ᠪᠤᠷᠭᠠᠰᠤᠲᠠᠢ ᠰᠢᠶᠠᠩ᠄ ︽ᠬᠤᠨᠢᠨ ᠤ ᠲᠤᠭ᠎ᠠ ᠶᠢ  ᠴᠦᠭᠡᠳᠭᠡᠵᠦ ᠦᠬᠡᠷ ᠤᠨ ᠲᠤᠭ᠎ᠠ ᠶᠢ  ᠤᠯᠠᠰᠢᠷᠠᠭᠤᠯᠬᠤ︾ ᠲᠥᠷᠥ ᠶᠢᠨ ᠪᠣᠳᠣᠯᠭ᠎ᠠ ᠶᠢ ᠪᠠᠷᠢᠮᠲᠠᠯᠠᠨ ᠠᠬᠢᠭᠤᠯᠤᠨ᠎ᠠ
ᠨᠡᠶᠢᠲᠡᠯᠡᠭᠰᠡᠨ ᠴᠠᠭ᠄
2023/2/16
     2023 ᠣᠨ ᠠᠴᠠ ᠨᠠᠰᠢ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠤᠷᠭᠠᠰᠤᠲᠠᠢ ᠰᠢᠶᠠᠩ  ︽ᠬᠤᠨᠢ ᠢᠮᠠᠭ᠎ᠠ ᠶᠢ ᠴᠥᠭᠡᠳᠬᠡᠵᠦ ᠦᠬᠡᠷ ᠤᠨ ᠲᠤᠭ᠎ᠠ ᠶᠢ ᠤᠯᠠᠰᠢᠷᠠᠭᠤᠯᠬᠤ︾ ᠲᠥᠷᠥ ᠶᠢᠨ ᠪᠣᠳᠣᠯᠭ᠎ᠠ ᠶᠢ ᠪᠠᠷᠢᠮᠲᠠᠯᠠᠨ ᠠᠬᠢᠭᠤᠯᠵᠤ᠂ ᠲᠣᠰ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ︽  ᠬᠤᠷᠰᠢᠶ᠎ᠠ + ᠲᠠᠷᠢᠶᠠᠴᠢᠨ ᠡᠷᠦᠬᠡ︾ ᠶᠢᠨ ᠵᠠᠭᠪᠤᠷ ᠢᠶᠠᠷ ᠳᠠᠮᠵᠢᠭᠤᠯᠤᠨ ᠦᠬᠡᠷ ᠤᠨ ᠠᠵᠤ ᠦᠢᠯᠡᠰ ᠢ ᠬᠥᠭᠵᠢᠭᠦᠯᠵᠦ᠂ ᠲᠣᠭᠲᠠᠭᠤᠨ ᠢᠶᠠᠷ ᠪᠠᠶᠠᠵᠢᠬᠤ ᠬᠥᠭᠵᠢᠯᠲᠡ ᠶᠢᠨ ᠵᠠᠮ ᠢ ᠨᠡᠭᠡᠭᠡᠭᠰᠡᠨ ᠪᠠᠶᠢᠨ᠎ᠠ᠃     ᠰᠤᠷᠪᠤᠯᠵᠢᠯᠠᠭᠴᠢ ᠪᠤᠷᠭᠠᠰᠤᠲᠠᠢ ᠰᠢᠶᠠᠩ ᠤᠨ ᠮᠢᠨ ᠹᠠ ᠲᠣᠰᠬᠤᠨ ᠤ ᠸᠧᠢ ᠿᠦᠨ ᠮᠠᠯ ᠠᠵᠤ ᠠᠬᠤᠢ ᠶᠢᠨ ᠬᠤᠷᠰᠢᠶ᠎ᠠ ᠳᠤ ᠬᠦᠷᠬᠦ ᠳᠤ᠂ ᠰᠠᠷᠠᠪᠴᠢᠨ ᠳᠠᠬᠢ ᠦᠬᠡᠷ ᠨᠢᠭᠡ ᠨᠢᠭᠡ ᠪᠠᠷ ᠢᠶᠠᠨ ᠲᠠᠷᠭᠤ ᠬᠦᠴᠦ ᠰᠠᠶᠢᠲᠠᠢ ᠪᠠᠶᠢᠯ᠎ᠠ᠃ ᠸᠧᠢ ᠿᠦᠨ ᠲᠠᠷᠢᠶᠠᠯᠠᠩ ᠮᠠᠯ ᠠᠵᠤ ᠠᠬᠤᠢ ᠶᠢᠨ ᠬᠤᠷᠰᠢᠶ᠎ᠠ ᠨᠢ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠤᠨ ᠬᠠᠪᠰᠤᠷᠤᠯᠭ᠎ᠠ ᠳᠣᠣᠷ᠎ᠠ ᠪᠠᠶᠢᠭᠤᠯᠤᠭᠳᠠᠭᠰᠠᠨ ᠪᠥᠭᠡᠳ ᠲᠣᠭᠲᠠᠭᠤᠨ ᠢᠶᠠᠷ ᠬᠥᠭᠵᠢᠵᠦ᠂ ᠣᠳᠣᠬᠠᠨ ᠳᠤ ᠪᠠᠷᠤᠭ 1.5 ᠲᠦᠮᠡᠨ ᠲᠡᠭᠰᠢ ᠳᠥᠷᠪᠡᠯᠵᠢᠨ ᠮᠧᠲᠷ ᠭᠠᠵᠠᠷ ᠡᠵᠡᠯᠡᠵᠦ᠂ 1000 ᠲᠡᠭᠰᠢ ᠳᠥᠷᠪᠡᠯᠵᠢᠨ ᠮᠧᠲᠷ ᠤᠨ ᠦᠬᠡᠷ ᠤᠨ ᠰᠠᠷᠠᠪᠴᠢ ᠲᠠᠢ᠂ ᠡᠪᠡᠰᠦ ᠪᠣᠷᠳᠤᠭ᠎ᠠ ᠶᠢᠨ ᠬᠥᠮᠥᠷᠭᠡ᠂ ᠮᠠᠯ ᠤᠨ ᠡᠮᠴᠢ ᠶᠢᠨ ᠲᠠᠰᠤᠭ᠂ ᠠᠷᠢᠭᠤᠳᠬᠠᠬᠤ ᠲᠠᠰᠤᠭ᠂ ᠲᠤᠭᠤᠯ ᠤᠨ ᠳᠤᠯᠠᠭᠠᠨ ᠰᠠᠷᠠᠪᠴᠢ ᠵᠡᠷᠭᠡ ᠠᠯᠢ ᠣᠯᠠᠨ ᠲᠤᠰᠬᠠᠢ ᠲᠥᠬᠦᠭᠡᠷᠦᠮᠵᠢ ᠲᠠᠢ᠃ ᠬᠤᠷᠰᠢᠶᠠᠨ ᠤ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠬᠤᠷᠰᠢᠶᠠᠨ ᠳᠤ ᠣᠲᠣ 76 ᠠᠯᠠᠰᠢᠨ ᠦᠬᠡᠷ ᠪᠠᠶᠢᠨ᠎ᠠ᠂ ᠡᠨᠡ ᠵᠢᠯ 13 ᠠᠯᠠᠰᠢᠨ ᠦᠬᠡᠷ ᠬᠤᠳᠠᠯᠳᠤᠬᠤ ᠪᠠᠷ ᠲᠥᠯᠥᠪᠯᠡᠵᠦ᠂ ᠴᠡᠪᠡᠷ ᠠᠰᠢᠭ ᠬᠤᠨᠵᠢᠪᠤᠷᠢ ᠨᠢ 6 ᠲᠦᠮᠡ ᠭᠠᠷᠤᠢ ᠲᠥᠭᠦᠷᠢᠭ ᠲᠤ ᠬᠦᠷᠬᠦ ᠪᠣᠯᠣᠨ᠎ᠠ ᠭᠡᠪᠡ᠃     ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠩᠭᠠᠨ ᠮᠠᠯ ᠲᠡᠵᠢᠭᠡᠪᠦᠷᠢ ᠶᠢᠨ ᠠᠷᠠᠯᠵᠢᠶᠠᠨ ᠤ ᠵᠠᠬ᠎ᠠ ᠳᠡᠯᠭᠡᠭᠦᠷ ᠲᠤ᠂ ᠠᠯᠠᠰᠢᠨ ᠦᠬᠡᠷ ᠳᠦᠭᠦᠷᠡᠩ ᠲᠡᠭᠡᠭᠡᠭᠰᠡᠨ ᠮᠠᠰᠢᠨ ᠲᠡᠷᠭᠡ ᠲᠠᠰᠤᠷᠠᠯᠳᠡ ᠦᠭᠡᠢ ᠴᠤᠪᠤᠷᠠᠵᠤ᠂ ᠲᠤᠬᠠᠢ ᠶᠢᠨ ᠲᠠᠯᠠᠪᠠᠢ ᠳᠤ ᠮᠠᠶᠢᠮᠠᠶᠢᠴᠦᠦᠳ ᠤᠨ ᠱᠤᠤᠭᠢᠯᠳᠣᠬᠤ ᠲᠠᠭᠤᠨ ᠪᠤᠯᠤᠨ ᠦᠬᠡᠷ ᠮᠠᠯ ᠤᠨ ᠮᠦᠭᠡᠷᠡᠯᠳᠦᠬᠦ ᠲᠠᠭᠤᠨ ᠴᠤᠤᠷᠢᠶᠠᠳᠤᠨ ᠂ ᠬᠥᠮᠥᠰ ᠲᠠᠪᠤ ᠭᠤᠷᠪᠠ ᠪᠠᠷ ᠪᠥᠭᠡᠮᠨᠡᠷᠡᠨ ᠴᠤᠭᠯᠠᠷᠠᠭᠠᠳ᠂ ᠲᠣᠭᠤᠭᠰᠠᠨ ᠦᠬᠡᠷ ᠢᠶᠠᠨ ᠨᠠᠷᠢᠨ ᠨᠢᠮᠪᠠᠢ ᠠᠵᠢᠭᠯᠠᠨ ᠦᠨᠡᠯᠡᠵᠦ᠂ ᠮᠠᠶᠢᠮᠠᠢ ᠶᠢᠨ ᠬᠤᠶᠠᠷ ᠡᠲᠡᠭᠡᠳ ᠢᠶᠠᠷ ᠢᠶᠠᠨ ᠦᠨ᠎ᠡ ᠬᠠᠶᠠᠯᠴᠠᠨ᠂ ᠬᠥᠷ ᠬᠥᠭᠵᠢᠶᠡᠨ ᠲᠠᠢ ᠪᠠᠶᠠᠷ ᠪᠠᠭ᠋ᠠᠳᠤᠯ ᠲᠠᠢ ᠪᠠᠶᠢᠳᠠᠯ ᠪᠢᠯᠬᠠᠨ᠎ᠠ᠃     ︽ᠥᠩᠭᠡᠷᠡᠭᠰᠡᠨ ᠳᠤ ᠮᠠᠯ ᠬᠤᠳᠠᠯᠳᠤᠭᠠᠯᠠᠬᠤ ᠳᠠᠭᠠᠨ ᠪᠤᠰᠤᠳ ᠰᠢᠶᠠᠩ ᠪᠠᠯᠭᠠᠰᠤ᠂ ᠴᠢᠨᠠᠭᠰᠢᠯᠠᠪᠠᠯ ᠭᠠᠳᠠᠨ᠎ᠠ ᠣᠷᠣᠨ ᠳᠤ ᠣᠴᠢᠳᠠᠭ ᠪᠣᠯᠬᠤᠷ ᠴᠠᠭ  ᠢ ᠲᠠᠯᠠᠭᠠᠷ ᠰᠦᠢᠳᠬᠡᠳᠡᠭ᠂ ᠲᠡᠭᠡᠭᠡᠪᠦᠷᠢ  ᠶᠢᠨ ᠥᠪᠡᠷ ᠤᠨ ᠥᠷᠲᠡᠭ ᠨᠢ ᠴᠦ ᠨᠡᠯᠢᠶᠡᠳ ᠥᠨᠳᠥᠷ ᠪᠠᠶᠢᠳᠠᠭ᠂ ᠣᠳᠣ ᠭᠡᠷ ᠤᠨ ᠡᠭᠦᠳᠡᠨ ᠳᠤ ᠪᠠᠨ ᠮᠠᠯ ᠠᠷᠠᠯᠵᠢᠶᠠᠯᠠᠬᠤ ᠵᠠᠬ᠎ᠠ ᠳᠡᠯᠭᠡᠭᠦᠷ ᠲᠠᠢ ᠪᠣᠯᠵᠤ᠂ ᠡᠭᠦᠯᠳᠡᠷ ᠰᠠᠶᠢᠲᠠᠢ ᠮᠠᠯ ᠬᠤᠳᠠᠯᠳᠤᠨ ᠠᠪᠴᠤ ᠪᠣᠯᠬᠤ ᠪᠣᠯᠤᠭᠰᠠᠨ ᠪᠣᠯᠬᠤᠷ ᠮᠠᠨ ᠤ ᠲᠡᠵᠢᠭᠡᠨ ᠦᠷᠡᠵᠢᠭᠦᠯᠬᠦ ᠡᠷᠦᠬᠡ ᠳᠤ ᠦᠨᠡᠨ ᠬᠦ ᠳᠥᠭᠦᠮ ᠦᠵᠡᠭᠦᠯᠵᠦ ᠪᠠᠶᠢᠨ᠎ᠠ ᠃︾ ᠭᠡᠵᠦ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠨ ᠬᠤᠩ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ ᠶᠢᠨ ᠬᠠᠷᠢᠭᠤᠴᠠᠯᠭᠠᠲᠠᠨ ᠹᠧᠢ ᠰᠢᠶᠠᠩ ᠬᠡᠯᠡᠪᠡ᠃     ᠬᠢᠩᠭᠠᠨ ᠤ ᠮᠠᠯ ᠲᠡᠵᠢᠭᠡᠪᠦᠷᠢ ᠶᠢᠨ ᠠᠷᠠᠯᠵᠢᠶᠠᠨ ᠤ ᠵᠠᠬ᠎ᠠ ᠳᠡᠯᠭᠡᠭᠦᠷ ᠢ 2019 ᠣᠨ ᠳᠤ ᠪᠠᠶᠢᠭᠤᠯᠵᠤ᠂ ᠬᠠᠮᠲᠤ ᠳᠤᠨᠢ 1500 ᠭᠠᠷᠤᠢ ᠠᠯᠠᠰᠢᠨ ᠦᠬᠡᠷ ᠲᠡᠵᠢᠭᠡᠨ ᠦᠷᠡᠵᠢᠭᠦᠯᠵᠦ᠂ 1200 ᠠᠷᠠᠯᠵᠢᠶᠠᠨ ᠤ ᠬᠠᠰᠢᠶ᠎ᠠ ᠲᠠᠢ ᠂ ᠬᠠᠮᠤᠭ ᠤᠨ ᠶᠡᠭᠡ ᠳᠡᠭᠡᠨ 2 ᠲᠦᠮᠡᠨ ᠦᠬᠡᠷ ᠪᠠᠭᠲᠠᠭᠠᠵᠤ ᠳᠡᠶᠢᠯᠬᠦ ᠪᠥᠭᠡᠳ ᠪᠠᠰᠠ 3 ᠡᠪᠡᠰᠦ ᠪᠣᠷᠳᠣᠭᠠᠨ ᠤ ᠬᠥᠮᠥᠷᠭᠡ ᠲᠠᠢ᠃ ᠣᠶᠢᠯᠠᠭᠠᠭᠰᠠᠨ ᠢᠶᠠᠷ᠂ ᠣᠳᠣᠬᠢ ᠱᠠᠲᠤᠨ ᠳᠤ ᠲᠣᠰ ᠠᠷᠠᠯᠵᠢᠶᠠᠨ ᠤ ᠵᠠᠬ᠎ᠠ ᠳᠡᠯᠭᠡᠭᠦᠷ ᠤᠨ ᠠᠯᠠᠰᠢᠨ ᠦᠬᠡᠷ ᠤᠨ ᠡᠳᠦᠷ ᠤᠨ ᠠᠷᠠᠯᠵᠢᠶᠠᠨ ᠤ ᠬᠡᠮᠵᠢᠶ᠎ᠡ 700 ᠣᠷᠴᠢᠮ ᠬᠦᠷᠴᠦ᠂ ᠬᠥᠭᠵᠢᠶᠡᠨᠲᠡᠢ ᠤᠯᠠᠷᠢᠯ ᠤᠨ ᠠᠷᠠᠯᠵᠢᠶᠠᠨ ᠤ ᠬᠡᠮᠵᠢᠶ᠎ᠡ 2000 ᠭᠠᠷᠤᠢ ᠬᠦᠷᠴᠦ᠂ ᠮᠠᠯ ᠨᠢᠭᠡᠪᠦᠷᠢ ᠶᠢᠨ ᠠᠷᠠᠯᠵᠢᠶᠠᠨ ᠤ ᠳᠤᠮᠳᠠᠴᠢ ᠦᠨ᠎ᠡ 8000 ᠲᠥᠭᠦᠷᠢᠭ ᠣᠷᠴᠢᠮ ᠬᠦᠷᠴᠦ᠂ ᠵᠢᠯ ᠤᠨ ᠠᠷᠠᠯᠵᠢᠶᠠᠨ ᠤ ᠬᠡᠮᠵᠢᠶ᠎ᠡ 20 ᠲᠦᠮᠡ ᠣᠷᠴᠢᠮ ᠬᠦᠷᠴᠦ ᠪᠠᠶᠢᠨ᠎ᠠ᠃  
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号