︱ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ ᠶᠢ | ᠰᠤᠷᠪᠤᠯᠵᠢᠯᠠᠭᠰᠠᠨ ᠨᠢ | ︽ᠨᠠᠮ ᠤᠨ ᠬᠤᠷᠢᠳᠤᠭᠠᠷ ᠶᠡᠭᠡ ᠬᠤᠷᠠᠯ ᠪᠣᠯ ᠨᠢᠭᠡ ᠤᠳᠠᠭ᠎ᠠ ᠶᠢᠨ ᠲᠡᠦᠬᠡᠲᠦ ᠴᠢᠨᠠᠷᠲᠠᠢ ᠦᠪᠡᠳᠡᠭᠰᠢ ᠬᠤᠷᠠᠯ | ᠪᠣᠯᠣᠨ᠎ᠠ᠂ ᠶᠡᠷᠦᠩᠬᠡᠢ ᠱᠦᠵᠢ ᠰᠢ ᠶᠢᠨ ᠫᠢᠩ ᠤᠨ ᠬᠢᠭᠰᠡᠨ ᠢᠯᠡᠳᠬᠡᠯ ᠨᠢ ᠲᠤᠭ ᠢ ᠥᠨᠳᠥᠷ ᠮᠠᠨᠳᠤᠭᠤᠯᠵᠤ | ᠠᠶᠠᠯᠠᠯ ᠤᠨ ᠴᠢᠭᠯᠡᠯ ᠢ ᠬᠥᠲᠥᠯᠥᠨ ᠳᠠᠭᠠᠭᠤᠯᠵᠤ᠂ ᠴᠠᠭ ᠦᠶ᠎ᠡ ᠶᠢᠨ ᠶᠡᠭᠡ ᠬᠠᠨᠳᠤᠰᠢ ᠶᠢ ᠡᠵᠡᠮᠳᠡᠵᠦ᠂ ᠨᠠᠮ ᠤᠨ | ᠰᠡᠳᠬᠢᠯ ᠠᠷᠠᠳ ᠤᠨ ᠰᠡᠳᠬᠢᠯ ᠳᠤ ᠨᠡᠶᠢᠴᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠠᠬᠢᠭᠤᠯᠬᠤ ᠤᠯᠤᠰ ᠲᠦᠷᠦ ᠶᠢᠨ ᠲᠤᠩᠬᠠᠭ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ | ᠪᠡᠶᠡᠯᠡᠭᠦᠯᠬᠦ ᠠᠵᠢᠯᠯᠠᠭᠠᠨ ᠤ ᠬᠥᠲᠥᠯᠪᠦᠷᠢ ᠪᠣᠯᠣᠨ᠎ᠠ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ | ᠤᠬᠠᠮᠰᠠᠷ ᠠᠴᠠ ᠪᠠᠨ︿ᠬᠤᠶᠠᠷ ᠢ ᠲᠣᠭᠲᠠᠭᠠᠬᠤ﹀ ᠶᠢᠨ ᠦᠨᠡᠨᠴᠢ ᠰᠢᠳᠤᠷᠭᠤ ᠬᠦᠷᠢᠶᠡᠯᠡᠭᠴᠢ᠂ ︿ᠬᠤᠶᠠᠷ ᠢ ᠬᠠᠮᠠᠭᠠᠯᠠᠬᠤ | ﹀ ᠶᠢᠨ ᠡᠷᠡᠰ ᠪᠠᠲᠤ ᠦᠢᠯᠡᠳᠦᠯᠭᠡᠵᠢᠭᠦᠯᠦᠭᠴᠢ ᠪᠣᠯᠵᠤ᠂ ︿ᠳᠥᠷᠪᠡᠨ ᠤᠬᠠᠮᠰᠠᠷ﹀ ᠢᠶᠠᠨ ᠤᠯᠠᠮ ᠨᠢᠭᠡ ᠠᠯᠬᠤᠮ | ᠴᠢᠩᠭᠠᠳᠬᠠᠵᠤ᠂ ︿ᠳᠥᠷᠪᠡᠨ ᠢᠲᠡᠭᠡᠯ﹀ ᠢᠶᠠᠨ ᠪᠠᠲᠤᠳᠬᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠲᠡᠷᠡ ᠬᠡᠪ ᠢᠶᠠᠷ ᠨᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠨ ᠳᠤ ᠠᠭᠤᠯᠤᠭᠳᠠᠵᠤ | ᠪᠠᠶᠢᠭ᠎ᠠ ᠠᠯᠢ ᠣᠯᠠᠨ ᠲᠥᠷᠥ ᠶᠢᠨ ᠪᠣᠳᠣᠯᠭ᠎ᠠ ᠪᠠ ᠬᠥᠭᠵᠢᠯᠲᠡ ᠶᠢᠨ ᠠᠵᠠ ᠲᠣᠬᠢᠶᠠᠯ ᠢ ᠠᠮᠵᠢᠨ ᠠᠳᠬᠤᠵᠤ᠂ ︿ | ᠲᠠᠪᠤᠨ ᠶᠡᠭᠡ ᠡᠭᠦᠷᠭᠡ﹀ ᠶᠢ ᠪᠥᠬᠦ ᠬᠤᠰᠢᠭᠤᠨ ᠤ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠠ | ᠲᠡᠷᠢᠭᠦᠨ ᠵᠡᠷᠭᠡ ᠶᠢᠨ ᠶᠡᠭᠡ ᠶᠠᠪᠤᠳᠠᠯ ᠳᠤ ᠲᠠᠯᠪᠢᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ | ᠪᠥᠬᠦ ᠶᠠᠪᠤᠴᠠ ᠪᠠ ᠡᠯ᠎ᠡ ᠲᠠᠯ᠎ᠠ ᠶᠢ ᠲᠤᠭᠤᠰᠢᠯᠠᠭᠤᠯᠤᠨ᠂ ᠡᠯ᠎ᠡ ᠲᠠᠯ᠎ᠠ ᠶᠢᠨ ᠬᠦᠴᠦᠨ ᠪᠠ ᠡᠬᠢ ᠪᠠᠶᠠᠯᠢᠭ ᠢ | ᠨᠢᠭᠡᠳᠦᠯᠲᠡᠢ ᠲᠥᠪᠯᠡᠷᠡᠭᠦᠯᠦᠨ ᠠᠬᠢᠭᠤᠯᠤᠨ ᠨᠠᠶᠢᠳᠠᠪᠤᠷᠢᠵᠢᠭᠤᠯᠵᠤ᠂ ︿ᠠᠮᠢ ᠠᠬᠤᠢ ᠶᠢ ᠲᠡᠷᠢᠭᠦᠨ ᠳᠤ ᠲᠠᠯᠪᠢᠵᠤ᠂ | ᠪᠣᠬᠢᠷᠳᠤᠯ ᠦᠭᠡᠢ ᠬᠥᠭᠵᠢᠯᠲᠡ﹀ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠨ᠎ᠠ᠃︾ ᠭᠡᠵᠡᠢ᠃ ᠣᠷᠴᠢᠮᠬᠠᠨ ᠂ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ ᠰᠣᠷᠪᠤᠯᠵᠢᠯᠠᠭ᠎ᠠ ᠶᠢ ᠬᠦᠯᠢᠶᠡᠬᠦ ᠳᠡᠭᠡᠨ | ᠢᠩᠬᠢᠵᠦ ᠬᠡᠯᠡᠪᠡ᠃ | ᠠᠷᠢᠭᠤᠨ ᠴᠡᠪᠡᠷ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ | ᠴᠢᠬᠤᠯᠠ ᠡᠨᠧᠷᠭᠢ ᠶᠢᠨ ᠰᠤᠷᠪᠤᠯᠵᠢ ᠵᠢᠨᠬᠥ᠋ᠭᠵᠢᠯᠲᠡ ᠶᠢᠨ ᠠᠷᠭ᠎ᠠ ᠬᠡᠯᠪᠡᠷᠢ ᠶᠢᠨ ᠪᠣᠬᠢᠷᠳᠤᠯ ᠦᠭᠡᠢ ᠬᠡᠯᠪᠡᠷᠢ ᠶᠢᠨ | ᠬᠤᠪᠢᠷᠠᠯᠲᠠ ᠶᠢ ᠦᠷᠭᠦᠯᠵᠢᠯᠡᠨ ᠲᠦᠷᠭᠡᠳᠬᠡᠵᠦ᠂ ᠡᠮᠦᠨᠡᠲᠦ ᠬᠤᠰᠢᠭᠤᠨ ᠤ ᠣᠨᠴᠠ ᠶᠡᠭᠡ ᠰᠠᠯᠬᠢᠨ ᠤ ᠡᠨᠧᠷᠭᠢ᠂ | ᠤᠰᠤᠨ ᠠᠰᠢᠭᠯᠠᠯᠲᠠ ᠵᠡᠷᠭᠡ ᠡᠬᠢ ᠪᠠᠶᠠᠯᠢᠭ ᠤᠨ ᠡᠯᠪᠡᠭ ᠳᠡᠯᠪᠡᠭ ᠳᠠᠪᠠᠭᠤᠯᠢᠭ ᠢ ᠭᠦᠢᠴᠡᠳ ᠠᠰᠢᠭᠯᠠᠵᠤ᠂ ᠪᠦᠬᠦ | ᠣᠷᠣᠨ ᠤ ᠡᠨᠧᠷᠭᠢ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠰᠠᠯᠬᠢᠨ ᠬᠦᠴᠦᠨ ᠤ ᠴᠠᠬᠢᠯᠭᠠᠨ᠂ | ᠲᠠᠲᠠᠵᠤ ᠬᠠᠳᠠᠭᠠᠯᠠᠬᠤ ᠬᠤᠶᠠᠷ ᠵᠦᠢᠯ ᠤᠨ ᠠᠵᠢᠯ ᠢ ᠰᠠᠶᠢᠲᠤᠷ ᠬᠢᠵᠦ᠂ ᠵᠦᠩ ᠭᠤᠸᠠᠩ ᠾᠧ᠂ ᠵᠦᠩ ᠾᠧ᠂ | ᠬᠤᠸᠠ ᠨᠧᠩ᠂ ᠮᠧᠩ ᠨᠧᠩ ᠵᠡᠷᠭᠡ ᠰᠢᠨ᠎ᠡ ᠡᠨᠧᠷᠭᠢ ᠶᠢᠨ ᠲᠣᠯᠣᠭᠠᠶᠢᠯᠠᠭᠴᠢ ᠠᠵᠤ ᠠᠬᠤᠶᠢᠯᠠᠯ ᠳᠤ ᠲᠦᠰᠢᠭᠯᠡᠨ᠂ | ᠵᠠᠭᠤᠨ ᠳ᠋ᠦᠩᠰᠢᠭᠤᠷ ᠲᠠᠰ ᠠᠴᠠ ᠳᠡᠭᠡᠭᠰᠢᠬᠢ 4 ᠠᠷᠢᠭᠤᠨ ᠴᠡᠪᠡᠷ ᠡᠨᠧᠷᠭᠢ ᠶᠢᠨ ᠠᠵᠤ ᠦᠢᠯᠡᠰ ᠤᠨ ᠪᠦᠯᠦᠭᠯᠡᠯ ᠢ | ᠭᠤᠣᠯᠳᠠᠯᠭ᠎ᠠ ᠲᠠᠢ ᠰᠦᠪᠡᠭᠴᠢᠯᠡᠵᠦ᠂ 2023 ᠣᠨ ᠳᠤ ᠰᠣᠯᠣᠨ ᠤ ᠤᠰᠤ ᠲᠠᠲᠠᠵᠤ ᠡᠨᠧᠷᠭᠢ ᠬᠠᠳᠠᠭᠠᠯᠠᠬᠤ᠂ | ᠤᠯᠠᠭᠠᠨᠮᠣᠳᠤ ᠶᠢᠨ ᠤᠰᠤ ᠲᠠᠲᠠᠵᠤ ᠡᠨᠧᠷᠭᠢ ᠬᠠᠳᠠᠭᠠᠯᠠᠬᠤ᠂ ᠬᠤᠸᠠ ᠨᠧᠩ ᠢᠯᠴᠢ ᠶᠢᠨ ᠴᠠᠬᠢᠯᠭᠠᠨ ᠤ ᠠᠮᠢᠳᠤᠯᠢᠭ | ᠴᠢᠨᠠᠷ ᠢ ᠥᠭᠡᠷᠡᠴᠢᠯᠡᠬᠦ ᠰᠠᠯᠬᠢᠨ ᠬᠦᠴᠦᠨ ᠤ ᠴᠠᠬᠢᠯᠭᠠᠨ᠂ ᠶᠢᠨ ᠹᠧᠩ ᠰᠢᠨᠵᠢᠯᠡᠬᠦ ᠮᠡᠷᠭᠡᠵᠢᠯ ᠤᠨ ᠪᠣᠬᠢᠷᠳᠤᠯ | ᠦᠭᠡᠢ ᠪᠠᠷ ᠴᠠᠬᠢᠯᠭᠠᠨ ᠬᠠᠩᠭᠠᠬᠤ 20 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠵᠡᠷᠭᠡ ᠰᠢᠨ᠎ᠡ | ᠡᠨᠧᠷᠭᠢ ᠶᠢᠨ ᠲᠥᠷᠥᠯ ᠵᠦᠢᠯ ᠤᠨ ᠬᠡᠪ ᠤᠨ ᠪᠠᠷᠢᠯᠭ᠎ᠠ ᠶᠢ ᠪᠠᠲᠤᠯᠠᠵᠤ᠂ ᠪᠦᠲᠦᠮᠵᠢᠲᠡᠶ ᠢᠨᠵᠧᠨᠧᠷᠢᠩ ᠤᠨ | ᠬᠡᠮᠵᠢᠶ᠎ᠡ ᠶᠢ ᠪᠣᠶ ᠪᠣᠯᠭᠠᠵᠤ᠂ 2023 ᠣᠨ ᠤ ᠡᠴᠦᠰ ᠲᠤ ᠪᠥᠬᠦ ᠬᠤᠰᠢᠭᠤᠨ ᠤ ᠠᠷᠢᠭᠤᠨ ᠴᠡᠪᠡᠷ ᠡᠨᠧᠷᠭᠢ ᠶᠢᠨ | ᠮᠠᠰᠢᠨ ᠴᠣᠭᠴᠠᠯᠠᠪᠤᠷᠢ ᠶᠢᠨ ᠶᠡᠷᠦᠩᠬᠡᠢ ᠬᠡᠮᠵᠢᠶ᠎ᠡ ᠶᠢ 300 ᠲᠦᠮᠡᠨ ᠺᠢᠯᠣᠸᠠᠲ ᠲᠤ ᠬᠦᠷᠦᠭᠦᠯᠬᠦ ᠪᠠᠷ ᠴᠢᠷᠮᠠᠶᠢᠨ᠎ᠠ᠃ | ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠬᠦᠴᠦᠷᠬᠡᠭᠵᠢᠭᠦᠯᠦᠨ᠂ ᠴᠢᠬᠤᠯᠠ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠡᠮᠦᠨᠡᠲᠦ | ᠬᠤᠰᠢᠭᠤ ᠪᠣᠯ ᠲᠠᠷᠢᠶᠠᠯᠠᠩ ᠮᠠᠯ ᠠᠵᠤ ᠠᠬᠤᠢ ᠶᠢᠨ ᠲᠣᠮᠣ ᠬᠤᠰᠢᠭᠤ ᠪᠠᠶᠢᠵᠤ᠂ ᠡᠨᠡ ᠵᠢᠯ ᠪᠣᠯᠬᠤ ᠳᠤ ᠪᠥᠬᠦ | ᠬᠤᠰᠢᠭᠤᠨ ᠤ ᠠᠮᠤ ᠪᠤᠳᠠᠭᠠᠨ ᠤ ᠤᠨᠠᠯᠲᠠ ᠠᠷᠪᠠᠨ ᠭᠤᠷᠪᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠵᠤ᠂ | ᠮᠠᠯ ᠤᠨ ᠲᠤᠭ᠎ᠠ ᠲᠣᠯᠣᠭᠠᠢ ᠣᠯᠠᠨ ᠵᠢᠯ ᠤᠨ ᠲᠤᠷᠰᠢ ᠪᠥᠬᠦ ᠣᠷᠣᠨ ᠤ ᠡᠯ᠎ᠡ ᠬᠤᠰᠢᠭᠤ ᠰᠢᠶᠠᠨ ᠬᠤᠲᠠ ᠶᠢᠨ | ᠲᠡᠷᠢᠭᠦᠨ ᠳᠤ ᠵᠢᠭᠰᠠᠭᠠᠭᠳᠠᠭᠰᠠᠭᠠᠷ ᠢᠷᠡᠵᠡᠶ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠪᠥᠬᠦ ᠤᠯᠤᠰ ᠤᠨ ︽ᠠᠮᠤ ᠪᠤᠳᠠᠭᠠᠨ ᠤ ᠬᠥᠮᠥᠷᠭᠡ᠂ ᠮᠢᠬᠠᠨ ᠤ ᠬᠥᠮᠥᠷᠭᠡ᠂ ᠰᠦ ᠶᠢᠨ ᠰᠠᠪᠠ︾ | ᠪᠠᠶᠢᠭᠤᠯᠬᠤ ᠱᠠᠭᠠᠷᠳᠠᠯᠭ᠎ᠠ ᠶᠢᠨ ᠲᠣᠭᠤᠷᠢᠨ ᠳᠤ᠂ ᠡᠮᠦᠨᠡᠲᠦ ᠬᠤᠰᠢᠭᠤᠨ ᠤ ᠬᠢᠨ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠬᠡᠷᠡᠭᠵᠢᠭᠦᠯᠵᠦ᠂ ᠬᠠᠷ᠎ᠠ ᠬᠥᠷᠥᠰᠥ ᠶᠢᠨ | ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠴᠢᠩᠭᠠᠳᠬᠠᠨ᠂ ᠤᠯᠤᠰ ᠪᠠ ᠥᠪᠡᠷᠲᠡᠭᠡᠨ ᠵᠠᠰᠠᠬᠤ ᠣᠷᠣᠨ ᠤ | ᠲᠠᠰ ᠤᠨ ᠦᠷ᠎ᠡ ᠪᠣᠶᠢᠵᠢᠭᠤᠯᠬᠤ ᠬᠤᠰᠢᠭᠤ ᠶᠢ ᠡᠭᠦᠳᠦᠨ ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ᠪᠥᠬᠦ | ᠬᠤᠰᠢᠭᠤᠨ ᠤ ᠠᠮᠤ ᠪᠤᠳᠠᠭᠠᠨ ᠤ ᠤᠨᠠᠯᠲᠠ ᠶᠢ 30 ᠳ᠋ᠦᠩᠰᠢᠭᠤᠷ ᠵᠢᠩ ᠣᠷᠴᠢᠮ ᠳᠤ ᠲᠣᠭᠲᠠᠪᠤᠷᠢᠵᠢᠭᠤᠯᠬᠤ ᠶᠢ | ᠪᠠᠲᠤᠯᠠᠨ᠎ᠠ᠃ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ | ᠬᠡᠪᠴᠢᠶᠡᠵᠢᠭᠦᠯᠦᠭᠰᠡᠨ ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠢᠯᠢ ᠶᠢᠨ ᠰᠢᠩᠭᠡᠨ | ᠲᠤᠯᠤᠪᠲᠤ ᠰᠦ ᠡᠳ᠋ᠰᠢᠭᠦᠯᠬᠦ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ ᠭᠠᠷᠤᠯᠲᠠ ᠶᠢ ᠪᠥᠬᠦ | ᠬᠦᠴᠦᠨ ᠢᠶᠠᠷ ᠢᠶᠠᠨ ᠪᠠᠲᠤᠯᠠᠵᠤ᠂ ︽ᠤᠯᠤᠰ ᠤᠨ ᠲᠠᠰ ᠤᠨ ︵ ᠰᠦ ᠶᠢᠨ ᠦᠢᠯᠡᠰ︶ ᠤᠨ ᠣᠲᠣ ᠦᠶ᠎ᠡ ᠶᠢᠨ | ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ︾ ᠢ ᠴᠢᠷᠮᠠᠶᠢᠨ ᠪᠠᠶᠢᠭᠤᠯᠵᠤ᠂ 2023 | ᠣᠨ ᠳᠤ ᠪᠥᠬᠦ ᠬᠤᠰᠢᠭᠤᠨ ᠤ ᠰᠢᠯᠢᠳᠡᠭ ᠰᠠᠭᠠᠯᠢ ᠶᠢᠨ ᠦᠨᠢᠶ᠎ᠡ ᠶᠢ 8 ᠲᠦᠮᠡ ᠠᠴᠠ ᠳᠡᠭᠡᠭᠰᠢ ᠲᠡᠵᠢᠭᠡᠵᠦ᠂ | ᠰᠦ ᠶᠢᠨ ᠭᠠᠷᠤᠯᠲᠠ ᠶᠢ 40 ᠲᠦᠮᠡᠨ ᠲᠣᠨ ᠳᠤ ᠬᠦᠷᠭᠡᠬᠦ ᠪᠠᠷ ᠴᠢᠷᠮᠠᠶᠢᠨ᠎ᠠ᠃ ᠠᠯᠠᠰᠢᠨ ᠦᠬᠡᠷ ᠤᠨ ᠠᠵᠤ | ᠦᠢᠯᠡᠰ ᠢ ᠳᠠᠬᠢᠨ ᠪᠠᠶᠢᠭᠤᠯᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠬᠥᠲᠥᠴᠢ ᠠᠵᠤ ᠠᠬᠤᠶᠢᠯᠠᠯ ᠢ | ᠣᠷᠣᠭᠤᠯᠤᠨ ᠠᠪᠴᠢᠷᠠᠵᠤ᠂ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ᠂ ᠠᠯᠠᠰᠢᠨ ᠦᠬᠡᠷ ᠤᠨ ᠳᠠᠮ ᠬᠦᠦ ᠲᠠᠢ ᠵᠢᠭᠡᠯᠡᠯᠭᠡ ᠲᠠᠯᠪᠢᠬᠤ ᠡᠷᠴᠢᠮ ᠢ ᠴᠢᠩᠭᠠᠷᠠᠭᠤᠯᠵᠤ᠂ 2023 | ᠣᠨ ᠳᠤ ᠠᠯᠠᠰᠢᠨ ᠦᠬᠡᠷ ᠤᠨ ᠲᠤᠭ᠎ᠠ ᠲᠣᠯᠣᠭᠠᠢ ᠶᠢ 42 ᠲᠦᠮᠡ ᠠᠴᠠ ᠳᠠᠪᠠᠭᠤᠯᠬᠤ ᠪᠠᠷ ᠴᠢᠷᠮᠠᠶᠢᠨ᠎ᠠ ᠃ ᠠᠮᠢᠳᠤ | ᠭᠠᠭ᠋ᠠᠢ ᠶᠢᠨ ᠠᠵᠤ ᠦᠢᠯᠡᠰ ᠤᠨ ᠬᠡᠯᠬᠢᠶ᠎ᠡ ᠶᠢ ᠲᠡᠭᠦᠯᠳᠡᠷᠵᠢᠭᠦᠯᠵᠦ᠂ 100 ᠲᠦᠮᠡᠨ ᠲᠣᠯᠣᠭᠠᠢ ᠭᠠᠭ᠋ᠠᠢ ᠲᠡᠵᠢᠭᠡᠨ | ᠦᠷᠡᠵᠢᠭᠦᠯᠬᠦ ᠠᠵᠤ ᠦᠢᠯᠡᠰ ᠢ ᠨᠢᠭᠡ ᠴᠣᠭᠴᠠᠵᠢᠭᠤᠯᠬᠤ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠭᠠᠭ᠋ᠠᠢ | ᠪᠣᠷᠳᠣᠵᠤ ᠲᠠᠷᠭᠤᠯᠠᠭᠤᠯᠬᠤ ᠲᠠᠯᠠᠪᠠᠶ᠂ ᠭᠠᠭ᠋ᠠᠢ ᠨᠢᠲᠤᠯᠬᠤ ᠮᠢᠬᠠᠨ ᠢᠳᠡᠭᠡᠨ ᠡᠳ᠋ᠰᠢᠭᠦᠯᠬᠦ ᠦᠢᠯᠡᠳᠪᠦᠷᠢ ᠵᠡᠷᠭᠡ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ 85ᠲᠦᠮᠡᠨ ᠲᠣᠯᠣᠭᠠᠢ ᠭᠠᠭ᠋ᠠᠢ ᠲᠡᠵᠢᠭᠡᠨ | ᠦᠷᠡᠵᠢᠭᠦᠯᠬᠦ ᠴᠢᠳᠠᠪᠤᠷᠢ ᠶᠢ ᠪᠡᠶᠡᠯᠡᠭᠦᠯᠦᠨ᠎ᠡ᠃ | ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢ ᠴᠢᠩᠭᠠᠳᠬᠠᠵᠤ᠂ ᠠᠮᠢ ᠠᠬᠤᠢ ᠶᠢᠨ ᠠᠮᠤᠷ | ᠲᠦᠪᠰᠢᠨ ᠤ ᠴᠢᠬᠤᠯᠠ ᠬᠠᠯᠬᠠᠪᠴᠢ ᠶᠢ ᠪᠠᠶᠢᠭᠤᠯᠤᠨ᠎ᠠ ᠃ ᠠᠮᠢ ᠠᠬᠤᠢ ᠶᠢᠨ ᠠᠮᠤᠷ ᠲᠦᠪᠰᠢᠨ ᠪᠣᠯ ᠡᠮᠦᠨᠡᠲᠦ | ᠬᠤᠰᠢᠭᠤᠨ ᠤ ᠣᠷᠣᠰᠢᠨ ᠲᠣᠭᠲᠠᠨᠢᠬᠤ ᠶᠢᠨ ᠦᠨᠳᠦᠰᠦ ᠮᠥᠨ᠂ ᠡᠷᠬᠡᠪᠰᠢ ᠠᠮᠢ ᠠᠬᠤᠢ ᠶᠢᠨ ᠪᠣᠯᠪᠠᠰᠤᠨ ᠤ | ᠪᠠᠶᠢᠯᠳᠤᠬᠤ ᠪᠣᠳᠣᠯᠭ᠎ᠠ ᠶᠢᠨ ᠪᠠᠲᠤ ᠬᠦᠴᠦᠨ ᠢ ᠢᠮᠠᠭᠲᠠ ᠭᠤᠶᠢᠪᠢᠰᠢ ᠦᠭᠡᠢ ᠪᠠᠲᠤᠯᠠᠵᠤ᠂ ᠥᠩᠭᠡᠨ ᠲᠠᠯ᠎ᠠ ᠶᠢ | ᠵᠠᠰᠠᠬᠤ ᠪᠠ ᠦᠨᠳᠦᠰᠦ ᠶᠢ ᠵᠠᠰᠠᠬᠤ ᠶᠢᠨ ᠬᠠᠷᠢᠴᠠᠭ᠎ᠠ ᠶᠢ ᠲᠣᠬᠢᠲᠠᠢ ᠰᠠᠶᠢᠲᠤᠷ ᠰᠢᠢᠳᠪᠦᠷᠢᠯᠡᠵᠦ᠂ ᠬᠠᠮᠠᠭᠠᠯᠠᠬᠤ᠂ | ᠠᠷᠪᠢᠯᠠᠬᠤ᠂ ᠰᠠᠶᠢᠵᠢᠷᠠᠭᠤᠯᠬᠤ ᠭᠤᠷᠪᠠᠨ ᠭᠤᠣᠯᠳᠠᠯᠭ᠎ᠠ ᠲᠠᠢ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃ | ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠴᠥᠭᠦᠷᠥᠮ ᠡᠪᠡᠰᠦ ᠡᠯᠡᠰᠦ ᠶᠢ ᠨᠢᠭᠡ ᠴᠣᠭᠴᠠᠵᠢᠭᠤᠯᠤᠨ | ᠬᠠᠮᠠᠭᠠᠯᠠᠬᠤ ᠪᠠ ᠰᠢᠰᠲ᠋ᠧᠮ ᠲᠠᠢ ᠪᠠᠷ ᠵᠠᠰᠠᠬᠤ ᠶᠢ ᠪᠠᠷᠢᠮᠲᠠᠯᠠᠵᠤ᠂ ᠨᠡᠭᠦᠷᠡᠰᠦᠲᠥ᠋ᠷᠥᠭᠴᠢ ᠶᠢ ᠪᠠᠭᠠᠰᠬᠠᠬᠤ᠂ | ᠪᠣᠬᠢᠷᠳᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ ᠶᠢ ᠬᠠᠮᠵᠢᠯᠴᠠᠨ ᠠᠬᠢᠭᠤᠯᠵᠤ᠂ ᠪᠣᠬᠢᠷᠳᠤᠯ ᠦᠭᠡᠢ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠨᠤᠲᠤᠭ ᠪᠡᠯᠴᠢᠭᠡᠷ ᠢ | ᠬᠠᠮᠠᠭᠠᠯᠠᠬᠤ ᠶᠢ ᠦᠷᠭᠦᠯᠵᠢᠯᠡᠨ ᠲᠡᠷᠢᠭᠦᠨ ᠴᠢᠬᠤᠯᠠ ᠡᠭᠦᠷᠭᠡ ᠪᠣᠯᠭᠠᠵᠤ᠂ ︽ᠡᠪᠡᠰᠦᠨ ᠤ ᠠᠵᠤ ᠠᠬᠤᠢ︾ ᠶᠢ | ᠬᠦᠴᠦᠷᠬᠡᠭᠵᠢᠭᠦᠯᠦᠨ ᠪᠤᠵᠠᠭᠠᠶᠢᠷᠠᠭᠤᠯᠵᠤ᠂ ᠠᠯᠳᠠᠷ ᠤᠨ ᠡᠪᠡᠰᠦᠨ ᠤ ᠠᠵᠤ ᠦᠢᠯᠡᠰ ᠤᠨ ᠡᠳ᠋ᠰᠢᠭᠦᠯᠬᠦ ᠪᠠᠷᠠᠭᠠᠨ ᠤ | ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠬᠤᠶᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢ | ᠡᠬᠢᠯᠡᠭᠦᠯᠵᠦ᠂ ︽ ᠬᠤᠨᠢᠨ ᠤ ᠡᠪᠡᠰᠦᠨ ᠦᠷ᠎ᠡ ᠪᠣᠶᠢᠵᠢᠭᠤᠯᠬᠤ ᠰᠠᠭᠤᠷᠢᠨ ᠭᠠᠵᠠᠷ︾ ᠢ ᠪᠦᠲᠦᠭᠡᠨ ᠪᠠᠶᠢᠭᠤᠯᠵᠤ᠂ | 9 ᠲᠦᠮᠡᠨ ᠮᠦ ᠬᠤᠨᠢᠨ ᠤ ᠡᠪᠡᠰᠦ ᠳᠠᠷᠢᠵᠤ᠂ 3 ᠲᠦᠮᠡᠨ ᠮᠦ ᠶᠢ ᠰᠡᠷᠭᠦᠭᠡᠨ ᠵᠠᠰᠠᠵᠤ᠂ 2025 ᠣᠨ ᠪᠣᠯᠬᠤ ᠳᠤ | ᠪᠥᠬᠦ ᠬᠤᠰᠢᠭᠤᠨ ᠤ ᠬᠤᠨᠢᠨ ᠤ ᠡᠪᠡᠰᠦ ᠳᠠᠷᠢᠬᠤ ᠪᠠ ᠬᠠᠮᠠᠭᠠᠯᠠᠵᠤ ᠪᠢᠲᠡᠭᠦᠮᠵᠢᠯᠡᠬᠦ ᠲᠠᠯᠠᠪᠠᠶ ᠶᠢ 100 ᠲᠦᠮᠡᠨ | ᠮᠦ ᠳᠤ ᠬᠦᠷᠦᠭᠦᠯᠬᠦ ᠪᠠᠷ ᠴᠢᠷᠮᠠᠶᠢᠨ᠎ᠠ᠃ ︽ᠵᠢᠵᠢᠭ ᠠᠭᠠᠯᠢᠭ ᠵᠢᠮᠢᠰ᠂ ᠲᠣᠮᠣ ᠠᠵᠤ ᠦᠢᠯᠡᠰ︾ ᠤᠨ | ᠬᠥᠭᠵᠢᠯᠲᠡ ᠶᠢᠨ ᠠᠯᠬᠤᠴᠠ ᠶᠢ ᠲᠦᠷᠭᠡᠳᠬᠡᠵᠦ᠂ ᠬᠠᠪᠰᠤᠷᠤᠨ ᠲᠡᠳᠬᠦᠬᠦ ᠡᠬᠢ ᠪᠠᠶᠠᠯᠢᠭ ᠢ ᠰᠠᠶᠢᠲᠤᠷ ᠬᠡᠷᠡᠭᠯᠡᠨ᠂ | ᠰᠢᠨᠵᠢᠯᠡᠬᠦ ᠮᠡᠷᠭᠡᠵᠢᠯ ᠤᠨ ᠵᠢᠯᠣᠭᠤᠳᠤᠯᠭ᠎ᠠ ᠶᠢ ᠴᠢᠩᠭᠠᠳᠬᠠᠵᠤ᠂ ᠤᠰᠤᠨ ᠤ ᠭᠠᠷᠤᠯᠲᠠ ᠶᠢᠨ ᠠᠭᠠᠯᠢᠭ ᠵᠢᠮᠢᠰ ᠢ | ᠨᠠᠷᠢᠯᠢᠭ ᠡᠳ᠋ᠰᠢᠭᠦᠯᠬᠦ ᠲᠥᠷᠥᠯ ᠵᠦᠢᠯ ᠢ 2023 ᠣᠨ ᠳᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ | 2023 ᠣᠨ ᠤ ᠰᠡᠭᠦᠯᠴᠢ ᠪᠠᠷ ᠪᠥᠬᠦ ᠬᠤᠰᠢᠭᠤᠨ ᠤ ᠣᠶ ᠰᠢᠭᠤᠢ ᠵᠢᠮᠢᠰ ᠤᠨ ᠠᠵᠤ ᠦᠢᠯᠡᠰ ᠤᠨ ᠠᠰᠢᠭ | ᠣᠷᠣᠯᠭ᠎ᠠ ᠶᠢ ᠵᠦᠢ ᠵᠣᠬᠢᠰᠲᠠᠢ ᠨᠡᠮᠡᠭᠳᠡᠭᠦᠯᠬᠦ ᠶᠢ ᠪᠠᠲᠤᠯᠠᠨ᠎ᠠ᠃ ᠬᠢᠲᠠᠳ ᠡᠮ ᠤᠨ ᠮᠠᠲ᠋ᠧᠷᠢᠶᠠᠯ ᠤᠨ ᠠᠵᠤ | ᠦᠢᠯᠡᠰ ᠤᠨ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠬᠢᠲᠠᠳ ᠡᠮ ᠤᠨ ᠮᠠᠲ᠋ᠧᠷᠢᠶᠠᠯ ᠤᠨ ᠳᠤᠭᠤᠶᠢᠯᠠᠩ ᠤᠨ | ᠪᠣᠶᠢᠵᠢᠭᠤᠯᠬᠤ ᠴᠢᠬᠢ ᠶᠢᠨ ᠠᠵᠤ ᠦᠢᠯᠡᠰ ᠤᠨ ᠪᠣᠶᠢᠵᠢᠭᠤᠯᠬᠤ ᠰᠠᠭᠤᠷᠢᠨ ᠭᠠᠵᠠᠷ ᠢ ᠪᠠᠶᠢᠭᠤᠯᠤᠨ ᠪᠦᠲᠦᠭᠡᠵᠦ᠂ | ᠬᠢᠲᠠᠳ ᠡᠮ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ᠂ ᠪᠠᠶᠠᠨᠮᠦ᠋ᠩᠬᠡ ᠬᠢᠲᠠᠳ | ᠡᠪᠡᠰᠦᠨ ᠡᠮ ᠤᠨ ᠰᠤᠪᠢᠯᠠᠯᠲᠠ ᠡᠷᠡᠭᠦᠯ ᠮᠡᠨᠳᠦ ᠶᠢᠨ ᠵᠢᠯᠠᠭ᠎ᠠ ᠵᠡᠷᠭᠡ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ | 10 ᠲᠦᠮᠡᠨ ᠮᠦ ᠬᠢᠲᠠᠳ ᠡᠮ ᠤᠨ ᠮᠠᠲ᠋ᠧᠷᠢᠶᠠᠯ ᠤᠨ ᠳᠠᠷᠢᠬᠤ ᠰᠠᠭᠤᠷᠢᠨ ᠭᠠᠵᠠᠷ ᠢ ᠪᠠᠶᠢᠭᠤᠯᠤᠨ᠎ᠠ᠃ | ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠪᠠᠷ ᠬᠠᠷᠠᠯᠲᠠ ᠪᠣᠯᠭᠠᠨ᠂ ᠠᠮᠤᠷ | ᠲᠦᠪᠰᠢᠨ ᠲᠣᠭᠲᠠᠭᠤᠨ ᠪᠠᠶᠢᠯᠭᠠᠬᠤ ᠬᠠᠯᠬᠠᠪᠴᠢ ᠶᠢ ᠪᠦᠲᠦᠭᠡᠨ ᠪᠠᠶᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ | ︽ᠠᠵᠤ ᠦᠢᠯᠡᠰ ᠢ ᠬᠥᠭᠵᠢᠭᠦᠯᠬᠦ᠂ ᠳᠣᠬᠢᠶ᠎ᠠ ᠨᠡᠪᠲᠡᠷᠡᠯᠴᠡᠬᠦ᠂ ᠣᠷᠴᠢᠨ ᠠᠬᠤᠢ ᠶᠢ ᠭᠤᠶᠤ ᠰᠠᠶᠢᠬᠠᠨ᠂ ᠬᠥᠮᠥᠨ | ᠮᠠᠯ ᠢ ᠵᠡᠷᠭᠡᠪᠡᠷ ᠬᠥᠭᠵᠢᠭᠦᠯᠬᠦ︾ ᠬᠠᠮᠤᠭ ᠤᠨ ᠭᠤᠶᠤ ᠰᠣᠳᠣᠨ ᠬᠢᠯᠢ ᠶᠢᠨ ᠬᠠᠮᠠᠭᠠᠯᠠᠯᠲᠠ ᠶᠢᠨ ᠱᠤᠭᠤᠮ ᠢ ᠪᠤᠢ | ᠪᠣᠯᠭᠠᠬᠤ ᠪᠠᠷ ᠭᠠᠷᠳᠠᠴᠠ ᠪᠣᠯᠭᠠᠵᠤ᠂ ᠬᠢᠯᠢ ᠶᠢᠨ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ | ᠦᠷᠭᠦᠯᠵᠢᠯᠡᠨ ᠭᠦᠨᠵᠡᠭᠡᠢ ᠬᠡᠷᠡᠭᠵᠢᠭᠦᠯᠵᠦ᠂ ᠬᠢᠯᠢ ᠬᠢᠵᠠᠭᠠᠷ ᠣᠷᠣᠨ ᠤ ᠵᠠᠮ ᠬᠠᠷᠢᠯᠴᠠᠭ᠎ᠠ᠂ ᠴᠠᠬᠢᠯᠭᠠᠨ ᠬᠡᠷᠡᠭᠯᠡᠬᠦ᠂ | ᠮᠡᠳᠡᠭᠡ ᠬᠤᠯᠪᠣᠭ᠎ᠠ ᠵᠡᠷᠭᠡ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠮᠠᠯ ᠠᠵᠤ ᠠᠬᠤᠢ᠂ ᠵᠢᠭᠤᠯᠴᠢᠯᠠᠯ᠂ | ᠡᠮ ᠤᠨ ᠮᠠᠲ᠋ᠧᠷᠢᠶᠠᠯ ᠤᠨ ᠲᠠᠷᠢᠮᠠᠯ ᠵᠡᠷᠭᠡ ᠠᠷᠠᠳ ᠢ ᠪᠠᠶᠠᠵᠢᠭᠤᠯᠬᠤ ᠠᠵᠤ ᠦᠢᠯᠡᠰ ᠢ ᠬᠥᠭᠵᠢᠭᠦᠯᠵᠦ᠂ ᠪᠣᠳᠠᠰ ᠤᠨ | ᠪᠤᠰᠤ ᠰᠣᠶᠣᠯ ᠤᠨ ᠥᠪ ᠤᠨ ᠠᠵᠤ ᠦᠢᠯᠡᠰᠵᠢᠭᠦᠯᠦᠨ ᠬᠥᠭᠵᠢᠭᠦᠯᠬᠦ ᠶᠢ ᠬᠠᠶᠢᠨ ᠰᠦᠪᠡᠭᠴᠢᠯᠡᠨ᠎ᠡ᠃ ︽ᠨᠢᠭᠡ | ᠨᠠᠰᠤᠲᠠᠨ ᠨᠢᠭᠡ ᠨᠢᠯᠬᠠᠰ︾ ᠶᠢ ᠳᠡᠭᠡᠳᠦ ᠬᠡᠮᠵᠢᠶ᠎ᠡ ᠪᠠᠷ ᠠᠩᠬᠠᠷᠴᠤ᠂ ᠠᠷᠠᠳ ᠤᠨ ᠠᠮᠢᠳᠤᠷᠠᠯ ᠢ ᠦᠷᠭᠦᠯᠵᠢᠯᠡᠨ | ᠰᠠᠶᠢᠵᠢᠷᠠᠭᠤᠯᠤᠨ᠎ᠠ᠃ ᠦᠨᠳᠦᠰᠦᠲᠡᠨ ᠨᠦᠭᠦᠳ ᠤᠨ ᠠᠷᠠᠳ ᠲᠦᠮᠡᠨ ᠬᠠᠮᠲᠤ ᠪᠠᠷ ᠪᠠᠶᠠᠷ ᠤᠨ ᠡᠳᠦᠷ ᠢᠶᠠᠨ | ᠪᠡᠯᠭᠡᠯᠡᠬᠦ ᠶᠢ ᠰᠠᠨᠠᠭᠠᠴᠢᠯᠠᠵᠤ᠂ ︽ᠦᠵᠡᠯ ᠰᠠᠨᠠᠭ᠎ᠠ ᠪᠠᠷ ᠬᠢᠯᠢ ᠬᠢᠵᠠᠭᠠᠷ ᠢ ᠴᠣᠭᠴᠠᠯᠠᠬᠤ᠂ ᠵᠣᠬᠢᠶᠠᠨ | ᠪᠠᠶᠢᠭᠤᠯᠤᠯᠲᠠ ᠪᠠᠷ ᠬᠢᠯᠢ ᠬᠢᠵᠠᠭᠠᠷ ᠢ ᠪᠠᠬᠢᠵᠢᠭᠦᠯᠬᠦ᠂ ᠦᠨᠳᠦᠰᠦ ᠪᠠᠨ ᠪᠠᠬᠢᠵᠢᠭᠦᠯᠵᠦ ᠬᠢᠯᠢ ᠬᠢᠵᠠᠭᠠᠷ ᠢ | ᠬᠦᠴᠦᠷᠬᠡᠭᠵᠢᠭᠦᠯᠬᠦ᠂ ᠠᠷᠠᠳ ᠢ ᠪᠠᠶᠠᠵᠢᠭᠤᠯᠤᠨ ᠬᠢᠯᠢ ᠬᠢᠵᠠᠭᠠᠷ ᠢ ᠬᠥᠭᠵᠢᠭᠦᠯᠬᠦ᠂ ᠡᠶ᠎ᠡ ᠵᠣᠬᠢᠴᠠᠩᠭᠤᠢ ᠬᠢᠯᠢ | ᠬᠢᠵᠠᠭᠠᠷ ᠢ ᠲᠣᠭᠲᠠᠪᠤᠷᠢᠵᠢᠭᠤᠯᠬᠤ︾ ᠶᠡᠭᠡ ᠪᠠᠶᠢᠴᠠᠭᠠᠨ ᠰᠤᠳᠤᠯᠤᠯᠲᠠ᠂ ᠶᠡᠭᠡ ᠰᠤᠷᠪᠤᠯᠵᠢᠯᠠᠬᠤ ᠠᠵᠢᠯᠯᠠᠭ᠎ᠠ ᠵᠢᠴᠢ ︽ | ᠰᠡᠳᠬᠢᠯ ᠨᠢᠭᠡᠳᠦᠨ ᠬᠢᠯᠢ ᠬᠢᠵᠠᠭᠠᠷ ᠢ ᠬᠠᠮᠠᠭᠠᠯᠠᠬᠤ︾᠂ ᠬᠢᠯᠢ ᠶᠢᠨ ᠮᠠᠯᠴᠢᠳ ᠤᠯᠤᠰ ᠤᠨ ᠲᠤᠭ ᠢᠶᠠᠨ ᠡᠯᠭᠦᠬᠦ ᠵᠡᠷᠭᠡ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠠᠮ ᠵᠠᠰᠠᠭ ᠴᠡᠷᠢᠭ ᠴᠠᠭᠳᠠᠭ᠎ᠠ ᠠᠷᠠᠳ ᠤᠨ ︽ᠲᠠᠪᠤ ᠶᠢ ᠨᠢᠭᠡ | ᠴᠣᠭᠴᠠᠵᠢᠭᠤᠯᠬᠤ︾ ᠬᠦᠴᠦ ᠪᠠᠨ ᠬᠠᠮᠲᠤᠳᠬᠠᠨ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ | ᠪᠠᠬᠢᠵᠢᠭᠦᠯᠬᠦ ᠶᠢ ᠪᠠᠷᠢᠮᠲᠠᠯᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ | ᠠᠬᠢᠭᠤᠯᠵᠤ᠂ ᠬᠢᠯᠢ ᠶᠢᠨ ᠬᠠᠮᠠᠭᠠᠯᠠᠯᠲᠠ ᠶᠢᠨ ᠱᠤᠭᠤᠮ ᠤᠨ ᠠᠮᠤᠷ ᠲᠦᠪᠰᠢᠨ ᠲᠣᠭᠲᠠᠭᠤᠨ ᠳᠤ ᠬᠦᠴᠦᠨ | ᠨᠡᠮᠡᠷᠢᠯᠡᠨ᠎ᠡ᠃ | ᠪᠣᠭᠤᠮᠲᠠ ᠶᠢᠨ ᠠᠵᠤ ᠠᠬᠤᠢ ᠶᠢ ᠬᠥᠭᠵᠢᠭᠦᠯᠵᠦ᠂ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ | ᠪᠠᠬᠢᠯᠡᠯᠲᠡ ᠶᠢ ᠪᠠᠶᠢᠭᠤᠯᠤᠨ᠎ᠠ᠃ ᠪᠥᠬᠦ ᠤᠯᠤᠰ ᠤᠨ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ | ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ ᠪᠣᠯᠣᠨ ᠪᠥᠬᠦ ᠣᠷᠣᠨ ᠤ ᠰᠢᠶᠠᠨ ᠤ | ᠬᠡᠪᠴᠢᠶᠡᠨ ᠠᠴᠠ ᠭᠠᠳᠠᠨᠠᠬᠢ ᠠᠵᠤ ᠠᠬᠤᠢ ᠠᠷᠠᠯᠵᠢᠶ᠎ᠠ ᠶᠢᠨ ᠲᠡᠭ ᠨᠡᠮᠡᠭᠳᠡᠯ ᠢ ᠳᠠᠪᠠᠭᠰᠠᠨ ᠵᠢᠱᠢᠶ᠎ᠡ ᠦᠵᠡᠭᠦᠯᠬᠦ | ᠬᠤᠰᠢᠭᠤᠨ ᠤ ᠲᠥᠷᠥᠯ ᠵᠦᠢᠯ ᠢ ᠤᠷᠤᠭᠰᠢᠲᠠᠢ ᠲᠡᠮᠡᠴᠡᠨ ᠣᠯᠵᠤ᠂ ︽ᠬᠢᠯᠢ ᠬᠢᠵᠠᠭᠠᠷ ᠣᠷᠣᠨ ᠢ ᠬᠥᠭᠵᠢᠭᠦᠯᠦᠨ | ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠲᠥᠪ ᠬᠤᠲᠠ ᠪᠠᠯᠭᠠᠰᠤ︾ ᠶᠢᠨ ᠪᠦᠲᠦᠭᠡᠨ ᠪᠠᠶᠢᠭᠤᠯᠤᠯᠲᠠ ᠶᠢᠨ | ᠲᠤᠷᠰᠢᠯᠲᠠ ᠶᠢᠨ ᠴᠢᠭ ᠤᠨ ᠲᠥᠷᠥᠯ ᠵᠦᠢᠯ ᠢ ᠢᠳᠡᠪᠬᠢᠲᠡᠢ ᠪᠠᠷ ᠭᠤᠶᠤᠴᠢᠯᠠᠨ ᠮᠡᠳᠡᠭᠦᠯᠦᠨ᠎ᠡ᠃ ᠣᠷᠣᠨ | ᠪᠠᠶᠢᠷᠢ ᠶᠢᠨ ᠳᠠᠪᠠᠭᠤᠯᠢᠭ ᠢᠶᠠᠨ ᠰᠠᠶᠢᠲᠤᠷ ᠠᠰᠢᠭᠯᠠᠨ᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ | ᠬᠤᠩᠭᠢᠯ ᠳᠤ ᠢᠳᠡᠪᠬᠢᠲᠡᠢ ᠠᠭᠤᠰᠤᠯᠴᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠭᠠᠶᠢᠯᠢ ᠪᠠᠲᠤᠯᠠᠬᠤ ᠬᠥᠮᠥᠷᠭᠡ | ᠪᠠᠶᠢᠭᠤᠯᠬᠤ ᠪᠠᠷ ᠭᠤᠶᠤᠴᠢᠯᠠᠵᠤ᠂ ᠣᠷᠣᠰ ᠮᠣᠩᠭᠤᠯ ᠤᠨ ᠵᠠᠬ᠎ᠠ ᠳᠡᠯᠭᠡᠭᠦᠷ ᠲᠤ ᠴᠢᠭᠯᠡᠭᠦᠯᠦᠨ ᠦᠢᠯᠡᠳᠪᠦᠷᠢᠯᠡᠵᠦ | ᠡᠳ᠋ᠰᠢᠭᠦᠯᠬᠦ ᠰᠠᠭᠤᠷᠢᠨ ᠭᠠᠵᠠᠷ ᠢ ᠲᠥᠯᠥᠪᠵᠢᠭᠦᠯᠦᠨ ᠪᠠᠶᠢᠭᠤᠯᠵᠤ᠂ ᠲᠠᠷᠢᠶᠠᠨ ᠭᠠᠵᠠᠷ ᠤᠨ ᠢᠳᠡᠰᠢᠨ ᠨᠣᠭᠤᠭ᠎ᠠ᠂ | ᠬᠢᠲᠠᠳ ᠡᠮ ᠤᠨ ᠮᠠᠲ᠋ᠧᠷᠢᠶᠠᠯ ᠢ ᠭᠠᠳᠠᠭᠠᠳᠤ ᠳᠤ ᠭᠠᠷᠭᠠᠬᠤ ᠪᠠ ᠰᠢᠷ᠎ᠠ ᠪᠤᠷᠴᠠᠭ᠂ ᠡᠪᠡᠰᠦ ᠪᠣᠷᠳᠤᠭ᠎ᠠ ᠶᠢ ᠭᠠᠳᠠᠭᠠᠳᠤ | ᠠᠴᠠ ᠣᠷᠣᠭᠤᠯᠬᠤ ᠶᠢ ᠵᠣᠷᠢᠭᠵᠢᠭᠤᠯᠵᠤ᠂ ᠪᠥᠬᠦ ᠬᠤᠰᠢᠭᠤᠨ ᠤ ᠭᠠᠳᠠᠭᠠᠳᠤ ᠠᠷᠠᠯᠵᠢᠶᠠᠨ ᠤ ᠠᠵᠤ ᠦᠢᠯᠡᠰ ᠤᠨ | ᠴᠢᠨᠠᠷ ᠴᠢᠨᠰᠠᠭ᠎ᠠ ᠶᠢᠨ ᠳᠡᠭᠡᠭᠰᠢᠯᠡᠯᠲᠡ ᠶᠢ ᠠᠬᠢᠭᠤᠯᠤᠨ᠎ᠠ ᠭᠡᠵᠡᠢ᠃ | | |