ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠢᠰᠲ᠋ᠧᠮ ᠠᠵᠢᠯ ᠲᠥᠷᠥᠯ ᠤᠨ ᠰᠤᠷᠲᠠᠯ ᠢ ᠴᠡᠭᠴᠡᠯᠡᠨ ᠵᠠᠰᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/17
    ᠢᠲᠡᠭᠡᠯ ᠵᠣᠷᠢᠭ ᠢᠶᠠᠷ ᠪᠠᠲᠤ ᠴᠢᠩᠭ᠎ᠠ᠂ ᠡᠷᠳᠡᠮ ᠴᠢᠳᠠᠪᠤᠷᠢ ᠪᠠᠷ ᠴᠠᠭᠠᠷᠠᠭᠰᠠᠨ᠂ ᠠᠷᠠᠳ ᠤᠨ ᠲᠥᠯᠥᠭᠡ ᠬᠢᠨᠠᠨ ᠬᠠᠮᠢᠶᠠᠷᠬᠤ᠂ ᠠᠷᠢᠭᠤᠨ ᠴᠢᠬᠡᠴᠢ ᠥᠨᠳᠥᠷ ᠪᠦᠲᠦᠮᠵᠢᠲᠡᠶ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠡᠩᠨᠡᠭᠡ ᠶᠢ ᠬᠦᠴᠦᠯᠡᠨ ᠪᠠᠶᠢᠭᠤᠯᠬᠤ ᠶᠢᠨ ᠲᠥᠯᠥᠭᠡ ᠂ 2 ᠰᠠᠷ᠎ᠠ ᠶᠢᠨ 13 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠢᠰᠲ᠋ᠧᠮ ᠠᠵᠢᠯ ᠲᠥᠷᠥᠯ ᠤᠨ ᠰᠤᠷᠲᠠᠯ ᠢ ᠴᠡᠭᠴᠡᠯᠡᠨ ᠵᠠᠰᠠᠬᠤ ᠠᠵᠢᠯ ᠤᠨ ᠬᠤᠷᠠᠯ ᠬᠤᠷᠠᠯᠳᠤᠭᠤᠯᠵᠤ᠂ ᠪᠥᠬᠦ ᠬᠤᠰᠢᠭᠤᠨ ᠤ ᠠᠵᠢᠯ ᠲᠥᠷᠥᠯ ᠤᠨ ᠰᠤᠷᠲᠠᠯ ᠢ ᠴᠡᠭᠴᠡᠯᠡᠨ ᠵᠠᠰᠠᠬᠤ ᠠᠵᠢᠯ ᠳᠤ ᠪᠥᠬᠦ ᠲᠠᠯ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠬᠢᠪᠡ᠃     ᠬᠤᠷᠠᠯ  ᠠᠴᠠ ᠵᠢᠭᠠᠵᠤ ᠭᠠᠷᠭᠠᠭᠰᠠᠨ ᠨᠢ᠂ ᠪᠥᠬᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠢᠰᠲ᠋ᠧᠮ ᠤᠨ ᠺᠠᠳ᠋ᠷ ᠠᠵᠢᠯᠲᠠᠳ ᠦᠵᠡᠯ ᠰᠠᠨᠠᠭ᠎ᠠ ᠪᠠᠨ ᠲᠥᠪ ᠪᠣᠯᠭᠠᠨ᠂ ᠲᠠᠨᠢᠯᠲᠠ ᠪᠠᠨ ᠨᠢᠭᠡᠳᠬᠡᠵᠦ᠂ ᠠᠵᠢᠯ ᠲᠥᠷᠥᠯ ᠤᠨ ᠰᠤᠷᠲᠠᠯ ᠤᠨ ᠪᠠᠶᠢᠭᠤᠯᠤᠯᠲᠠ ᠶᠢᠨ ᠲᠤᠶᠢᠯ ᠤᠨ ᠴᠢᠬᠤᠯᠠ ᠴᠢᠨᠠᠷ ᠢ ᠭᠦᠨᠵᠡᠭᠡᠢ ᠣᠶᠢᠯᠠᠭᠠᠨ᠂ ᠦᠵᠡᠯ ᠰᠠᠨᠠᠭᠠᠨ ᠤ ᠦᠨᠳᠦᠰᠦ ᠰᠤᠷᠪᠤᠯᠵᠢ ᠳᠠᠬᠢ ᠥᠭᠡᠷᠡᠴᠢᠯᠡᠬᠦ ᠳᠤᠷ᠎ᠠ ᠦᠭᠡᠢ᠂  ᠥᠭᠡᠷᠡᠴᠢᠯᠡᠬᠦ ᠦᠭᠡᠢ ᠪᠠᠶᠢᠬᠤ ᠬᠠᠷᠰᠢᠯᠳᠤᠯ ᠢ ᠰᠢᠢᠳᠪᠦᠷᠢᠯᠡᠵᠦ᠂ ᠠᠵᠢᠯ ᠲᠥᠷᠥᠯ ᠤᠨ ᠰᠤᠷᠲᠠᠯ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠪᠣᠳᠠᠲᠠᠢ ᠠᠳᠬᠤᠵᠤ᠂   ᠦᠷ᠎ᠡ ᠪᠦᠲᠦᠮᠵᠢ ᠭᠠᠷᠭᠠᠬᠤ ᠪᠠᠷ ᠴᠢᠷᠮᠠᠶᠢᠬᠤ ᠬᠡᠷᠡᠭᠲᠡᠢ᠃ ᠬᠡᠯᠪᠡᠷᠢ ᠶᠢ ᠲᠣᠳᠣᠷᠬᠠᠢ ᠲᠠᠨᠢᠵᠤ᠂ ᠵᠠᠩᠭᠢᠯᠠᠭ᠎ᠠ ᠶᠢ ᠡᠵᠡᠮᠳᠡᠨ᠂ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠦᠷᠢᠯᠡᠵᠦ᠂ ᠠᠵᠢᠯ ᠲᠥᠷᠥᠯ ᠤᠨ ᠰᠤᠷᠲᠠᠯ ᠢ ᠴᠡᠭᠴᠡᠯᠡᠨ ᠵᠠᠰᠠᠬᠤ ᠪᠣᠯ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠨ ᠳᠦᠷᠢ ᠲᠥᠷᠬᠦ ᠶᠢ ᠪᠣᠶ ᠪᠣᠯᠭᠠᠬᠤ ᠶᠢᠨ ᠵᠠᠪᠠᠯ ᠥᠩᠭᠡᠷᠡᠬᠦ ᠵᠠᠮ ᠪᠣᠯᠬᠤ ᠪᠠᠷ ᠪᠠᠷᠠᠬᠤ ᠦᠭᠡᠢ᠂ ᠪᠠᠰᠠ ᠴᠤ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠪᠥᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠶᠢᠨ ᠲᠤᠯᠭᠠᠮ᠎ᠠ ᠱᠠᠭᠠᠷᠳᠠᠯᠭ᠎ᠠ ᠮᠥᠨ ᠭᠡᠳᠡᠭ ᠢ ᠭᠦᠢᠴᠡᠳ ᠲᠠᠨᠢᠵᠤ᠂ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠤᠯᠠᠷᠠᠭᠤᠯᠤᠯ ᠦᠭᠡᠢ ᠴᠢᠩᠭ᠎ᠠ ᠠᠳᠬᠤᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠯᠠᠪᠳᠠᠭᠤᠨ ᠢᠶᠠᠷ ᠠᠬᠢᠭᠤᠯᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠰᠡᠳᠬᠢᠯ ᠢᠶᠠᠨ ᠨᠢᠭᠡᠳᠭᠡᠵᠦ᠂ ᠮᠡᠳᠡᠬᠦᠢ ᠬᠢᠬᠦᠢ ᠶᠢ  ᠨᠢᠭᠡᠳᠭᠡᠵᠦ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ  ᠵᠠᠰᠠᠵᠤ᠂ ᠴᠢᠯᠦᠭᠡᠲᠡᠢ ᠪᠣᠯᠭᠠᠬᠤ ᠪᠠ ᠬᠠᠮᠢᠶᠠᠷᠬᠤ ᠶᠢ ᠤᠶᠠᠯᠳᠣᠭᠤᠯᠵᠣ᠂ ᠵᠠᠯᠠᠷᠠᠭᠤᠯᠬᠤ ᠪᠠ ᠪᠠᠶᠢᠭᠤᠯᠬᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠠᠵᠢᠯ ᠲᠦᠷᠦᠯ ᠤᠨ ᠰᠤᠷᠲᠠᠯ ᠤᠨ ᠪᠠᠶᠢᠭᠤᠯᠤᠯᠲᠠ ᠶᠢ  ᠪᠠᠶᠢᠩᠭᠤᠵᠢᠭᠤᠯᠵᠤ᠂ ᠤᠷᠳᠤ ᠬᠤᠭᠤᠴᠠᠭᠠᠨ ᠤ ᠪᠦᠲᠦᠮᠵᠢᠵᠢᠭᠦᠯᠬᠦ᠂ ᠳᠦᠷᠢᠮᠵᠢᠭᠦᠯᠬᠦ ᠶᠢ ᠪᠡᠶᠡᠯᠡᠭᠦᠯᠵᠦ᠂ ᠰᠤᠷᠲᠠᠯ ᠤᠨ ᠬᠤᠪᠢᠷᠠᠭᠤᠯᠤᠯᠲᠠ ᠪᠠᠷ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠰᠢᠨ᠎ᠡ ᠪᠠᠶᠢᠳᠠᠯ ᠢ ᠪᠤᠢ ᠪᠣᠯᠭᠠᠬᠤ ᠬᠡᠷᠡᠭᠲᠡᠢ᠃     ᠬᠤᠷᠠᠯ ᠳᠡᠭᠡᠷ᠎ᠡ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠠᠵᠢᠯ ᠲᠥᠷᠥᠯ ᠤᠨ ᠰᠤᠷᠲᠠᠯ ᠢ ᠴᠡᠭᠴᠡᠯᠡᠨ ᠵᠠᠰᠠᠬᠤ ᠠᠵᠢᠯ ᠤᠨ ᠲᠥᠰᠥᠯ︾ ᠢ ᠤᠩᠰᠢᠨ ᠨᠡᠶᠢᠲᠡᠯᠡᠭᠰᠡᠨ ᠪᠥᠭᠡᠳ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠠᠵᠢᠯ ᠲᠥᠷᠥᠯ ᠤᠨ ᠰᠤᠷᠲᠠᠯ ᠢ ᠴᠡᠭᠴᠡᠯᠡᠨ ᠵᠠᠰᠠᠬᠤ ᠠᠵᠢᠯ ᠤᠨ ᠬᠠᠷᠢᠭᠤᠴᠠᠯᠭ᠎ᠠ ᠶᠢᠨ ᠪᠢᠴᠢᠭ︾ ᠳᠤ ᠭᠠᠷ ᠤᠨ ᠥᠰᠥᠭ ᠵᠢᠷᠤᠪᠠ᠃  
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号