ᠦᠳᠡᠯᠮᠦᠷᠢ ᠮᠠᠯᠴᠢᠨ ᠤ ᠦᠭᠡᠳᠡᠷᠭᠡ ᠠᠮᠢᠳᠤᠷᠠᠯ
ᠨᠡᠶᠢᠲᠡᠯᠡᠭᠰᠡᠨ ᠴᠠᠭ᠄
2023/2/17
    ᠣᠶᠢᠷ᠎ᠠ ᠳ᠋ᠠ᠂ ᠰᠤᠷᠪᠤᠯᠵᠢᠯᠠᠭᠴᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠣᠬᠤᠮ ᠰᠤᠮᠤ ᠶᠢᠨ ᠬᠤᠯᠪᠤᠭ᠎ᠠ ᠭᠠᠴᠠᠭᠠᠨ ᠤ ᠪᠤᠤ ᠶᠢᠨ ᠭᠠᠩ᠂ ᠡᠷᠳᠡᠨᠢᠴᠢᠮᠡᠭ ᠤᠨ  ᠬᠠᠪᠤᠷᠵᠢᠶ᠎ᠠ ᠪᠠᠷ ᠬᠦᠷᠴᠦ ᠰᠣᠷᠪᠤᠯᠵᠢᠯᠠᠭ᠎ᠠ ᠠᠪᠤᠪᠠ ᠃ ᠭᠡᠷ ᠲᠤᠨᠢ ᠬᠦᠷᠬᠦ ᠳᠤ᠂ ᠬᠥᠬᠡ ᠳᠡᠭᠡᠪᠦᠷ ᠲᠠᠢ ᠲᠣᠮᠣ ᠬᠡᠯᠪᠡᠷᠢ ᠶᠢᠨ ᠮᠠᠯ ᠤᠨ ᠰᠠᠷᠠᠪᠴᠢ᠂ ᠡᠯ᠎ᠡ ᠵᠦᠢᠯ ᠤᠨ ᠲᠠᠷᠢᠶᠠᠯᠠᠩ ᠤᠨ ᠮᠠᠰᠢᠨ ᠲᠤᠨᠤᠭ ᠬᠠᠷᠠᠭᠠᠨ ᠳᠤ ᠲᠣᠳᠣᠷᠠᠵᠤ᠂ ᠬᠠᠰᠢᠶ᠎ᠠ ᠬᠤᠷᠣᠭᠠᠨ ᠠᠴᠠ ᠨᠢ ᠬᠤᠷᠠᠭ᠎ᠠ ᠢᠰᠢᠭᠡ ᠶᠢᠨ ᠮᠠᠶᠢᠯᠠᠯᠳᠤᠬᠤ ᠳᠠᠭᠤᠨ ᠰᠣᠨᠣᠰᠳᠠᠵᠤ ᠪᠠᠶᠢᠯ᠎ᠠ᠃       ᠪᠤᠤ ᠶᠢᠨ ᠭᠠᠩ᠂ ᠡᠷᠳᠡᠨᠢᠴᠢᠮᠡᠭ ᠤᠨ ᠬᠢᠨ700 ᠭᠠᠷᠤᠢ ᠪᠤᠭ ᠮᠠᠯ᠂80 ᠭᠠᠷᠤᠢ ᠪᠤᠶᠢᠳᠠ ᠮᠠᠯ ᠲᠠᠢ ᠴᠢᠨᠡᠭᠡᠯᠢᠭ ᠠᠶᠢᠯ ᠪᠠᠶᠢᠯ᠎ᠠ᠃ ᠠᠷᠪᠠ ᠭᠠᠷᠤᠢ ᠵᠢᠯ ᠤᠨ  ᠡᠮᠦᠨ᠎ᠡ ᠡᠳᠡᠨᠡᠶᠢᠬᠡᠨ ᠶᠠᠳᠠᠭᠤᠬᠠᠨ ᠠᠮᠢᠳᠤᠷᠠᠯ ᠲᠠᠢ ᠪᠠᠶᠢᠭᠰᠠᠨ ᠪᠤᠯᠪᠠᠴᠤ ᠲᠡᠳᠡ ᠬᠤᠶᠠᠭᠤᠯᠠ ᠰᠠᠶᠢᠨ ᠰᠠᠶᠢᠬᠠᠨ ᠠᠮᠢᠳᠤᠷᠠᠯ ᠤᠨ ᠡᠷᠢᠯ ᠬᠦᠰᠡᠯ ᠳᠤ ᠬᠥᠲᠥᠯᠥᠭᠳᠡᠨ᠂ ᠬᠥᠷᠥᠩᠭᠡ ᠨᠢᠮᠭᠡᠨ ᠠᠮᠢᠳᠤᠷᠠᠯ ᠳᠠᠭᠠᠨ ᠭᠤᠨᠢᠵᠤ ᠭᠤᠳᠤᠷᠠᠭᠰᠠᠨ ᠦᠭᠡᠢ᠂ ᠬᠠᠷᠢᠨ ᠠᠷᠭ᠎ᠠ ᠤᠬᠠᠭᠠᠨ ᠰᠦᠪᠡᠭᠴᠢᠯᠡᠨ ᠠᠮᠢᠳᠤᠷᠠᠯ ᠦᠢᠯᠡᠰ ᠢᠶᠠᠨ ᠦᠭᠡᠶᠢᠳᠡ ᠲᠠᠲᠠᠬᠤ ᠪᠠᠷ ᠤᠶᠢᠭ᠎ᠠ ᠦᠭᠡᠢ ᠴᠢᠷᠮᠠᠶᠢᠭᠰᠠᠭᠠᠷ ᠢᠷᠡᠵᠠᠢ᠃ ᠤᠤᠯ  ᠳᠠᠭᠠᠨ100 ᠭᠠᠷᠤᠢ ᠢᠮᠠᠭ᠎ᠠ ᠲᠡᠵᠢᠭᠡᠵᠦ ᠪᠠᠶᠢᠭᠰᠠᠨ ᠢᠶᠠᠨ ᠨᠤᠲᠤᠭ ᠪᠡᠯᠴᠢᠭᠡᠷ ᠤᠨ ᠢᠶᠠᠨ ᠣᠨᠴᠠᠯᠢᠭ ᠲᠤ ᠵᠣᠬᠢᠴᠠᠭᠤᠯᠤᠨ᠂ ᠢᠮᠠᠭ᠎ᠠ ᠪᠠᠨ ᠪᠦᠬᠦᠨ ᠢ ᠰᠢᠠᠨ ᠡᠭᠦᠯᠳᠡᠷ ᠤᠨ ᠬᠤᠨᠢᠭ ᠰᠣᠯᠢᠵᠠᠢ᠃ ᠲᠡᠳᠡ ᠬᠤᠶᠠᠭᠤᠯᠠ ᠪᠠᠰᠠ ᠵᠢᠯ ᠤᠨ ᠲᠦᠷᠪᠡᠨ ᠤᠯᠠᠷᠢᠯ ᠳᠤ ᠦᠷ ᠤᠨ ᠭᠡᠭᠡ ᠲᠠᠢ ᠤᠷᠤᠯᠳᠤᠨ᠂ ᠦᠳᠡᠰᠢ ᠶᠢᠨ ᠣᠳᠣᠳ ᠲᠠᠢ ᠬᠠᠨᠢᠯᠠᠨ᠂ ᠶᠠᠳᠠᠷ ᠲᠤᠷᠤᠢ ᠲᠥᠯ ᠮᠠᠯ ᠢᠶᠠᠨ ᠨᠠᠷᠢᠨ ᠨᠢᠮᠪᠠᠢ ᠠᠷᠠᠴᠢᠯᠠᠨ ᠳᠣᠳᠣᠮᠳᠠᠵᠤ᠂ ᠡᠪᠡᠰᠦ  ᠪᠣᠷᠳᠤᠭ᠎ᠠ ᠪᠠᠨ ᠪᠤᠰᠤᠳ ᠠᠴᠠ ᠢᠯᠡᠭᠦᠦ  ᠨᠥᠭᠡᠴᠡᠯᠡᠵᠦ᠂  ᠪᠤᠷᠭᠢ ᠪᠣᠬᠢᠰᠬᠢᠯ ᠦᠭᠡᠢ ᠠᠵᠢᠯᠯᠠᠭᠰᠠᠨ ᠤ ᠠᠴᠢ ᠪᠠᠷ ᠮᠠᠯ ᠤᠨ ᠰᠦᠷᠦᠭ ᠨᠢ ᠥᠨᠢᠷ ᠥᠰᠪᠡ᠃       ᠣᠶᠢᠷ᠎ᠠ ᠶᠢᠨ ᠬᠡᠳᠦᠨ ᠵᠢᠯ᠂ ᠲᠡᠳᠡᠨ ᠤ ᠬᠢᠨ ᠪᠤᠲᠠ ᠪᠤᠭ ᠮᠠᠯ ᠪᠣᠯᠣᠨ ᠲᠠᠷᠢᠶ᠎ᠠ ᠠᠴᠠ ᠪᠠᠨ ᠵᠢᠯ ᠪᠦᠷᠢ50 ᠲᠦᠮᠡᠨ ᠲᠥᠭᠦᠷᠢᠭ ᠤᠨ ᠤᠷᠤᠯᠭ᠎ᠠ ᠣᠯᠵᠤ ᠪᠠᠶᠢᠭ᠎ᠠ ᠨᠢ ᠡᠴᠢᠨᠡᠨ ᠵᠢᠯ ᠤᠨ ᠰᠢᠷᠭᠠᠭᠤ ᠬᠦᠳᠡᠯᠮᠦᠷᠢ ᠶᠢᠨ ᠬᠢᠨᠢ ᠬᠠᠮᠤᠭ ᠤᠨ ᠰᠠᠶᠢᠨ ᠬᠠᠷᠢᠭᠤ ᠪᠡᠯᠡᠭ ᠪᠣᠯᠵᠤ ᠲᠠᠭᠠᠷᠠᠨ᠎ᠠ᠃ ᠲᠡᠳᠡ ᠬᠦᠰᠡᠯ ᠴᠢᠷᠮᠠᠶᠢᠯᠭ᠎ᠠ ᠲᠠᠢ ᠠᠵᠢᠯᠯᠠᠳᠠᠭ ᠠᠴᠠ ᠨᠤᠲᠤᠭ ᠤᠰᠤᠨ ᠤ ᠪᠠᠨ ᠠᠬᠠᠮᠠᠳ ᠲᠣᠮᠣᠭᠠᠲᠠᠳ ᠲᠠᠭᠠᠨ ᠱᠠᠭᠰᠢᠭᠳᠠᠵᠤ᠂  ᠦᠶ᠎ᠡ ᠬᠤᠷᠠᠭ  ᠤᠨ ᠬᠥᠮᠥᠰ ᠤᠨ ᠰᠤᠷᠤᠯᠴᠠᠬᠤ ᠳᠠᠭᠤᠷᠢᠶᠠᠯ ᠪᠣᠯᠵᠤ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号