ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠭᠠᠵᠠᠷ ᠤᠨ ᠬᠢᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠢᠷᠡᠵᠦ ᠪᠠᠶᠢᠴᠠᠭᠠᠨ ᠰᠣᠳᠣᠯᠠᠪᠠ
ᠨᠡᠶᠢᠲᠡᠯᠡᠭᠰᠡᠨ ᠴᠠᠭ᠄
2023/2/16
     2 ᠰᠠᠷ᠎ᠠ ᠶᠢᠨ 13 ᠤ ᠡᠳᠦᠷ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠭᠠᠵᠠᠷ ᠤᠨ ᠳᠡᠳ᠋ ᠳᠠᠷᠤᠭ᠎ᠠ ᠸᠠᠩ ᠬᠠᠢ ᠹᠧᠩ ᠨᠠᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠭᠦᠨᠵᠡᠭᠡᠶᠢᠷᠡᠵᠦ᠂ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠵᠣᠣ ᠴᠢᠩ ᠰᠥᠩ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ  ᠬᠤᠰᠢᠭᠤᠨ ᠳᠡᠳ᠋ ᠳᠠᠷᠤᠭ᠎ᠠ ᠶᠢᠨ ᠨᠡᠷ᠎ᠡ ᠳᠤᠷᠠᠳᠤᠭᠳᠠᠭᠴᠢ ᠵᠠᠩ ᠵᠢᠶᠦ᠋ᠨ ᠢᠦᠢ ᠵᠢᠴᠢ ᠠᠶᠢᠮᠠᠭ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠾᠧᠩ ᠵᠢᠶᠠ ᠵᠢᠮᠢᠰ ᠤᠨ ᠦᠢᠯᠡᠰ ᠤᠨ ᠬᠢᠵᠠᠭᠠᠷᠲᠤ ᠺᠣᠮᠫᠠᠨᠢ᠂ ᠶᠢᠨ ᠺᠧᠦ ᠸᠧᠢ ᠠᠮᠲᠠᠲᠤ ᠢᠳᠡᠭᠡᠨ ᠤ ᠬᠢᠵᠠᠭᠠᠷᠲᠤ ᠺᠣᠮᠫᠠᠨᠢ ᠵᠡᠷᠭᠡ ᠭᠠᠵᠠᠷ ᠲᠤ ᠬᠦᠷᠴᠦ᠂ ᠠᠭᠠᠯᠢᠭ ᠵᠢᠮᠢᠰ ᠤᠨ ᠦᠢᠯᠡᠳᠪᠦᠷᠢᠯᠡᠯ ᠤᠨ ᠱᠤᠭᠤᠮ᠂ ᠬᠦᠢᠲᠡᠨ ᠢᠶᠠᠷ ᠬᠠᠳᠠᠭᠠᠯᠠᠵᠤ ᠰᠢᠨ᠎ᠡ ᠰᠣᠷᠭᠤᠭ ᠪᠠᠶᠢᠯᠭᠠᠬᠤ ᠬᠥᠮᠥᠷᠭᠡ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠠᠭᠠᠯᠢᠭ ᠵᠢᠮᠢᠰ ᠤᠨ ᠠᠵᠤ ᠦᠢᠯᠡᠰ ᠤᠨ ᠬᠡᠯᠬᠢᠶ᠎ᠡ ᠶᠢ ᠴᠢᠨᠠᠭᠰᠢᠳᠠ ᠤᠷᠲᠤᠳᠬᠠᠬᠤ ᠲᠤᠬᠠᠢ ᠭᠦᠨᠵᠡᠭᠡᠢ ᠰᠣᠯᠢᠯᠴᠠᠵᠠᠢ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠢᠯᠡᠷᠬᠡᠶᠢᠯᠡᠭᠰᠡᠨ ᠨᠢ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠭᠠᠵᠠᠷ ᠯᠤᠭ᠎ᠠ ᠶᠢᠨ ᠭᠦᠨᠵᠡᠭᠡᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠴᠢᠬᠤᠯᠠ ᠶᠡᠭᠡ ᠮᠡᠷᠭᠡᠵᠢᠯ ᠢ ᠬᠠᠮᠵᠢᠯᠴᠠᠨ ᠳᠡᠯᠭᠡᠷᠡᠭᠦᠯᠬᠦ ᠲᠣᠭᠲᠠᠴᠠ ᠶᠢ ᠪᠠᠶᠢᠭᠤᠯᠤᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠳᠠᠪᠠᠭᠤᠯᠢᠭ ᠪᠠ ᠲᠠᠪᠴᠠᠩ ᠤᠨ ᠳᠠᠪᠠᠭᠤᠯᠢᠭ ᠲᠠᠭᠠᠨ ᠲᠦᠰᠢᠭᠯᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ  ᠡᠭᠦᠳᠡᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠭᠵᠢᠯᠲᠡ ᠳᠤ ᠬᠦᠴᠦᠨ ᠨᠡᠮᠡᠷᠢᠯᠡᠵᠦ᠂ ᠠᠭᠠᠯᠢᠭ ᠵᠢᠮᠢᠰ ᠤᠨ ᠨᠠᠷᠠᠲᠤ ᠲᠡᠮᠳᠡᠭᠲᠦ ᠶᠢ ᠦᠨᠡᠨ ᠬᠦ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠳᠠᠶᠢᠴᠢᠯᠠᠬᠤ ᠶᠢ ᠬᠦᠰᠡᠵᠦ ᠪᠠᠶᠢᠨ᠎ᠠ ᠭᠡᠵᠡᠢ᠃     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠢᠯᠡᠷᠬᠡᠶᠢᠯᠡᠬᠦ ᠳᠡᠭᠡᠨ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠭᠠᠵᠠᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠲᠦᠯᠬᠢᠨ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ ᠭᠡᠵᠡᠢ᠃   
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号