠯᠵᠢᠯᠠᠭᠴᠢ᠄ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠯᠭᠠᠬᠤ ᠪᠠᠷ ᠭᠤᠶᠤᠴᠢᠯᠠᠭᠰᠠᠨ ᠪᠠ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠭᠰᠠᠨ ᠬᠠᠷᠢᠶ᠎ᠠ ᠨᠢᠭᠡᠴᠡ ᠨᠢ ᠬᠠᠮᠢᠭ᠎ᠠ ᠪᠠᠶᠢᠬᠤ ᠪᠣᠶ︖ ᠵᠤ᠋ ᠯᠢ ᠵᠢᠤᠸᠠᠨ᠄ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠬᠠᠷᠢᠶ᠎ᠠ ᠭᠠᠵᠠᠷ ᠤᠨ ᠢᠶᠠᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠣᠪᠴᠢᠶ᠎ᠠ ᠳᠤ ᠮᠠᠲ᠋ᠧᠷᠢᠶᠠᠯ ᠢᠶᠠᠨ ᠮᠡᠳᠡᠭᠦᠯᠬᠦ ᠶᠢᠨ ᠬᠠᠮᠲᠤ ᠮᠠᠲ᠋ᠧᠷᠢᠶᠠᠯ ᠢᠶᠠᠨ ᠬᠢᠨᠠᠨ ᠬᠠᠷᠭᠤᠭᠤᠯᠤᠨ᠎ᠠ᠃      ᠰᠤᠷᠪᠤᠯᠵᠢᠯᠠᠭᠴᠢ᠄ ᠠᠵᠤ ᠠᠬᠤᠶᠢᠯᠠᠯ ᠢᠶᠠᠨ ᠭᠤᠶᠤᠴᠢᠯᠠᠨ ᠮᠡᠳᠡᠭᠦᠯᠬᠦ ᠳᠤ ᠶᠠᠮᠠᠷ ᠶᠠᠮᠠᠷ ᠮᠠᠲ᠋ᠧᠷᠢᠶᠠᠯ ᠲᠤᠰᠢᠶᠠᠬᠤ ᠴᠢᠬᠤᠯᠠᠲᠠᠢ ᠪᠣᠶ︖      ᠵᠤ᠋ ᠯᠢ ᠵᠢᠤᠸᠠᠨ᠄ ᠠᠵᠤ ᠠᠬᠤᠶᠢᠯᠠᠯ ᠤᠨ ᠠᠵᠢᠯ ᠠᠯᠳᠠᠭᠰᠠᠳ ᠤᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠨᠥᠬᠦᠪᠦᠷᠢ ᠶᠢ ᠭᠥᠷᠳᠡᠬᠦ ᠭᠤᠶᠤᠴᠢᠯᠠᠯ ᠤᠨ ᠪᠢᠴᠢᠭ ᠲᠤ ᠠᠵᠤ ᠠᠬᠤᠶᠢᠯᠠᠯ ᠤᠨ ᠨᠡᠷᠡᠶᠢᠳᠦᠯ ᠪᠠ ᠠᠯᠪᠠᠨ ᠲᠠᠮᠠᠭ᠎ᠠ ︵ᠨᠢᠭᠡ ᠬᠡᠯᠪᠡᠷᠢ ᠶᠢᠨ ᠵᠢᠷᠭᠤᠭᠠᠨ ᠬᠤᠪᠢ︶᠂ ᠠᠵᠢᠯ ᠠᠯᠳᠠᠭᠰᠠᠳ ᠤᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠨᠥᠬᠦᠪᠦᠷᠢ ᠶᠢ ᠭᠤᠶᠤᠴᠢᠯᠠᠨ ᠠᠪᠬᠤ ᠬᠦᠰᠦᠨᠦᠭᠲᠦ ︵ᠨᠢᠭᠡ ᠬᠡᠯᠪᠡᠷᠢ ᠶᠢᠨ ᠵᠢᠷᠭᠤᠭᠠᠨ ᠬᠤᠪᠢ︶ ᠶᠢ ᠳᠠᠷᠤᠨ᠎ᠠ᠃      ᠰᠤᠷᠪᠤᠯᠵᠢᠯᠠᠭᠴᠢ᠄ ᠭᠤᠶᠤᠴᠢᠯᠠᠨ ᠠᠪᠬᠤ ᠬᠦᠰᠦᠨᠦᠭᠲᠦ ᠳᠤ ᠲᠠᠭᠯᠠᠭᠰᠠᠨ ᠠᠭᠤᠯᠭ᠎ᠠ ᠨᠢ ᠶᠠᠭᠤ ᠪᠤᠶ ︖      ᠵᠤ᠋ ᠯᠢ ᠵᠢᠤᠸᠠᠨ᠄ ᠠᠵᠤ ᠠᠬᠤᠶᠢᠯᠠᠯ ᠤᠨ ᠨᠡᠷᠡᠶᠢᠳᠦᠯ᠂ ᠬᠠᠤᠯᠢ ᠶᠢᠨ ᠡᠷᠬᠡᠲᠡᠨ ᠤ ᠲᠥᠯᠥᠭᠡᠯᠡᠭᠴᠢ᠂ ᠨᠢᠭᠡᠴᠡ ᠶᠢᠨ ᠰᠢᠨᠵᠢ ᠴᠢᠨᠠᠷ᠂ ᠨᠢᠭᠡᠳᠦᠯᠲᠡᠢ ᠨᠡᠶᠢᠭᠡᠮ ᠤᠨ ᠢᠲᠡᠭᠡᠮᠵᠢ ᠶᠢᠨ ᠣᠷᠣᠯᠠᠬᠤ ᠨᠣᠮᠧᠷ᠂ ᠨᠡᠶᠢᠭᠡᠮ ᠤᠨ ᠳᠠᠭᠠᠳᠬᠠᠯ ᠤᠨ ᠳ᠋ᠤᠭᠠᠷᠯᠠᠯ᠂ ᠲᠠᠩᠰᠠ ᠨᠡᠭᠡᠭᠡᠭᠰᠡᠨ ᠪᠠᠩᠬᠢ ᠵᠢᠴᠢ ᠲᠠᠩᠰᠠᠨ ᠨᠣᠮᠧᠷ᠂ ᠠᠵᠢᠯ ᠠᠯᠳᠠᠯᠲᠠ ᠶᠢᠨ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠲᠤᠭ᠎ᠠ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠠᠷᠭ᠎ᠠ ᠬᠡᠮᠵᠢᠶ᠎ᠡ ᠳᠤ ᠬᠤᠯᠪᠣᠭᠳᠠᠭᠰᠠᠨ ᠠᠵᠢᠯᠲᠠᠨ ᠠᠵᠢᠯᠴᠢᠨ ᠤ ᠲᠤᠭ᠎ᠠ᠂ ᠲᠦᠷᠦᠭᠦᠸ ᠵᠢᠯ ᠤᠨ ᠠᠵᠢᠯᠲᠠᠨ ᠠᠵᠢᠯᠴᠢᠨ ᠤ ᠲᠤᠭ᠎ᠠ ᠪᠠ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠦᠷᠢ ᠭᠤᠶᠤᠴᠢᠯᠠᠬᠤ ᠶᠡᠷᠦᠩᠬᠡᠢ ᠲᠤᠭ᠎ᠠ ᠵᠡᠷᠭᠡ ᠠᠭᠤᠯᠭ᠎ᠠ ᠶᠢ ᠲᠠᠭᠯᠠᠬᠤ ᠴᠢᠬᠤᠯᠠᠲᠠᠢ᠃      ᠰᠤᠷᠪᠤᠯᠵᠢᠯᠠᠭᠴᠢ᠄ ᠠᠵᠤ ᠠᠬᠤᠶᠢᠯᠠᠯ ᠤᠨ ᠲᠤᠰᠢᠶᠠᠭᠰᠠᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠢ ᠬᠡᠷᠬᠢᠨ ᠪᠠᠲᠤᠯᠠᠬᠤ ᠪᠣᠶ︖      ᠵᠤ᠋ ᠯᠢ ᠵᠢᠤᠸᠠᠨ᠄ ᠠᠵᠢᠯ ᠣᠯᠭᠤᠯᠲᠠ ᠶᠢᠨ ᠲᠣᠪᠴᠢᠶ᠎ᠠ ᠶᠢᠨ ᠠᠵᠢᠯ ᠠᠯᠳᠠᠯᠲᠠ ᠶᠢᠨ ᠳᠠᠭᠠᠳᠬᠠᠯ ᠤᠨ ᠰᠲ᠋ᠣᠺ ᠤᠨ ᠠᠵᠢᠯᠲᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠳᠠᠭᠠᠳᠬᠠᠯ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠠᠴᠠ ᠠᠵᠤ ᠠᠬᠤᠶᠢᠯᠠᠯ ᠤᠨ ᠠᠵᠢᠯ ᠠᠯᠳᠠᠯᠲᠠ ᠶᠢᠨ ᠳᠠᠭᠠᠳᠬᠠᠯ ᠲᠤᠰᠢᠶᠠᠭᠰᠠᠨ ᠬᠥᠮᠥᠨ ᠤ ᠲᠤᠭ᠎ᠠ ᠪᠠ ᠠᠵᠢᠯᠲᠠᠨ ᠬᠠᠰᠤᠬᠤ ᠨᠣᠷᠮ᠎ᠠ ᠶᠢ ᠪᠠᠶᠢᠴᠠᠭᠠᠨ ᠯᠠᠪᠯᠠᠵᠤ᠂ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠰᠢᠰᠲ᠋ᠧᠮ ᠠᠴᠠ ᠠᠵᠤ ᠠᠬᠤᠶᠢᠯᠠᠯ ᠤᠨ ᠢᠲᠡᠭᠡᠮᠵᠢ ᠵᠡᠷᠭᠡ ᠶᠢ ᠪᠠᠶᠢᠴᠠᠭᠠᠨ ᠯᠠᠪᠯᠠᠵᠤ ᠠᠩᠬᠠᠨ ᠤ ᠬᠢᠨᠠᠯᠲᠠ ᠬᠢᠨ᠎ᠡ᠃ ᠬᠠᠮᠤᠭ ᠰᠡᠭᠦᠯ ᠳᠤᠨᠢ ᠠᠵᠢᠯ ᠣᠯᠭᠤᠬᠤ ᠲᠣᠪᠴᠢᠶᠠᠨ ᠤ ᠠᠵᠢᠯ ᠠᠯᠳᠠᠭᠰᠠᠳ ᠤᠨ ᠳᠠᠭᠠᠳᠬᠠᠯ ᠤᠨ ᠲᠠᠰᠤᠭ ᠤᠨ ᠳᠠᠷᠤᠭ᠎ᠠ ᠳᠠᠬᠢᠨ ᠬᠢᠨᠠᠨ᠎ᠠ᠃     ᠰᠤᠷᠪᠤᠯᠵᠢᠯᠠᠭᠴᠢ᠄ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠳᠤ ᠪᠤᠴᠠᠭᠠᠬᠤ ᠵᠣᠭᠤᠰ ᠤᠨ ᠲᠤᠭ᠎ᠠ ᠨᠢ ᠬᠡᠳᠦᠢ ᠪᠣᠶ︖     ᠵᠤ᠋ ᠯᠢ ᠵᠢᠤᠸᠠᠨ᠄ ᠳᠡᠭᠡᠷ᠎ᠡ ᠵᠢᠯ ᠤᠨ ᠠᠵᠢᠯ ᠠᠯᠳᠠᠭᠰᠠᠳ ᠤᠨ ᠳᠠᠭᠠᠳᠬᠠᠯ ᠤᠨ ᠵᠠᠷᠤᠳᠠᠯ ᠲᠤᠰᠢᠶᠠᠭᠰᠠᠨ ᠵᠣᠭᠤᠰ ᠤᠨ ᠲᠣᠭᠠᠨ ᠤ ᠵᠠᠭᠤᠨ ᠤ ᠵᠠᠭᠤ ᠪᠠᠷ ᠪᠤᠴᠠᠭᠠᠨ᠎ᠠ᠃     ᠰᠤᠷᠪᠤᠯᠵᠢᠯᠠᠭᠴᠢ᠄ ᠠᠵᠤ ᠠᠬᠤᠶᠢᠯᠠᠯ ᠤᠨ ᠠᠵᠢᠯᠲᠠᠨ ᠬᠠᠰᠤᠬᠤ ᠨᠣᠷᠮ᠎ᠠ  ᠶᠢᠨ ᠲᠠᠯ᠎ᠠ ᠪᠠᠷ ᠶᠠᠮᠠᠷ ᠱᠠᠭᠠᠷᠳᠠᠯᠭ᠎ᠠ ᠲᠠᠯᠪᠢᠬᠤ ᠪᠤᠶ ︖      ᠵᠤ᠋ ᠯᠢ ᠵᠢᠤᠸᠠᠨ᠄ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠵᠢᠯ ᠠᠯᠳᠠᠯᠲᠠ ᠶᠢᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠲᠥᠷᠥ ᠶᠢᠨ ᠪᠣᠳᠣᠯᠭ᠎ᠠ ᠶᠢᠨ ᠠᠵᠢᠯᠲᠠᠨ ᠬᠠᠰᠤᠬᠤ ᠨᠣᠷᠮ᠎ᠠ ᠶᠢᠨ ᠪᠠᠷᠢᠮᠵᠢᠶ᠎ᠠ ᠶᠢ ᠲᠦᠷᠦᠭᠦᠸ ᠵᠢᠯ ᠤᠨ ᠪᠥᠬᠦ ᠤᠯᠤᠰ ᠤᠨ ᠬᠤᠲᠠ ᠪᠠᠯᠭᠠᠰᠤᠨ ᠤ ᠠᠵᠢᠯ ᠠᠯᠳᠠᠯᠲᠠ ᠶᠢᠨ ᠨᠣᠷᠮ᠎ᠠ ᠶᠢ ᠬᠢᠵᠠᠭᠠᠷᠯᠠᠬᠤ ᠬᠠᠷᠠᠯᠲᠠ ᠠᠴᠠ ᠥᠨᠳᠥᠷ ᠪᠠᠶᠢᠯᠭᠠᠬᠤ ᠦᠭᠡᠢ ︵2019 ᠣᠨ ᠤ ᠪᠥᠬᠦ ᠤᠯᠤᠰ ᠤᠨ ᠬᠤᠲᠠ ᠪᠠᠯᠭᠠᠰᠤᠨ ᠤ ᠠᠵᠢᠯ ᠠᠯᠳᠠᠯᠲᠠ ᠶᠢᠨ ᠨᠣᠷᠮ᠎ᠠ ᠶᠢ ᠬᠢᠵᠠᠭᠠᠷᠯᠠᠬᠤ ᠬᠠᠷᠠᠯᠲᠠ ᠨᠢ 5.5% ᠪᠣᠯᠣᠨ᠎ᠠ︶ ᠪᠣᠯᠲᠠᠯ᠎ᠠ ᠠᠭᠤᠵᠢᠭᠤ ᠲᠠᠯᠪᠢᠨ᠎ᠠ᠃ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ 30 ᠬᠥᠮᠥᠨ ︵ᠪᠠᠭᠲᠠᠨ᠎ᠠ︶  ᠠᠴᠠ ᠳᠣᠷᠣᠭᠰᠢᠬᠢ ᠠᠵᠤ ᠠᠬᠤᠶᠢᠯᠠᠯ ᠤᠨ ᠠᠵᠢᠯᠲᠠᠨ ᠬᠠᠰᠤᠬᠤ ᠨᠣᠷᠮ᠎ᠠ ᠶᠢ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠶᠡᠷᠦᠩᠬᠡᠢ ᠲᠣᠭᠠᠨ ᠤ 20%  ᠠᠴᠠ ᠬᠡᠲᠦᠷᠡᠭᠦᠯᠬᠦ ᠦᠭᠡᠢ ᠪᠣᠯᠲᠠᠯ᠎ᠠ ᠠᠭᠤᠵᠢᠭᠤ ᠲᠠᠯᠪᠢᠨ᠎ᠠ᠃     ᠰᠤᠷᠪᠤᠯᠵᠢᠯᠠᠭᠴᠢ᠄ ᠠᠵᠤ ᠠᠬᠤᠶᠢᠯᠠᠯ ᠤᠨ ᠠᠵᠢᠯᠲᠠᠨ ᠬᠠᠰᠤᠬᠤ ᠪᠣᠳᠠᠲᠠᠢ ᠨᠣᠷᠮ᠎ᠠ ᠶᠢ ᠬᠡᠷᠬᠢᠨ ᠪᠤᠳᠤᠭᠰᠠᠨ ᠪᠣᠶ︖      ᠵᠤ᠋ ᠯᠢ ᠵᠢᠤᠸᠠᠨ᠄ ᠠᠵᠢᠯᠲᠠᠨ ᠬᠠᠰᠤᠬᠤ ᠨᠣᠷᠮ᠎ᠠ  ᠶᠢ ᠠᠵᠤ ᠠᠬᠤᠶᠢᠯᠠᠯ ᠤᠨ ᠳᠡᠭᠡᠷ᠎ᠡ ᠵᠢᠯ ᠤᠨ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠠᠪᠤᠭᠰᠠᠨ ᠬᠥᠮᠥᠨ ᠤ ᠲᠤᠭ᠎ᠠ  ᠶᠢᠨ ᠰᠠᠷ᠎ᠠ  ᠶᠢᠨ ᠳᠤᠮᠳᠠᠴᠢ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠲᠤᠭ᠎ᠠ ᠪᠠᠷ ᠬᠠᠷᠢᠴᠠᠭᠤᠯᠤᠨ ᠲᠣᠭᠲᠠᠭᠠᠨ᠎ᠠ᠃  
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号