ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠤ ᠪᠢᠴᠢᠭ ᠮᠡᠲ᠋ᠧᠷᠢᠶᠠᠯ ︵ ᠲᠦᠷᠪᠡ ︶ | | ︱ 2023 ᠣᠨ ᠤ 1 ᠰᠠᠷ᠎ᠠ ᠶᠢᠨ 2 ᠤᠨ ᠡᠳᠦᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ | ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ | ᠬᠤᠷᠠᠯᠳᠤᠭᠠᠨ ᠳᠡᠭᠡᠷ᠎ᠡ ᠸᠠᠩ ᠵᠢᠶᠠ ᠪᠦᠸᠧ | | ᠲᠥᠯᠥᠭᠡᠯᠡᠭᠴᠢᠳ ᠠ᠋ ᠄ | ᠪᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠶᠢᠳᠠᠯᠭ᠎ᠠ ᠪᠠᠷ ᠶᠡᠭᠡ ᠬᠤᠷᠠᠯ ᠳᠤ | ᠠᠵᠢᠯ ᠢᠶᠠᠨ ᠮᠡᠳᠡᠭᠦᠯᠦᠶ᠎ᠡ ᠂ ᠬᠢᠨᠠᠨ ᠵᠥᠪᠯᠡᠬᠦ ᠪᠣᠯᠪᠠᠤ᠂ ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ | ᠪᠣᠯᠪᠠᠤ᠃ | ᠦᠩᠭᠡᠷᠡᠭᠰᠡᠨ ᠨᠢᠭᠡ ᠵᠢᠯ ᠤᠨ ᠠᠵᠢᠯ ᠤᠨ ᠡᠷᠬᠢᠴᠡᠭᠦᠯᠦᠯ | 2022 ᠣᠨ ᠪᠣᠯ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠡᠬᠢᠯᠡᠯᠲᠡ ᠶᠢᠨ ᠵᠢᠯ ᠪᠣᠯᠣᠨ᠎ᠠ᠃ ᠨᠢᠭᠡ ᠵᠢᠯ ᠤᠨ ᠲᠤᠷᠰᠢ᠂ ᠳᠡᠭᠡᠳᠦ ᠱᠠᠲᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠨᠠᠷᠢᠨ ᠨᠢᠮᠪᠠᠢ ᠵᠢᠯᠣᠭᠤᠳᠤᠯᠭ᠎ᠠ ᠳᠣᠣᠷ᠎ᠠ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠤᠨ ᠲᠤᠭᠤᠰᠢᠯᠠᠭᠤᠯᠵᠦ ᠂ ᠠᠭᠤᠤ ᠶᠡᠭᠡ ᠨᠠᠮ | ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ | ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ | ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠤᠳᠤᠷᠢᠳᠤᠯᠭ᠎ᠠ᠂ ᠠᠷᠠᠳ | ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ | ᠨᠢᠭᠡᠳᠬᠡᠬᠦ ᠶᠢ ᠪᠠᠷᠢᠮᠲᠠᠯᠠᠵᠤ᠂ ᠬᠢᠨᠠᠯᠲᠠ ᠲᠠᠯᠪᠢᠬᠤ ᠡᠷᠬᠡ᠂ ᠲᠣᠭᠲᠠᠭᠠᠬᠤ ᠡᠷᠬᠡ᠂ ᠲᠣᠮᠢᠯᠠᠵᠤ ᠪᠠᠭᠤᠯᠭᠠᠬᠤ ᠡᠷᠬᠡ ᠶᠢ | ᠬᠠᠤᠯᠢ ᠶᠣᠰᠣᠭᠠᠷ ᠬᠡᠷᠡᠭᠵᠢᠭᠦᠯᠵᠦ᠂ ᠠᠷᠠᠳᠴᠢᠯᠠᠯ ᠢᠶᠠᠷ ᠬᠠᠤᠯᠢ ᠲᠣᠭᠲᠠᠭᠠᠬᠤ ᠳᠤ ᠢᠳᠡᠪᠬᠢᠲᠡᠢ ᠣᠷᠣᠯᠴᠠᠨ᠂ ᠪᠥᠬᠦ | ᠶᠠᠪᠤᠴᠠ ᠶᠢᠨ ᠠᠷᠠᠳ ᠤᠨ ᠠᠷᠠᠳᠴᠢᠯᠠᠯ ᠢ ᠲᠠᠰᠤᠷᠠᠯᠲᠠ ᠦᠭᠡᠢ ᠬᠥᠭᠵᠢᠭᠦᠯᠵᠦ᠂ ︽ᠳᠥᠷᠪᠡᠨ ᠪᠠᠶᠢᠭᠤᠯᠭ᠎ᠠ︾ ᠶᠢᠨ | ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠴᠢᠨᠠᠷ ᠰᠠᠶᠢᠲᠠᠢ ᠬᠥᠭᠵᠢᠯᠲᠡ ᠪᠣᠯᠣᠨ ᠠᠷᠠᠳᠴᠢᠯᠠᠭᠰᠠᠨ ᠤᠯᠤᠰ ᠳᠦᠷᠦ ᠶᠢᠨ ᠪᠠᠶᠢᠭᠤᠯᠤᠯᠲᠠ ᠶᠢ ᠠᠬᠢᠭᠤᠯᠬᠤ ᠳᠤ | ᠢᠳᠡᠪᠬᠢᠲᠡᠢ ᠴᠢᠷᠮᠠᠶᠢᠯᠭ᠎ᠠ ᠭᠠᠷᠭᠠᠵᠠᠢ᠃ | ᠨᠢᠭᠡ᠂ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠡᠷᠡᠯᠬᠡᠭᠯᠡᠨ | ᠤᠷᠤᠭᠰᠢᠯᠠᠬᠤ ᠬᠦᠴᠦᠷᠬᠡᠭ ᠶᠡᠭᠡ ᠬᠦᠴᠦᠨ ᠴᠢᠳᠠᠯ ᠢ ᠨᠢᠭᠲᠠᠷᠠᠭᠤᠯᠪᠠ ᠃ | ᠨᠢᠭᠡ ᠵᠢᠯ ᠤᠨ ᠲᠤᠷᠰᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ ᠂ | ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠬᠢᠨᠠᠮᠠᠭᠠᠢ ᠣᠶᠢᠯᠠᠭᠠᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠲᠣᠬᠢᠷᠠᠭᠤᠯᠤᠯᠲᠠ | ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠬᠤᠮ ᠢ | ᠰᠠᠯᠤᠯ ᠦᠭᠡᠢ ᠳᠠᠭᠠᠵᠤ᠂ ᠬᠤᠰᠢᠭᠤᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠬᠤ ᠪᠠ ᠪᠦᠲᠦᠮᠵᠢᠲᠡᠶ ᠬᠡᠷᠡᠭᠵᠢᠭᠦᠯᠬᠦ ᠶᠢ ᠪᠠᠲᠤᠯᠠᠨ᠎ᠠ᠃ | ᠰᠤᠷᠤᠯᠴᠠᠨ ᠤᠶᠢᠯᠠᠭᠠᠯᠴᠠᠨ ᠦᠨᠳᠦᠰᠦ ᠰᠠᠭᠤᠷᠢ ᠪᠠᠨ ᠪᠠᠲᠤ ᠴᠤᠭᠴᠠᠯᠠᠪᠠ ᠃ ᠲᠥᠪ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢ ᠶᠢᠨ ᠫᠢᠩ ᠶᠡᠷᠦᠩᠬᠡᠢ ᠱᠦᠵᠢ ᠶᠢᠨ ᠲᠥᠪ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ | ᠰᠠᠨᠠᠭᠠᠨ ᠤ ᠮᠥᠨ ᠴᠢᠨᠠᠷ ᠂ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ | ᠣᠶᠢᠯᠠᠭᠠᠨ ᠭᠦᠨᠵᠡᠭᠡᠢ ᠡᠵᠡᠮᠰᠢᠵᠦ ᠂ ᠤᠬᠠᠮᠰᠠᠷ ᠠᠴᠠ ᠪᠠᠨ ᠬᠤᠷᠠᠯ ᠤᠨ ᠵᠣᠷᠢᠭ ᠰᠠᠨᠠᠭ᠎ᠠ ᠪᠠᠷ ᠦᠢᠯᠡᠳᠦᠯᠭᠡ ᠪᠠᠨ | ᠵᠢᠯᠣᠭᠤᠳᠤᠭᠤᠯᠵᠤ ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ | ᠴᠢᠨᠠᠷ ᠰᠠᠶᠢᠲᠠᠢ ᠬᠥᠭᠵᠢᠯᠲᠡ ᠶᠢ ᠦᠨᠡᠨᠬᠦ ᠠᠬᠢᠭᠤᠯᠬᠤ ᠬᠡᠷᠡᠭᠲᠡᠢ ᠃ ᠪᠦᠬᠦ ᠶᠠᠪᠤᠴᠠ ᠳᠠᠬᠢ ᠠᠷᠠᠳ ᠤᠨ ᠠᠷᠠᠳᠴᠢᠯᠠᠯ | ᠭᠡᠬᠦ ᠡᠨᠡ ᠬᠦ ᠴᠢᠬᠤᠯᠠ ᠶᠡᠭᠡ ᠣᠶᠢᠯᠠᠭᠠᠭᠳᠠᠬᠤᠨ ᠢ ᠰᠢᠰᠲ᠋ᠧᠮ ᠲᠠᠢ ᠰᠤᠷᠤᠯᠴᠠᠵᠤ ᠂ ᠪᠦᠬᠦ ᠶᠠᠪᠤᠴᠠ ᠳᠠᠬᠢ | ᠠᠷᠠᠳ ᠤᠨ ᠠᠷᠠᠳᠴᠢᠯᠠᠯ ᠢ ᠪᠡᠶᠡᠯᠡᠭᠦᠯᠬᠦ ᠶᠠᠪᠤᠴᠠ ᠳᠠᠬᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠳᠦᠷᠢᠮ ᠤᠨ ᠴᠢᠬᠤᠯᠠ ᠪᠠᠶᠢᠭᠤᠯᠤᠯ ᠤᠨ ᠠᠴᠢᠶᠠᠯᠠᠪᠤᠷᠢ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ ᠂ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠬᠠᠷᠭᠤᠭᠤᠯᠤᠨ | ᠢᠯᠡᠳᠬᠡᠵᠦ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠥᠴᠥᠬᠡᠨ ᠴᠦ ᠭᠤᠶᠢᠪᠢᠰᠢ ᠦᠭᠡᠢ | ᠪᠠᠷᠢᠮᠲᠠᠯᠠᠵᠤ ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠭᠤᠯᠤᠨ ᠲᠡᠭᠦᠯᠳᠡᠷᠵᠢᠭᠦᠯᠦᠨ᠎ᠡ ᠃ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠣᠨᠣᠪᠴᠢᠲᠠᠶ ᠰᠤᠷᠤᠯᠴᠠᠨ ᠣᠶᠢᠯᠠᠭᠠᠵᠤ᠂ ᠪᠠᠶᠢᠩᠭᠤ ᠶᠢᠨ | ᠬᠤᠷᠢᠶ᠎ᠠ ᠶᠢᠨ ᠪᠦᠷᠢᠯᠳᠦᠭᠦᠨ᠂ ᠡᠷᠬᠢᠯᠡᠭᠴᠢᠳ ᠤᠨ ᠬᠤᠷᠠᠯ ᠤᠨ ᠪᠦᠷᠢᠯᠳᠦᠭᠦᠨ ᠢ ᠵᠣᠬᠢᠶᠠᠨ ᠪᠠᠶᠢᠭᠤᠯᠵᠤ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠭᠤᠯᠤᠨ᠂ ᠠᠭᠤᠯᠤᠭᠳᠠᠬᠤᠨ ᠢ ᠭᠦᠨᠵᠡᠭᠡᠢ ᠣᠶᠢᠯᠠᠭᠠᠨ | ᠂ ᠠᠭᠤᠯᠬᠤᠨ ᠢ ᠣᠨᠣᠪᠴᠢᠲᠠᠶ ᠡᠵᠡᠮᠳᠡᠪᠡ ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠦᠨᠡᠨ ᠬᠦ ᠨᠢᠭᠡᠳᠬᠡᠵᠦ ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ | ᠦᠵᠡᠯ ᠰᠠᠨᠠᠭᠠᠨ ᠤ ᠠᠤᠭ᠎ᠠ ᠬᠦᠴᠦᠨ ᠢ ᠨᠢᠭᠲᠠᠷᠠᠭᠤᠯᠬᠤ ᠪᠠᠷ ᠴᠢᠷᠮᠠᠶᠢᠪᠠ ᠃ | ᠤᠬᠠᠭᠤᠯᠤᠨ ᠳᠠᠶᠢᠴᠢᠯᠠᠬᠤ ᠠᠭᠤᠷ ᠠᠮᠢᠰᠬᠤᠯ ᠢ ᠪᠣᠶ ᠪᠤᠯᠭᠠᠵᠠᠢ ᠃ ᠪᠦᠬᠦ ᠲᠠᠯ᠎ᠠ ᠪᠠᠷ ᠡᠵᠡᠮᠳᠡᠬᠦ ᠂ ᠪᠦᠬᠦ | ᠲᠠᠯ᠎ᠠ ᠪᠠᠷ ᠰᠢᠰᠲ᠋ᠧᠮ ᠲᠠᠢ ᠪᠠᠶᠢᠬᠤ ᠂ ᠭᠤᠣᠯᠳᠠᠯᠭ᠎ᠠ ᠶᠢ ᠲᠤᠪᠤᠶᠢᠯᠭᠠᠬᠤ᠂ ᠵᠠᠩᠭᠢᠯᠠᠭ᠎ᠠ ᠶᠢ ᠠᠳᠬᠤᠬᠤ ᠶᠢ ᠪᠠᠷᠢᠮᠲᠠᠯᠠᠵᠤ᠂ | ︽ᠳᠤᠯᠤᠭᠠᠨ ᠠᠩᠬᠠᠷᠤᠯ ᠢᠶᠠᠨ ᠲᠥᠪᠯᠡᠷᠡᠭᠦᠯᠬᠦ ︾ ᠱᠠᠭᠠᠷᠳᠠᠯᠭ᠎ᠠ ᠶᠢᠨ ᠲᠣᠭᠤᠷᠢᠨ ᠳᠤ ᠂ ᠭᠤᠣᠯ ᠬᠦᠭ ᠠᠶᠠᠰ ᠢ | ᠴᠤᠤᠷᠢᠶᠠᠲᠤᠭᠤᠯᠵᠤ ᠂ ᠢᠳᠡᠪᠬᠢ ᠬᠦᠴᠦᠨ ᠢ ᠤᠯᠠᠮᠵᠢᠯᠠᠵᠤ ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ | ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠤᠯᠠᠮᠵᠢᠯᠠᠯᠲᠤ ᠵᠢᠭᠰᠠᠭᠠᠯ ᠤᠨ ᠭᠠᠵᠠᠷ ᠪᠠ ᠰᠦᠯᠵᠢᠶᠡᠨ ᠤ ᠲᠠᠪᠴᠠᠩ ᠳᠤ ᠲᠦᠰᠢᠭᠯᠡᠨ᠂ ᠬᠤᠰᠢᠭᠤ ᠰᠢᠶᠠᠩ ᠬᠤᠶᠠᠷ | ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠳᠠᠶᠢᠴᠢᠯᠠᠨ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠦᠨ᠂ ᠣᠯᠠᠨ ᠲᠦᠮᠡᠨ ᠳᠤ ᠭᠦᠨᠵᠡᠭᠡᠶᠢᠷᠡᠭᠦᠯᠦᠨ᠂ | ᠬᠥᠮᠥᠰ ᠤᠨ ᠰᠡᠳᠬᠢᠯ ᠳᠤ ᠬᠠᠳᠠᠩᠰᠢᠭᠤᠯᠤᠨ᠎ᠠ᠃ | ᠮᠡᠳᠡᠬᠦ ᠬᠢᠬᠦ ᠶᠢ ᠨᠢᠭᠡᠳᠬᠡᠵᠦ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠠᠢ ᠃ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠦᠵᠡᠯ | ᠰᠠᠨᠠᠭ᠎ᠠ ᠪᠠᠨ ᠨᠢᠭᠡᠳᠬᠡᠬᠦ ᠂ ᠵᠣᠷᠢᠭ ᠰᠠᠨᠠᠭ᠎ᠠ ᠪᠠᠨ ᠨᠢᠭᠡᠳᠬᠡᠬᠦ ᠂ ᠦᠢᠯᠡ ᠠᠵᠢᠯᠯᠠᠭ᠎ᠠ ᠪᠠᠨ ᠨᠢᠭᠡᠳᠬᠡᠬᠦ ᠶᠢ ᠪᠠᠷᠢᠮᠲᠠᠯᠠᠵᠤ ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠢᠯᠡᠳᠦᠯᠭᠡ ᠶᠢ ᠵᠢᠯᠤᠭᠤᠳᠬᠤ ᠂ ᠠᠵᠢᠯ ᠢ | ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠪᠠ ᠃ ᠴᠢᠬᠤᠯᠠ ᠶᠡᠭᠡ ᠰᠢᠢᠳᠪᠦᠷᠢᠲᠦ ᠪᠣᠳᠣᠯᠭ᠎ᠠ᠂ | ᠴᠢᠬᠤᠯᠠ ᠵᠦᠢᠯᠡᠰ᠂ ᠭᠤᠣᠯᠳᠠᠯᠭ᠎ᠠ ᠲᠠᠢ ᠠᠵᠢᠯ ᠢ ᠬᠤᠰᠢᠭᠤᠨ ᠨᠠᠮ ᠤᠨ ᠬᠤᠷᠢᠶ᠎ᠠ ᠳᠤ ᠮᠡᠳᠡᠭᠦᠯᠦᠨ ᠵᠢᠭᠠᠪᠤᠷᠢ | ᠠᠪᠬᠤ ᠳᠦᠷᠢᠮ ᠢ ᠴᠢᠩᠭ᠎ᠠ ᠬᠡᠷᠡᠭᠵᠢᠭᠦᠯᠪᠡ ᠃ ᠬᠤᠰᠢᠭᠤᠨ ᠨᠠᠮ ᠤᠨ ᠬᠤᠷᠢᠶ᠎ᠠ ᠶᠢᠨ ᠭᠤᠣᠯ ᠠᠵᠢᠯ ᠤᠨ | ᠲᠣᠭᠤᠷᠢᠨ ᠳᠤ ᠠᠵᠢᠯ ᠤᠨ ᠭᠤᠣᠯᠳᠠᠯᠭ᠎ᠠ ᠪᠠᠨ ᠲᠣᠬᠢᠷᠠᠭᠤᠯᠤᠨ ᠪᠠᠶᠢᠷᠢᠯᠠᠭᠤᠯᠵᠦ ᠂ ᠬᠤᠰᠢᠭᠤᠨ ᠤ ᠨᠠᠮ ᠤᠨ | ᠬᠤᠷᠢᠶ᠎ᠠ ᠳᠤ 2 ᠬᠤᠪᠢ ᠲᠤᠰᠬᠠᠢ ᠮᠡᠳᠡᠭᠦᠯᠦᠯᠲᠡ ᠳᠡᠪᠰᠢᠭᠦᠯᠵᠦ᠂ ᠪᠥᠬᠦ ᠬᠤᠰᠢᠭᠤᠨ ᠤ ᠡᠯ᠎ᠡ ᠭᠠᠵᠠᠷ ᠡᠯ᠎ᠡ ᠰᠠᠯᠠᠭ᠎ᠠ | ᠮᠥᠴᠢᠷ ᠤᠨ ᠲᠥᠰᠥᠪ᠂ ᠲᠤᠰᠬᠠᠢ ᠪᠡᠯᠡ ᠮᠥᠩᠭᠦ᠂ ᠲᠥᠰᠥᠪ ᠢ ᠬᠡᠷᠡᠭᠵᠢᠭᠦᠯᠦᠭᠰᠡᠨ ᠠᠬᠢᠴᠠ ᠵᠢᠴᠢ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠪᠡᠯᠡ ᠮᠥᠩᠭᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ | ᠬᠠᠷᠢᠭᠤ ᠮᠡᠳᠡᠭᠦᠯᠵᠡᠢ ᠃ ᠬᠠᠤᠯᠢ ᠳᠤ ᠲᠣᠭᠲᠠᠭᠠᠭᠰᠠᠨ ᠵᠢᠷᠤᠮ ᠶᠣᠰᠣᠭᠠᠷ᠂ ᠬᠤᠰᠢᠭᠤᠨ ᠤ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ 16 ᠲᠥᠯᠥᠭᠡᠯᠡᠭᠴᠢ ᠶᠢ ᠰᠣᠩᠭᠤᠬᠤ ᠪᠠ ᠨᠥᠬᠦᠨ ᠰᠣᠩᠭᠤᠵᠤ᠂ | ᠨᠠᠮ ᠤᠨ ᠤᠳᠤᠷᠢᠳᠤᠯᠭ᠎ᠠ ᠶᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠡᠯ᠎ᠡ ᠲᠠᠯ᠎ᠠ ᠪᠦᠭᠦ | ᠶᠠᠪᠤᠴᠠ ᠳᠤ ᠦᠨᠡᠨᠬᠦ ᠲᠤᠭᠤᠰᠢᠯᠠᠭᠤᠯᠵᠠᠢ ᠃ | ᠬᠤᠶᠠᠷ ᠂ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠪᠥᠬᠦ ᠲᠠᠯ᠎ᠠ ᠪᠠᠷ | ᠲᠤᠭᠤᠰᠢᠯᠠᠭᠤᠯᠵᠤ ᠂ ᠬᠢᠨᠠᠯᠲᠠ ᠲᠠᠯᠪᠢᠬᠤ ᠡᠷᠬᠡ᠂ ᠲᠣᠭᠲᠠᠭᠠᠬᠤ ᠡᠷᠬᠡ᠂ ᠲᠣᠮᠢᠯᠠᠬᠤ ᠪᠠᠭᠤᠯᠭᠠᠬᠤ ᠡᠷᠬᠡ ᠶᠢ ᠬᠠᠤᠯᠢ | ᠶᠣᠰᠣᠭᠠᠷ ᠬᠡᠷᠡᠭᠵᠢᠭᠦᠯᠵᠡᠢ ᠃ | ᠨᠢᠭᠡ ᠵᠢᠯ ᠤᠨ ᠲᠤᠷᠰᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ | ᠨᠠᠷᠢᠨ ᠬᠢᠨᠠᠮᠠᠭᠠᠢ ᠭᠦᠢᠴᠡᠳᠬᠡᠵᠦ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠲᠤᠭᠤᠰᠢᠯᠠᠭᠤᠯᠵᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠨ᠂ ᠪᠦᠭᠦ | ᠬᠤᠰᠢᠭᠤᠨ ᠤ ᠠᠵᠤ ᠠᠬᠤᠢ ᠨᠡᠶᠢᠭᠡᠮ ᠢ ᠠᠬᠢᠭᠤᠯᠵᠠᠢ ᠃ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠲᠦᠯᠬᠢᠨ ᠠᠬᠢᠭᠤᠯᠪᠠ ᠃ ᠰᠢ ᠶᠢᠨ ᠫᠢᠩ ᠤᠨ ᠠᠮᠢ | ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ ᠂ ᠣᠷᠴᠢᠨ ᠠᠬᠤᠢ ᠶᠢᠨ ᠡᠬᠢ ᠪᠠᠶᠠᠯᠢᠭ ᠤᠨ | ᠰᠢᠭᠦᠨ ᠲᠠᠰᠤᠯᠤᠯᠲᠠ ᠶᠢᠨ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ ᠂ ᠲᠤᠰᠬᠠᠢ | ᠮᠡᠷᠭᠡᠵᠢᠯ ᠤᠨ ᠡᠩᠨᠡᠭᠡᠨ ᠤ ᠴᠢᠳᠠᠪᠤᠷᠢ ᠬᠦᠷᠦᠯᠴᠡᠬᠦ ᠦᠭᠡᠢ ᠂ ᠬᠡᠷᠡᠭ ᠲᠤ ᠬᠤᠯᠪᠣᠭᠳᠠᠭᠰᠠᠨ ᠭᠠᠵᠠᠷ ᠤᠨ ᠬᠡᠰᠡᠭ ᠤᠨ | ᠰᠢᠨᠵᠢ ᠴᠢᠨᠠᠷ ᠨᠢ ᠵᠥᠷᠢᠯᠳᠦᠭᠡᠨ ᠲᠠᠢ ᠪᠠᠶᠢᠬᠤ ᠂ ᠣᠷᠴᠢᠨ ᠠᠬᠤᠢ ᠶᠢᠨ ᠬᠤᠬᠢᠷᠠᠯ ᠤᠨ ᠲᠤᠬᠠᠢ ᠬᠠᠤᠯᠢ | ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠳᠤ ᠮᠠᠰᠢ ᠤᠯᠠᠨ ᠬᠦᠴᠢᠷᠳᠡᠯ ᠲᠤᠯᠭᠠᠷᠠᠵᠤ ᠪᠠᠶᠢᠬᠤ ᠵᠡᠷᠭᠡ | ᠠᠰᠠᠭᠤᠳᠠᠯ ᠳᠤ ᠴᠢᠭᠯᠡᠭᠦᠯᠦᠨ ᠰᠠᠨᠠᠭᠤᠯᠭ᠎ᠠ ᠳᠤᠷᠠᠳᠪᠠ᠃ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠵᠢᠴᠢ | ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠬᠢᠨᠠᠨ ᠵᠥᠪᠯᠡᠭᠰᠡᠨ ᠰᠠᠨᠠᠯ ᠢ ᠨᠠᠷᠢᠨ ᠬᠢᠨᠠᠮᠠᠭᠠᠢ ᠰᠢᠢᠳᠪᠦᠷᠢᠯᠡᠵᠦ᠂ ᠬᠠᠮᠵᠢᠯᠴᠠᠬᠤ | ᠲᠣᠭᠲᠠᠴᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠂ ᠬᠠᠤᠯᠢ ᠪᠠᠷ ᠵᠠᠰᠠᠬᠤ ᠨᠡᠶᠢᠯᠡᠮᠡᠯ ᠬᠦᠴᠦᠨ ᠢ | ᠪᠦᠲᠦᠮᠵᠢᠲᠡᠶ ᠳᠡᠭᠡᠭᠰᠢᠯᠡᠭᠦᠯᠵᠦ᠂ ᠣᠷᠴᠢᠨ ᠲᠣᠭᠤᠷᠢᠨ ᠤ ᠡᠬᠢ ᠪᠠᠶᠠᠯᠢᠭ ᠤᠨ ᠲᠥᠷᠥᠯ ᠤᠨ ᠬᠠᠤᠯᠢ ᠠᠴᠠ | ᠵᠥᠷᠢᠴᠡᠭᠰᠡᠨ ᠬᠡᠷᠡᠭ ᠢ ᠰᠢᠢᠳᠪᠦᠷᠢᠯᠡᠬᠦ ᠡᠷᠴᠢᠮ ᠢ ᠲᠠᠰᠤᠷᠠᠯᠲᠠ ᠦᠭᠡᠢ ᠴᠢᠩᠭᠠᠷᠠᠭᠤᠯᠪᠠ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶᠠᠨ ᠤ ᠠᠯᠪᠠᠨ ᠲᠢᠩᠬᠢᠮ ᠤᠨ ᠰᠢᠪᠠᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠥᠬᠦ ᠡᠷᠬᠢᠯᠡᠭᠴᠢᠳ ᠤᠨ | ᠬᠤᠷᠠᠯ ᠤᠨ ᠪᠦᠷᠢᠯᠳᠦᠭᠦᠨ ᠨᠠᠷ ᠤᠷᠢᠳ ᠬᠤᠵᠢᠳ ᠬᠤᠶᠠᠷ ᠤᠳᠠᠭ᠎ᠠ ᠮᠠᠨᠵᠤᠲ᠋ᠦ᠋ᠨ ᠤ ᠮᠠᠨᠵᠤ ᠦᠨᠳᠦᠰᠦᠲᠡᠨ ᠤ | ᠰᠢᠶᠠᠩ ᠤᠨ ᠬᠡᠷᠡᠭ ᠶᠠᠪᠤᠳᠠᠯ ᠳᠤ ᠬᠤᠯᠪᠣᠭᠳᠠᠭᠰᠠᠨ ᠭᠠᠵᠠᠷ ᠲᠤ ᠭᠦᠨᠵᠡᠭᠡᠶᠢᠷᠡᠨ᠂ ᠬᠠᠮᠲᠤ ᠪᠠᠷ ᠪᠠᠶᠢᠴᠠᠭᠠᠨ ᠦᠵᠡᠬᠦ᠂ | ᠰᠢᠪᠠᠳᠠᠨ ᠵᠢᠯᠤᠭᠤᠳᠬᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠨᠤᠲᠤᠭ ᠪᠡᠯᠴᠢᠭᠡᠷ ᠣᠶᠢᠲᠤ | ᠭᠠᠵᠠᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠬᠦᠴᠦᠨ ᠨᠡᠮᠡᠷᠢᠯᠡᠵᠦ᠂ ᠬᠡᠷᠡᠭ ᠢᠶᠠᠷ ᠥᠭᠡᠷᠡᠴᠢᠯᠡᠯᠲᠡ ᠶᠢ | ᠠᠬᠢᠭᠤᠯᠬᠤ ᠶᠢ ᠤᠷᠤᠭᠰᠢᠲᠠᠢ ᠪᠡᠶᠡᠯᠡᠭᠦᠯᠬᠦ ᠳᠤ ᠢᠳᠡᠪᠬᠢᠲᠡᠢ ᠴᠢᠷᠮᠠᠶᠢᠯᠭ᠎ᠠ ᠭᠠᠷᠭᠠᠪᠠ᠃ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠪᠠ ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠳᠤ ᠠᠩᠬᠠᠷᠤᠯ ᠢᠶᠠᠨ ᠲᠥᠪᠯᠡᠷᠡᠭᠦᠯᠦᠨ᠂ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠥᠰᠥᠭ ᠪᠢᠴᠢᠭ ᠤᠨ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢ ᠦᠷᠨᠢᠭᠦᠯᠪᠡ ᠃ | ᠪᠠᠶᠢᠴᠠᠭᠠᠨ ᠰᠤᠳᠤᠯᠬᠤ ᠳᠤᠭᠤᠶᠢᠯᠠᠩ ᠬᠡᠰᠡᠭ ᠰᠤᠷᠭᠠᠭᠤᠯᠢ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ᠂ ᠬᠣᠯᠪᠣᠭᠳᠠᠬᠤ ᠰᠠᠯᠠᠭ᠎ᠠ ᠮᠥᠴᠢᠷ ᠲᠤ ᠭᠦᠨᠵᠡᠭᠡᠶᠢᠷᠡᠨ᠂ ᠡᠯ᠎ᠡ ᠭᠠᠵᠠᠷ ᠡᠯ᠎ᠡ | ᠰᠠᠯᠠᠭ᠎ᠠ ᠮᠥᠴᠢᠷ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠬᠦ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠬᠤ ᠶᠢ ᠱᠠᠭᠠᠷᠳᠠᠵᠤ ᠂ ᠪᠥᠬᠦ ᠬᠤᠰᠢᠭᠤᠨ ᠤ ᠤᠯᠤᠰ ᠤᠨ ᠨᠡᠶᠢᠳᠡᠮ ᠬᠡᠷᠡᠭᠯᠡᠬᠦ ᠦᠭᠡ | ᠬᠡᠯᠡ ᠥᠰᠥᠭ ᠪᠢᠴᠢᠭ ᠢ ᠲᠦᠭᠡᠮᠡᠯᠵᠢᠭᠦᠯᠬᠦ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠡᠢ ᠃ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠦᠢᠯᠡᠳᠦᠯᠭᠡ ᠶᠢ ᠭᠦᠨᠵᠡᠭᠡᠶᠢᠷᠡᠭᠦᠯᠵᠦ ᠂ ︽ | ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠬᠤ · ᠰᠡᠳᠬᠢᠯ ᠢᠶᠠᠨ ᠨᠢᠭᠡᠳᠬᠡᠵᠦ | ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠬᠦ ︾ ᠬᠠᠮᠲᠤᠪᠠᠷ ᠪᠠᠶᠢᠭᠤᠯᠬᠤ ᠠᠵᠢᠯᠯᠠᠭ᠎ᠠ ᠶᠢ ᠦᠷᠨᠢᠭᠦᠯᠵᠦ᠂ | ᠥᠷᠭᠡᠨ ᠤᠯᠠᠨ ᠲᠥᠯᠥᠭᠡᠯᠡᠭᠴᠢ ᠶᠢ ᠤᠬᠠᠭᠤᠯᠤᠨ ᠲᠠᠶᠢᠴᠢᠯᠠᠵᠤ ︽ ᠠᠨᠠᠷ ᠤᠨ ᠦᠷ᠎ᠡ ᠰᠡᠳᠬᠢᠯ ᠢᠶᠠᠨ ᠨᠢᠭᠡᠳᠬᠡᠵᠦ | ᠵᠡᠭᠦᠳᠦ ᠪᠠᠨ ᠲᠡᠷᠭᠡᠯᠰᠢᠭᠦᠯᠬᠦ ︾ ᠰᠢᠷᠢᠰ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠳᠤ ᠢᠳᠡᠪᠬᠢᠲᠡᠢ | ᠣᠷᠣᠯᠴᠠᠭᠤᠯᠵᠤ ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ | ᠰᠢᠨ᠎ᠡ ᠶᠢ ᠡᠭᠦᠳᠬᠦ ᠬᠥᠭᠵᠢᠯᠲᠡ ᠶᠢ ᠲᠠᠰᠤᠷᠠᠯᠳᠡ ᠦᠭᠡᠢ ᠠᠬᠢᠭᠤᠯᠵᠠᠢ ᠃ | ᠠᠵᠤ ᠦᠢᠯᠡᠰ ᠤᠨ ᠠᠭᠤᠰᠤᠯᠴᠠᠨ ᠬᠥᠭᠵᠢᠬᠦ ᠳᠤ ᠬᠦᠴᠦᠨ ᠨᠡᠮᠡᠷᠢᠯᠡᠪᠡ ᠃ ᠠᠵᠤ ᠦᠢᠯᠡᠰ ᠢ ᠬᠥᠭᠵᠢᠭᠦᠯᠦᠨ | ᠮᠠᠨᠳᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠯᠴᠢᠨ ᠲᠠᠷᠢᠶᠠᠴᠢᠳ ᠤᠨ ᠲᠤᠰᠬᠠᠢ ᠠᠵᠢᠯ ᠤᠨ | ᠬᠤᠷᠰᠢᠶ᠎ᠠ ᠶᠢᠨ ᠡᠵᠡᠩᠨᠡᠯᠲᠡ ᠶᠢᠨ ᠪᠠᠶᠢᠳᠠᠯ ᠤᠨ ᠲᠤᠬᠠᠢ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢ | ᠥᠷᠨᠢᠭᠦᠯᠵᠦ᠂ ᠬᠤᠷᠰᠢᠶ᠎ᠠ ᠶᠢᠨ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠡᠵᠡᠩᠨᠡᠯᠲᠡ ᠬᠠᠮᠢᠶᠠᠷᠤᠯᠲᠠ ᠶᠢᠨ | ᠬᠢᠷᠢ ᠬᠡᠮᠵᠢᠶ᠎ᠡ ᠥᠨᠳᠥᠷ ᠪᠢᠰᠢ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠲᠤᠲᠠᠭᠳᠠᠵᠤ ᠪᠠᠶᠢᠬᠤ᠂ ᠪᠡᠯᠡ | ᠮᠥᠩᠭᠦ ᠶᠢᠨ ᠣᠷᠣᠭᠤᠯᠤᠯᠲᠠ ᠬᠦᠷᠦᠯᠴᠡᠬᠦ ᠦᠭᠡᠢ ᠪᠠᠶᠢᠬᠤ ᠵᠡᠷᠭᠡ ᠠᠰᠠᠭᠤᠳᠠᠯ ᠤᠨ ᠲᠣᠭᠤᠷᠢᠨ ᠳᠤ ᠠᠵᠢᠯ ᠤᠨ | ᠰᠠᠨᠠᠭᠤᠯᠭ᠎ᠠ ᠳᠤᠷᠠᠳᠴᠤ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠷ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃ ᠤᠯᠠᠭᠠᠨ᠂ ᠬᠥᠬᠡ ᠂ ᠨᠣᠭᠤᠭᠠᠨ ︽ᠭᠤᠷᠪᠠᠨ | ᠥᠩᠭᠡ ᠶᠢᠨ ᠵᠢᠭᠤᠯᠴᠢᠯᠠᠯ︾ ᠢ ᠶᠡᠬᠡᠪᠡᠷ ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠢᠭᠤᠯᠴᠢᠯᠠᠯ ᠤᠨ ᠬᠠᠤᠯᠢ︾ ᠶᠢᠨ ᠬᠠᠤᠯᠢ ᠬᠡᠷᠡᠭᠵᠢᠭᠦᠯᠦᠯᠲᠡ ᠶᠢᠨ | ᠪᠠᠶᠢᠴᠠᠭᠠᠯᠲᠠ ᠶᠢ ᠥᠷᠨᠢᠭᠦᠯᠵᠦ᠂ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠠᠭᠤᠰᠤᠯᠴᠠᠨ ᠬᠥᠭᠵᠢᠬᠦ ᠶᠢ | ᠠᠬᠢᠭᠤᠯᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ ᠰᠠᠨᠠᠭᠤᠯᠭ᠎ᠠ | ᠳᠤᠷᠠᠳᠴᠤ᠂ ᠬᠠᠤᠯᠢ ᠶᠣᠰᠣᠭᠠᠷ ᠪᠥᠬᠦ ᠬᠤᠰᠢᠭᠤᠨ ᠤ ᠵᠢᠭᠤᠯᠴᠢᠯᠠᠯ ᠤᠨ ᠦᠢᠯᠡᠰ ᠤᠨ ᠬᠥᠭᠵᠢᠨ ᠪᠤᠵᠠᠭᠠᠶᠢᠷᠠᠬᠤ ᠶᠢ | ᠵᠢᠷᠦᠮᠵᠢᠭᠤᠯᠵᠠᠢ ᠃ | ᠠᠷᠠᠳ ᠤᠨ ᠠᠮᠢᠳᠤᠷᠠᠯ ᠤᠨ ᠠᠩᠬᠠᠷᠤᠯ ᠢ ᠦᠷᠭᠦᠯᠵᠢᠯᠡᠨ ᠲᠥᠪᠯᠡᠷᠡᠭᠦᠯᠪᠡ ᠃ ᠨᠢᠭᠡ ᠵᠢᠯ ᠤᠨ ᠲᠤᠷᠰᠢ᠂ | ᠮᠠᠨ ᠤ ᠬᠤᠰᠢᠭᠤᠨ ᠤ ᠰᠢᠨ᠎ᠡ ᠲᠢᠲᠢᠮ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠬᠡᠲᠦ ᠤᠳᠠᠭ᠎ᠠ | ᠢᠷᠡᠵᠦ᠂ ᠰᠡᠷᠭᠡᠶᠢᠯᠡᠨ ᠡᠵᠡᠮᠳᠡᠬᠦ ᠪᠠᠶᠢᠳᠠᠯ ᠲᠤᠶᠢᠯ ᠤᠨ ᠬᠦᠨᠳᠦ ᠨᠣᠴᠢᠲᠠᠢ ᠪᠠᠶᠢᠵᠤ᠂ ᠠᠷᠠᠳ ᠣᠯᠠᠨ ᠳᠡᠭᠡᠳᠦ | ᠬᠡᠮᠵᠢᠶ᠎ᠡ ᠪᠠᠷ ᠠᠩᠬᠠᠷᠴᠤ᠂ ᠴᠢᠩᠭ᠎ᠠ ᠲᠤᠰᠬᠠᠯ ᠭᠠᠷᠭᠠᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠭᠡᠨᠡᠳᠲᠡ ᠶᠢᠨ ᠬᠢᠵᠢᠭ ᠤᠨ ᠰᠢᠯᠭᠠᠯᠲᠠ ᠳᠤ ᠲᠤᠯᠭᠠᠷᠠᠵᠤ᠂ | ᠳᠠᠪᠠᠭᠤᠯᠢᠭ ᠢᠶᠠᠨ ᠪᠠᠳᠠᠷᠠᠭᠤᠯᠤᠨ᠂ ᠰᠠᠨᠠᠭᠠᠴᠢᠯᠠᠭ᠎ᠠ ᠲᠠᠢ ᠪᠠᠷ ᠠᠵᠢᠯᠯᠠᠵᠤ᠂ ᠡᠨᠡ ᠤᠳᠠᠭᠠᠨ ᠤ ᠠᠷᠠᠳ ᠤᠨ | ᠲᠠᠶᠢᠨ ᠳᠤ ᠠᠷᠠᠳ ᠲᠦᠮᠡᠨ ᠢᠶᠠᠷ ᠭᠤᠣᠯ ᠪᠣᠯᠭᠠᠭᠰᠠᠨ ᠡᠭᠦᠷᠭᠡ ᠬᠠᠷᠢᠭᠤᠴᠠᠯᠭ᠎ᠠ ᠶᠢ ᠭᠦᠢᠴᠡᠳ ᠲᠠᠶᠢᠯᠪᠤᠷᠢᠯᠠᠭᠰᠠᠨ | ᠪᠠᠶᠢᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠡᠷᠡ ᠳᠠᠷᠤᠢ ᠳᠤ ᠨᠢ | ᠪᠦᠭᠦ ᠬᠤᠰᠢᠭᠤᠨ ᠤ 1044 ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠲᠤ ᠰᠠᠨᠠᠭᠠᠴᠢᠯᠠᠭ᠎ᠠ ᠭᠠᠷᠭᠠᠪᠠ ᠃ | ᠲᠥᠯᠥᠭᠡᠯᠡᠭᠴᠢᠳ ᠢ ᠲᠠᠶᠢᠴᠢᠯᠠᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠠᠪᠤᠳᠠᠯ ᠢ | ᠤᠬᠠᠮᠰᠠᠷ ᠠᠴᠠ ᠪᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠴᠢᠬᠤᠯᠠ ᠠᠭᠤᠯᠭ᠎ᠠ ᠪᠣᠯᠭᠠᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠲᠠᠶᠢᠨ ᠳᠤ ᠬᠡᠪ ᠳᠠᠭᠤᠷᠢᠶᠠᠯ ᠦᠵᠡᠭᠦᠯᠦᠨ᠎ᠡ᠃ ᠬᠤᠰᠢᠭᠤᠨ ᠤ | ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠭᠡᠰᠢᠭᠦᠳ ᠰᠢᠶᠠᠩ ᠪᠠᠯᠭᠠᠰᠤ᠂ ᠨᠡᠶᠢᠭᠡᠮ | ᠲᠣᠭᠤᠷᠢᠭ᠂ ᠵᠠᠮ ᠬᠠᠷᠢᠯᠴᠠᠭᠠᠨ ᠤ ᠪᠣᠭᠤᠮᠲᠠ ᠶᠢ ᠳᠠᠭᠠᠭᠠᠨ ᠬᠤᠯᠪᠣᠵᠤ᠂ ᠠᠶᠤᠯ ᠲᠦᠭᠰᠢᠭᠦᠷᠢ ᠠᠴᠠ ᠠᠶᠤᠬᠤ | ᠦᠭᠡᠢ ᠪᠠᠷ ᠡᠮᠦᠨ᠎ᠡ ᠨᠢ ᠵᠢᠯᠤᠭᠤᠳᠴᠤ᠂ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠪᠠ︔ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠺᠠᠳ᠋ᠷ ᠰᠥᠷᠴᠦ ᠤᠷᠤᠭᠰᠢᠯᠠᠨ᠂ ᠡᠳᠦᠷ ᠰᠥᠨᠢ ᠦᠭᠡᠢ | ᠡᠷᠡᠯᠬᠡᠭᠯᠡᠨ ᠪᠠᠶᠢᠯᠳᠤᠵᠤ᠂ ᠤᠯᠠᠨ ᠲᠠᠯ᠎ᠠ ᠠᠴᠠ ᠲᠤᠰᠠᠯᠠᠪᠠ ᠃ ᠥᠷᠭᠡᠨ ᠣᠯᠠᠨ ᠲᠥᠯᠥᠭᠡᠯᠡᠭᠴᠢ ᠣᠯᠠᠨ ᠲᠦᠮᠡᠨ ᠤ | ᠳᠤᠮᠳᠠ ᠦᠨᠳᠦᠰᠦᠯᠡᠵᠦ᠂ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠨ᠂ ᠡᠮᠦᠨ᠎ᠡ ᠨᠢ ᠭᠠᠪᠰᠢᠭᠠᠶᠢᠯᠠᠵᠤ᠂ | ᠰᠡᠳᠬᠢᠯ ᠢᠶᠠᠨ ᠨᠢᠭᠡᠳᠬᠡᠨ ᠬᠢᠵᠢᠭ ᠤᠨ ᠢᠳᠡᠪᠬᠢ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠨᠢᠭᠲᠠᠷᠠᠭᠤᠯᠵᠤ᠂ | ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠷᠢᠭᠯᠠᠨ ᠴᠣᠬᠢᠬᠤ ᠲᠡᠶᠢᠨ ᠤ ᠪᠥᠬᠦ | ᠲᠠᠯ᠎ᠠ ᠶᠢᠨ ᠢᠯᠠᠯᠲᠠ ᠶᠢ ᠣᠯᠬᠤ ᠳᠤ ᠠᠷᠠᠳ ᠤᠨ ᠶᠡᠭᠡ ᠬᠤᠷᠠᠯ ᠤᠨ ᠬᠦᠴᠦᠨ ᠴᠢᠳᠠᠯ ᠢ ᠨᠡᠮᠡᠷᠢᠯᠡᠪᠡ ᠃ | ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠢᠨ ᠲᠣᠭᠤᠷᠢᠨ ᠳᠤ᠂ ᠬᠤᠲᠠ ᠶᠢᠨ | ᠰᠠᠭᠤᠭᠠᠯᠢ ᠠᠷᠠᠳ ᠤᠨ ᠠᠮᠢᠳᠤᠷᠠᠯ ᠤᠨ ᠶᠠᠰᠤ ᠴᠢᠨᠠᠷ ᠤᠨ ᠳᠡᠭᠡᠭᠰᠢᠯᠡᠯᠲᠡ ᠶᠢ ᠠᠩᠬᠠᠷᠴᠤ᠂ ᠬᠤᠷᠴᠢᠨ ᠪᠠᠯᠭᠠᠰᠤ ᠶᠢᠨ | ᠬᠤᠲᠠ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠪᠠᠶᠢᠳᠠᠯ ᠢ ᠪᠠᠶᠢᠴᠠᠭᠠᠨ ᠦᠮᠴᠢᠲᠡᠨ ᠤ ᠠᠩᠬᠠᠷᠤᠯ | ᠲᠠᠯᠪᠢᠵᠤ ᠪᠠᠶᠢᠭ᠎ᠠ ᠠᠰᠠᠭᠤᠳᠠᠯ ᠢ ᠥᠷᠭᠡᠨ ᠢᠶᠠᠷ ᠴᠤᠭᠯᠠᠭᠤᠯᠵᠤ᠂ ᠪᠠᠶᠢᠭᠤᠯᠤᠮᠵᠢ ᠲᠣᠭᠲᠠᠴᠠ ᠶᠢᠨ ᠳᠤᠲᠠᠭᠤᠳᠠᠯ ᠳᠤ | ᠰᠢᠭᠤᠳ ᠬᠠᠨᠳᠤᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠭᠦᠨᠵᠡᠭᠡᠢ ᠠᠭᠤᠳᠠᠯᠵᠤ᠂ ᠪᠥᠬᠦ | ᠲᠠᠯ᠎ᠠ ᠪᠠᠷ ᠭᠦᠨᠵᠡᠭᠡᠢ ᠪᠠᠶᠢᠴᠠᠭᠠᠨ ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ ᠠᠵᠢᠯ ᠲᠥᠷᠥᠯ ᠤᠨ | ᠬᠠᠮᠢᠶᠠᠷᠤᠯᠲᠠ ᠶᠢ ᠴᠢᠩᠭᠠᠳᠬᠠᠬᠤ᠂ ᠪᠠᠷᠢᠯᠭ᠎ᠠ ᠶᠢᠨ ᠶᠠᠰᠤ ᠴᠢᠨᠠᠷ ᠢ ᠴᠢᠩᠭ᠎ᠠ ᠠᠳᠬᠤᠬᠤ᠂ ᠠᠳᠠᠯ ᠠᠬᠤᠢ ᠶᠢᠨ ᠠᠵᠤ | ᠠᠬᠤᠶᠢᠯᠠᠯ ᠢ ᠲᠡᠳᠬᠦᠬᠦ᠂ ᠠᠳᠠᠯ ᠠᠬᠤᠢ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠬᠠᠤᠯᠢ ᠶᠣᠰᠣᠭᠠᠷ | ᠵᠢᠷᠤᠮᠵᠢᠭᠤᠯᠬᠤ ᠵᠡᠷᠭᠡ ᠰᠠᠨᠠᠯ ᠰᠠᠨᠠᠭᠤᠯᠭ᠎ᠠ ᠳᠤᠷᠠᠳᠪᠠ᠃ ᠪᠦᠲᠦᠭᠡᠨ ᠪᠠᠶᠢᠭᠤᠯᠤᠯᠲᠠ ᠶᠢᠨ ᠨᠢᠭᠡᠴᠡ᠂ ᠠᠳᠠᠯ | ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠬᠢᠭᠡᠳ ᠥᠮᠴᠢᠲᠡᠨ ᠤ ᠬᠤᠭᠤᠷᠣᠨᠳᠣᠬᠢ ᠵᠢᠭᠤᠷᠠᠯᠳᠤᠭᠠᠨ ᠠᠴᠠ | ᠡᠬᠢ ᠡᠭᠦᠰᠦᠯ ᠠᠴᠠ ᠨᠢ ᠵᠠᠶᠢᠯᠠᠰᠬᠢᠬᠦ ᠪᠠᠷ ᠴᠢᠷᠮᠠᠶᠢᠵᠤ᠂ ᠵᠠᠰᠠᠭ ᠤᠨ ᠣᠷᠳᠣᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠳᠬᠠᠬᠤ ᠶᠢ ᠠᠬᠢᠭᠤᠯᠤᠨ᠂ | ᠥᠮᠴᠢᠲᠡᠨ ᠪᠠ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠵᠤ᠂ ᠠᠷᠠᠳ ᠣᠯᠠᠨ ᠤ ᠠᠮᠢᠳᠤᠷᠠᠯ ᠤᠨ ᠴᠢᠨᠠᠷ ᠴᠢᠨᠰᠠᠭ᠎ᠠ ᠪᠠ ᠵᠣᠯ ᠵᠢᠷᠭᠠᠯ ᠤᠨ ᠵᠢᠭᠠᠯᠲᠠ ᠲᠤᠭ᠎ᠠ ᠶᠢ | ᠲᠠᠰᠤᠷᠠᠯᠲᠠ ᠦᠭᠡᠢ ᠳᠡᠭᠡᠭᠰᠢᠯᠡᠭᠦᠯᠵᠡᠢ ᠃ | ᠡᠳ᠋ ᠤᠨ ᠵᠠᠰᠠᠭ ᠠᠵᠤ ᠠᠬᠤᠢ ᠶᠢᠨ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠶᠢ ᠴᠢᠩᠭᠠᠳᠬᠠᠵᠠᠢ ᠃ | ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠪᠠᠶᠢᠳᠠᠯ ᠤᠨ ᠲᠤᠰᠬᠠᠢ | ᠰᠡᠳᠦᠪᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ᠂ | ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠪᠠᠶᠢᠳᠠᠯ ᠢ ᠪᠦᠬᠦ ᠲᠠᠯ᠎ᠠ ᠪᠠᠷ ᠡᠵᠡᠮᠳᠡᠨ ᠂ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠡᠷᠬᠡ ᠶᠢᠨ ᠬᠠᠷᠢᠶᠠᠯᠠᠯ᠂ ᠦᠷ᠎ᠡ ᠠᠰᠢᠭ ᠢ | ᠪᠠᠳᠠᠷᠠᠭᠤᠯᠬᠤ ᠶᠢ ᠪᠣᠳᠣᠯᠬᠢᠯᠠᠨ᠂ ᠡᠳ᠋ ᠬᠥᠷᠥᠩᠭᠡ ᠶᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ | ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠬᠦ᠂ ᠦᠯᠡᠳᠡᠭᠡᠯ ᠤᠯᠤᠰ ᠤᠨ ᠥᠮᠴᠢᠯᠡᠯᠲᠦ ᠡᠳ᠋ ᠬᠥᠷᠥᠩᠭᠡ ᠶᠢ | ᠴᠢᠯᠦᠭᠡᠲᠡᠢ ᠴᠢᠯᠦᠭᠡᠲᠡᠢ ᠪᠣᠯᠭᠠᠬᠤ᠂ ᠡᠳ᠋ ᠬᠥᠷᠥᠩᠭᠡ ᠶᠢᠨ ᠬᠠᠮᠢᠶᠠᠷᠤᠯᠲᠠ ᠶᠢ ᠵᠢᠷᠤᠮᠵᠢᠭᠤᠯᠬᠤ ᠵᠡᠷᠭᠡ ᠰᠠᠨᠠᠯ | ᠰᠠᠨᠠᠭᠤᠯᠭ᠎ᠠ ᠳᠤᠷᠠᠳᠴᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ᠂ ᠮᠠᠨ ᠤ | ᠬᠤᠰᠢᠭᠤᠨ ᠤ ᠰᠢᠰᠲ᠋ᠧᠮ ᠤᠨ ᠳᠣᠲᠣᠷᠠᠬᠢ ᠥᠷᠢ ᠥᠭᠴᠡᠭᠡ᠂ ᠳᠠᠯᠳᠠ ᠥᠷᠢ ᠥᠭᠴᠡᠭᠡ᠂ ᠥᠷᠢ ᠥᠭᠴᠡᠭᠡ ᠶᠢ | ᠠᠷᠢᠯᠭᠠᠭᠰᠠᠨ ᠪᠠ ᠪᠤᠴᠠᠭᠠᠭᠰᠠᠨ ᠪᠠᠶᠢᠳᠠᠯ ᠢ ᠬᠦᠨᠵᠡᠭᠡᠢ ᠵᠠᠳᠠᠯᠤᠨ ᠂ ᠳᠠᠯᠳᠠ ᠥᠷᠢ ᠥᠭᠴᠡᠭᠡ ᠶᠢᠨ ᠨᠡᠮᠡᠭᠳᠡᠯ ᠢ | ᠪᠦᠲᠦᠮᠵᠢᠲᠡᠶ ᠬᠤᠷᠢᠭᠯᠠᠵᠤ᠂ ᠦᠯᠡᠳᠡᠭᠡᠯ ᠥᠷᠢ ᠥᠭᠴᠡᠭᠡ ᠶᠢ ᠠᠯᠬᠤᠮ ᠠᠯᠬᠤᠮ ᠢᠶᠠᠷ ᠠᠷᠢᠯᠭᠠᠵᠤ᠂ ᠵᠠᠰᠠᠭ ᠤᠨ | ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠬᠦ ᠳᠤ ᠰᠠᠨᠠᠨᠯ ᠰᠠᠨᠠᠭᠤᠯᠭ᠎ᠠ ᠭᠠᠷᠭᠠᠵᠠᠢ ᠃ | ᠲᠥᠯᠥᠪᠯᠡᠭᠡ ᠂ ᠡᠳ᠋ ᠤᠨ ᠵᠠᠰᠠᠭ ᠂ ᠬᠢᠨᠠᠨ ᠪᠣᠳᠣᠯᠲᠠ ᠶᠢᠨ ᠠᠵᠢᠯ ᠤᠨ ᠮᠡᠳᠡᠭᠦᠯᠦᠯᠲᠡ ᠶᠢ ᠬᠢᠨᠠᠨ ᠪᠠᠶᠢᠴᠠᠭᠠᠵᠤ ᠂ | ᠲᠥᠰᠥᠪ ᠤᠨ ᠬᠠᠮᠢᠶᠠᠷᠤᠯᠲᠠ ᠶᠢ ᠭᠦᠨᠵᠡᠭᠡᠶᠢᠷᠡᠭᠦᠯᠦᠨ ᠂ ᠲᠥᠰᠥᠪ ᠢ ᠰᠦᠯᠵᠢᠶᠡᠵᠢᠭᠦᠯᠦᠨ ᠬᠢᠨᠠᠯᠲᠠ ᠲᠠᠯᠪᠢᠬᠤ ᠶᠢ | ᠪᠠᠶᠢᠩᠭᠤᠵᠢᠭᠤᠯᠤᠨ ᠠᠬᠢᠭᠤᠯᠵᠤ ᠂ ᠡᠳ᠋ ᠤᠨ ᠵᠠᠰᠠᠭ ᠤᠨ ᠲᠥᠰᠥᠪ ᠪᠠ ᠲᠥᠰᠥᠪ ᠤᠨ ᠭᠦᠢᠴᠡᠳᠬᠡᠯ ᠢ ᠪᠦᠬᠦ | ᠰᠢᠰᠲ᠋ᠧᠮ ᠢᠶᠠᠷ ᠨᠢ ᠬᠢᠨᠠᠨ ᠪᠠᠶᠢᠴᠠᠭᠠᠬᠤ ᠪᠠ ᠭᠦᠢᠴᠡᠳᠬᠡᠬᠦ ᠂ ᠲᠣᠬᠢᠷᠠᠭᠤᠯᠬᠤ ᠪᠦᠬᠦ ᠶᠠᠪᠤᠴᠠ ᠳᠤ ᠬᠢᠨᠠᠯᠲᠠ | ᠲᠠᠯᠪᠢᠬᠤ ᠶᠢ ᠴᠢᠩᠭᠠᠳᠬᠠᠵᠤ ᠂ ᠡᠳ᠋ ᠤᠨ ᠵᠠᠰᠠᠭ ᠤᠨ ᠲᠥᠰᠥᠪ ᠢ ᠭᠦᠢᠴᠡᠳᠬᠡᠬᠦ ᠶᠢ ᠨᠢᠭᠡ ᠴᠣᠭᠴᠠᠵᠢᠭᠤᠯᠬᠤ | ᠠᠬᠢᠴᠠ ᠳᠤ ᠬᠦᠴᠦ ᠨᠡᠮᠡᠷᠢᠯᠡᠵᠡᠢ ᠃ | ᠲᠣᠭᠲᠠᠭᠠᠬᠤ ᠡᠷᠬᠡ ᠂ ᠲᠣᠮᠢᠯᠠᠵᠤ ᠪᠠᠭᠤᠯᠭᠠᠬᠤ ᠡᠷᠬᠡ ᠶᠢ ᠬᠠᠤᠯᠢ ᠶᠣᠰᠣᠭᠠᠷ ᠴᠢᠩᠭ᠎ᠠ ᠬᠡᠷᠡᠭᠵᠢᠭᠦᠯᠵᠡᠢ ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠴᠢᠬᠤᠯᠠ ᠶᠡᠭᠡ ᠤᠴᠢᠷ ᠶᠠᠪᠤᠳᠠᠯ ᠢ ᠶᠠᠷᠢᠯᠴᠠᠨ ᠲᠣᠭᠲᠠᠭᠠᠬᠤ | ᠳᠦᠷᠢᠮ ᠢ ᠤᠯᠠᠮ ᠨᠢᠭᠡ ᠠᠯᠬᠤᠮ ᠪᠦᠷᠢᠨᠰᠢᠭᠦᠯᠵᠦ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ | ᠲᠣᠭᠲᠠᠭᠠᠬᠤ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠰᠢᠢᠳᠪᠦᠷᠢᠲᠦ | ᠪᠣᠳᠣᠯᠭ᠎ᠠ ᠲᠣᠭᠲᠠᠭᠠᠬᠤ ᠶᠢ ᠪᠠᠷᠢᠮᠲᠠᠯᠠᠨ᠂ ᠬᠠᠤᠯᠢ ᠪᠠᠷ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠢ ᠴᠢᠩᠭ᠎ᠠ | ᠵᠢᠷᠤᠮᠯᠠᠨ᠂ ᠬᠠᠤᠯᠢ ᠪᠠᠷ ᠲᠣᠭᠲᠠᠭᠠᠭᠰᠠᠨ ᠵᠢᠷᠤᠮ ᠢ ᠵᠢᠷᠤᠮᠯᠠᠵᠤ᠂ ᠪᠥᠬᠦ ᠲᠠᠯ᠎ᠠ ᠶᠢᠨ ᠴᠢᠨᠠᠷᠲᠠᠢ᠂ ᠠᠯᠤᠰ ᠬᠡᠲᠦ ᠶᠢᠨ | ᠴᠢᠨᠠᠷᠲᠠᠢ᠂ ᠦᠨᠳᠦᠰᠦᠨ ᠴᠢᠨᠠᠷᠲᠠᠢ ᠴᠢᠬᠤᠯᠠ ᠶᠡᠭᠡ ᠠᠰᠠᠭᠤᠳᠠᠯ ᠢ ᠴᠢᠩᠭ᠎ᠠ ᠠᠳᠬᠤᠨᠲ᠋ᠥ᠋ᠰᠥᠪ ᠢ ᠲᠣᠬᠢᠷᠠᠭᠤᠯᠬᠤ | ᠵᠡᠷᠭᠡ 5 ᠵᠦᠢᠯ ᠤᠨ ᠰᠢᠢᠳᠪᠦᠷᠢ ᠲᠣᠭᠲᠠᠭᠠᠯ ᠭᠠᠷᠭᠠᠪᠠ᠃ ᠨᠠᠮ ᠠᠴᠠ ᠺᠠᠳ᠋ᠷ ᠢ ᠬᠠᠮᠢᠶᠠᠷᠬᠤ ᠵᠠᠷᠴᠢᠮ ᠢ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠪᠠᠭᠤᠯᠭᠠᠬᠤ | ᠡᠷᠬᠡ ᠶᠢ ᠬᠠᠤᠯᠢ ᠶᠣᠰᠣᠭᠠᠷ ᠬᠡᠷᠡᠭᠵᠢᠭᠦᠯᠬᠦ ᠲᠠᠢ ᠨᠢᠭᠡᠳᠦᠯᠲᠡᠢ ᠪᠠᠶᠢᠯᠭᠠᠬᠤ ᠶᠢ ᠪᠠᠷᠢᠮᠲᠠᠯᠠᠵᠤ ᠂ ᠣᠷᠣᠨ ᠨᠤᠲᠤᠭ ᠤᠨ | ᠲᠦᠷᠦ ᠶᠢᠨ ᠪᠠᠶᠢᠭᠤᠯᠭ᠎ᠠ ᠶᠢᠨ ᠠᠵᠢᠯᠲᠠᠨ ᠢ 79 ᠬᠥᠮᠥᠨ ᠤᠳᠠᠭ᠎ᠠ ᠲᠤᠰᠢᠶᠠᠯ ᠳᠤ ᠲᠣᠮᠢᠯᠠᠵᠤ ᠂ ᠲᠤᠰᠢᠶᠠᠯ ᠳᠤ | ᠲᠣᠮᠢᠯᠠᠬᠤ ᠠᠴᠠ ᠡᠮᠦᠨᠡᠬᠢ ᠬᠠᠤᠯᠢ ᠴᠠᠭᠠᠵᠠ ᠶᠢᠨ ᠰᠢᠯᠭᠠᠯᠲᠠ ᠳᠤ ᠣᠷᠤᠯᠴᠠᠬᠤ᠂ ᠲᠤᠰᠢᠶᠠᠯ ᠬᠠᠩᠭᠠᠬᠤ᠂ | ᠦᠨᠳᠦᠰᠦᠨ ᠬᠠᠤᠯᠢ ᠳᠤ ᠲᠠᠩᠭᠠᠷᠢᠭᠯᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠰᠢᠨ᠎ᠡ ᠪᠠᠷ ᠲᠤᠰᠢᠶᠠᠯ ᠳᠤ | ᠲᠣᠮᠢᠯᠠᠭᠳᠠᠭᠰᠠᠨ ᠬᠥᠮᠥᠰ ᠤᠨ ᠦᠨᠳᠦᠰᠦᠨ ᠬᠠᠤᠯᠢ ᠶᠢᠨ ᠤᠬᠠᠮᠰᠠᠷ ᠂ ᠬᠠᠷᠢᠭᠤᠴᠠᠯᠭ᠎ᠠ ᠶᠢᠨ ᠤᠬᠠᠮᠰᠠᠷ ᠂ | ᠠᠷᠠᠳ ᠤᠨ ᠲᠥᠯᠥᠭᠡ ᠡᠷᠬᠡ ᠪᠠᠨ ᠬᠡᠷᠡᠭᠵᠢᠭᠦᠯᠬᠦ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠪᠠ ᠃ | ᠭᠤᠷᠪᠠ ᠂ ᠰᠢ ᠶᠢᠨ ᠫᠢᠩ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠦᠨᠳᠦᠰᠦᠨ | ᠬᠠᠤᠯᠢ ᠬᠠᠤᠯᠢ ᠴᠠᠭᠠᠵᠠ ᠶᠢ ᠲᠤᠭᠤᠰᠢᠯᠠᠭᠤᠯᠤᠨ ᠬᠡᠷᠡᠭᠵᠢᠭᠦᠯᠬᠦ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ | ᠠᠷᠠᠳᠴᠢᠯᠠᠯ ᠢᠶᠠᠷ ᠬᠠᠤᠯᠢ ᠲᠣᠭᠲᠠᠭᠠᠬᠤ ᠳᠤ ᠢᠳᠡᠪᠬᠢᠲᠡᠢ ᠤᠷᠤᠯᠴᠠᠵᠠᠢ᠃ | ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠬᠤ ᠪᠣᠯ ᠬᠠᠤᠯᠢ ᠶᠣᠰᠣᠭᠠᠷ ᠤᠯᠤᠰ ᠢᠶᠠᠨ ᠵᠠᠰᠠᠬᠤ | ᠶᠠᠪᠤᠳᠠᠯ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠶᠢᠨ ᠬᠦᠴᠦᠨ ᠴᠢᠳᠠᠯ ᠤᠨ ᠡᠬᠢ ᠪᠤᠯᠠᠭ ᠮᠥᠨ ᠃ ᠨᠢᠭᠡ | ᠵᠢᠯ ᠤᠨ ᠲᠤᠷᠰᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠤᠨ ᠳᠠᠪᠠᠭᠤᠯᠢᠭ ᠢ ᠬᠠᠤᠯᠢ ᠶᠣᠰᠣᠭᠠᠷ ᠵᠠᠰᠠᠬᠤ ᠦᠷ᠎ᠡ | ᠪᠦᠲᠦᠮᠵᠢ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ ᠂ ᠦᠨᠳᠦᠰᠦᠨ ᠬᠠᠤᠯᠢ ᠪᠠ ᠬᠠᠤᠯᠢ ᠴᠠᠭᠠᠵᠠ ᠬᠠᠤᠯᠢ | ᠲᠣᠭᠲᠠᠭᠠᠯ ᠢ ᠭᠦᠨᠵᠡᠭᠡᠢ ᠤᠬᠠᠭᠤᠯᠵᠤ ᠂ ︽ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ ᠂ ᠠᠷᠠᠳᠴᠢᠯᠠᠯ ᠢᠶᠠᠷ | ᠬᠠᠤᠯᠢ ᠲᠣᠭᠲᠠᠭᠠᠬᠤ ᠂ ᠡᠭᠦᠳᠡ ᠪᠠᠨ ᠨᠡᠭᠡᠭᠡᠵᠦ ᠬᠠᠤᠯᠢ ᠲᠣᠭᠲᠠᠭᠠᠬᠤ ᠂ ᠬᠠᠤᠯᠢ ᠶᠣᠰᠣᠭᠠᠷ ᠬᠠᠤᠯᠢ ᠲᠣᠭᠲᠠᠭᠠᠬᠤ ︾ | ᠠᠵᠢᠯ ᠤᠨ ᠵᠠᠷᠴᠢᠮ ᠤᠨ ᠲᠣᠭᠤᠷᠢᠨ ᠳᠤ ᠂ ᠥᠪᠡᠷᠲᠡᠭᠡᠨ ᠵᠠᠰᠠᠬᠤ ᠣᠷᠣᠨ ᠂ ᠪᠦᠬᠦ ᠤᠯᠤᠰ ᠤᠨ ᠬᠠᠤᠯᠢ | ᠲᠣᠭᠲᠠᠭᠠᠬᠤ ᠠᠵᠢᠯ ᠳᠤ ᠢᠳᠡᠪᠬᠢᠲᠡᠢ ᠣᠷᠣᠯᠴᠠᠵᠤ ᠂ ᠰᠠᠶᠢᠨ ᠬᠠᠤᠯᠢ ᠪᠠᠷ ᠬᠥᠭᠵᠢᠯᠲᠡ ᠶᠢ ᠠᠬᠢᠭᠤᠯᠬᠤ ᠂ | ᠴᠢᠳᠠᠮᠠᠭᠠᠢ ᠪᠠᠷ ᠵᠠᠰᠠᠬᠤ ᠶᠢ ᠪᠠᠲᠤᠯᠠᠬᠤ ᠶᠢ ᠴᠢᠷᠮᠠᠶᠢᠨ ᠪᠡᠶᠡᠯᠡᠭᠦᠯᠪᠡ ᠃ | ᠬᠠᠤᠯᠢ ᠪᠠᠷ ᠵᠠᠰᠠᠬᠤ ᠪᠠᠶᠢᠭᠤᠯᠤᠯᠲᠠ ᠶᠢ ᠬᠠᠮᠵᠢᠯᠴᠠᠨ ᠲᠦᠯᠬᠢᠨ ᠠᠬᠢᠭᠤᠯᠤᠨ᠎ᠠ ᠃ ᠦᠨᠳᠦᠰᠦᠨ ᠬᠠᠤᠯᠢ ᠶᠢᠨ | ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠤᠬᠠᠭᠤᠯᠵᠤ ᠲᠤᠭᠤᠰᠢᠯᠠᠭᠤᠯᠤᠨ ᠂ ᠦᠨᠳᠦᠰᠦᠨ ᠬᠠᠤᠯᠢ ᠶᠢ ᠪᠥᠬᠦ ᠲᠠᠯ᠎ᠠ ᠪᠠᠷ ᠲᠤᠭᠤᠰᠢᠯᠠᠭᠤᠯᠤᠨ | ᠬᠡᠷᠡᠭᠵᠢᠭᠦᠯᠬᠦ ᠶᠢ ᠲᠦᠯᠬᠢᠨ ᠠᠬᠢᠭᠤᠯᠬᠤ︾ ᠪᠠᠷ ᠭᠤᠣᠯ ᠰᠡᠳᠦᠪ ᠪᠤᠯᠭᠠᠵᠤ᠂ ᠪᠥᠬᠦ ᠬᠤᠰᠢᠭᠤᠨ ᠤ ᠦᠨᠳᠦᠰᠦᠨ | ᠬᠠᠤᠯᠢ ᠶᠢ ᠬᠦᠨᠳᠦᠳᠬᠡᠨ᠂ ᠦᠨᠳᠦᠰᠦᠨ ᠬᠠᠤᠯᠢ ᠶᠢ ᠬᠠᠮᠠᠭᠠᠯᠠᠵᠤ᠂ ᠦᠨᠳᠦᠰᠦᠨ ᠬᠠᠤᠯᠢ ᠶᠢᠨ ᠡᠷᠬᠡ ᠰᠦᠷ ᠢ ᠪᠣᠶ | ᠪᠣᠯᠭᠠᠬᠤ ᠶᠢ ᠬᠥᠲᠥᠯᠥᠨ ᠵᠢᠯᠤᠭᠤᠳᠤᠪᠠ ᠃ ᠦᠨᠳᠦᠰᠦᠨ ᠬᠠᠤᠯᠢ ᠳᠤ ᠲᠠᠩᠭᠠᠷᠢᠭᠯᠠᠬᠤ ᠳᠦᠷᠢᠮ ᠢ | ᠨᠠᠶᠢᠳᠠᠪᠤᠷᠢᠵᠢᠭᠤᠯᠵᠤ ᠂ ᠦᠨᠳᠦᠰᠦᠨ ᠬᠠᠤᠯᠢ ᠳᠤ ᠲᠠᠩᠭᠠᠷᠢᠭᠯᠠᠬᠤ ᠶᠢ 6 ᠲᠠᠯᠠᠪᠤᠷ ᠤᠳᠠᠭ᠎ᠠ ᠵᠣᠬᠢᠶᠠᠨ ᠪᠠᠶᠢᠭᠤᠯᠵᠤ ᠂ | ᠣᠷᠣᠨ ᠨᠤᠲᠤᠭ ᠤᠨ ᠲᠦᠷᠦ ᠶᠢᠨ ᠪᠠᠶᠢᠭᠤᠯᠭ᠎ᠠ ᠶᠢᠨ ᠠᠵᠢᠯᠲᠠᠨ ᠤ ᠦᠨᠳᠦᠰᠦᠨ ᠬᠠᠤᠯᠢ ᠶᠢ ᠬᠦᠨᠳᠦᠳᠬᠡᠬᠦ ᠂ | ᠦᠨᠳᠦᠰᠦᠨ ᠬᠠᠤᠯᠢ ᠶᠢ ᠬᠠᠮᠠᠭᠠᠯᠠᠬᠤ ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ | ᠤᠬᠠᠮᠰᠠᠷ ᠢ ᠪᠦᠲᠦᠮᠵᠢᠲᠡᠢ ᠴᠢᠩᠭᠠᠳᠬᠠᠪᠠ ᠃ ᠬᠠᠤᠯᠢᠵᠢᠯ ᠤᠨ ᠡᠮᠦᠨᠡᠳᠦ ᠬᠤᠰᠢᠭᠤ ᠶᠢᠨ | ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠦᠪᠯᠡᠷᠡᠭᠦᠯᠬᠦ ᠂ ︽ᠬᠠᠤᠯᠢ ᠪᠠᠷ ᠵᠠᠰᠠᠬᠤ ᠤᠬᠠᠭᠤᠯᠭ᠎ᠠ | ᠬᠥᠮᠦᠵᠢᠯ ᠢ ᠥᠷᠨᠢᠭᠦᠯᠬᠦ ᠲᠤᠬᠠᠢ ᠨᠠᠢᠮᠠᠳᠤᠭᠠᠷ ᠲᠠᠪᠤᠨ ᠵᠢᠯ ᠤᠨ ᠲᠥᠯᠦᠪᠵᠢᠭᠦᠯᠭᠡ ︵2021︱2025 ᠣᠨ︶︾ | ᠶᠢ ᠬᠢᠨᠠᠨ ᠵᠥᠪᠯᠡᠵᠦ ᠪᠠᠲᠤᠯᠠᠪᠠ᠃ ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ ᠂ ᠲᠥᠯᠦᠪᠵᠢᠭᠦᠯᠭᠡ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠂ ᠬᠠᠤᠯᠢ ᠴᠠᠭᠠᠵᠠ ᠶᠢᠨ ︽ ᠵᠢᠷᠭᠤᠭ᠎ᠠ ᠶᠢ ᠣᠷᠣᠭᠤᠯᠬᠤ ︾ | ᠠᠵᠢᠯᠯᠠᠭ᠎ᠠ ᠲᠠᠢ ᠤᠶᠠᠯᠳᠤᠭᠤᠯᠤᠨ ᠰᠠᠨᠠᠯ ᠰᠠᠨᠠᠭᠤᠯᠭ᠎ᠠ ᠳᠤᠷᠠᠳᠪᠠ ᠃ | ᠬᠠᠤᠯᠢ ᠳᠦᠷᠢᠮ ᠤᠨ ᠨᠢᠭᠡᠳᠦᠯᠲᠡᠢ ᠪᠠᠶᠢᠬᠤ ᠶᠢ ᠬᠠᠮᠠᠭᠠᠯᠠᠵᠤ᠂ ᠬᠤᠰᠢᠭᠤᠨ ᠵᠠᠰᠠᠭ ᠤᠨ ᠣᠷᠳᠣᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠲᠥᠯᠥᠪᠯᠡᠭᠡᠲᠦ ᠦᠷᠡᠵᠢᠯ ᠤᠨ ᠠᠭᠤᠯᠭ᠎ᠠ ᠬᠠᠤᠯᠢ | ᠲᠣᠭᠲᠠᠭᠠᠯ᠂ ᠳᠦᠷᠢᠮ ᠲᠣᠭᠲᠠᠭᠠᠯ ᠤᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠲᠤᠰᠬᠠᠢ ᠵᠦᠢᠯ ᠤᠨ | ᠴᠡᠪᠡᠷᠯᠡᠯᠲᠡ ᠬᠢᠨ᠎ᠡ᠃ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠢᠷᠤᠮᠵᠢᠯ ᠤᠨ ᠴᠢᠨᠠᠷᠲᠠᠢ ᠪᠢᠴᠢᠭ | ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠬᠤ ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠳᠡᠩᠰᠡᠯᠡᠵᠦ ᠬᠢᠨᠠᠨ ᠪᠠᠶᠢᠴᠠᠭᠠᠬᠤ | ᠲᠤᠰᠬᠠᠢ ᠮᠡᠳᠡᠭᠦᠯᠦᠯᠲᠡ ᠶᠢ ᠠᠩᠬ᠎ᠠ ᠤᠳᠠᠭ᠎ᠠ ᠰᠣᠨᠣᠰᠴᠤ ᠬᠢᠨᠠᠵᠤ ᠂ ᠦᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ 7 ᠬᠤᠪᠢ ᠵᠢᠷᠤᠮᠵᠢᠯ ᠤᠨ ᠴᠢᠨᠠᠷᠲᠠᠢ ᠪᠢᠴᠢᠭ | ᠮᠠᠲ᠋ᠧᠷᠢᠶᠠᠯ ᠢ ᠮᠡᠳᠡᠭᠦᠯᠦᠨ ᠳᠠᠩᠰᠠᠯᠠᠭᠤᠯᠵᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠰᠤᠮᠤ ᠰᠢᠶᠠᠩ | ᠪᠠᠯᠭᠠᠰᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ 41 ᠬᠤᠪᠢ ᠵᠢᠷᠤᠮᠵᠢᠯ ᠤᠨ ᠴᠢᠨᠠᠷᠲᠠᠢ ᠪᠢᠴᠢᠭ | ᠮᠠᠲ᠋ᠧᠷᠢᠶᠠᠯ ᠢ ᠳᠡᠩᠰᠡᠯᠡᠨ ᠬᠢᠨᠠᠨ ᠪᠠᠶᠢᠴᠠᠭᠠᠵᠤ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠳᠡᠩᠰᠡᠯᠡᠨ ᠬᠢᠨᠠᠨ | ᠪᠠᠶᠢᠴᠠᠭᠠᠬᠤ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠦᠨ᠎ᠡ ᠃ | ︽ᠠᠷᠠᠳ ᠤᠨ ᠰᠠᠨᠠᠭ᠎ᠠ ᠶᠢ ᠲᠥᠪᠯᠡᠷᠡᠭᠦᠯᠦᠨ ᠬᠠᠤᠯᠢ ᠳᠤ ᠣᠷᠣᠭᠤᠯᠵᠤ᠂ ᠰᠠᠶᠢᠨ ᠬᠠᠤᠯᠢ ᠶᠢ ᠬᠠᠪᠰᠤᠷᠤᠨ | ᠴᠢᠳᠠᠮᠠᠭᠠᠢ ᠪᠠᠷ ᠵᠠᠰᠠᠬᠤ︾ ᠬᠠᠷᠠᠯᠲᠠ ᠶᠢᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠮᠠᠨ ᠤ | ᠬᠤᠰᠢᠭᠤᠨ ᠳᠤ ᠪᠠᠶᠢᠭᠤᠯᠤᠭᠰᠠᠨ ᠤᠯᠠᠭᠠᠨᠮᠣᠳᠤ ᠶᠢᠨ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ | ᠴᠡᠭ ᠲᠤ ᠲᠦᠰᠢᠭᠯᠡᠨ᠂ ᠲᠣᠭᠲᠠᠴᠠ ᠶᠢ ᠲᠡᠭᠦᠯᠳᠡᠷᠵᠢᠭᠦᠯᠦᠨ᠂ ᠠᠷᠭ᠎ᠠ ᠬᠡᠮᠵᠢᠶ᠎ᠡ ᠶᠢ ᠰᠢᠨ᠎ᠡ ᠪᠠᠷ ᠡᠭᠦᠳᠴᠦ᠂ ᠪᠥᠬᠦ | ᠣᠷᠣᠨ ᠤ ᠬᠠᠤᠯᠢ ᠲᠣᠭᠲᠠᠭᠠᠬᠤ ᠠᠵᠢᠯ ᠳᠤ ᠣᠷᠤᠯᠴᠠᠬᠤ ︽123︾ ᠲᠥᠯᠥᠪᠯᠡᠭᠡ ᠶᠢ ᠪᠥᠬᠦ ᠲᠠᠯ᠎ᠠ ᠪᠠᠷ | ᠠᠬᠢᠭᠤᠯᠤᠨ᠎ᠠ᠃ ᠲᠣᠰ ᠵᠢᠯ᠂ ᠪᠥᠬᠦ ᠬᠤᠰᠢᠭᠤᠨ ᠤ ᠬᠡᠪᠴᠢᠶᠡᠨ ᠳᠤ ᠮᠡᠳᠡᠭᠡ ᠵᠠᠩᠭᠢᠴᠢ 100 ᠬᠥᠮᠥᠨ᠂ ᠲᠤᠰᠬᠠᠢ | ᠮᠡᠷᠭᠡᠵᠢᠯᠲᠡᠨ ᠤ ᠬᠥᠮᠥᠷᠭᠡ ᠶᠢᠨ ᠭᠡᠰᠢᠭᠦᠨ 20 ᠬᠥᠮᠥᠨ᠂ ᠬᠠᠤᠯᠢ ᠲᠣᠭᠲᠠᠭᠠᠬᠤ ᠬᠠᠷᠢᠯᠴᠠᠬᠤ ᠴᠡᠭ ᠤᠨ | ᠬᠠᠷᠢᠯᠴᠠᠬᠤ ᠥᠷᠲᠡᠭᠡ 30 ᠶᠢ ᠪᠠᠶᠢᠭᠤᠯᠵᠦ᠂ ᠠᠷᠠᠳ ᠣᠯᠠᠨ ᠤ ᠬᠠᠤᠯᠢ ᠲᠣᠭᠲᠠᠭᠠᠬᠤ ᠳᠤ ᠡᠮᠬᠢ ᠵᠢᠷᠤᠮ ᠲᠠᠢ ᠪᠠᠷ | ᠣᠷᠤᠯᠴᠠᠬᠤ ᠠᠷᠭ᠎ᠠ ᠵᠠᠮ ᠢ ᠦᠨᠡᠨᠬᠦ ᠥᠷᠭᠡᠳᠬᠡᠵᠦ᠂ ᠬᠠᠤᠯᠢ ᠲᠣᠭᠲᠠᠭᠠᠬᠤ ᠰᠠᠨᠠᠭᠤᠯᠭ᠎ᠠ ᠶᠢᠨ ᠬᠠᠨᠳᠤᠯᠭᠠᠲᠤ ᠴᠢᠨᠠᠷ ᠂ | ᠬᠡᠷᠡᠭᠵᠢᠭᠦᠯᠵᠦ ᠪᠣᠯᠬᠤᠶᠢᠴᠠ ᠴᠢᠨᠠᠷ ᠢ ᠲᠤᠷᠠᠳᠴᠦ ᠂ ᠤᠯᠠᠮ ᠨᠢᠭᠡ ᠠᠯᠬᠤᠮ ᠴᠢᠩᠭᠠᠳᠬᠠᠵᠤ᠂ ᠬᠤᠰᠢᠭᠤᠨ ᠤ | ᠨᠠᠮ ᠤᠨ ᠬᠤᠷᠢᠶ᠎ᠠ ᠤᠳᠤᠷᠢᠳᠴᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ ᠭᠤᠣᠯᠯᠠᠭᠤᠯᠵᠤ᠂ ᠡᠯ᠎ᠡ | ᠲᠠᠯ᠎ᠠ ᠶᠢᠨ ᠬᠢᠨ ᠬᠠᠮᠵᠢᠯᠴᠠᠨ᠂ ᠪᠥᠬᠦ ᠠᠵᠢᠯᠲᠠᠳ ᠣᠷᠣᠯᠴᠠᠭᠰᠠᠨ ᠠᠵᠢᠯ ᠤᠨ ᠪᠠᠶᠢᠷᠢᠰᠢᠯ ᠢ ᠠᠩᠬ᠎ᠠ ᠠᠯᠬᠤᠮ | ᠪᠦᠷᠢᠯᠳᠦᠭᠦᠯᠪᠡ᠃ | ᠨᠢᠭᠡ ᠵᠢᠯ ᠤᠨ ᠲᠤᠷᠰᠢ᠂ ᠤᠯᠠᠭᠠᠨᠮᠣᠳᠤ ᠶᠢᠨ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ | ᠴᠡᠭ ᠤᠨ ᠬᠠᠤᠯᠢ ᠲᠣᠭᠲᠠᠭᠠᠬᠤ ᠳᠤ ᠣᠷᠤᠯᠴᠠᠬᠤ ᠭᠤᠣᠯ ᠠᠷᠭ᠎ᠠ ᠵᠠᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ | 12 ᠬᠠᠤᠯᠢ ᠴᠠᠭᠠᠵᠠ ᠬᠠᠤᠯᠢ ᠲᠣᠭᠲᠠᠭᠠᠯ ︵ᠲᠥᠰᠥᠯ︶ ᠤᠨ ᠲᠣᠭᠤᠷᠢᠨ ᠳᠤ 131 ᠰᠠᠨᠠᠯ ᠰᠠᠨᠠᠭᠤᠯᠭ᠎ᠠ | ᠬᠤᠷᠢᠶᠠᠵᠤ᠂ 77 ᠵᠠᠰᠠᠪᠤᠷᠢ ᠣᠷᠣᠭᠤᠯᠬᠤ ᠰᠠᠨᠠᠭᠤᠯᠭ᠎ᠠ ᠶᠢ ᠪᠣᠶ ᠪᠣᠯᠭᠠᠪᠠ᠂ ᠣᠳᠣᠬᠠᠨ ᠳᠤ ᠳᠡᠭᠡᠳᠦ ᠱᠠᠲᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ16 ᠵᠦᠢᠯ ᠢ ᠨᠢ ᠭᠥᠯᠢᠶᠡᠨ ᠠᠪᠤᠭᠰᠠᠨ ᠪᠠᠶᠢᠨ᠎ᠠ | ᠃ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠬᠠᠤᠯᠢ ᠪᠠ ᠬᠠᠤᠯᠢ | ᠴᠠᠭᠠᠵᠠ ᠶᠢᠨ ᠵᠥᠪᠯᠡᠯ ᠤᠨ ᠬᠠᠤᠯᠢ ᠲᠣᠭᠲᠠᠭᠠᠬᠤ ᠶᠠᠷᠢᠯᠴᠠᠬᠤ ᠬᠤᠷᠠᠯ ᠢ ᠠᠮᠵᠢᠯᠲᠠ ᠲᠠᠢ ᠳᠠᠭᠠᠭᠠᠴᠢᠯᠠᠨ ᠡᠷᠭᠢᠯᠡᠵᠦ᠂ | ᠮᠠᠨ ᠤ ᠬᠤᠰᠢᠭᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠮᠠᠯ ᠠᠵᠤ ᠠᠬᠤᠢ ᠶᠢᠨ ᠬᠠᠤᠯᠢ ︵ | ᠵᠠᠰᠠᠪᠤᠷᠢ ᠣᠷᠣᠭᠤᠯᠤᠭᠰᠠᠨ ᠲᠥᠰᠥᠯ︶︾ ᠶᠢᠨ ᠲᠣᠭᠤᠷᠢᠨ ᠳᠤ 4 ᠵᠤᠷᠪᠤᠰ ᠵᠠᠰᠠᠪᠤᠷᠢ ᠣᠷᠣᠭᠤᠯᠬᠤ ᠰᠠᠨᠠᠭᠤᠯᠭ᠎ᠠ | ᠲᠤᠷᠠᠳᠴᠦ ᠂ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠷ᠎ᠠ ᠬᠥᠷᠥᠰᠥ ᠶᠢ ᠬᠠᠮᠠᠭᠠᠯᠠᠬᠤ ᠬᠠᠤᠯᠢ | ︵ᠲᠥᠰᠥᠯ︶ ︾ ᠶᠢᠨ ᠲᠣᠭᠤᠷᠢᠨ ᠳᠤ 5 ᠵᠦᠢᠯ ᠳᠤ ᠵᠠᠰᠠᠪᠤᠷᠢ ᠣᠷᠣᠭᠤᠯᠬᠤ ᠰᠠᠨᠠᠭᠤᠯᠭ᠎ᠠ ᠳᠤᠷᠠᠳᠴᠤ ᠂ ᠣᠯᠠᠩᠬᠢ | ᠰᠠᠨᠠᠭᠤᠯᠭ᠎ᠠ ᠶᠢ ᠲᠤᠬᠠᠢ ᠶᠢᠨ ᠲᠠᠯᠠᠪᠤᠷ ᠲᠤ ᠮᠡᠳᠡᠷᠡᠨ ᠵᠥᠪᠰᠢᠶᠡᠷᠡᠪᠡ ᠃ ᠨᠢᠭᠡᠨᠲᠡ ᠨᠡᠶᠢᠲᠡᠯᠡᠨ ᠬᠡᠷᠡᠭᠵᠢᠭᠦᠯᠦᠭᠰᠡᠨ | ᠬᠠᠷ᠎ᠠ ᠬᠥᠷᠥᠰᠥ ᠶᠢ ᠬᠠᠮᠠᠭᠠᠯᠠᠬᠤ ᠬᠠᠤᠯᠢ ᠳᠤ᠂ ᠬᠤᠶᠠᠷ ᠵᠤᠷᠪᠤᠰ ᠨᠢ ᠮᠠᠨ ᠤ ᠬᠤᠰᠢᠭᠤᠨ ᠤ ᠳᠤᠷᠠᠳᠤᠭᠰᠠᠨ | ᠵᠠᠰᠠᠪᠤᠷᠢ ᠣᠷᠣᠭᠤᠯᠬᠤ ᠰᠠᠨᠠᠭᠤᠯᠭ᠎ᠠ ᠶᠢ ᠲᠣᠳᠣᠷᠬᠠᠢ ᠰᠢᠩᠭᠡᠬᠡᠨ ᠠᠪᠴᠦ ᠂ ᠣᠷᠣᠨ ᠨᠤᠲᠤᠭ ᠤᠨ ᠬᠠᠤᠯᠢ | ᠲᠣᠭᠲᠠᠭᠠᠯᠲᠠ ᠳᠤ ᠣᠷᠤᠯᠴᠠᠬᠤ ᠠᠴᠠ ᠪᠦᠬᠦ ᠤᠯᠤᠰ ᠤᠨ ᠬᠠᠤᠯᠢ ᠲᠣᠭᠲᠠᠭᠠᠯᠲᠠ ᠳᠤ ᠣᠷᠤᠯᠴᠠᠬᠤ ᠬᠦᠷᠲᠡᠯᠡᠬᠢ | ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠵᠠᠩᠭᠢᠯᠠᠭ᠎ᠠ ᠶᠢᠨ ᠠᠯᠬᠤᠮ ᠢ ᠠᠯᠬᠤᠵᠤ ᠂ ᠬᠠᠤᠯᠢ ᠲᠣᠭᠲᠠᠭᠠᠬᠤ | ᠠᠵᠢᠯ ᠳᠤ ᠣᠷᠤᠯᠴᠠᠬᠤ ᠰᠢᠨ᠎ᠡ ᠰᠢᠪᠲᠤᠯᠤᠯᠲᠠ ᠶᠢ ᠪᠡᠶᠡᠯᠡᠭᠦᠯᠪᠡ ᠃ | ᠳᠥᠷᠪᠡ ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠲᠠᠰᠤᠷᠠᠯᠲᠠ ᠦᠭᠡᠢ ᠬᠥᠭᠵᠢᠭᠦᠯᠵᠦ ᠂ | ᠲᠥᠯᠥᠭᠡᠯᠡᠭᠴᠢᠳ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠲᠤᠪᠤᠶᠢᠯᠭᠠᠵᠠᠢ ᠃ | ᠨᠢᠭᠡ ᠵᠢᠯ ᠤᠨ ᠲᠤᠷᠰᠢ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠠᠶᠢᠪᠠᠯ ᠪᠢᠳᠡ ᠬᠠᠷᠢᠭᠤ ᠲᠤᠰᠬᠠᠯ ᠲᠠᠢ ᠪᠠᠶᠢᠬᠤ ᠶᠢ ᠪᠠᠷᠢᠮᠲᠠᠯᠠᠵᠤ ᠂ | ᠲᠥᠯᠥᠭᠡᠯᠡᠭᠴᠢᠳ ᠤᠨ ᠠᠵᠢᠯ ᠢ ᠴᠢᠩᠭᠠᠳᠬᠠᠨ ᠰᠠᠶᠢᠵᠢᠷᠠᠭᠤᠯᠵᠤ ᠂ ᠲᠥᠯᠥᠭᠡᠯᠡᠭᠴᠢᠳ ᠤᠨ ᠰᠤᠷᠤᠯᠴᠠᠯᠭ᠎ᠠ | ᠪᠣᠯᠪᠠᠰᠤᠷᠠᠭᠤᠯᠤᠯ ᠢ ᠬᠢᠨᠠᠮᠠᠭᠠᠢ ᠥᠷᠨᠢᠭᠦᠯᠵᠦ ᠂ ᠲᠥᠯᠥᠭᠡᠯᠡᠭᠴᠢᠳ ᠤᠨ ᠬᠠᠤᠯᠢ ᠶᠣᠰᠣᠭᠠᠷ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠶᠢ ᠲᠡᠮᠵᠢᠵᠤ ᠂ ᠲᠥᠯᠥᠭᠡᠯᠡᠭᠴᠢᠳ ᠤᠨ ᠪᠡᠶᠡᠴᠢ ᠴᠣᠭᠴᠠ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ᠂ ᠲᠥᠯᠥᠭᠡᠯᠡᠭᠴᠢᠳ ᠤᠨ ᠠᠵᠢᠯ ᠤᠨ ᠰᠢᠨ᠎ᠡ ᠠᠬᠢᠴᠠ ᠲᠠᠢ ᠪᠣᠯᠬᠤ ᠶᠢ ᠲᠦᠯᠬᠢᠨ | ᠠᠬᠢᠭᠤᠯᠪᠠ ᠃ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠢᠯᠡᠴᠢᠯᠡᠭᠡᠨ ᠤ ᠲᠣᠭᠲᠠᠴᠠ ᠶᠢ ᠪᠦᠷᠢᠨᠰᠢᠭᠦᠯᠪᠡ ᠃ ︽ | ᠬᠤᠣᠰ ᠬᠠᠷᠢᠯᠴᠠᠭ᠎ᠠ ︾ ᠶᠢᠨ ᠳᠦᠷᠢᠮ ᠢ ᠨᠠᠶᠢᠳᠠᠪᠤᠷᠢᠵᠢᠭᠤᠯᠵᠤ ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠭᠦᠨ ᠨᠠᠷ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠂ ᠠᠷᠠᠳ ᠤᠯᠠᠨ ᠲᠠᠢ ᠬᠠᠷᠢᠯᠴᠠᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠡᠢ ᠃ | ᠲᠥᠯᠥᠭᠡᠯᠡᠭᠴᠢᠳ ᠤᠨ ᠭᠡᠷ ᠪᠦᠯᠢ ᠶᠢᠨ ᠪᠠᠶᠢᠭᠤᠯᠤᠯᠲᠠ ᠶᠢ ᠴᠢᠩᠭᠠᠳᠬᠠᠵᠤ ᠂ ᠲᠥᠯᠥᠭᠡᠯᠡᠭᠴᠢᠳ ᠤᠨ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠵᠢᠭᠰᠠᠭᠠᠯ ᠤᠨ ᠭᠠᠵᠠᠷ ᠢ ᠪᠠᠬᠢᠵᠢᠭᠦᠯᠪᠡ ᠃ ᠲᠥᠯᠥᠭᠡᠯᠡᠭᠴᠢᠳ ᠤᠨ | ᠰᠠᠨᠠᠭᠤᠯᠭ᠎ᠠ ᠶᠢ ᠰᠢᠢᠳᠪᠦᠷᠢᠯᠡᠬᠦ ᠠᠵᠢᠯ ᠤᠨ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ | 110 ᠬᠤᠪᠢ ᠲᠥᠯᠥᠭᠡᠯᠡᠭᠴᠢ ᠶᠢᠨ ᠰᠠᠨᠠᠭᠤᠯᠭ᠎ᠠ ᠶᠢ ᠮᠥᠷᠳᠡᠨ ᠰᠢᠪᠠᠳᠠᠨ ᠰᠢᠢᠳᠪᠦᠷᠢᠯᠡᠭᠦᠯᠵᠦ ᠂ ᠰᠢᠢᠳᠪᠦᠷᠢᠯᠡᠭᠰᠡᠨ | ᠦᠷ᠎ᠡ ᠳ᠋ᠦᠩ ᠳᠤ ᠬᠠᠨᠤᠮᠵᠢ ᠦᠭᠡᠢ 2 ᠬᠤᠪᠢ ᠰᠠᠨᠠᠭᠤᠯᠭ᠎ᠠ ᠶᠢ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠳᠠᠭᠢᠵᠤ ᠲᠤᠰᠢᠶᠠᠨ ᠥᠭᠴᠦ ᠰᠢᠢᠳᠪᠦᠷᠢᠯᠡᠭᠦᠯᠬᠦ ᠪᠠᠷ ᠲᠣᠭᠲᠠᠪᠠ ᠃ | ᠲᠥᠯᠥᠭᠡᠯᠡᠭᠴᠢᠳ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠬᠤᠷᠠᠯᠳᠤᠭᠠᠨ ᠳᠤ ᠰᠤᠯᠠ ᠣᠷᠤᠯᠴᠠᠬᠤ ᠳᠦᠷᠢᠮ ᠢ ᠪᠠᠷᠢᠮᠲᠠᠯᠠᠵᠤ ᠂ ᠲᠥᠯᠥᠭᠡᠯᠡᠭᠴᠢ ᠤᠷᠢᠳ ᠬᠤᠵᠢᠳ 13 | ᠬᠥᠮᠥᠨ ᠤᠳᠠᠭ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠰᠤᠯᠠ | ᠤᠷᠤᠯᠴᠠᠨ᠂ ᠲᠥᠯᠥᠭᠡᠯᠡᠭᠴᠢᠳ ᠢ ᠵᠣᠬᠢᠶᠠᠨ ᠪᠠᠶᠢᠭᠤᠯᠤᠨ ︽ᠨᠢᠭᠡ ᠵᠠᠰᠠᠭ ᠤᠨ ᠣᠷᠳᠣᠨ ᠨᠢᠭᠡ ᠬᠤᠷᠢᠶ᠎ᠠ ᠬᠤᠶᠠᠷ | ᠬᠤᠷᠢᠶ᠎ᠠ︾ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠤᠷᠠᠯᠳᠤᠭᠤᠯᠤᠭᠰᠠᠨ ᠶᠠᠷᠢᠯᠴᠠᠬᠤ ᠬᠤᠷᠠᠯ᠂ | ᠭᠡᠷᠡᠴᠢᠯᠡᠭᠡ ᠰᠣᠨᠣᠰᠬᠤ ᠬᠤᠷᠠᠯ᠂ ᠵᠥᠪᠯᠡᠨ ᠶᠠᠷᠢᠯᠴᠠᠬᠤ ᠬᠤᠷᠠᠯ ᠵᠡᠷᠭᠡ 33 ᠬᠥᠮᠥᠨ ᠤᠳᠠᠭ᠎ᠠ ᠳᠤ ᠣᠷᠣᠯᠴᠠᠭᠤᠯᠵᠤ | ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠣᠶᠤᠨᠲᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠠᠪᠴᠠᠩ ᠳᠤ ᠲᠦᠰᠢᠭᠯᠡᠨ᠂ ᠲᠥᠯᠥᠭᠡᠯᠡᠭᠴᠢᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ | ᠲᠠᠩᠰᠠ ᠡᠪᠬᠡᠮᠡᠯ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ 215 ᠬᠤᠰᠢᠭᠤᠨ ᠲᠠᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ 832 ᠰᠤᠮᠤ ᠰᠢᠶᠠᠩ ᠪᠠᠯᠭᠠᠰᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠳᠤ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠭᠰᠡᠨ ᠲᠠᠩᠰᠠᠨ ᠨᠣᠮᠧᠷ ᠪᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠲᠠᠩᠰᠠ ᠡᠪᠬᠡᠮᠡᠯ | ᠪᠠᠶᠢᠭᠤᠯᠵᠤ ᠥᠭᠪᠡ᠃ | ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠵᠡᠢ ᠃ | ᠲᠥᠯᠥᠭᠡᠯᠡᠭᠴᠢᠳ ᠤᠨ ᠤᠯᠤᠰ ᠲᠥᠷᠥ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠵᠤ᠂ | ᠨᠠᠮ ᠤᠨ ᠰᠤᠷᠭᠠᠭᠤᠯᠢ ᠶᠢᠨ ᠪᠠᠭᠰᠢ ᠶᠢ ᠤᠷᠢᠵᠤ ᠤᠬᠠᠭᠤᠯᠤᠨ ᠲᠠᠶᠢᠯᠪᠤᠷᠢᠯᠠᠬᠤ᠂ ᠹᠦ᠋ ᠶᠢᠨ ᠭᠠᠳᠠᠨᠠᠬᠢ ᠰᠢᠨᠵᠢᠯᠡᠨ | ᠪᠠᠶᠢᠴᠠᠭᠠᠯᠲᠠ ᠶᠢ ᠵᠣᠬᠢᠶᠠᠨ ᠪᠠᠶᠢᠭᠤᠯᠬᠤ᠂ ᠪᠣᠯᠪᠠᠰᠤᠷᠠᠯ ᠤᠨ ᠠᠩᠭᠢ ᠡᠷᠬᠢᠯᠡᠬᠦ ᠵᠡᠷᠭᠡ ᠣᠯᠠᠨ ᠵᠦᠢᠯ ᠤᠨ ᠬᠡᠯᠪᠡᠷᠢ ᠶᠢ | ᠠᠪᠴᠤ᠂ ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯᠳᠤᠭᠠᠨ᠂ ᠪᠦᠬᠦ | ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠦᠵᠡᠯ ᠰᠠᠨᠠᠭ᠎ᠠ ᠤᠯᠤᠰ ᠲᠦᠷᠦ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ | ᠲᠤᠭᠤᠷᠢᠨ ᠳᠤ ᠡᠯ᠎ᠡ ᠲᠥᠷᠥᠯ ᠤᠨ ᠲᠤᠰᠬᠠᠢ ᠰᠡᠳᠦᠪᠲᠦ ᠪᠣᠯᠪᠠᠰᠤᠷᠠᠭᠤᠯᠤᠯ ᠢ 7 ᠤᠳᠠᠭ᠎ᠠ ᠵᠣᠬᠢᠶᠠᠨ | ᠪᠠᠶᠢᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠲᠠᠨ ᠤ ᠤᠯᠤᠰ ᠲᠦᠷᠦ ᠤᠨᠤᠯ ᠤᠨ ᠬᠡᠪ ᠪᠣᠯᠪᠠᠰᠤᠷᠠᠯ ᠂ ᠬᠠᠤᠯᠢ | ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠲᠤᠬᠠᠶᠢᠯᠠᠭᠰᠠᠨ ᠠᠵᠢᠯ ᠤᠨ ᠬᠢᠷᠢ | ᠲᠦᠪᠰᠢᠨ ᠢ ᠳᠡᠭᠡᠭᠰᠢᠯᠡᠭᠦᠯᠵᠡᠢ ᠃ | ᠪᠢᠯᠧᠲ ᠢᠶᠠᠷ ᠲᠣᠭᠲᠠᠭᠠᠬᠤ ᠳᠦᠷᠢᠮ ᠤᠨ ᠠᠵᠢᠯ ᠳᠤ ᠪᠦᠬᠦ ᠲᠠᠯ᠎ᠠ ᠪᠠᠷ ᠬᠢᠨᠠᠯᠲᠠ ᠲᠠᠯᠪᠢᠵᠠᠢ ᠃ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠪᠢᠯᠧᠲ ᠥᠭᠬᠦ ᠳᠦᠷᠢᠮ ᠢᠶᠠᠷ ᠡᠯᠰᠡᠬᠦ ᠠᠵᠢᠯ ᠢ ᠡᠷᠲᠡ ᠠᠴᠠ ᠪᠠᠶᠢᠷᠢᠯᠠᠭᠤᠯᠵᠤ ᠂ ︽ ᠬᠤᠶᠠᠷ | ᠦᠶ᠎ᠡ ᠨᠢᠭᠡ ᠵᠥᠪᠯᠡᠯ︾᠂ ᠥᠷᠭᠡᠨ ᠤᠯᠠᠨ ᠲᠦᠮᠡᠨ᠂ ᠰᠤᠮᠤ ᠰᠢᠶᠠᠩ ᠪᠠᠯᠭᠠᠰᠤ ᠵᠡᠷᠭᠡ ᠲᠤᠯᠤᠭᠠᠨ ᠳᠠᠪᠬᠤᠷᠭ᠎ᠠ ᠠᠴᠠ | ᠲᠦᠷᠦᠯ ᠵᠦᠢᠯ ᠤᠨ ᠰᠠᠨᠠᠭᠤᠯᠭ᠎ᠠ ᠴᠤᠭᠯᠠᠭᠤᠯᠪᠠ ᠃ ᠲᠤᠰᠬᠠᠢ ᠠᠵᠢᠯ ᠤᠨ ᠬᠢᠨᠠᠯᠲᠠ ᠲᠠᠯᠪᠢᠬᠤ ᠳᠤᠭᠤᠶᠢᠯᠠᠩ ᠢ | ᠵᠣᠬᠢᠶᠠᠨ ᠪᠠᠶᠢᠭᠤᠯᠵᠤ᠂ ︽ᠨᠢᠭᠡ ᠳᠤ ᠨᠢᠭᠡ︾ ᠶᠢᠨ ᠪᠥᠬᠦ ᠶᠠᠪᠤᠴᠠ ᠳᠤ ᠬᠢᠨᠠᠯᠲᠠ ᠲᠠᠯᠪᠢᠬᠤ ᠶᠢ ᠥᠷᠨᠢᠭᠦᠯᠵᠦ᠂ | ᠡᠯ᠎ᠡ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠳᠤ ᠰᠠᠷ᠎ᠠ ᠪᠠᠷ ᠬᠢᠨᠠᠯᠲᠠ ᠲᠠᠯᠪᠢᠵᠤ᠂ ᠰᠠᠷ᠎ᠠ ᠪᠠᠷ ᠵᠠᠷᠯᠠᠨ | ᠮᠡᠳᠡᠭᠳᠡᠵᠦ᠂ ᠬᠢᠨᠠᠯᠲᠠ ᠲᠠᠯᠪᠢᠬᠤ ᠪᠣᠷᠣ ᠲᠥᠯᠥᠪ ᠪᠠ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠠᠬᠢ ᠬᠦᠴᠢᠷᠳᠡᠯ ᠪᠠ ᠠᠰᠠᠭᠤᠳᠠᠯ ᠢ | ᠰᠢᠢᠳᠪᠦᠷᠢᠯᠡᠬᠦ ᠶᠢ ᠠᠬᠢᠭᠤᠯᠤᠨ᠎ᠠ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠦᠢᠯᠡᠰ ᠤᠨ ᠪᠡᠯᠡ | ᠮᠥᠩᠭᠦ ᠶᠢ ᠲᠥᠰᠥᠪ ᠤᠨ ᠰᠦᠯᠵᠢᠶᠡᠨ ᠤ ᠬᠢᠨᠠᠯᠲᠠ ᠲᠠᠯᠪᠢᠬᠤ ᠰᠢᠰᠲ᠋ᠧᠮ ᠤᠨ ᠲᠤᠰᠬᠠᠢ ᠰᠡᠳᠦᠪᠲᠦ ᠬᠡᠰᠡᠭ ᠲᠤ | ᠣᠷᠣᠭᠤᠯᠵᠤ ᠂ ᠪᠡᠯᠡ ᠮᠥᠩᠭᠦ ᠶᠢᠨ ᠬᠡᠷᠡᠭᠯᠡᠯᠲᠡ ᠳᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ ᠂ | ᠵᠦᠢᠯᠡᠰ ᠤᠨ ᠪᠡᠯᠡ ᠮᠥᠩᠭᠦ ᠶᠢᠨ ᠬᠡᠷᠡᠭᠯᠡᠯᠲᠡ ᠳᠤ ᠪᠦᠬᠦ ᠶᠠᠪᠤᠴᠠ ᠶᠢᠨ ᠬᠢᠨᠠᠯᠲᠠ ᠲᠠᠯᠪᠢᠵᠤ ᠂ ᠵᠦᠢᠯᠡᠰ ᠤᠨ | ᠬᠡᠷᠡᠭᠵᠢᠭᠦᠯᠦᠯᠲᠡ ᠶᠢ ᠠᠬᠢᠭᠤᠯᠪᠠ ᠃ ᠪᠥᠬᠦ ᠬᠤᠰᠢᠭᠤᠨ ᠤ ᠡᠳ᠋ ᠤᠨ ᠬᠦᠴᠦᠨ ᠪᠠᠴᠢᠮ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠳᠠᠷᠤᠯᠲᠠ ᠯᠤᠲᠤ ᠶᠡᠭᠡ ᠪᠠᠶᠢᠭ᠎ᠠ ᠠᠰᠢᠭ ᠦᠭᠡᠢ ᠨᠥᠯᠥᠭᠡᠯᠡᠯ ᠳᠣᠣᠷ᠎ᠠ᠂ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠵᠢᠴᠢ ᠳᠠᠭᠠᠭᠠᠨ ᠭᠦᠢᠴᠡᠳᠬᠡᠬᠦ ᠨᠢᠭᠡᠴᠡ ᠬᠦᠴᠢᠷᠳᠡᠯ ᠢ ᠢᠯᠠᠨ ᠳᠠᠪᠠᠵᠤ᠂ | ᠴᠢᠷᠮᠠᠶᠢᠨ ᠠᠵᠢᠯᠯᠠᠵᠤ᠂ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠠᠩᠬᠠᠳᠤᠭᠠᠷ ᠬᠤᠷᠠᠯ ᠳᠡᠭᠡᠷ᠎ᠡ᠂ ᠲᠥᠯᠥᠭᠡᠯᠡᠭᠴᠢ ᠶᠢᠨ ᠫᠢᠶᠣᠣ ᠪᠠᠷ ᠲᠣᠭᠲᠠᠭᠠᠭᠰᠠᠨ ᠨᠠᠢᠮᠠᠨ | ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠳᠣᠲᠣᠷᠠᠬᠢ ᠲᠤᠯᠤᠭᠠᠨ | ᠵᠦᠢᠯ ᠢ ᠨᠢᠭᠡᠨᠲᠡ ᠨᠠᠶᠢᠳᠠᠪᠤᠷᠢᠵᠢᠭᠤᠯᠤᠨ ᠬᠡᠷᠡᠭᠵᠢᠭᠦᠯᠵᠦ᠂ ᠨᠢᠭᠡ ᠵᠦᠢᠯ ᠳᠤ ᠲᠣᠬᠢᠷᠠᠭᠤᠯᠤᠯᠲᠠ ᠬᠢᠵᠦ᠂ 2021 | ᠣᠨ ᠤ ᠬᠤᠶᠠᠷ ᠵᠦᠢᠯ ᠤᠨ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠢ ᠴᠦ ᠨᠢᠭᠡᠨᠲᠡ ᠪᠦᠬᠦᠨ ᠢ ᠪᠡᠶᠡᠯᠡᠭᠦᠯᠪᠡ᠃ | ᠡᠲᠡᠭᠡᠷ ᠲᠥᠷᠥᠯ ᠵᠦᠢᠯ ᠢ ᠬᠡᠷᠡᠭᠵᠢᠭᠦᠯᠦᠭᠰᠡᠨ ᠢᠶᠠᠷ ᠪᠥᠬᠦ ᠬᠤᠰᠢᠭᠤᠨ ᠤ ᠠᠷᠠᠳ ᠤᠨ ᠠᠮᠢᠳᠤᠷᠠᠯ ᠤᠨ | ᠪᠠᠲᠤᠯᠠᠭ᠎ᠠ ᠶᠢᠨ ᠴᠢᠳᠠᠪᠤᠷᠢ ᠶᠢᠨ ᠴᠢᠩᠭᠠᠷᠠᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠤᠨ | ᠰᠠᠶᠢᠵᠢᠷᠠᠯᠲᠠ ᠶᠢ ᠤᠯᠠᠮ ᠨᠢᠭᠡ ᠠᠯᠬᠤᠮ ᠠᠬᠢᠭᠤᠯᠤᠭᠰᠠᠨ ᠪᠠᠶᠢᠨ᠎ᠠ᠃ | ᠲᠠᠪᠤ᠂ ︽ ᠲᠦᠷᠪᠡᠨ ᠪᠠᠶᠢᠭᠤᠯᠤᠯᠭ᠎ᠠ ︾ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ ᠂ ᠶᠡᠭᠡ | ᠲᠠᠯ᠎ᠠ ᠳᠤ ᠦᠢᠯᠡᠴᠢᠯᠡᠬᠦ ᠴᠢᠳᠠᠪᠤᠷᠢ ᠪᠣᠯᠣᠨ ᠬᠥᠭᠵᠢᠯᠲᠡ ᠶᠢ ᠠᠬᠢᠭᠤᠯᠬᠤ ᠴᠢᠳᠠᠪᠤᠷᠢ ᠪᠠᠨ ᠬᠦᠴᠦᠯᠡᠨ | ᠳᠡᠭᠡᠭᠰᠢᠯᠡᠭᠦᠯᠪᠡ ᠃ | ᠨᠢᠭᠡ ᠵᠢᠯ ᠤᠨ ᠲᠤᠷᠰᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ︽ | ᠳᠥᠷᠪᠡᠨ ᠪᠠᠶᠢᠭᠤᠯᠭ᠎ᠠ︾ ᠶᠢᠨ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂《ᠳ᠋ᠦᠩᠨᠡᠬᠦ᠂ ᠵᠠᠯᠭᠠᠮᠵᠢᠯᠠᠬᠤ᠂ | ᠲᠡᠭᠦᠯᠳᠡᠷᠵᠢᠭᠦᠯᠬᠦ᠂ ᠳᠡᠭᠡᠭᠰᠢᠯᠡᠭᠦᠯᠬᠦ》ᠵᠠᠷᠴᠢᠮ ᠶᠣᠰᠣᠭᠠᠷ᠂ ᠦᠨᠳᠦᠰᠦ ᠪᠠᠨ ᠪᠠᠲᠤᠳᠬᠠᠨ ᠰᠠᠭᠤᠷᠢ ᠪᠠᠨ | ᠪᠠᠬᠢᠵᠢᠭᠦᠯᠵᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠤᠯᠤᠰ ᠲᠥᠷᠥ ᠶᠢᠨ ᠲᠠᠯ᠎ᠠ ᠪᠠᠷ ᠡᠷᠡᠰ ᠪᠠᠲᠤ | ᠂ ᠠᠷᠠᠳ ᠲᠦᠮᠡᠨ ᠳᠤ ᠦᠢᠯᠡᠴᠢᠯᠡᠳᠡᠭ᠂ ᠬᠠᠤᠯᠢ ᠪᠠᠷ ᠵᠠᠰᠠᠬᠤ ᠶᠢ ᠬᠦᠨᠳᠦᠳᠬᠡᠳᠡᠭ᠂ ᠠᠷᠠᠳᠴᠢᠯᠠᠯ ᠢ ᠪᠠᠳᠠᠷᠠᠭᠤᠯᠳᠠᠭ | ᠂ ᠬᠢᠴᠢᠶᠡᠨ ᠴᠢᠷᠮᠠᠶᠢᠵᠤ ᠬᠠᠷᠢᠭᠤᠴᠠᠯᠭ᠎ᠠ ᠪᠠᠨ ᠭᠦᠢᠴᠡᠳᠬᠡᠳᠡᠭ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠤᠨ ᠡᠩᠨᠡᠭᠡ ᠶᠢ ᠴᠣᠭᠴᠠᠯᠠᠨ ᠪᠠᠶᠢᠭᠤᠯᠪᠠ᠃ | ᠤᠯᠤᠰ ᠲᠦᠷᠦ ᠶᠢᠨ ᠪᠠᠶᠢᠭᠤᠯᠭ᠎ᠠ ᠶᠢ ᠬᠦᠴᠦᠯᠡᠨ ᠳᠠᠪᠲᠠᠨ ᠪᠤᠯᠪᠠᠰᠤᠷᠠᠭᠤᠯᠵᠠᠢ ᠃ ᠨᠠᠮ ᠤᠨ ᠪᠦᠬᠦ ᠲᠠᠯ᠎ᠠ ᠶᠢᠨ | ᠤᠳᠤᠷᠢᠳᠤᠯᠭ᠎ᠠ ᠶᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠠᠬᠢᠭᠤᠯᠬᠤ ᠬᠠᠮᠤᠭ ᠤᠨ | ᠳᠡᠭᠡᠳᠦ ᠤᠯᠤᠰ ᠲᠥᠷᠥ ᠶᠢᠨ ᠵᠠᠷᠴᠢᠮ ᠪᠠ ᠦᠨᠳᠦᠰᠦᠨ ᠵᠢᠷᠤᠮᠯᠠᠯ ᠪᠣᠯᠭᠠᠵᠤ᠂ ᠲᠤᠭ ᠲᠡᠮᠳᠡᠭ ᠲᠣᠳᠣᠷᠬᠠᠢ ᠪᠠᠷ | ᠤᠯᠤᠰ ᠲᠥᠷᠥ ᠶᠢ ᠡᠷᠬᠢᠮᠯᠡᠨ᠂ ᠬᠤᠰᠢᠭᠤᠨ ᠤ ᠨᠠᠮ ᠤᠨ ᠬᠤᠷᠢᠶ᠎ᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠳᠠᠬᠢ ᠪᠥᠬᠦ ᠲᠠᠯ᠎ᠠ ᠶᠢᠨ ᠤᠳᠤᠷᠢᠳᠤᠯᠭ᠎ᠠ ᠶᠢ ᠴᠢᠩᠭ᠎ᠠ ᠲᠦᠰᠢᠵᠦ ᠂ ᠬᠤᠰᠢᠭᠤᠨ ᠤ ᠨᠠᠮ ᠤᠨ | ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ᠂ ᠨᠠᠮ ᠤᠨ ᠵᠣᠷᠢᠯᠲᠠ ᠶᠢ | ᠬᠠᠤᠯᠢ ᠶᠣᠰᠣᠭᠠᠷ ᠪᠥᠬᠦ ᠬᠤᠰᠢᠭᠤᠨ ᠤ ᠠᠷᠠᠳ ᠲᠦᠮᠡᠨ ᠤ ᠬᠠᠮᠲᠤ ᠶᠢᠨ ᠵᠣᠷᠢᠭ ᠰᠠᠨᠠᠭ᠎ᠠ ᠪᠣᠯᠭᠠᠨ ᠬᠤᠪᠢᠷᠠᠭᠤᠯᠤᠨ ᠂ | ᠬᠤᠰᠢᠭᠤᠨ ᠤ ᠨᠠᠮ ᠤᠨ ᠬᠤᠷᠢᠶ᠎ᠠ ᠶᠢᠨ ᠲᠤᠰᠢᠶᠠᠭᠰᠠᠨ ᠬᠡᠰᠡᠭ ᠪᠠ ᠬᠥᠳᠡᠭᠡ ᠲᠣᠰᠬᠤᠨ ᠢ ᠳᠠᠭᠠᠭᠠᠴᠢᠯᠠᠬᠤ᠂ | ᠴᠢᠬᠤᠯᠠ ᠶᠡᠭᠡ ᠲᠥᠷᠥᠯ ᠵᠦᠢᠯ ᠢ ᠳᠠᠭᠠᠭᠠᠴᠢᠯᠠᠬᠤ ᠵᠡᠷᠭᠡ ᠠᠵᠢᠯ ᠤᠨ ᠲᠤᠭᠤᠷᠢᠨ ᠳᠤ ᠶᠡᠭᠡ ᠲᠠᠯ᠎ᠠ ᠶᠢ ᠪᠣᠳᠣᠯᠬᠢᠯᠠᠨ | ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠬᠦᠴᠦᠨ ᠢᠶᠠᠷ ᠬᠤᠰᠢᠭᠤᠨ ᠤ ᠨᠠᠮ ᠤᠨ | ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠭᠢᠴᠢᠯᠠᠵᠤ ᠠᠷᠠᠯᠵᠢᠶᠠᠯᠠᠵᠤ ᠂ ᠲᠥᠪᠯᠡᠷᠡᠭᠦᠯᠦᠨ | ᠵᠠᠰᠠᠬᠤ ᠶᠢ ᠯᠠᠪᠳᠠᠭᠤᠨ ᠬᠦᠨᠵᠡᠭᠡᠢ ᠥᠷᠨᠢᠭᠦᠯᠵᠦ ᠂ ᠲᠤᠰᠬᠠᠢ ᠠᠩᠭᠢ ᠪᠠᠶᠢᠭᠤᠯᠬᠤ ᠶᠢ ᠯᠠᠪᠳᠠᠭᠤᠨ | ᠠᠬᠢᠭᠤᠯᠵᠤ ᠂ ᠪᠠᠷᠢᠮᠵᠢᠶ᠎ᠠ ᠶᠢ ᠬᠠᠷᠭᠤᠭᠤᠯᠵᠤ ᠬᠦᠰᠦᠨᠦᠭᠲᠦ ᠶᠢ ᠬᠠᠷᠭᠤᠭᠤᠯᠵᠤ ᠂ ᠥᠪᠡᠷ ᠢ ᠪᠠᠨ ᠪᠠᠶᠢᠴᠠᠭᠠᠵᠤ | ᠥᠪᠡᠷ ᠢ ᠪᠠᠨ ᠵᠠᠯᠠᠷᠠᠭᠤᠯᠵᠤ ᠂ ᠲᠥᠪᠯᠡᠷᠡᠭᠦᠯᠦᠨ ᠵᠠᠰᠠᠬᠤ ᠠᠵᠢᠯ ᠢ ᠴᠡᠭᠴᠡᠯᠡᠨ ᠥᠭᠡᠷᠡᠴᠢᠯᠡᠬᠦ ᠬᠠᠮᠢᠶ᠎ᠠ ᠪᠦᠬᠦᠢ 4 | ᠠᠰᠠᠭᠤᠳᠠᠯ ᠢ ᠡᠷᠢᠵᠦ ᠳᠠᠭᠤᠰᠬᠠᠭᠠᠳ᠂ ᠴᠢᠨᠠᠷ ᠰᠠᠶᠢᠲᠠᠢ ᠪᠡᠶᠡᠯᠡᠭᠦᠯᠪᠡ ᠃ | ᠳᠦᠷᠢᠮ ᠢ ᠲᠡᠭᠦᠯᠳᠡᠷᠵᠢᠭᠦᠯᠵᠦ ᠳᠦᠷᠢᠮ ᠢ ᠪᠦᠷᠢᠨᠰᠢᠭᠦᠯᠵᠡᠢ ᠃ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ᠂ ᠲᠤᠰᠬᠠᠢ ᠵᠥᠪᠯᠡᠯ ᠤᠨ ᠪᠠᠶᠢᠷᠢᠯᠠᠭᠤᠯᠤᠯᠲᠠ ᠶᠢ ᠴᠢᠩᠭᠠᠳᠬᠠᠨ | ᠵᠢᠷᠤᠮᠵᠢᠭᠤᠯᠵᠤ᠂ ︽ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠦᠷᠢᠯᠳᠦᠭᠦᠨ ᠤ ᠣᠷᠣᠨ ᠲᠤᠭ᠎ᠠ ᠶᠢᠨ ᠲᠤᠬᠠᠢ ︽ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠡᠯ᠎ᠡ ᠠᠵᠢᠯ ᠤᠨ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ︾ ᠵᠡᠷᠭᠡ 7 ᠵᠦᠢᠯ ᠤᠨ ᠠᠵᠢᠯ ᠤᠨ | ᠳᠦᠷᠢᠮ ᠢ ᠲᠣᠭᠲᠠᠭᠠᠭᠰᠠᠨ ᠪᠠ ᠵᠠᠰᠠᠪᠤᠷᠢ ᠣᠷᠣᠭᠤᠯᠵᠤ᠂ ᠪᠠᠶᠢᠩᠭᠤ ᠶᠢᠨ ᠬᠤᠷᠢᠶ᠎ᠠ ᠶᠢᠨ ᠬᠡᠷᠡᠭ ᠵᠥᠪᠯᠡᠵᠦ ᠡᠭᠦᠷᠭᠡ | ᠲᠤᠰᠢᠶᠠᠯ ᠢᠶᠠᠨ ᠭᠦᠢᠴᠡᠳᠬᠡᠬᠦ ᠳᠤ ᠳᠦᠷᠢᠮ ᠤᠨ ᠪᠠᠲᠤᠯᠠᠭ᠎ᠠ ᠬᠠᠩᠭᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠠᠯᠳᠤᠭᠠᠨ ᠢ 7 ᠤᠳᠠᠭ᠎ᠠ ᠬᠤᠷᠠᠯᠳᠤᠭᠤᠯᠵᠤ ᠂ 13 ᠵᠦᠢᠯ ᠤᠨ | ᠲᠤᠰᠬᠠᠢ ᠠᠵᠢᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠶᠠᠷᠢᠯᠴᠠᠪᠠ ᠃ ᠬᠠᠤᠯᠢ ᠳᠦᠷᠢᠮ ᠂ ᠡᠳ᠋ ᠤᠨ ᠵᠠᠰᠠᠭ | ᠠᠵᠤ ᠠᠬᠤᠢ ᠶᠢᠨ ᠲᠤᠰᠬᠠᠢ ᠵᠥᠪᠯᠡᠯ ᠤᠨ ᠬᠤᠷᠠᠯ ᠢ ᠲᠤᠰ ᠲᠤᠰ 3 ᠤᠳᠠᠭ᠎ᠠ ᠬᠤᠷᠠᠯᠳᠤᠭᠤᠯᠵᠤ ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ᠂ ᠡᠳ᠋ ᠤᠨ ᠵᠠᠰᠠᠭ ᠠᠵᠤ ᠠᠬᠤᠢ ᠶᠢᠨ ᠬᠤᠶᠠᠷ ᠲᠤᠰᠬᠠᠢ | ᠺᠣᠮᠢᠰ ᠤᠨ ᠦᠢᠯᠡᠳᠦᠯ ᠢ ᠭᠦᠢᠴᠡᠳ ᠪᠠᠳᠠᠷᠠᠭᠤᠯᠪᠠ ᠃ | ᠠᠵᠢᠯ ᠤᠨ ᠬᠠᠮᠲᠤᠷᠠᠯᠴᠠᠭ᠎ᠠ ᠶᠢ ᠦᠷᠭᠦᠯᠵᠢᠯᠡᠨ ᠴᠢᠩᠭᠠᠳᠬᠠᠪᠠ ᠃ ᠤᠷᠢᠳ ᠬᠤᠵᠢᠳ ᠪᠥᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠲᠡᠨ ᠤ ᠵᠥᠪᠯᠡᠯ᠂ ᠵᠧᠵᠢᠶᠠᠩ ᠮᠤᠵᠢ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠵᠡᠷᠭᠡ ᠣᠷᠣᠨ ᠤ ᠳᠣᠲᠣᠷ᠎ᠠ | ᠭᠠᠳᠠᠨᠠᠬᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠲᠠᠳ ᠢ 11 ᠪᠦᠯᠦᠭ ᠤᠳᠠᠭ᠎ᠠ ᠪᠠᠶᠢᠴᠠᠭᠠᠨ | ᠦᠵᠡᠵᠦ ᠰᠣᠯᠢᠯᠴᠠᠭᠤᠯᠬᠤ ᠶᠢ ᠭᠥᠯᠢᠶᠡᠨ ᠠᠪᠴᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠠᠶᠢᠮᠠᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠬᠤᠷᠢᠶ᠎ᠠ ᠲᠠᠢ ᠬᠠᠮᠵᠢᠯᠴᠠᠨ 17 ᠤᠳᠠᠭ᠎ᠠ ᠪᠠᠶᠢᠴᠠᠭᠠᠨ | ᠦᠵᠡᠬᠦ᠂ ᠪᠠᠶᠢᠴᠠᠭᠠᠯᠲᠠ ᠬᠢᠬᠦ᠂ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠵᠡᠷᠭᠡ ᠠᠵᠢᠯᠯᠠᠭ᠎ᠠ ᠥᠷᠨᠢᠭᠦᠯᠵᠦ᠂ | ᠮᠠᠨ ᠤ ᠬᠤᠰᠢᠭᠤᠨ ᠤ ᠬᠥᠭᠵᠢᠯᠲᠡ ᠶᠢᠨ ᠦᠷ᠎ᠡ ᠪᠦᠲᠦᠭᠡᠯ ᠵᠢᠴᠢ ᠠᠷᠠᠳ ᠤᠨ ᠲᠥᠯᠥᠭᠡᠯᠡᠭᠴᠢᠳ ᠳᠡᠭᠡᠳᠦ | ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠣᠷᠣᠨ ᠤ ᠳᠣᠲᠣᠨ᠎ᠠ ᠭᠠᠳᠠᠨᠠᠬᠢ ᠵᠣᠴᠢᠳ ᠤᠨ | ᠰᠠᠶᠢᠨ ᠦᠨᠡᠯᠡᠯᠲᠡ ᠶᠢ ᠣᠯᠵᠠᠢ᠃ ᠳᠣᠣᠷᠠᠳᠤ ᠱᠠᠲᠤ ᠬᠤᠯᠪᠤᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ ︽ᠪᠥᠬᠦ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠦᠨᠡᠯᠡᠯᠲᠡ ᠶᠢᠨ ᠠᠷᠭ᠎ᠠ ︵ | ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠵᠤ᠂ ᠰᠤᠮᠤ ᠰᠢᠶᠠᠩ ᠪᠠᠯᠭᠠᠰᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠢᠯᠣᠭᠤᠳᠤᠯᠭ᠎ᠠ ᠶᠢ ᠲᠠᠰᠤᠷᠠᠯᠲᠠ ᠦᠭᠡᠢ ᠴᠢᠩᠭᠠᠳᠬᠠᠵᠤ᠂ | ᠠᠵᠢᠯ ᠤᠨ ᠨᠡᠶᠢᠯᠡᠮᠡᠯ ᠬᠦᠴᠦᠨ ᠢ ᠬᠤᠰᠢᠭᠤ ᠰᠢᠶᠠᠩ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠦᠨᠡᠨ ᠬᠦ ᠪᠦᠷᠢᠯᠳᠦᠪᠡ ᠃ ︽ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠡᠯ᠎ᠡ ᠠᠵᠢᠯ ᠤᠨ ᠪᠠᠶᠢᠭᠤᠯᠤᠮᠵᠢ ᠶᠢᠨ ᠬᠤᠰᠢᠭᠤᠨ ᠬᠠᠷᠢᠶ᠎ᠠ ᠰᠠᠯᠠᠭ᠎ᠠ ᠮᠥᠴᠢᠷ | ᠯᠦᠭᠡ ᠶᠢᠨ ᠠᠵᠢᠯ ᠤᠨ ᠬᠠᠷᠢᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ︾ ᠢ ᠳᠠᠷᠤᠮᠠᠯᠯᠠᠨ | ᠲᠠᠷᠬᠠᠭᠠᠵᠤ᠂ ︽ᠨᠢᠭᠡ ᠣᠷᠳᠣᠨ ᠨᠢᠭᠡ ᠬᠤᠷᠢᠶ᠎ᠠ ᠬᠤᠶᠠᠷ ᠬᠤᠷᠢᠶ᠎ᠠ︾ ᠵᠢᠴᠢ ᠠᠷᠠᠳ ᠤᠨ ᠶᠡᠭᠡ ᠬᠤᠷᠠᠯ ᠤᠨ | ᠪᠠᠶᠢᠭᠤᠯᠭ᠎ᠠ ᠯᠤᠭ᠎ᠠ ᠶᠢᠨ ᠠᠵᠢᠯ ᠤᠨ ᠬᠠᠷᠢᠯᠴᠠᠭ᠎ᠠ ᠶᠢ ᠤᠯᠠᠮ ᠨᠢᠭᠡ ᠠᠯᠬᠤᠮ | ᠴᠢᠩᠭᠠᠳᠬᠠᠵᠤ ᠂ ᠬᠠᠮᠢᠶ᠎ᠠ ᠪᠦᠬᠦᠢ ᠰᠠᠯᠠᠭ᠎ᠠ | ᠮᠥᠴᠢᠷ ᠦᠳ ᠤᠯᠠᠮ ᠤᠬᠠᠨᠰᠠᠷ ᠲᠠᠢ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠬᠠᠤᠯᠢ ᠴᠠᠭᠠᠵᠠ ᠶᠢᠨ ᠬᠢᠨᠠᠯᠲᠠ ᠪᠠ ᠠᠵᠢᠯ ᠤᠨ ᠬᠢᠨᠠᠯᠲᠠ ᠶᠢ ᠬᠦᠯᠢᠶᠡᠯᠭᠡᠨ᠎ᠡ᠃ | ᠪᠠᠶᠢᠭᠤᠯᠤᠯᠭ᠎ᠠ ᠶᠢᠨ ᠠᠵᠢᠯ ᠤᠨ ᠲᠦᠪᠰᠢᠨ ᠢ ᠳᠡᠭᠡᠭᠰᠢᠯᠡᠭᠦᠯᠵᠡᠢ ᠃ ᠤᠯᠤᠰ ᠲᠦᠷᠦ ᠶᠢᠨ ᠪᠠᠶᠢᠭᠤᠯᠤᠯᠲᠠ ᠪᠠᠷ | ᠶᠡᠷᠦᠩᠬᠡᠶᠢᠯᠡᠨ ᠵᠢᠯᠣᠭᠤᠳᠤᠭᠤᠯᠵᠤ ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠪᠠ ᠡᠯ᠎ᠡ ᠵᠦᠢᠯ ᠤᠨ ᠠᠵᠢᠯ ᠢ | ᠪᠦᠬᠦ ᠲᠠᠯ᠎ᠠ ᠪᠠᠷ ᠲᠦᠯᠬᠢᠨ ᠠᠬᠢᠭᠤᠯᠵᠠᠢ ᠃ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ | ᠲᠠᠯ᠎ᠠ ᠪᠠᠷ ᠰᠢᠰᠲ᠋ᠧᠮ ᠲᠠᠢ ᠰᠤᠷᠤᠯᠴᠠᠵᠤ ᠂ ᠰᠢ ᠶᠢᠨ ᠫᠢᠩ ᠋ ᠤ ᠶᠡᠷᠦᠩᠬᠡᠢ ᠱᠦᠵᠢ ᠋ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠋ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ | ᠰᠠᠨᠠᠭ᠎ᠠ ᠂ ᠰᠢ ᠶᠢᠨ ᠫᠢᠩ ᠋ ᠤᠨ ᠬᠠᠤᠯᠢᠵᠢᠯ ᠋ ᠤᠨ ᠦᠵᠡᠯ ᠰᠠᠨᠠᠭ᠎ᠠ ᠂ ᠶᠡᠷᠦᠩᠬᠡᠢ ᠱᠦᠵᠢ ᠰᠢ ᠶᠢᠨ ᠫᠢᠩ ᠤᠨ | ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠤᠯᠴᠠᠬᠤ ᠦᠶ᠎ᠡ ᠋ ᠶᠢᠨ | ᠴᠢᠬᠤᠯᠠ ᠶᠠᠷᠢᠶ᠎ᠠ ᠂ ᠶᠡᠷᠦᠩᠬᠡᠢ ᠱᠦᠵᠢ ᠰᠢ ᠶᠢᠨ ᠫᠢᠩ ᠋ ᠤ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ | ᠋ ᠶᠢᠨ ᠴᠢᠬᠤᠯᠠ ᠵᠢᠭᠠᠪᠤᠷᠢ ᠴᠣᠬᠤᠯᠠᠪᠤᠷᠢ ᠋ ᠶᠢᠨ ᠵᠣᠷᠢᠭ ᠰᠠᠨᠠᠭ᠎ᠠ ᠲᠠᠢ ᠰᠤᠷᠤᠯᠴᠠᠬᠤ ᠮᠠᠶ᠋ᠢᠭ ᠤᠨ | ᠪᠠᠶᠢᠭᠤᠯᠭ᠎ᠠ ᠶᠢ ᠪᠠᠶᠢᠭᠤᠯᠵᠤ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯᠭ᠎ᠠ ᠶᠢᠨ ᠲᠣᠭᠲᠠᠮᠠᠯ | ᠬᠤᠷᠠᠯ ᠤᠨ ᠰᠤᠷᠤᠯᠴᠠᠯᠭ᠎ᠠ ᠶᠢᠨ ᠳᠦᠷᠢᠮ ᠢ ᠲᠤᠭᠤᠰᠢᠯᠠᠭᠤᠯᠵᠦ ᠡᠯ᠎ᠡ ᠲᠥᠷᠥᠯ ᠤᠨ ᠰᠤᠷᠤᠯᠴᠠᠯᠭ᠎ᠠ ᠶᠢᠨ ᠬᠤᠷᠠᠯ ᠢ | ᠨᠡᠶᠢᠲᠡ 32 ᠤᠳᠠᠭ᠎ᠠ ᠬᠤᠷᠠᠯᠳᠤᠭᠤᠯᠪᠠ᠃ ᠰᠤᠷᠲᠠᠯ ᠤᠨ ᠪᠠᠶᠢᠭᠤᠯᠤᠯᠲᠠ ᠂ ᠰᠠᠬᠢᠯᠭ᠎ᠠ ᠪᠠᠲᠤ ᠶᠢᠨ | ᠪᠠᠶᠢᠭᠤᠯᠤᠯᠲᠠ ᠶᠢ ᠤᠷᠳᠤ ᠬᠤᠭᠤᠴᠠᠭ᠎ᠠ ᠪᠠᠷ ᠪᠠᠷᠢᠮᠲᠠᠯᠠᠨ ᠴᠢᠩᠭᠠᠳᠬᠠᠵᠤ ᠂ ᠨᠠᠮ ᠤᠨ ᠰᠤᠷᠲᠠᠯ ᠤᠨ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ | ᠦᠭᠡᠢ ᠪᠠᠷ ᠲᠦᠯᠬᠢᠨ ᠠᠬᠢᠭᠤᠯᠤᠨ᠎ᠠ ᠃ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ | ᠰᠠᠨᠠᠭ᠎ᠠ ᠶᠢ ᠨᠠᠶᠢᠳᠠᠪᠤᠷᠢᠵᠢᠭᠤᠯᠵᠤ ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠤᠨ ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠤᠳᠤᠷᠢᠳᠤᠯᠭ᠎ᠠ ᠪᠣᠯᠣᠨ ᠪᠠᠶᠢᠭᠤᠯᠤᠯᠭ᠎ᠠ | ᠶᠢᠨ ᠺᠠᠳ᠋ᠷᠴᠤᠳ ᠦᠨᠳᠦᠰᠦᠨ ᠱᠠᠲᠤᠨ ᠳᠤ ᠭᠦᠨᠵᠡᠭᠡᠶᠢᠷᠡᠵᠦ ᠪᠠᠶᠢᠴᠠᠭᠠᠨ ᠰᠤᠳᠤᠯᠤᠯᠲᠠ ᠶᠢ ᠨᠡᠶᠢᠲᠡ 16 | ᠤᠳᠠᠭ᠎ᠠ ᠲᠥᠪᠯᠡᠷᠡᠭᠦᠯᠦᠨ ᠦᠷᠨᠢᠭᠦᠯᠵᠦ ᠂ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ | ᠣᠳᠣᠬᠢᠴᠢᠯᠠᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ︽ᠳᠥᠷᠪᠡᠨ ᠰᠢᠶᠠᠩ ᠤᠨ ᠢᠨᠵᠧᠨᠧᠷᠢᠩ︾ ᠢ | ᠨᠠᠶᠢᠳᠠᠪᠤᠷᠢᠵᠢᠭᠤᠯᠤᠨ᠂ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠳᠤ | ᠢᠳᠡᠪᠬᠢᠲᠡᠢ ᠣᠷᠣᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠳᠠᠭᠠᠭᠠᠨ | ᠬᠢᠭᠰᠡᠨ ᠡᠯ᠎ᠡ ᠵᠦᠢᠯ ᠤᠨ ᠠᠵᠢᠯ ᠤᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ ᠂ ᠡᠳ᠋ ᠤᠨ ᠵᠠᠰᠠᠭ ᠠᠵᠤ | ᠠᠬᠤᠢ ᠶᠢᠨ ᠰᠠᠬᠢᠯᠭ᠎ᠠ ᠪᠠᠲᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ ︾ᠦᠷᠭᠦᠯᠵᠢᠯᠡᠨ ᠪᠠᠭᠤᠷᠠᠪᠠ᠃ | ᠳᠤᠮᠳᠠᠳᠤ ᠶᠢᠨ ᠤᠯᠠᠮᠵᠢᠯᠠᠯᠲᠤ ᠰᠣᠶᠣᠯ ᠢ ᠵᠠᠯᠭᠠᠮᠵᠢᠯᠠᠨ ᠪᠠᠳᠠᠷᠠᠭᠤᠯᠵᠤ᠂ ᠨᠠᠰᠤᠲᠠᠨ ᠢ ᠬᠦᠨᠳᠦᠳᠬᠡᠨ ᠮᠡᠷᠭᠡᠳ ᠢ | ᠬᠦᠨᠳᠦᠳᠬᠡᠵᠦ᠂ ᠰᠢᠨ᠎ᠡ ᠵᠢᠯ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ᠂ ᠨᠠᠢᠮᠠᠨ ᠰᠠᠷ᠎ᠠ ᠶᠢᠨ ᠠᠷᠪᠠᠨ | ᠲᠠᠪᠤᠨ ᠤ ᠪᠠᠶᠠᠷ ᠵᠡᠷᠭᠡ ᠪᠠᠶᠠᠷ ᠤᠨ ᠡᠳᠦᠷ ᠢ ᠠᠰᠢᠭᠯᠠᠵᠤ᠂ ᠠᠬᠠᠮᠠᠳ ᠺᠠᠳ᠋ᠷᠴᠤᠳ ᠢ ᠰᠤᠷᠪᠤᠯᠵᠢᠯᠠᠨ ᠲᠤᠬᠤᠨᠢᠭᠤᠯᠬᠤ | 95 ᠬᠥᠮᠥᠨ ᠤᠳᠠᠭ᠎ᠠ ᠳᠤ ᠬᠦᠷᠴᠦ᠂ 137 ᠬᠥᠮᠥᠨ ᠤᠳᠠᠭ᠎ᠠ ᠳᠤ ᠰᠤᠷᠭᠠᠭᠤᠯᠢ ᠳᠤ ᠬᠦᠷᠭᠡᠬᠦ ᠶᠢ ᠥᠷᠨᠢᠭᠦᠯᠪᠡ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠣᠨᠢᠨ ᠮᠡᠳᠡᠭᠡᠨ ᠤ ᠤᠬᠠᠭᠤᠯᠭ᠎ᠠ ᠪᠠ ᠤᠨᠤᠯ ᠤᠨ | ᠰᠤᠳᠤᠯᠭᠠᠨ ᠢ ᠴᠢᠩᠭᠠᠳᠬᠠᠨ ᠂ ᠠᠶᠢᠮᠠᠭ ᠤᠨ ᠱᠠᠲᠤᠨ ᠠᠴᠠ ᠳᠡᠭᠡᠭᠰᠢᠬᠢ ᠵᠠᠭᠤᠴᠢᠯᠠᠭᠤᠷ ᠲᠤ 16 ᠬᠤᠪᠢ ᠡᠬᠡ | ᠪᠢᠴᠢᠭ ᠲᠠᠷᠬᠠᠭᠠᠵᠠᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠠᠬᠢᠳᠠᠯ ᠰᠣᠷᠪᠤᠯᠵᠢᠯᠠᠭ᠎ᠠ ᠶᠢᠨ | ᠠᠵᠢᠯ ᠤᠨ ᠳᠦᠷᠢᠮ ᠳᠤ ᠵᠠᠰᠠᠪᠤᠷᠢ ᠣᠷᠣᠭᠤᠯᠵᠤ ᠂ ᠤᠯᠠᠨ ᠲᠦᠮᠡᠨ ᠤ ᠵᠠᠬᠢᠳᠠᠯ ᠰᠣᠷᠪᠤᠯᠵᠢᠯᠠᠭ᠎ᠠ ᠶᠢ 27 ᠬᠤᠪᠢ | ᠤᠳᠠᠭ᠎ᠠ ᠭᠥᠯᠢᠶᠡᠨ ᠠᠪᠴᠤ ᠂ ᠪᠦᠬᠦᠨ ᠢ ᠰᠢᠯᠵᠢᠭᠦᠯᠦᠨ ᠰᠢᠢᠳᠪᠦᠷᠢᠯᠡᠭᠦᠯᠵᠦ ᠳᠠᠭᠤᠰᠬᠠᠭᠠᠳ᠂ ᠬᠡᠷᠡᠭ ᠪᠦᠬᠦᠨ ᠢ | ᠨᠠᠶᠢᠳᠠᠪᠤᠷᠢᠵᠢᠭᠤᠯᠵᠤ ᠂ ᠶᠠᠪᠤᠳᠠᠯ ᠪᠦᠬᠦᠨ ᠳᠤ ᠬᠠᠷᠢᠭᠤ ᠥᠭᠬᠦ ᠶᠢ ᠪᠡᠶᠡᠯᠡᠭᠦᠯᠪᠡ᠃ | ᠲᠥᠯᠥᠭᠡᠯᠡᠭᠴᠢᠳ ᠠ᠋ ︕ ᠨᠢᠭᠡ ᠵᠢᠯ ᠤᠨ ᠲᠤᠷᠰᠢ᠂ ᠪᠢᠳᠡ ᠭᠤᠣᠯᠳᠠᠯᠭ᠎ᠠ ᠶᠢᠨ ᠲᠣᠭᠤᠷᠢᠨ ᠳᠤ᠂ ᠶᠡᠭᠡ | ᠲᠠᠯ᠎ᠠ ᠳᠤ ᠦᠢᠯᠡᠴᠢᠯᠡᠵᠦ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠰᠢᠨ᠎ᠡ ᠳᠡᠭᠲᠡᠷ ᠲᠤ ᠭᠠᠷᠪᠠ︔ ᠨᠢᠭᠡ ᠵᠢᠯ ᠤᠨ ᠲᠤᠷᠰᠢ᠂ ᠪᠢᠳᠡ | ᠤᠯᠠᠮᠵᠢᠯᠠᠨ ᠬᠥᠭᠵᠢᠭᠦᠯᠵᠦ᠂ ᠵᠠᠯᠭᠠᠮᠵᠢᠯᠠᠨ ᠪᠠᠳᠠᠷᠠᠭᠤᠯᠵᠤ ᠂᠂ ᠬᠤᠭᠤᠴᠠᠭ᠎ᠠ ᠪᠦᠷᠢ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠰᠠᠭᠤᠷᠢᠨ ᠳᠡᠭᠡᠷ᠎ᠡ ᠬᠠᠤᠯᠢ | ᠶᠣᠰᠣᠭᠠᠷ ᠲᠤᠰᠢᠶᠠᠯ ᠢᠶᠠᠨ ᠭᠦᠢᠴᠡᠳᠬᠡᠵᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠰᠢᠨ᠎ᠡ ᠠᠯᠬᠤᠮ ᠢ ᠠᠯᠬᠤᠪᠠ ᠃ ᠨᠢᠭᠡ ᠵᠢᠯ ᠤᠨ ᠲᠤᠷᠰᠢ᠂ ᠪᠢᠳᠡ | ᠰᠡᠳᠬᠢᠯ ᠨᠢᠭᠡᠲᠦᠨ ᠪᠦᠯᠬᠦᠮᠳᠡᠵᠦ ᠂ ᠡᠷᠡᠯᠬᠡᠭᠯᠡᠨ ᠲᠡᠮᠡᠴᠡᠵᠦ ᠂ ᠪᠥᠬᠦ ᠲᠥᠯᠥᠭᠡᠯᠡᠭᠴᠢᠳ ᠤᠨ ᠬᠦᠴᠦᠲᠡᠢ | ᠳᠡᠮᠵᠢᠯᠭᠡ ᠶᠢᠨ ᠳᠣᠣᠷ᠎ᠠ ᠬᠠᠮᠲᠤ ᠶᠢᠨ ᠴᠢᠷᠮᠠᠶᠢᠯᠭ᠎ᠠ ᠪᠠᠷ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ ᠂ ᠡᠷᠡᠰ | ᠰᠢᠭᠤᠷᠬᠠᠢ ᠪᠠᠷ ᠤᠷᠤᠭᠰᠢᠯᠠᠨ ᠳᠠᠪᠰᠢᠵᠤ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠤ | ᠰᠢᠨ᠎ᠡ ᠪᠠᠶᠢᠳᠠᠯ ᠢᠯᠡᠷᠡᠪᠡ ᠃ | ᠡᠲᠡᠭᠡᠷ ᠠᠮᠵᠢᠯᠲᠠ ᠪᠦᠲᠦᠮᠵᠢ ᠪᠣᠯ ᠬᠤᠰᠢᠭᠤᠨ ᠤ ᠨᠠᠮ ᠤᠨ ᠬᠤᠷᠢᠶᠠᠨ ᠤ ᠵᠥᠪ ᠤᠳᠤᠷᠢᠳᠤᠭᠰᠠᠨ ᠤ ᠦᠷ᠎ᠡ | ᠳ᠋ᠦᠩ ᠮᠥᠨ᠂ ᠳᠡᠭᠡᠳᠦ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠠᠷᠢᠨ ᠨᠢᠮᠪᠠᠢ | ᠵᠢᠯᠣᠭᠤᠳᠤᠭᠰᠠᠨ ᠤ ᠦᠷ᠎ᠡ ᠳ᠋ᠦᠩ ᠮᠥᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠪᠦᠷᠢᠯᠳᠦᠭᠦᠨ ᠪᠠ ᠪᠥᠬᠦ ᠲᠥᠯᠥᠭᠡᠯᠡᠭᠴᠢᠳ ᠤᠨ ᠬᠠᠮᠲᠤ ᠶᠢᠨ ᠴᠢᠷᠮᠠᠶᠢᠯᠭ᠎ᠠ ᠶᠢᠨ ᠦᠷ᠎ᠡ ᠳ᠋ᠦᠩ ᠮᠥᠨ᠂ | ︽ᠨᠢᠭᠡ ᠵᠠᠰᠠᠭ ᠤᠨ ᠣᠷᠳᠣᠨ ᠨᠢᠭᠡ ᠬᠤᠷᠢᠶ᠎ᠠ ᠬᠤᠶᠠᠷ ᠬᠤᠷᠢᠶ᠎ᠠ︾ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ | ᠂ ᠰᠤᠮᠤ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠢᠳᠡᠪᠬᠢᠲᠡᠢ | ᠬᠠᠮᠵᠢᠯᠴᠠᠭᠰᠠᠨ ᠤ ᠦᠷ᠎ᠡ ᠳ᠋ᠦᠩ ᠮᠥᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ | ᠡᠲᠡᠭᠡᠳ ᠤᠨ ᠬᠢᠨ ᠤ ᠬᠠᠯᠠᠮᠵᠢᠯᠠᠨ ᠠᠩᠬᠠᠷᠤᠭᠰᠠᠨ ᠤ ᠦᠷ᠎ᠡ ᠳ᠋ᠦᠩ ᠮᠥᠨ᠃ ᠠᠳᠡ ᠂ ᠪᠢ ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠡᠮᠦᠨ᠎ᠡ ᠠᠴᠠ ᠪᠦᠬᠦ ᠬᠤᠰᠢᠭᠤᠨ ᠤ ᠥᠷᠭᠡᠨ ᠤᠯᠠᠨ ᠺᠠᠳ᠋ᠷ ᠤᠯᠠᠨ ᠲᠦᠮᠡᠨ ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠲᠤ ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠢ ᠬᠠᠯᠠᠮᠵᠢᠯᠠᠨ ᠳᠡᠮᠵᠢᠭᠰᠡᠨ ᠨᠡᠶᠢᠭᠡᠮ ᠤᠨ ᠡᠯ᠎ᠡ ᠡᠲᠡᠭᠡᠳ ᠤᠨ ᠬᠥᠮᠥᠰ ᠲᠤ ᠡᠷᠬᠢᠮ ᠳᠡᠭᠡᠳᠦ | ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ ︕ | ᠡᠭᠦᠨ ᠤ ᠬᠠᠮᠲᠤ᠂ ᠪᠢᠳᠡ ᠪᠠᠰᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠠᠵᠢᠯ ᠳᠤ ᠪᠠᠰᠠ ᠵᠠᠷᠢᠮ ᠵᠥᠷᠢᠶ᠎ᠡ ᠪᠠ ᠬᠦᠷᠦᠯᠴᠡᠬᠦ ᠦᠭᠡᠢ ᠲᠠᠯ᠎ᠠ ᠪᠠᠶᠢᠬᠤ ᠶᠢ ᠰᠡᠷᠭᠡᠭ ᠢᠶᠠᠷ ᠲᠠᠨᠢᠵᠤ ᠤᠯᠪᠠ ᠂ | ᠡᠭᠦᠨ ᠤ ᠭᠤᠣᠯ ᠢᠯᠡᠷᠡᠯ ᠨᠢ ᠄ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠨᠠᠯᠲᠠ ᠶᠢᠨ ᠠᠷᠭ᠎ᠠ ᠮᠠᠶ᠋ᠢᠭ ᠢ | ᠭᠦᠢᠴᠡᠳ ᠬᠡᠷᠡᠭᠯᠡᠭᠰᠡᠨ ᠦᠭᠡᠢ ᠂ ᠬᠢᠨᠠᠯᠲᠠ ᠶᠢᠨ ᠬᠠᠲᠠᠭᠤ ᠴᠢᠨᠠᠷ ᠭᠦᠢᠴᠡᠳ ᠦᠭᠡᠢ ᠂ ᠬᠢᠨᠠᠯᠲᠠ ᠶᠢᠨ ᠪᠣᠳᠠᠲᠤ | ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ ᠃ ᠲᠥᠯᠥᠭᠡᠯᠡᠭᠴᠢᠳ ᠤᠨ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠵᠢᠭᠰᠠᠭᠠᠯ ᠤᠨ ᠭᠠᠵᠠᠷ ᠢ ᠲᠦᠷᠭᠡᠬᠡᠨ ᠰᠢᠨᠡᠳᠬᠡᠬᠦ ᠴᠢᠬᠤᠯᠠᠲᠠᠢ ᠪᠠᠶᠢᠵᠤ ᠂ | ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠠᠵᠢᠯ ᠤᠨ | ᠡᠭᠦᠷᠭᠡ ᠪᠠᠰᠠ ᠮᠠᠰᠢ ᠲᠤᠯᠭᠠᠮ᠎ᠠ ᠪᠠᠶᠢᠵᠤ ᠂ ︽ᠬᠤᠶᠠᠷ ᠢ ᠬᠠᠷᠢᠯᠴᠠᠬᠤ︾ ᠠᠵᠢᠯ ᠤᠨ ᠲᠣᠭᠲᠠᠴᠠ ᠶᠢ ᠦᠷᠭᠦᠯᠵᠢᠯᠡᠨ | ᠲᠡᠭᠦᠯᠳᠡᠷᠵᠢᠭᠦᠯᠬᠦ ᠴᠢᠬᠤᠯᠠᠲᠠᠢ ᠪᠠᠶᠢᠨ᠎ᠠ ᠃ ᠲᠤᠰ ᠪᠡᠶ᠎ᠡ ᠶᠢᠨ ᠪᠠᠶᠢᠭᠤᠯᠤᠯᠲᠠ ᠨᠢ ︽ ᠲᠦᠷᠪᠡᠨ ᠪᠠᠶᠢᠭᠤᠯᠭ᠎ᠠ ︾ ᠶᠢᠨ | ᠱᠠᠭᠠᠷᠳᠠᠯᠭ᠎ᠠ ᠲᠠᠢ ᠮᠥᠨ ᠯᠡ ᠵᠥᠷᠢᠶ᠎ᠡ ᠲᠠᠢ ᠪᠠᠶᠢᠨ᠎ᠠ ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠂ ᠨᠠᠷᠢᠨ ᠬᠢᠨᠠᠮᠠᠭᠠᠢ ᠰᠤᠳᠤᠯᠵᠦ᠂ | ᠬᠤᠶᠢᠰᠢᠳᠠ ᠶᠢᠨ ᠠᠵᠢᠯ ᠤᠨ ᠳᠤᠮᠳᠠ ᠪᠠᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠦᠷᠭᠦᠯᠵᠢᠯᠡᠨ | ᠰᠠᠶᠢᠵᠢᠷᠠᠭᠤᠯᠤᠶ᠎ᠠ ᠃ | | 2023 ᠣᠨ ᠤ ᠭᠤᠣᠯᠳᠠᠯᠭ᠎ᠠ ᠲᠠᠢ ᠠᠵᠢᠯ ᠤᠨ ᠰᠡᠳᠬᠢᠴᠡ | 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ ᠃ ᠰᠢᠨ᠎ᠡ ᠬᠥᠭᠵᠢᠯᠲᠡ ᠶᠢᠨ ᠱᠠᠲᠤ ᠦᠶ᠎ᠡ | ᠪᠠ ᠰᠢᠨ᠎ᠡ ᠲᠡᠦᠬᠡᠲᠦ ᠡᠭᠦᠷᠭᠡ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠤ ᠨᠡᠩ ᠥᠨᠳᠥᠷ | ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠶᠢᠨ᠎ᠠ ᠃ ᠡᠨᠡ ᠵᠢᠯ ᠤᠨ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ | ᠶᠡᠷᠦᠩᠬᠡᠢ ᠰᠡᠳᠬᠢᠮᠵᠢ ᠪᠣᠯ ᠄ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠬᠤ︾ ᠶᠢᠨ | ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠤᠯᠤᠰ ᠤᠨ ᠶᠡᠭᠡ ᠦᠢᠯᠡᠰ︾ ᠢ ᠪᠠᠲᠤ | ᠴᠡᠭᠡᠵᠢᠯᠡᠵᠦ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ | ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ ᠡᠵᠡᠨ | ᠰᠠᠭᠤᠬᠤ᠂ ᠬᠠᠤᠯᠢ ᠪᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠬᠡᠬᠦ ᠶᠢ ᠪᠠᠷᠢᠮᠲᠠᠯᠠᠵᠤ᠂ ᠪᠥᠬᠦ | ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠦᠨ᠂ ︽ᠲᠠᠪᠤᠨ ᠶᠡᠭᠡ ᠡᠭᠦᠷᠭᠡ︾ ᠳᠤ ᠬᠦᠴᠦ ᠨᠡᠮᠡᠷᠢᠯᠡᠵᠦ᠂ | ᠬᠤᠰᠢᠭᠤᠨ ᠤ ᠨᠠᠮ ᠤᠨ ᠬᠤᠷᠢᠶ᠎ᠠ ᠶᠢᠨ ᠥᠷᠭᠡᠳᠬᠡᠭᠰᠡᠨ ᠬᠤᠷᠠᠯ ᠠᠴᠠ ᠭᠠᠷᠭᠠᠭᠰᠠᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠣᠰᠣᠭᠠᠷ᠂ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠶᠡᠭᠡ ᠲᠠᠯ᠎ᠠ ᠳᠤ | ᠦᠢᠯᠡᠴᠢᠯᠡᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠪᠠ | ᠠᠷᠠᠳᠴᠢᠯᠠᠭᠰᠠᠨ ᠤᠯᠤᠰ ᠲᠥᠷᠥ ᠶᠢᠨ ᠪᠠᠶᠢᠭᠤᠯᠤᠯᠲᠠ ᠳᠤ ᠲᠠᠰᠤᠷᠠᠯᠲᠠ ᠦᠭᠡᠢ ᠬᠦᠴᠦᠨ ᠨᠡᠮᠡᠷᠢᠯᠡᠵᠦ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠃ | ᠨᠢᠭᠡ ᠳᠤ᠂ ᠨᠡᠩ ᠥᠨᠳᠥᠷ ᠵᠣᠭᠰᠣᠴᠠ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ | ᠣᠶᠢᠯᠠᠭᠠᠬᠤ ᠳᠤᠮᠳᠠ ᠠᠴᠠ ᠤᠶᠤᠨ ᠤᠬᠠᠭᠠᠨ ᠢ ᠰᠢᠩᠭᠡᠬᠡᠨ ᠠᠪᠬᠤ ᠬᠡᠷᠡᠭᠲᠡᠢ ᠃ | ᠤᠯᠤᠰ ᠲᠦᠷᠦ ᠶᠢᠨ ᠴᠢᠳᠠᠪᠤᠷᠢ ᠪᠠᠨ ᠨᠡᠮᠡᠭᠳᠡᠭᠦᠯᠦᠨ᠎ᠡ ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨᠲ᠋ᠤᠭᠤᠰᠢᠯᠠᠭᠤᠯᠵᠦ ᠨᠠᠶᠢᠳᠠᠪᠤᠷᠢᠵᠢᠭᠤᠯᠬᠤ ᠶᠠᠪᠤᠳᠠᠯ ᠢ ᠣᠳᠣᠬᠠᠨ ᠤ ᠪᠠ | ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ︽ | ᠨᠢᠭᠡᠳᠦᠭᠡᠷ ᠵᠥᠪᠯᠡᠬᠦ ᠰᠡᠳᠦᠪ︾ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ | ᠱᠦᠵᠢ ᠶᠢᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ᠂ ᠴᠢᠬᠤᠯᠠ ᠥᠭᠦᠯᠡᠯᠲᠡ ᠶᠢ ᠴᠠᠭ ᠲᠤᠬᠠᠢ ᠳᠤᠨᠢ ᠳᠠᠭᠠᠵᠤ | ᠰᠤᠷᠤᠯᠴᠠᠨ᠂ ᠣᠨᠣᠯ ᠤᠨ ᠰᠤᠷᠤᠯᠴᠠᠯᠭ᠎ᠠ ᠶᠢ ᠭᠦᠨᠵᠡᠭᠡᠶᠢᠷᠡᠭᠦᠯᠦᠨ᠂ ᠰᠡᠳᠬᠢᠯ ᠳᠤ ᠬᠠᠳᠠᠩᠰᠢᠭᠤᠯᠵᠤ᠂ ᠪᠣᠳᠠᠲᠠᠢ ᠳᠤ | ᠨᠠᠶᠢᠳᠠᠪᠤᠷᠢᠵᠢᠭᠤᠯᠤᠨ᠂ ᠨᠠᠮ ᠤᠨ ᠣᠨᠣᠯ ᠤᠨ ᠰᠢᠨ᠎ᠡ ᠶᠢ ᠡᠭᠦᠳᠬᠦ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ | ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠲᠦᠯᠬᠢᠨ ᠠᠬᠢᠭᠤᠯᠬᠤ ᠬᠡᠷᠡᠭᠲᠡᠢ᠃ | ᠤᠯᠤᠰ ᠲᠦᠷᠦ ᠶᠢᠨ ᠡᠭᠦᠷᠭᠡᠯᠡᠯ ᠢ ᠴᠢᠩᠭᠠᠳᠬᠠᠨ᠎ᠠ ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠭᠡᠬᠦ | ᠡᠨᠡ ᠬᠦ ᠬᠠᠮᠤᠭ ᠤᠨ ᠳᠡᠭᠡᠳᠦ ᠤᠯᠤᠰ ᠲᠦᠷᠦ ᠶᠢᠨ ᠵᠠᠷᠴᠢᠮ ᠢ ᠢᠮᠠᠭᠲᠠ ᠪᠠᠷᠢᠮᠲᠠᠯᠠᠵᠤ ᠂ ᠤᠯᠤᠰ ᠲᠦᠷᠦ ᠶᠢᠨ | ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠳᠦᠷᠢᠮ ᠢ ᠴᠢᠩᠭ᠎ᠠ ᠵᠢᠷᠤᠮᠯᠠᠨ ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠶᠣᠰᠣᠭᠠᠷ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠵᠢᠴᠢ ᠲᠤᠰ ᠪᠡᠶ᠎ᠡ ᠶᠢᠨ ᠪᠠᠶᠢᠭᠤᠯᠤᠯᠲᠠ ᠶᠢᠨ ᠳᠤᠮᠳᠠᠬᠢ ᠴᠢᠬᠤᠯᠠ ᠶᠡᠭᠡ | ᠠᠰᠠᠭᠤᠳᠠᠯ ᠂ ᠴᠢᠬᠤᠯᠠ ᠬᠡᠷᠡᠭ ᠶᠠᠪᠤᠳᠠᠯ ᠤᠳ ᠠᠴᠠ ᠴᠠᠭ ᠲᠤᠬᠠᠢ ᠳᠤᠨᠢ ᠵᠢᠭᠠᠪᠤᠷᠢ ᠠᠪᠴᠤ ᠲᠡᠭᠦᠨ ᠳᠤ | ᠮᠡᠳᠡᠭᠦᠯᠦᠨ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠤᠯᠤᠰ ᠲᠦᠷᠦ ᠶᠢᠨ ᠵᠥᠪ | ᠴᠢᠭᠯᠡᠯ ᠢ ᠢᠮᠠᠭᠲᠠ ᠪᠠᠷᠢᠮᠲᠠᠯᠠᠪᠠ ᠃ ᠴᠢᠬᠤᠯᠠ ᠶᠡᠭᠡ ᠤᠴᠢᠷ ᠶᠠᠪᠤᠳᠠᠯ ᠢ ᠲᠣᠭᠲᠠᠭᠠᠬᠤ ᠡᠷᠬᠡ ᠪᠠ ᠠᠵᠢᠯᠲᠠᠨ ᠢ | ᠲᠣᠮᠢᠯᠠᠵᠤ ᠪᠠᠭᠤᠯᠭᠠᠬᠤ ᠡᠷᠬᠡ ᠶᠢ ᠬᠠᠤᠯᠢ ᠶᠣᠰᠣᠭᠠᠷ ᠬᠡᠷᠡᠭᠵᠢᠭᠦᠯᠵᠦ᠂ ᠪᠥᠬᠦ ᠬᠤᠰᠢᠭᠤᠨ ᠤ ᠠᠵᠤ ᠠᠬᠤᠢ | ᠨᠡᠶᠢᠭᠡᠮ ᠤᠨ ᠭᠤᠣᠯᠳᠠᠯᠭ᠎ᠠ ᠲᠠᠢ ᠠᠵᠢᠯ ᠢ ᠵᠣᠬᠢᠴᠠᠭᠤᠯᠤᠨ ᠠᠬᠢᠭᠤᠯᠵᠤ᠂ ᠬᠤᠰᠢᠭᠤᠨ ᠤ ᠨᠠᠮ ᠤᠨ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠳᠤ ᠬᠠᠤᠯᠢ ᠪᠠᠷ ᠵᠠᠰᠠᠬᠤ | ᠲᠤᠯᠭᠠᠭᠤᠷᠢᠯᠠᠯ ᠪᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠨ᠎ᠠ᠃ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠴᠢᠭᠯᠡᠯ ᠢ ᠡᠵᠡᠮᠳᠡᠬᠦ᠂ | ᠶᠡᠭᠡ ᠲᠠᠯ᠎ᠠ ᠶᠢ ᠬᠠᠮᠢᠶᠠᠷᠬᠤ᠂ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠴᠢᠬᠤᠯᠠ ᠦᠢᠯᠡᠳᠦᠯ ᠢ ᠭᠦᠢᠴᠡᠳ | ᠪᠠᠳᠠᠷᠠᠭᠤᠯᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠪᠠ ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠬᠡᠷᠡᠭᠵᠢᠭᠦᠯᠵᠦ᠂ ᠮᠠᠨ ᠤ | ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤᠮᠳᠠ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠡᠯ᠎ᠡ ᠵᠦᠢᠯ ᠤᠨ ᠠᠵᠢᠯ ᠢ ᠭᠦᠨᠵᠡᠭᠡᠢ ᠪᠥᠭᠡᠳ ᠪᠣᠳᠠᠲᠠᠢ ᠪᠠᠷ ᠰᠦᠪᠡᠭᠴᠢᠯᠡᠨ᠎ᠡ ᠃ | ᠤᠯᠤᠰ ᠲᠦᠷᠦ ᠶᠢᠨ ᠵᠢᠯᠣᠭᠤᠳᠤᠯᠭ᠎ᠠ ᠶᠢ ᠲᠤᠪᠤᠶᠢᠯᠭᠠᠨ᠎ᠠ ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠵᠦ᠂ ᠦᠨᠳᠦᠰᠦᠨ ᠬᠠᠤᠯᠢ ᠬᠠᠤᠯᠢ ᠴᠠᠭᠠᠵᠠ ᠠᠴᠠ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠳᠤ ᠣᠯᠭᠤᠭᠰᠠᠨ ᠡᠯ᠎ᠡ ᠵᠦᠢᠯ ᠤᠨ ᠡᠷᠬᠡ ᠲᠤᠰᠢᠶᠠᠯ ᠢ ᠦᠨᠡᠨᠴᠢ ᠪᠠᠷ ᠭᠦᠢᠴᠡᠳᠬᠡᠵᠦ ᠂ ᠠᠷᠠᠳᠴᠢᠯᠠᠯ ᠢᠶᠠᠷ | ᠣᠷᠤᠯᠴᠠᠬᠤ ᠬᠡᠯᠪᠡᠷᠢ ᠪᠠ ᠠᠷᠭ᠎ᠠ ᠵᠠᠮ ᠢ ᠴᠢᠨᠠᠭᠰᠢᠳᠠ ᠪᠠᠶᠠᠯᠢᠭᠵᠢᠭᠤᠯᠤᠨ ᠥᠷᠭᠡᠳᠬᠡᠵᠦ ᠂ ᠠᠷᠠᠳ ᠤᠯᠠᠨ ᠤ | ᠪᠠᠶᠢᠳᠠᠯ ᠢ ᠮᠡᠳᠡᠬᠦ ᠡᠷᠬᠡ ᠂ ᠣᠷᠤᠯᠴᠠᠬᠤ ᠡᠷᠬᠡ ᠂ ᠢᠯᠡᠳᠬᠡᠬᠦ ᠡᠷᠬᠡ ᠪᠠ ᠬᠢᠨᠠᠯᠲᠠ ᠲᠠᠯᠪᠢᠬᠤ ᠡᠷᠬᠡ ᠶᠢ ᠪᠠᠲᠤᠯᠠᠨ᠎ᠠ ᠃ | ᠪᠥᠬᠦ ᠬᠤᠰᠢᠭᠤᠨ ᠤ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ | ᠪᠣᠯᠣᠨ ᠪᠠᠶᠢᠭᠤᠯᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠤᠨ ︽ᠬᠤᠶᠠᠷ ᠢ ᠲᠣᠭᠲᠠᠭᠠᠬᠤ︾ ᠶᠢ ᠦᠨᠡᠨᠴᠢ | ᠰᠢᠳᠤᠷᠭᠤ ᠪᠠᠷ ᠬᠦᠷᠢᠶᠡᠯᠡᠬᠦ ᠶᠢ ᠬᠥᠲᠥᠯᠥᠨ ᠵᠢᠯᠤᠭᠤᠳᠴᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ | ᠦᠵᠡᠯ ᠰᠠᠨᠠᠭ᠎ᠠ ᠪᠣᠯᠣᠨ ᠦᠶᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠡᠭᠡᠷ᠎ᠡ ᠨᠢᠭᠡᠳᠬᠡᠨ᠎ᠡ ᠃ | ᠬᠤᠶᠠᠷ ᠲᠤ ᠂ ᠨᠠᠩ ᠪᠣᠳᠠᠲᠠᠢ ᠠᠷᠭ᠎ᠠ ᠬᠡᠮᠵᠢᠶ᠎ᠡ ᠪᠠᠷ ᠬᠢᠨᠠᠯᠲᠠ ᠲᠠᠯᠪᠢᠬᠤ ᠶᠠᠰᠤ ᠴᠢᠨᠠᠷ ᠦᠷ᠎ᠡ ᠪᠦᠲᠦᠮᠵᠢ ᠶᠢ | ᠴᠢᠩᠭᠠᠳᠬᠠᠵᠤ᠂ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠲᠠᠯ᠎ᠠ ᠪᠠᠷ ᠨᠠᠷᠢᠯᠢᠭ ᠣᠨᠣᠴᠠᠲᠠᠢ ᠪᠠᠷ | ᠬᠦᠴᠦᠯᠡᠨ᠎ᠡ ᠃ | 2023 ᠣᠨ ᠳᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠨ ᠡᠯ᠎ᠡ ᠵᠦᠢᠯ ᠤᠨ ᠡᠭᠦᠷᠭᠡ ᠬᠠᠷᠢᠭᠤᠴᠠᠯᠭ᠎ᠠ ᠪᠠᠨ | ᠦᠷᠭᠦᠯᠵᠢᠯᠡᠨ ᠦᠨᠡᠨᠴᠢ ᠪᠠᠷ ᠭᠦᠢᠴᠡᠳᠬᠡᠵᠦ᠂ ᠬᠤᠰᠢᠭᠤᠨ ᠤ ᠨᠠᠮ ᠤᠨ ᠬᠤᠷᠢᠶᠠᠨ ᠤ ᠭᠤᠣᠯ ᠠᠵᠢᠯ ᠤᠨ | ᠲᠣᠭᠤᠷᠢᠨ ᠳᠤ ᠬᠢᠨᠠᠯᠲᠠ ᠲᠠᠯᠪᠢᠬᠤ ᠠᠵᠢᠯ ᠢᠶᠠᠨ ᠪᠠᠶᠢᠷᠢᠯᠠᠭᠤᠯᠵᠤ᠂ ᠠᠷᠠᠳ ᠲᠦᠮᠡᠨ ᠤ ᠠᠵᠠ ᠵᠢᠷᠭᠠᠯ ᠢ | ᠨᠡᠮᠡᠭᠳᠡᠭᠦᠯᠬᠦ ᠪᠠᠷ ᠡᠬᠢᠯᠡᠯᠲᠡ ᠪᠠ ᠲᠡᠭᠦᠰᠬᠡᠯ ᠪᠣᠯᠭᠠᠵᠤ᠂ ᠬᠠᠤᠯᠢ ᠶᠣᠰᠣᠭᠠᠷ ᠬᠢᠨᠠᠯᠲᠠ ᠲᠠᠯᠪᠢᠬᠤ᠂ ᠵᠥᠪ ᠬᠢᠨᠠᠯᠲᠠ | ᠲᠠᠯᠪᠢᠬᠤ᠂ ᠪᠦᠲᠦᠮᠵᠢᠲᠡᠶ ᠬᠢᠨᠠᠯᠲᠠ ᠲᠠᠯᠪᠢᠬᠤ ᠶᠢ ᠪᠠᠷᠢᠮᠲᠠᠯᠠᠨ᠂ ᠡᠯ᠎ᠡ ᠵᠦᠢᠯ ᠤᠨ ᠬᠠᠤᠯᠢ ᠪᠠᠷ ᠲᠣᠭᠲᠠᠭᠠᠭᠰᠠᠨ | ᠬᠢᠨᠠᠯᠲᠠ ᠲᠠᠯᠪᠢᠬᠤ ᠠᠷᠭ᠎ᠠ ᠬᠡᠯᠪᠡᠷᠢ ᠶᠢ ᠶᠡᠷᠦᠩᠬᠡᠶᠢᠯᠡᠨ ᠬᠡᠷᠡᠭᠯᠡᠵᠦ᠂ ᠬᠢᠨᠠᠯᠲᠠ ᠲᠠᠯᠪᠢᠬᠤ ᠪᠣᠳᠠᠲᠤ ᠦᠷ᠎ᠡ | ᠪᠦᠲᠦᠮᠵᠢ ᠶᠢ ᠴᠢᠷᠮᠠᠶᠢᠨ ᠳᠡᠭᠡᠭᠰᠢᠯᠡᠭᠦᠯᠦᠨ᠎ᠡ ᠃ | ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠬᠠᠮᠠᠭᠠᠯᠠᠨ᠎ᠠ ᠃ ︽ᠶᠠᠪᠤᠴᠠ ᠶᠢ ᠨᠢ ᠦᠵᠡᠬᠦ ᠮᠥᠷᠲᠡᠭᠡᠨ | ᠦᠷ᠎ᠡ ᠳ᠋ᠦᠩ ᠢ ᠨᠢ ᠴᠦ ᠦᠵᠡᠬᠦ︾ ᠦᠵᠡᠯ ᠤᠬᠠᠮᠰᠠᠷ ᠢ ᠴᠢᠩᠭᠠᠳᠬᠠᠵᠤ᠂ ᠲᠥᠯᠥᠪᠯᠡᠭᠡ᠂ ᠲᠥᠰᠥᠪ ᠤᠨ | ᠭᠦᠢᠴᠡᠳᠬᠡᠯ ᠪᠠ ᠬᠢᠨᠠᠨ ᠪᠣᠳᠣᠯᠲᠠ ᠶᠢᠨ ᠴᠡᠭᠴᠡᠯᠡᠨ ᠰᠠᠶᠢᠵᠢᠷᠠᠭᠤᠯᠤᠯᠲᠠ ᠳᠤ ᠬᠢᠨᠠᠯᠲᠠ ᠲᠠᠯᠪᠢᠬᠤ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠬᠠᠤᠯᠢ ᠶᠣᠰᠣᠭᠠᠷ ᠲᠥᠰᠥᠪ ᠤᠨ ᠭᠦᠢᠴᠡᠳᠬᠡᠯ ᠪᠠ ᠲᠥᠰᠥᠪ ᠤᠨ | ᠲᠣᠬᠢᠷᠠᠭᠤᠯᠤᠯᠲᠠ ᠶᠢᠨ ᠲᠥᠰᠥᠯ ᠢ ᠬᠢᠨᠠᠨ ᠪᠠᠶᠢᠴᠠᠭᠠᠵᠤ ᠵᠥᠪᠰᠢᠶᠡᠷᠡᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ | ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠵᠤ᠂ ᠤᠯᠤᠰ ᠤᠨ ᠥᠮᠴᠢᠯᠡᠯ ᠤᠨ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠢ ᠮᠡᠳᠡᠭᠦᠯᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠤᠯᠤᠰ ᠤᠨ | ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠰᠬᠠᠢ | ᠠᠵᠢᠯ ᠤᠨ ᠮᠡᠳᠡᠭᠦᠯᠦᠯᠲᠡ ᠶᠢ ᠰᠣᠨᠣᠰᠴᠤ᠂ ᠪᠠᠶᠢᠳᠠᠯ ᠢ ᠣᠶᠢᠯᠠᠭᠠᠨ᠂ ᠪᠣᠳᠠᠲᠠᠢ ᠪᠠᠶᠢᠳᠠᠯ ᠢ ᠣᠶᠢᠯᠠᠭᠠᠨ᠂ | ᠨᠣᠶᠢᠷᠮᠣᠭᠯᠠᠵᠤ ᠪᠠᠶᠢᠭ᠎ᠠ ᠡᠬᠢ ᠪᠠᠶᠠᠯᠢᠭ ᠢ ᠰᠡᠷᠭᠦᠭᠡᠵᠦ᠂ ᠳᠠᠷᠤᠭᠳᠠᠵᠤ ᠪᠠᠶᠢᠭ᠎ᠠ ᠡᠳ᠋ ᠬᠥᠷᠥᠩᠭᠡ ᠶᠢ ᠠᠮᠢᠯᠠᠭᠤᠯᠤᠨ᠂ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠬᠡᠮᠳᠦᠭ ᠠᠭᠤᠯᠠ ᠬᠥᠬᠡᠮᠳᠦᠭ ᠤᠰᠤ ᠬᠥᠬᠡ | ᠣᠭᠲᠠᠷᠭᠤᠢ ᠶᠢ ᠰᠠᠶᠢᠲᠤᠷ ᠬᠠᠮᠠᠭᠠᠯᠠᠬᠤ ᠳᠤ ᠢᠳᠡᠪᠬᠢᠲᠡᠢ ᠴᠢᠷᠮᠠᠶᠢᠯᠭ᠎ᠠ ᠭᠠᠷᠭᠠᠨ᠎ᠠ᠃ ᠰᠦᠯᠵᠢᠶ᠎ᠡ ᠪᠠᠷ ᠬᠢᠨᠠᠯᠲᠠ | ᠲᠠᠯᠪᠢᠬᠤ ᠪᠠ ᠲᠤᠰᠬᠠᠢ ᠵᠦᠢᠯ ᠢᠶᠠᠷ ᠬᠢᠨᠠᠯᠲᠠ ᠲᠠᠯᠪᠢᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠪᠥᠬᠦ | ᠬᠤᠰᠢᠭᠤᠨ ᠤ ᠴᠢᠬᠤᠯᠠ ᠶᠡᠭᠡ ᠲᠥᠷᠥᠯ ᠵᠦᠢᠯ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ᠂ ᠵᠠᠰᠠᠭ ᠤᠨ | ᠣᠷᠳᠣᠨ ᠤ ᠴᠢᠨᠠᠷᠲᠠᠢ ᠥᠷᠢ ᠥᠭᠴᠡᠭᠡ᠂ ︽ᠭᠤᠷᠪᠠᠨ ᠪᠠᠲᠤᠯᠠᠭ᠎ᠠ ᠶᠢᠨ ᠪᠡᠯᠡ ᠮᠥᠩᠭᠦ︾ ᠪᠠᠷ ᠭᠤᠣᠯᠳᠠᠯᠭ᠎ᠠ | ᠪᠣᠯᠭᠠᠵᠤ᠂ ᠬᠤᠯᠪᠣᠭᠳᠠᠬᠤ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠶᠢᠨ ᠡᠳ᠋ ᠤᠨ ᠵᠠᠰᠠᠭ ᠤᠨ ᠲᠥᠰᠥᠪ ᠢ | ᠭᠦᠢᠴᠡᠳᠬᠡᠭᠰᠡᠨ ᠪᠠᠶᠢᠳᠠᠯ ᠳᠤ ᠲᠤᠰᠬᠠᠢ ᠬᠢᠨᠠᠯᠲᠠ ᠲᠠᠯᠪᠢᠵᠤ᠂ ︽ᠠᠰᠠᠭᠤᠳᠠᠯ ᠢ ᠢᠯᠡᠷᠡᠭᠦᠯᠬᠦ ︱ ᠲᠤᠰᠢᠶᠠᠨ | ᠥᠭᠴᠦ ᠰᠢᠢᠳᠪᠦᠷᠢᠯᠡᠭᠦᠯᠬᠦ ︱ ᠮᠥᠷᠳᠡᠵᠦ ᠴᠡᠭᠴᠡᠯᠡᠨ ᠰᠠᠶᠢᠵᠢᠷᠠᠭᠤᠯᠬᠤ ︱ ᠨᠠᠶᠢᠳᠠᠪᠤᠷᠢᠵᠢᠭᠤᠯᠵᠤ ᠬᠠᠷᠢᠭᠤ | ᠲᠤᠰᠬᠠᠬᠤ︾ ᠲᠥᠰᠥᠪ ᠤᠨ ᠰᠦᠯᠵᠢᠶᠡᠨ ᠳᠠᠬᠢ ᠬᠢᠨᠠᠯᠲᠠ ᠶᠢᠨ ᠪᠢᠲᠡᠭᠦᠦ ᠴᠠᠭᠠᠷᠢᠭ ᠬᠡᠯᠪᠡᠷᠢ ᠶᠢᠨ ᠠᠵᠢᠯᠯᠠᠭᠠᠨ ᠤ | ᠲᠣᠭᠲᠠᠴᠠ ᠶᠢ ᠬᠡᠷᠡᠭᠵᠢᠭᠦᠯᠵᠦ᠂ ᠬᠢᠨᠠᠯᠲᠠ ᠶᠢᠨ ᠦᠷ᠎ᠡ ᠪᠦᠲᠦᠮᠵᠢ ᠶᠢ ᠪᠠᠲᠤᠯᠠᠨ᠎ᠠ ᠃ | ᠠᠷᠠᠳ ᠤᠨ ᠠᠮᠢᠳᠤᠷᠠᠯ ᠤᠨ ᠨᠡᠶᠢᠭᠡᠮ ᠤᠨ ᠦᠢᠯᠡᠰ ᠢ ᠠᠩᠬᠠᠷᠤᠨ᠎ᠠ ᠃ ᠤᠯᠠᠨ ᠲᠦᠮᠡᠨ ᠤ ᠠᠩᠬᠠᠷᠴᠤ | ᠪᠠᠶᠢᠭ᠎ᠠ ᠠᠰᠠᠭᠤᠳᠠᠯ ᠳᠤ ᠢᠳᠡᠪᠬᠢᠲᠡᠢ ᠪᠠᠷ ᠬᠠᠷᠢᠭᠤᠯᠲᠠ ᠥᠭᠴᠦ ᠂ ᠲᠥᠯᠥᠭᠡᠯᠡᠭᠴᠢᠳ ᠢ ᠵᠣᠬᠢᠶᠠᠨ ᠪᠠᠶᠢᠭᠤᠯᠤᠨ | ᠬᠤᠳᠠ ᠬᠥᠳᠡᠭᠡ ᠶᠢᠨ ᠢᠯᠴᠢ ᠬᠠᠩᠭᠠᠵᠤ ᠪᠠᠶᠢᠭ᠎ᠠ ᠪᠠᠶᠢᠳᠠᠯ ᠢ ᠲᠥᠪᠯᠡᠷᠡᠭᠦᠯᠦᠨ ᠪᠠᠶᠢᠴᠠᠭᠠᠨ ᠦᠵᠡᠭᠦᠯᠵᠦ ᠂ ᠢᠯᠴᠢ | ᠬᠠᠩᠭᠠᠬᠤ ᠴᠢᠳᠠᠪᠤᠷᠢ ᠂ ᠢᠯᠴᠢ ᠬᠡᠷᠡᠭᠯᠡᠬᠦ ᠬᠡᠷᠡᠭᠴᠡᠭ᠊ ᠡ᠋᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠵᠡᠷᠭᠡ | ᠲᠠᠯ᠎ᠠ ᠪᠠᠷ ᠭᠦᠨᠵᠡᠭᠡᠢ ᠪᠠᠶᠢᠴᠠᠭᠠᠨ ᠰᠤᠳᠤᠯᠤᠯᠲᠠ ᠬᠢᠪᠡ ᠃ ︽ᠨᠢᠳᠦᠨ ᠡᠮᠦᠨᠡᠬᠢ ᠪᠠᠨ ᠬᠠᠷᠠᠬᠤ ᠮᠥᠷᠲᠡᠭᠡᠨ ᠠᠯᠤᠰ | ᠢᠷᠡᠭᠡᠳᠦᠢ ᠪᠠᠨ ᠬᠠᠷᠠᠬᠤ︾ ᠰᠡᠳᠬᠢᠬᠦᠢ ᠶᠢ ᠪᠠᠲᠤ ᠪᠠᠬᠢ ᠪᠣᠶ ᠪᠣᠯᠭᠠᠵᠤ᠂ ᠬᠥᠳᠡᠭᠡ ᠲᠣᠰᠬᠤᠨ ᠤ ᠵᠠᠮ ᠤᠨ | ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢ | ᠥᠷᠨᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ | ᠬᠡᠷᠡᠭᠵᠢᠭᠦᠯᠦᠯᠲᠡ ᠳᠤ ᠬᠦᠴᠦᠨ ᠨᠡᠮᠡᠷᠢᠯᠡᠪᠡ᠃ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠠᠵᠢᠯ ᠢ | ᠭᠦᠨᠵᠡᠭᠡᠢ᠂ ᠨᠠᠷᠢᠯᠢᠭ᠂ ᠪᠣᠳᠠᠲᠠᠶᠢᠵᠢᠭᠤᠯᠤᠨ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠲᠠ | ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠪᠠᠶᠢᠳᠠᠯ ᠤᠨ ᠲᠤᠰᠬᠠᠢ ᠰᠡᠳᠦᠪᠲᠦ ᠪᠠᠶᠢᠴᠠᠭᠠᠨ | ᠰᠤᠳᠤᠯᠤᠯᠲᠠ ᠶᠢ ᠥᠷᠨᠢᠭᠦᠯᠵᠦ᠂ ᠮᠠᠨ ᠤ ᠬᠤᠰᠢᠭᠤᠨ ᠤ ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠨ ᠠᠬᠢᠭᠤᠯᠤᠨ᠎ᠠ᠃ | ᠠᠷᠠᠳ ᠤᠯᠠᠨ ᠤ ᠪᠠᠶᠢᠳᠠᠯ ᠢ ᠮᠡᠳᠡᠬᠦ ᠡᠷᠬᠡ ᠂ ᠣᠷᠤᠯᠴᠠᠬᠤ ᠡᠷᠬᠡ ᠪᠠ ᠬᠢᠨᠠᠯᠲᠠ ᠲᠠᠯᠪᠢᠬᠤ ᠡᠷᠬᠡ ᠶᠢ ᠭᠦᠢᠴᠡᠳ | ᠪᠠᠲᠤᠯᠠᠵᠤ ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠦᠢᠯᠡᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠳᠤ ᠬᠢᠨᠠᠯᠲᠠ ᠲᠠᠯᠪᠢᠬᠤ ᠲᠥᠰᠥᠯ ᠢ ᠲᠣᠭᠲᠠᠭᠠᠵᠤ ᠂ ᠵᠦᠢᠯᠡᠰ ᠢ ᠲᠦᠯᠬᠢᠨ | ᠠᠬᠢᠭᠤᠯᠤᠭᠰᠠᠨ ᠪᠠᠶᠢᠳᠠᠯ ᠤᠨ ᠮᠡᠳᠡᠭᠦᠯᠦᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠰᠣᠨᠣᠰᠴᠤ ᠂ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠵᠦᠢᠯᠡᠰ ᠢ ᠰᠠᠶᠢᠲᠤᠷ ᠬᠢᠵᠦ ᠪᠣᠳᠠᠲᠠᠢ ᠪᠠᠷ ᠬᠢᠬᠦ ᠶᠢ ᠲᠦᠯᠬᠢᠨ ᠠᠬᠢᠭᠤᠯᠤᠨ᠎ᠠ ᠃ | | ᠬᠠᠤᠯᠢᠵᠢᠯ ᠤᠨ ᠡᠮᠦᠨᠡᠳᠦ ᠬᠤᠰᠢᠭᠤᠨ ᠤ ᠪᠠᠶᠢᠭᠤᠯᠤᠯᠲᠠ ᠶᠢ ᠠᠬᠢᠭᠤᠯᠤᠨ᠎ᠠ᠃ ᠬᠠᠤᠯᠢ ᠴᠠᠭᠠᠵᠠ ᠬᠠᠤᠯᠢ | ᠲᠣᠭᠲᠠᠭᠠᠯ ᠤᠨ ᠪᠦᠲᠦᠮᠵᠢᠲᠡᠶ ᠬᠡᠷᠡᠭᠵᠢᠭᠦᠯᠦᠭᠳᠡᠬᠦ ᠶᠢ ᠲᠦᠯᠬᠢᠨ ᠠᠬᠢᠭᠤᠯᠬᠤ ᠶᠢ ᠪᠣᠳᠣᠯᠬᠢᠯᠠᠨ ᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ︾ ᠂ ︽ ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠶᠢ ᠬᠡᠷᠡᠭᠵᠢᠭᠦᠯᠬᠦ | ᠳᠦᠷᠢᠮ ︾ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ | ᠥᠷᠨᠢᠭᠦᠯᠪᠡ ᠃ ︽ᠰᠢᠨ᠎ᠡ ᠴᠠᠭ ᠦᠶ᠎ᠡ ᠶᠢᠨ ᠪᠠᠶᠢᠴᠠᠭᠠᠬᠤ ᠪᠠᠶᠢᠭᠤᠯᠤᠯᠭ᠎ᠠ ᠶᠢᠨ ᠬᠠᠤᠯᠢ ᠴᠠᠭᠠᠵᠠ ᠶᠢᠨ ᠬᠢᠨᠠᠯᠲᠠ | ᠲᠠᠯᠪᠢᠬᠤ ᠠᠵᠢᠯ ᠢ ᠴᠢᠩᠭᠠᠳᠬᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠰᠠᠨᠠᠯ︾ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠰᠠᠨᠠᠯ︾ ᠤᠨ ᠭᠤᠣᠯᠳᠠᠯᠭ᠎ᠠ ᠲᠠᠢ | ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠳᠤ ᠲᠤᠰᠬᠠᠢ ᠰᠡᠳᠦᠪᠲᠦ ᠪᠠᠶᠢᠴᠠᠭᠠᠨ | ᠰᠤᠳᠤᠯᠤᠯᠲᠠ ᠬᠢᠵᠦ᠂ ᠪᠠᠶᠢᠴᠠᠭᠠᠬᠤ ᠪᠠᠶᠢᠭᠤᠯᠤᠯᠭ᠎ᠠ ᠶᠢᠨ ᠦᠨᠳᠦᠰᠦᠨ ᠬᠠᠤᠯᠢ ᠂ ᠬᠠᠤᠯᠢ ᠴᠠᠭᠠᠵᠠ ᠠᠴᠠ | ᠣᠯᠭᠤᠭᠰᠠᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ | ᠭᠦᠢᠴᠡᠳᠬᠡᠬᠦ ᠶᠢ ᠠᠬᠢᠭᠤᠯᠪᠠ᠃ ᠣᠷᠣᠨ᠂ ᠠᠶᠢᠮᠠᠭ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠤᠨ ᠠᠵᠢᠯ ᠤᠨ ᠲᠣᠭᠲᠠᠴᠠ ᠶᠢ | ᠦᠷᠭᠦᠯᠵᠢᠯᠡᠨ ᠪᠠᠳᠠᠷᠠᠭᠤᠯᠵᠤ᠂ ᠬᠠᠤᠯᠢ ᠲᠣᠭᠲᠠᠭᠠᠬᠤ ᠳᠤ ᠣᠷᠤᠯᠴᠠᠬᠤ ︽123︾ ᠠᠵᠢᠯ ᠤᠨ ᠰᠢᠰᠲ᠋ᠧᠮᠵᠢ ᠶᠢ | ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠨᠠᠩ ᠣᠯᠠᠨ ︽ ᠡᠮᠦᠨᠡᠳᠦ ᠬᠤᠰᠢᠭᠤᠨ ᠤ ᠲᠠᠭᠤᠨ︾ ᠢ ᠤᠯᠤᠰ ᠤᠨ | ᠬᠠᠤᠯᠢ ᠴᠠᠭᠠᠵᠠ ᠪᠠ ᠣᠷᠣᠨ ᠨᠤᠲᠤᠭ ᠤᠨ ᠬᠠᠤᠯᠢ ᠲᠣᠭᠲᠠᠭᠠᠯ ᠳᠤ ᠪᠢᠴᠢᠵᠦ ᠣᠷᠣᠭᠤᠯᠬᠤ ᠪᠠᠷ ᠴᠢᠷᠮᠠᠶᠢᠨ᠎ᠠ᠃ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠶᠢᠨ | ᠬᠠᠤᠯᠢ ︾ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠵᠦ᠂ ᠰᠢᠨᠵᠢᠯᠡᠬᠦ ᠤᠬᠠᠭᠠᠨ | ᠮᠡᠷᠭᠡᠵᠢᠯ ᠤᠨ ᠨᠢᠭᠡᠳᠦᠭᠡᠷ ᠦᠢᠯᠡᠳᠪᠦᠷᠢᠯᠡᠯ ᠤᠨ ᠬᠦᠴᠦᠨ ᠂ ᠰᠢᠨ᠎ᠡ ᠶᠢ ᠡᠭᠦᠳᠬᠦ ᠨᠢᠭᠡᠳᠦᠭᠡᠷ ᠬᠥᠳᠡᠯᠭᠡᠭᠴᠢ ᠬᠦᠴᠦᠨ᠂ | ᠴᠢᠳᠠᠪᠤᠷᠢᠲᠠᠨ ᠤ ᠨᠢᠭᠡᠳᠦᠭᠡᠷ ᠡᠬᠢ ᠪᠠᠶᠠᠯᠢᠭ ᠤᠨ ᠦᠢᠯᠡᠳᠦᠯ ᠢ ᠭᠦᠢᠴᠡᠳ ᠪᠠᠳᠠᠷᠠᠭᠤᠯᠵᠤ ᠂ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠢ ᠲᠦᠯᠬᠢᠨ | ᠠᠬᠢᠭᠤᠯᠤᠨ᠎ᠠ ᠃ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠳᠠᠩᠰᠠᠯᠠᠵᠤ ᠂ ᠬᠢᠨᠠᠨ ᠪᠠᠶᠢᠴᠠᠭᠠᠬᠤ | ᠶ᠋ᠢ ᠭᠦᠨᠵᠡᠭᠡᠢ ᠥᠷᠨᠢᠭᠦᠯᠵᠦ ᠂ ᠮᠡᠳᠡᠭᠦᠯᠦᠨ ᠬᠦᠷᠭᠡᠵᠦ ᠳᠠᠩᠰᠠᠯᠠᠭᠤᠯᠬᠤ ᠠᠵᠢᠯ ᠤᠨ ᠬᠢᠷᠢ ᠬᠡᠮᠵᠢᠶ᠎ᠡ | ᠪᠣᠯᠣᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠬᠤ ᠶᠠᠰᠤ ᠴᠢᠨᠠᠷ ᠢ ᠳᠡᠭᠡᠭᠰᠢᠯᠡᠭᠦᠯᠬᠦ | ᠬᠡᠷᠡᠭᠲᠡᠢ ᠃ | ᠭᠤᠷᠪᠠ ᠳᠤ ᠂ ᠨᠠᠩ ᠰᠢᠯᠢᠳᠡᠭ ᠦᠢᠯᠡᠴᠢᠯᠡᠭᠡ ᠪᠠᠷ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ | ᠭᠦᠢᠴᠡᠳᠬᠡᠬᠦ ᠶᠢ ᠳᠡᠮᠵᠢᠵᠦ᠂ ᠠᠷᠠᠳ ᠲᠦᠮᠡᠨ ᠤ ᠲᠥᠯᠥᠭᠡ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ | ᠲᠠᠯ᠎ᠠ ᠪᠠᠷ ᠳᠠᠯᠳᠠ ᠬᠦᠴᠦᠨ ᠢ ᠭᠦᠨᠵᠡᠭᠡᠢ ᠠᠭᠤᠳᠠᠯᠤᠨ᠎ᠠ ᠃ 2023 ᠣᠨ ᠳᠤ ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠦᠢᠯᠡᠴᠢᠯᠡᠭᠡᠨ ᠤ ᠪᠠᠲᠤᠯᠠᠭ᠎ᠠ ᠶᠢᠨ | ᠲᠣᠭᠲᠠᠴᠠ ᠶᠢ ᠦᠷᠭᠦᠯᠵᠢᠯᠡᠨ ᠴᠢᠩᠭᠠᠳᠬᠠᠵᠤ ᠂ ᠲᠥᠯᠥᠭᠡᠯᠡᠭᠴᠢᠳ ᠤᠨ ᠠᠵᠢᠯ ᠤᠨ ᠠᠴᠢᠶᠠᠯᠠᠪᠤᠷᠢ ᠶᠢ ᠲᠠᠰᠤᠷᠠᠯᠳᠠ | ᠦᠭᠡᠢ ᠲᠡᠭᠦᠯᠳᠡᠷᠵᠢᠭᠦᠯᠵᠦ ᠂ ᠲᠥᠯᠥᠭᠡᠯᠡᠭᠴᠢᠳ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠪᠠ ᠤᠯᠠᠨ ᠲᠦᠮᠡᠨ ᠲᠠᠢ ᠬᠠᠷᠢᠯᠴᠠᠬᠤ ᠳᠤ ᠢᠳᠡᠪᠬᠢᠲᠡᠢ ᠪᠠᠷ ᠨᠥᠬᠦᠴᠡᠯ ᠪᠦᠷᠢᠯᠳᠦᠭᠦᠯᠵᠦ ᠥᠭᠭᠦᠨ᠎ᠡ ᠃ | | ᠲᠥᠯᠥᠭᠡᠯᠡᠭᠴᠢᠳ ᠪᠣᠯᠣᠨ ᠤᠯᠠᠨ ᠲᠦᠮᠡᠨ ᠤ ᠬᠠᠷᠢᠯᠴᠠᠭ᠎ᠠ ᠶᠢ ᠴᠢᠩᠭᠠᠳᠬᠠᠨ᠎ᠠ ᠃ ᠪᠠᠶᠢᠩᠭᠤ ᠶᠢᠨ | ᠬᠤᠷᠢᠶᠠᠨ ᠤ ᠪᠦᠷᠢᠯᠳᠦᠭᠦᠨ ᠨᠠᠷ ᠤᠨ ᠲᠥᠯᠥᠭᠡᠯᠡᠭᠴᠢᠳ ᠲᠠᠢ ᠬᠠᠷᠢᠯᠴᠠᠬᠤ᠂ ᠲᠥᠯᠥᠭᠡᠯᠡᠭᠴᠢᠳ ᠤᠨ ᠠᠷᠠᠳ | ᠤᠯᠠᠨ ᠲᠠᠢ ᠬᠠᠷᠢᠯᠴᠠᠬᠤ ᠳᠦᠷᠢᠮ ᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ ᠂ ᠲᠥᠯᠥᠭᠡᠯᠡᠭᠴᠢᠳ ᠢ ᠵᠣᠬᠢᠶᠠᠨ | ᠪᠠᠶᠢᠭᠤᠯᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠲᠥᠰᠥᠯ ᠳᠤ ᠵᠠᠰᠠᠪᠤᠷᠢ ᠣᠷᠣᠭᠤᠯᠬᠤ ᠰᠠᠨᠠᠯ ᠢ | ᠴᠤᠭᠯᠠᠭᠤᠯᠬᠤ ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠬᠦ ᠂ ᠪᠠᠶᠢᠴᠠᠭᠠᠨ ᠦᠵᠡᠵᠦ ᠪᠠᠶᠢᠴᠠᠭᠠᠨ | ᠰᠤᠳᠤᠯᠤᠯᠲᠠ ᠬᠢᠬᠦ ᠵᠡᠷᠭᠡ ᠠᠵᠢᠯᠯᠠᠭ᠎ᠠ ᠳᠤ ᠣᠷᠣᠯᠴᠠᠭᠤᠯᠵᠤ᠂ ᠲᠥᠯᠥᠭᠡᠯᠡᠭᠴᠢᠳ ᠤᠨ ᠰᠠᠨᠠᠯ ᠢ ᠬᠢᠨᠠᠮᠠᠭᠠᠢ ᠰᠣᠨᠣᠰᠴᠤ ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠵᠦᠢᠯ ᠤᠨ ᠠᠵᠢᠯ ᠢ ᠠᠷᠠᠳ ᠤᠨ ᠰᠠᠨᠠᠭᠠᠨ ᠤ ᠪᠠᠲᠤ | ᠪᠠᠬᠢ ᠰᠠᠭᠤᠷᠢᠨ ᠳᠡᠭᠡᠷ᠎ᠡ ᠪᠠᠶᠢᠭᠤᠯᠤᠨ᠎ᠠ ᠃ | ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠪᠠᠳᠠᠨ ᠴᠢᠩᠭᠠᠳᠬᠠᠨ᠎ᠠ ᠃ ᠲᠦᠯᠦᠭᠡᠯᠡᠭᠴᠢᠳ ᠤᠨ ᠰᠠᠨᠠᠯ | ᠵᠥᠪᠯᠡᠯᠭᠡ ᠪᠠ ᠰᠠᠨᠠᠭᠤᠯᠭ᠎ᠠ ᠪᠢᠴᠢᠬᠦ ᠠᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠵᠤ᠂ ᠰᠠᠨᠠᠯ ᠵᠥᠪᠯᠡᠯᠭᠡ ᠪᠠ | ᠰᠠᠨᠠᠭᠤᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ ᠃ ᠲᠥᠯᠥᠭᠡᠯᠡᠭᠴᠢᠳ ᠤᠨ ᠰᠠᠨᠠᠭᠤᠯᠭ᠎ᠠ ᠶᠢ ᠰᠦᠯᠵᠢᠶᠡᠨ | ᠳᠡᠭᠡᠷ᠎ᠡ ᠲᠤᠰᠢᠶᠠᠨ ᠰᠢᠢᠳᠪᠦᠷᠢᠯᠡᠭᠦᠯᠬᠦ ᠂ ᠭᠤᠣᠯᠳᠠᠯᠭ᠎ᠠ ᠲᠠᠢ ᠰᠢᠪᠠᠳᠠᠨ ᠰᠢᠢᠳᠪᠦᠷᠢᠯᠡᠭᠦᠯᠬᠦ ᠂ ᠬᠠᠨᠤᠮᠵᠢ ᠦᠭᠡᠢ | ᠵᠦᠢᠯ ᠢ ᠲᠠᠬᠢᠨ ᠰᠢᠢᠳᠪᠦᠷᠢᠯᠡᠭᠦᠯᠬᠦ ᠂ ᠰᠢᠢᠳᠪᠦᠷᠢᠯᠡᠭᠰᠡᠨ ᠦᠷ᠎ᠡ ᠳ᠋ᠦᠩ ᠤᠨ ᠬᠠᠨᠤᠮᠵᠢ ᠶᠢᠨ ᠬᠡᠮᠵᠢᠶ᠎ᠡ ᠶᠢ ᠰᠢᠯᠭᠠᠨ | ᠲᠣᠭᠲᠠᠭᠠᠬᠤ ᠲᠣᠭᠲᠠᠴᠠ ᠶᠢ ᠨᠠᠶᠢᠳᠠᠪᠤᠷᠢᠵᠢᠭᠤᠯᠵᠤ ᠂ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠭᠰᠡᠨ | ᠪᠠᠶᠢᠳᠠᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠶᠠᠷᠢᠯᠴᠠᠬᠤ ᠂ ᠰᠠᠨᠠᠭᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠤᠨ | ᠪᠠᠶᠢᠴᠠᠭᠠᠯᠲᠠ ᠶᠢ ᠥᠷᠨᠢᠭᠦᠯᠬᠦ ᠂ ᠪᠠᠶᠢᠩᠭᠤ ᠶᠢᠨ ᠬᠤᠷᠢᠶᠠᠨ ᠤ ᠤᠳᠤᠷᠢᠳᠤᠯᠭ᠎ᠠ ᠭᠤᠣᠯᠳᠠᠯᠭ᠎ᠠ ᠲᠠᠢ ᠰᠢᠪᠠᠳᠠᠨ | ᠰᠢᠢᠳᠪᠦᠷᠢᠯᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠪᠠᠳᠠᠨ | ᠰᠢᠢᠳᠪᠦᠷᠢᠯᠡᠭᠦᠯᠬᠦ ᠡᠷᠴᠢᠮ ᠢ ᠴᠢᠩᠭᠠᠳᠬᠠᠵᠤ ᠂ ᠲᠥᠯᠥᠭᠡᠯᠡᠭᠴᠢᠳ ᠤᠨ ᠰᠠᠨᠠᠭᠤᠯᠭ᠎ᠠ ᠶᠢ ᠨᠠᠶᠢᠳᠠᠪᠤᠷᠢᠵᠢᠭᠤᠯᠤᠨ | ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠪᠠ ᠃ | ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ ᠃ | ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢᠨ ᠪᠠᠶᠢᠭᠤᠯᠤᠯᠲᠠ ᠶᠢ | ᠭᠦᠨᠵᠡᠭᠡᠶᠢᠷᠡᠭᠦᠯᠦᠨ᠂ ᠰᠤᠷᠤᠯᠴᠠᠯᠭ᠎ᠠ ᠪᠣᠯᠪᠠᠰᠤᠷᠠᠭᠤᠯᠤᠯ ᠤᠨ ᠲᠥᠯᠥᠪᠯᠡᠭᠡ ᠶᠢ ᠬᠡᠷᠡᠭᠵᠢᠭᠦᠯᠵᠦ ᠂ | ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠣᠯᠪᠠᠰᠤᠷᠠᠭᠤᠯᠤᠯ ᠢ ᠬᠤᠭᠤᠴᠠᠭ᠎ᠠ ᠪᠦᠯᠦᠭ | ᠬᠤᠪᠢᠶᠠᠨ ᠥᠷᠨᠢᠭᠦᠯᠵᠦ ᠂ ᠲᠥᠯᠥᠭᠡᠯᠡᠭᠴᠢᠳ ᠤᠨ ᠤᠯᠤᠰ ᠲᠦᠷᠦ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠶᠢ | ᠦᠨᠡᠨ ᠬᠦ ᠪᠠᠲᠤᠯᠠᠵᠤ᠂ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠤ᠂ ᠤᠯᠠᠨ ᠲᠦᠮᠡᠨ ᠲᠠᠢ ᠨᠢᠭᠲᠠ | ᠬᠠᠷᠢᠯᠴᠠᠨ᠎ᠠ ᠃ ︽ ᠪᠠᠶᠢᠭᠤᠯᠬᠤ ︾ ᠂ ︽ ᠬᠠᠮᠢᠶᠠᠷᠬᠤ ︾ ᠂ ︽ ᠬᠡᠷᠡᠭᠯᠡᠬᠦ ︾ ᠶᠢ ᠤᠶᠠᠯᠳᠤᠭᠤᠯᠬᠤ ᠵᠠᠷᠴᠢᠮ | ᠶᠣᠰᠣᠭᠠᠷ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ ᠪᠦᠯᠢ ᠶᠢᠨ | ᠰᠣᠩᠭᠤᠭᠤᠯᠢ ᠶᠢᠨ ᠠᠷᠠᠳ ᠲᠠᠢ ᠬᠠᠷᠢᠯᠴᠠᠬᠤ ᠂ ᠤᠯᠠᠨ ᠲᠦᠮᠡᠨ ᠳᠤ ᠦᠢᠯᠡᠴᠢᠯᠡᠬᠦ ᠲᠠᠪᠴᠠᠩ ᠤᠨ ᠦᠢᠯᠡᠳᠦᠯ ᠢ | ᠦᠷᠭᠦᠯᠵᠢᠯᠡᠨ ᠪᠠᠳᠠᠷᠠᠭᠤᠯᠵᠤ ᠂ ᠬᠤᠷᠠᠯ ᠲᠡᠭᠦᠰᠦᠭᠰᠡᠨ ᠬᠤᠭᠤᠴᠠᠭᠠᠨ ᠳᠠᠬᠢ ᠲᠥᠯᠥᠭᠡᠯᠡᠭᠴᠢᠳ ᠤᠨ ᠠᠵᠢᠯᠯᠠᠭ᠎ᠠ ᠶᠢᠨ | ᠬᠡᠯᠪᠡᠷᠢ ᠪᠠ ᠠᠭᠤᠯᠭ᠎ᠠ ᠶᠢ ᠪᠠᠶᠠᠯᠢᠭᠵᠢᠭᠤᠯᠵᠤ ᠂ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠠᠮᠢᠳᠤᠯᠢᠭ ᠬᠦᠴᠦᠨ ᠢ ᠬᠥᠭᠵᠢᠭᠡᠨ᠎ᠡ ᠃ | ᠳᠥᠷᠪᠡ ᠳᠤ ᠂ ᠨᠠᠩ ᠥᠨᠳᠥᠷ ᠪᠠᠷᠢᠮᠵᠢᠶ᠎ᠠ ᠪᠠᠷ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ | ᠡᠭᠦᠷᠭᠡ ᠲᠤᠰᠢᠶᠠᠯ ᠢᠶᠠᠨ ᠭᠦᠢᠴᠡᠳᠬᠡᠬᠦ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠲᠠᠯ᠎ᠠ ᠪᠠᠷ ᠦᠷᠭᠦᠯᠵᠢᠯᠡᠨ | ᠬᠦᠴᠦᠯᠡᠬᠦ ᠬᠡᠷᠡᠭᠲᠡᠢ ᠃ 2023ᠣᠨ ᠳᠤ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ︽ ᠲᠦᠷᠪᠡᠨ ᠪᠠᠶᠢᠭᠤᠯᠤᠯᠭ᠎ᠠ ︾ ᠶᠢᠨ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠨᠠᠮ ᠤᠨ | ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ︽ᠬᠤᠶᠠᠷ ᠬᠠᠷᠢᠭᠤᠴᠠᠯᠭ᠎ᠠ ︾ ᠪᠣᠯᠣᠨ | ᠤᠳᠤᠷᠢᠳᠬᠤ ᠺᠠᠳ᠋ᠷ ᠤᠨ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ ︾ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ ᠂ ᠢᠯᠵᠢᠷᠡᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ | ᠰᠡᠷᠭᠡᠶᠢᠯᠡᠯᠲᠡ ᠶᠢᠨ ᠱᠤᠭᠤᠮ ᠪᠣᠯᠣᠨ.ᠪᠠᠶᠢᠩᠭᠤ ᠶᠢᠨ ᠬᠤᠷᠢᠶᠠᠨ ᠤ ᠪᠦᠷᠢᠯᠳᠦᠭᠦᠨ ᠬᠥᠮᠥᠰ ᠪᠠ ᠪᠠᠶᠢᠭᠤᠯᠭ᠎ᠠ ᠶᠢᠨ | ᠺᠠᠳ᠋ᠷᠴᠤᠳ ᠤᠨ ᠡᠩᠨᠡᠭᠡᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ ᠂ ᠨᠠᠮ ᠤᠨ ᠰᠢᠨ᠎ᠡ ᠶᠢ ᠡᠭᠦᠳᠬᠦ | ᠤᠨᠤᠯ ᠤᠨ ᠰᠤᠷᠤᠯᠴᠠᠯᠭ᠎ᠠ ᠶᠢ ᠪᠠᠶᠢᠩᠭᠤᠵᠢᠭᠤᠯᠬᠤ ᠪᠠ ᠳᠦᠷᠢᠮᠵᠢᠭᠦᠯᠬᠦ ᠶᠢ ᠭᠦᠨᠵᠡᠭᠡᠢ ᠲᠦᠯᠬᠢᠨ ᠠᠬᠢᠭᠤᠯᠵᠤ ᠂ | ᠦᠵᠡᠯ ᠰᠠᠨᠠᠭ᠎ᠠ ᠤᠯᠤᠰ ᠲᠦᠷᠦ ᠶᠢᠨ ᠬᠡᠪ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠵᠦ ᠂ ᠬᠠᠤᠯᠢ ᠶᠣᠰᠣᠭᠠᠷ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠂ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ | ᠳᠡᠭᠡᠭᠰᠢᠯᠡᠭᠦᠯᠦᠨ᠎ᠡ ᠃ ᠲᠤᠰᠬᠠᠢ ᠺᠣᠮᠢᠰ ᠪᠠ ᠳᠣᠲᠣᠭᠠᠳᠤ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠪᠠᠨ | ᠪᠠᠳᠠᠷᠠᠭᠤᠯᠬᠤ ᠶᠢ ᠴᠢᠩᠭᠠᠳᠬᠠᠵᠤ ᠂ ᠴᠢᠬᠤᠯᠠ ᠶᠡᠭᠡ ᠤᠴᠢᠷ ᠶᠠᠪᠤᠳᠠᠯ ᠢ ᠲᠣᠭᠲᠠᠭᠠᠬᠤ ᠂ ᠬᠢᠨᠠᠯᠲᠠ ᠲᠠᠯᠪᠢᠬᠤ | ᠠᠵᠢᠯ ᠢ ᠲᠦᠯᠬᠢᠨ ᠠᠬᠢᠭᠤᠯᠬᠤ ᠂ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠪᠠᠳᠠᠨ ᠰᠢᠢᠳᠪᠦᠷᠢᠯᠡᠭᠦᠯᠬᠦ ᠂ ᠬᠢᠨᠠᠨ | ᠶᠠᠷᠢᠯᠴᠠᠬᠤ ᠶᠠᠰᠤ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ ᠵᠥᠪᠯᠡᠭᠴᠢ ᠪᠠ ᠬᠠᠪᠰᠤᠷᠤᠭᠴᠢ ᠶᠢᠨ ᠦᠢᠯᠡᠳᠦᠯ ᠢᠶᠠᠨ | ᠢᠳᠡᠪᠬᠢᠲᠡᠢ ᠪᠠᠳᠠᠷᠠᠭᠤᠯᠪᠠ ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠤᠬᠠᠭᠤᠯᠭ᠎ᠠ ᠪᠠ | ᠰᠣᠯᠢᠯᠴᠠᠭ᠎ᠠ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠪᠠ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯᠯᠠᠬᠤ ᠬᠤᠷᠢᠶ᠎ᠠ ᠶᠢᠨ ᠵᠢᠯᠣᠭᠤᠳᠤᠯᠭ᠎ᠠ ᠪᠠ ᠳᠡᠮᠵᠢᠯᠭᠡ ᠶᠢ ᠰᠠᠨᠠᠭᠠᠴᠢᠯᠠᠭ᠎ᠠ ᠠᠴᠠ ᠪᠠᠨ ᠲᠡᠮᠡᠴᠡᠨ ᠣᠯᠵᠤ᠂ | ᠠᠶᠢᠮᠠᠭ ᠤᠨ ᠳᠣᠲᠣᠨ᠎ᠠ ᠭᠠᠳᠠᠨᠠᠬᠢ ᠠᠬ᠎ᠠ ᠳᠡᠭᠦᠦ ᠬᠤᠰᠢᠭᠤ ᠰᠢᠶᠠᠨ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠯᠤᠭ᠎ᠠ ᠶᠢᠨ ᠠᠵᠢᠯ ᠤᠨ ᠬᠠᠷᠢᠯᠴᠠᠭ᠎ᠠ ᠪᠠᠨ ᠴᠢᠩᠭᠠᠳᠬᠠᠨ᠂ ᠠᠵᠢᠯ ᠤᠨ ᠰᠢᠨ᠎ᠡ | ᠰᠡᠳᠬᠢᠮᠵᠢ ᠪᠠᠨ ᠥᠷᠭᠡᠳᠬᠡᠵᠦ᠂ ᠠᠵᠢᠯ ᠤᠨ ᠰᠢᠨ᠎ᠡ ᠠᠷᠭᠠᠬᠤᠰᠢᠭᠤ ᠰᠢᠶᠠᠩ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ︽ᠨᠢᠭᠡ ᠬᠥᠯᠭᠡ ᠰᠢᠲᠠᠷ᠎ᠠ︾ ᠶᠢᠨ ᠬᠠᠮᠵᠢᠯᠴᠠᠨ ᠬᠥᠳᠡᠯᠦᠯᠴᠡᠬᠦ ᠶᠢ | ᠴᠢᠩᠭᠠᠳᠬᠠᠵᠤ᠂ ᠭᠤᠣᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠬᠠᠮᠲᠤᠪᠠᠷ ᠠᠬᠢᠭᠤᠯᠵᠤ᠂ ᠰᠤᠮᠤ | ᠰᠢᠶᠠᠩ ᠪᠠᠯᠭᠠᠰᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠤᠷᠰᠢᠯᠭ᠎ᠠ ᠰᠣᠯᠢᠯᠴᠠᠬᠤ | ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠪᠥᠬᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠳᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠰᠢᠨ᠎ᠡ ᠳᠦᠷᠰᠦ ᠪᠠᠶᠢᠳᠠᠯ ᠲᠠᠢ ᠪᠣᠯᠬᠤ ᠶᠢ | ᠠᠬᠢᠭᠤᠯᠤᠨ᠎ᠠ ᠃ | ᠲᠥᠯᠥᠭᠡᠯᠡᠭᠴᠢᠳ ᠠ᠋ ᠂ ᠰᠢᠨ᠎ᠡ ᠠᠶᠠᠨ ᠵᠠᠮ ᠳᠤ ᠂ ᠰᠢᠨ᠎ᠡ ᠡᠭᠦᠷᠭᠡ ᠬᠠᠷᠢᠭᠤᠴᠠᠯᠭ᠎ᠠ ᠨᠢ ᠰᠢᠨ᠎ᠡ ᠡᠭᠦᠷᠭᠡᠯᠡᠯ ᠂ | ᠰᠢᠨ᠎ᠡ ᠵᠢᠳᠬᠦᠯ ᠴᠢᠷᠮᠠᠶᠢᠯᠭ᠎ᠠ ᠶᠢ ᠬᠦᠰᠡᠨ ᠱᠠᠭᠠᠷᠳᠠᠵᠤ ᠪᠠᠶᠢᠨ᠎ᠠ ᠃ ᠬᠦᠰᠡᠯ ᠡᠷᠡᠮᠡᠯᠵᠡᠯ ᠢᠶᠠᠷ ᠪᠢᠯᠬᠠᠮ᠎ᠠ 2023 | ᠣᠨ ᠳᠤ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ | ᠨᠢᠭᠲᠠᠷᠠᠨ ᠪᠦᠯᠬᠦᠮᠳᠡᠵᠦ᠂ ᠬᠤᠰᠢᠭᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠭ | ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ | ᠠᠵᠢᠯᠯᠠᠵᠤ᠂ ᠡᠷᠡᠯᠬᠡᠭᠯᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠠᠬᠢᠭᠤᠯᠬᠤ ᠳᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ ᠢᠶᠠᠨ ᠡᠷᠭᠦᠨ᠎ᠡ︕ | | |