ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ | ᠲᠥᠯᠣᠭᠡᠯᠡᠭᠴᠢᠳ ᠤᠨ ᠶᠡᠭᠡ ᠬᠤᠷᠡᠯ ᠤᠨ ᠬᠤᠶᠠᠳᠤᠭᠠᠷ ᠬᠤᠷᠠᠯᠳᠤᠭᠠᠨ ᠤ ᠪᠢᠴᠢᠭ ᠮᠠᠲ᠋ᠧᠷᠢᠶᠠᠯ (ᠵᠢᠷᠭᠤᠭ᠎ᠠ) | | ᠬᠤᠷᠴᠢᠨ ᠪᠠᠷᠠᠭᠤᠨᠭᠠᠷᠤᠨᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠡ ᠶᠢᠨ ᠠᠵᠢᠯ ᠤᠨ | ᠮᠡᠳᠡᠬᠦᠯᠦᠯᠳᠡ | | | ︱2023 ᠣᠨ ᠤ 1 ᠰᠠᠷ᠎ᠠ ᠶᠢᠨ 2 ᠡᠳᠦᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ | ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠡᠯ ᠤᠨ ᠬᠤᠶᠠᠳᠣᠭᠠᠷ ᠬᠤᠷᠠᠯᠳᠣᠭᠠᠨ | ᠲᠡᠭᠡᠷ᠎ᠡ | | ᠬᠤᠷᠴᠢᠨ ᠪᠠᠷᠠᠭᠤᠨ ᠭᠠᠷᠣᠨ ᠡᠮᠣᠨᠡᠳᠣ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠡᠨ ᠤ ᠪᠠᠶᠢᠴᠠᠭᠠᠭᠴᠢ | ᠲᠠᠷᠤᠭ᠎ᠠ ᠯᠢᠦ ᠬᠠᠢ ᠶᠥᠡᠭ | | | ᠲᠥᠯᠥᠭᠡᠯᠡᠭᠴᠢᠳ ᠠ᠋᠄ | ᠣᠳᠣ ᠪᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢ | ᠲᠥᠯᠥᠭᠡᠯᠡᠨ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠬᠤᠷᠠᠯ ᠳᠤ ᠰᠤᠯᠠ | ᠣᠷᠣᠯᠴᠠᠭᠰᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ᠂ ᠡᠯ᠎ᠡ ᠤᠳᠤᠷᠢᠳᠤᠯᠭ᠎ᠠ ᠪᠣᠯᠣᠨ ᠨᠥᠬᠦᠳ | ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2022 ᠣᠨ ᠤ ᠠᠵᠢᠯ ᠤᠨ ᠡᠷᠭᠢᠴᠡᠭᠦᠯᠦᠯ | 2022 ᠣᠨ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ | ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ | ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠪᠣᠯᠣᠨ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠣᠭᠤᠰᠢᠯᠠᠭᠤᠯᠵᠣ᠂ ᠰᠢ ᠶᠢᠨ ᠫᠢᠩ ᠤᠨ ᠬᠠᠣᠯᠢ | ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ︽ᠬᠤᠶᠠᠷ ᠢ | ᠲᠣᠭᠲᠠᠭᠠᠬᠤ︾ ᠶᠢ ᠴᠢᠩ ᠰᠡᠳᠬᠢᠯ ᠠᠴᠠ ᠪᠠᠨ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠨᠡᠨᠴᠢ ᠪᠠᠷ | ᠦᠢᠯᠡᠳᠦᠯᠭᠡᠵᠢᠭᠦᠯᠵᠦ᠂ ᠬᠤᠰᠢᠭᠤᠨ ᠤ ᠨᠠᠮ ᠤᠨ ᠬᠤᠷᠢᠶ᠎ᠠ ᠪᠣᠯᠣᠨ ᠳᠡᠭᠡᠳᠦ ᠱᠠᠲᠤᠨ ᠤ ᠪᠠᠶᠢᠴᠠᠭᠠᠬᠤ | ᠪᠠᠶᠢᠭᠤᠯᠤᠯᠭ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠤ ᠴᠢᠩᠭ᠎ᠠ ᠲᠦᠰᠢᠭᠯᠡᠨ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠠᠤᠯᠢ ᠶᠣᠰᠣᠨ ᠤ ᠬᠢᠨᠠᠯᠲᠠ | ᠶᠢ ᠤᠬᠠᠮᠰᠠᠷ ᠠᠴᠠ ᠪᠠᠨ ᠬᠦᠯᠢᠶᠡᠵᠦ᠂ ᠬᠤᠰᠢᠭᠤᠨ ᠤ ᠵᠠᠰᠠᠭ ᠤᠨ ᠣᠷᠳᠣᠨ᠂ ᠬᠤᠰᠢᠭᠤᠨ ᠤ ᠤᠯᠤᠰ ᠲᠥᠷᠥ ᠶᠢᠨ | ᠵᠥᠪᠯᠡᠯᠭᠡᠨ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠦᠴᠦᠲᠡᠢ ᠳᠡᠮᠵᠢᠯᠭᠡ ᠳᠣᠣᠷ᠎ᠠ᠂ ᠦᠨᠳᠦᠰᠦᠨ ᠬᠠᠤᠯᠢ | ᠬᠠᠤᠯᠢ ᠴᠠᠭᠠᠵᠠ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠡᠯ᠎ᠡ | ᠵᠦᠢᠯ ᠤᠨ ᠠᠵᠢᠯ ᠰᠢᠨ᠎ᠡ ᠠᠬᠢᠴᠠ ᠲᠠᠢ ᠪᠣᠯᠪᠠ᠃ | ︵ᠨᠢᠭᠡ︶ ᠤᠯᠤᠰ ᠲᠦᠷᠦ ᠶᠢᠨ ᠡᠭᠦᠷᠭᠡᠯᠡᠯ ᠢ ᠴᠢᠩᠭᠠᠳᠬᠠᠵᠤ᠂ ᠭᠤᠣᠯ ᠲᠥᠪ ᠤᠨ ᠲᠣᠭᠤᠷᠢᠨ ᠳᠤ ᠶᠡᠭᠡ | ᠲᠠᠯ᠎ᠠ ᠳᠤ ᠦᠢᠯᠡᠴᠢᠯᠡᠪᠡ | 1. ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠡᠮᠦᠨᠡᠲᠦ ᠬᠤᠰᠢᠭᠤᠨ ᠤ ᠪᠦᠲᠦᠭᠡᠨ | ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠬᠦᠯᠪᠡ | ᠤᠯᠤᠰ ᠤᠨ ᠶᠡᠷᠦᠩᠬᠡᠢ ᠴᠣᠭᠴᠠ ᠶᠢᠨ ᠠᠮᠤᠷ ᠲᠦᠪᠰᠢᠨ ᠤ ᠦᠵᠡᠯᠲᠡ ᠶᠢ ᠪᠠᠲᠤ ᠪᠠᠬᠢ ᠪᠤᠢ ᠪᠣᠯᠭᠠᠵᠤ᠂ ︽ | ᠤᠯᠤᠰ ᠲᠦᠷᠦ ᠶᠢᠨ ᠶᠡᠭᠡ ᠣᠨ︾ ᠤᠨ ᠠᠮᠤᠷ ᠲᠦᠪᠰᠢᠨ ᠤ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ | ᠡᠯ᠎ᠡ ᠲᠥᠷᠣᠯ ᠤᠨ ᠡᠷᠡᠬᠦᠣ ᠶᠢᠨ ᠬᠡᠷᠡᠭ ᠤᠨ82 ᠬᠡᠷᠡᠭ 128 ᠬᠥᠮᠣᠨ ᠢ ᠬᠥᠯᠢᠶᠡᠨ ᠠᠪᠴᠣ ᠬᠢᠨᠠᠨ ᠪᠠᠶᠢᠴᠠᠭᠠᠵᠣ | ᠪᠠᠷᠢᠪᠴᠢᠯᠡᠵᠣ᠂ 40 ᠬᠡᠷᠡᠭ 61 ᠬᠥᠮᠣᠨ ᠢ ᠪᠠᠷᠢᠪᠴᠢᠯᠠᠬᠤ ᠶᠢ ᠵᠥᠪᠰᠢᠶᠡᠷᠡᠭᠰᠡᠨ ᠪᠠ ᠲᠣᠭᠳᠠᠭᠠᠵᠣ᠂ 447 | ᠬᠡᠷᠡᠭ 532 ᠬᠥᠮᠣᠨ ᠢ ᠬᠥᠯᠢᠶᠡᠨ ᠠᠪᠴᠣ ᠬᠢᠨᠠᠨ ᠪᠠᠶᠢᠴᠠᠭᠠᠵᠣ ᠵᠠᠭᠠᠯᠳᠣᠵᠣ᠂ 240 ᠬᠡᠷᠡᠭ282 ᠬᠥᠮᠣᠨ ᠳᠤ | ᠠᠯᠪᠠᠨ ᠵᠠᠭᠠᠯᠳᠣᠯᠭ᠎ᠠ ᠬᠢᠵᠠᠢ᠃ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠳᠤ ᠢᠳᠡᠪᠬᠢᠲᠡᠢ ᠣᠷᠣᠯᠴᠠᠵᠤ᠂ | ᠲᠤᠷᠰᠢᠨ ᠪᠠᠶᠢᠴᠠᠭᠠᠬᠤ ᠳᠤ ᠤᠷᠢᠳᠴᠢᠯᠠᠨ ᠣᠷᠤᠯᠴᠠᠬᠤ ᠪᠠ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ | ᠤᠯᠤᠰ ᠤᠨ ᠥᠮᠴᠢᠯᠡᠯ ᠤᠨ ᠪᠠ ᠬᠠᠮᠲᠤ ᠶᠢᠨ ᠡᠳ᠋ ᠬᠥᠷᠥᠩᠭᠡ ᠶᠢ ᠬᠠᠮᠠᠭᠠᠯᠠᠵᠤ᠂ ᠠᠷᠠᠳ ᠤᠯᠠᠨ ᠤ ᠬᠠᠤᠯᠢ | ᠶᠣᠰᠣᠨ ᠤ ᠡᠷᠬᠡ ᠠᠰᠢᠭ ᠢ ᠬᠠᠮᠠᠭᠠᠯᠠᠨ᠂ ᠪᠦᠬᠦ ᠵᠢᠯ ᠳᠤ ᠠᠷᠠᠳ ᠢᠷᠭᠡᠨ ᠤ ᠪᠡᠶ᠎ᠡ ᠶᠢᠨ ᠡᠷᠬᠡ᠂ ᠠᠷᠠᠳᠴᠢᠯᠠᠯ ᠤᠨ | ᠡᠷᠬᠡ ᠳᠤ ᠬᠠᠯᠳᠠᠭᠰᠠᠨ ᠶᠠᠯᠠᠲᠤ ᠠᠵᠢᠯᠯᠠᠭ᠎ᠠ ᠬᠢᠭᠰᠡᠨ 27 ᠬᠡᠷᠡᠭ 31 ᠬᠥᠮᠥᠨ᠂ ᠡᠳ᠋ ᠬᠥᠷᠥᠩᠭᠡ ᠳᠤ ᠬᠠᠯᠳᠠᠭᠰᠠᠨ | ᠶᠠᠯᠠᠲᠤ ᠠᠵᠢᠯᠯᠠᠭ᠎ᠠ ᠬᠢᠭᠰᠡᠨ 25 ᠬᠡᠷᠡᠭ 31 ᠬᠥᠮᠥᠨ᠂ ᠤᠯᠠᠨ ᠨᠡᠶᠢᠲᠡ ᠶᠢᠨ ᠠᠮᠤᠷ ᠲᠦᠪᠰᠢᠨ ᠳᠤ ᠬᠤᠣᠷ | ᠬᠥᠨᠥᠭᠡᠯ ᠤᠴᠠᠷᠠᠭᠤᠯᠤᠭᠰᠠᠨ ᠶᠠᠯᠠᠲᠤ ᠠᠵᠢᠯᠯᠠᠭ᠎ᠠ ᠬᠢᠭᠰᠡᠨ 158 ᠬᠡᠷᠡᠭ 160 ᠬᠥᠮᠥᠨ ᠳᠤ ᠠᠯᠪᠠᠨ | ᠵᠠᠭᠠᠯᠳᠤᠯᠭ᠎ᠠ ᠬᠢᠪᠠ᠃ ᠨᠡᠶᠢᠭᠡᠮ ᠤᠨ ᠬᠡᠪ ᠰᠤᠷᠲᠠᠯ ᠢ ᠦᠷᠭᠦᠯᠵᠢᠯᠡᠨ ᠴᠡᠪᠡᠷᠰᠢᠭᠦᠯᠵᠦ᠂《ᠱᠠᠯᠢᠭ ᠵᠠᠪᠬᠠᠢ ᠵᠦᠢᠯ᠂ | ᠵᠣᠭᠤᠰ ᠨᠠᠭᠠᠳᠤᠭᠰᠠᠨ᠂ ᠬᠤᠣᠷᠲᠤ ᠡᠳ᠋ ᠫᠠᠨᠽᠠᠯᠠᠬᠤ》ᠲᠥᠷᠣᠯ ᠤᠨ ᠨᠡᠶᠢᠭᠡᠮ ᠤᠨ ᠬᠠᠮᠢᠶᠠᠷᠤᠯᠲᠠ ᠶᠢᠨ ᠡᠮᠬᠢ | ᠵᠢᠷᠤᠮ ᠢ ᠬᠠᠷᠰᠢᠯᠠᠭᠰᠠᠨ ᠶᠠᠯᠠᠲᠤ ᠬᠡᠷᠡᠭ ᠲᠤ ᠬᠤᠯᠪᠣᠭᠳᠠᠭᠰᠠᠨ 18 ᠬᠡᠷᠡᠭ 42 ᠬᠥᠮᠥᠨ ᠳᠤ ᠠᠯᠪᠠᠨ | ᠵᠠᠭᠠᠯᠳᠣᠯᠭ᠎ᠠ ᠬᠢᠪᠠ᠃ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ | ᠠᠵᠢᠯᠯᠠᠭ᠎ᠠ ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂ ᠣᠯᠠᠨ ᠲᠦᠮᠡᠨ ᠤ ᠰᠣᠨᠣᠰᠴᠤ ᠣᠶᠢᠯᠠᠭᠠᠬᠤ᠂ | ᠰᠣᠨᠣᠰᠴᠤ ᠣᠷᠣᠬᠤ ᠠᠷᠭ᠎ᠠ ᠮᠠᠶ᠋ᠢᠭ ᠢᠶᠠᠷ ᠮᠡᠬᠡᠯᠡᠬᠦ ᠶᠢ ᠡᠰᠡᠷᠭᠦᠴᠡᠬᠦ ᠤᠬᠠᠭᠤᠯᠭ᠎ᠠ ᠶᠢ ᠶᠡᠬᠡᠪᠡᠷ ᠥᠷᠨᠢᠬᠦᠯᠪᠡ᠃ | 2. ᠬᠢᠵᠢᠭ ᠢ ᠡᠰᠡᠷᠭᠦᠴᠡᠬᠦ ᠠᠵᠢᠯ ᠳᠤ ᠪᠦᠬᠦ ᠬᠦᠴᠦᠨ ᠢᠶᠠᠷ ᠢᠶᠠᠨ ᠣᠷᠣᠯᠴᠠᠪᠠ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠵᠢᠯᠤᠭᠤᠳᠬᠤ ᠭᠠᠵᠠᠷ ᠤᠨ ᠨᠢᠭᠡᠳᠦᠯᠲᠡᠢ ᠪᠠᠶᠢᠷᠢᠯᠠᠭᠤᠯᠤᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠵᠠᠬ᠎ᠠ ᠶᠢᠨ ᠪᠠᠬᠢᠯᠡᠯᠳᠡ ᠶᠢᠨ ᠭᠠᠵᠠᠷ ᠢ ᠤᠭ ᠰᠠᠨᠠᠭ᠎ᠠ ᠡᠭᠦᠷᠭᠡ | ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠬᠦ᠂ ᠬᠠᠷᠢᠭᠤᠴᠠᠯᠭ᠎ᠠ ᠡᠭᠦᠷᠭᠡᠯᠡᠯ ᠢᠶᠠᠨ ᠢᠯᠡᠷᠡᠭᠦᠯᠬᠦ ︽ᠰᠢᠯᠭᠠᠭᠤᠷ︾ ᠪᠠ ︽ | ᠪᠢᠯᠡᠭᠦᠳᠡᠬᠦ ᠴᠢᠯᠠᠭᠤ︾ ᠪᠣᠯᠭᠠᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷ ᠡᠮᠦᠨ᠎ᠡ ᠨᠢ ᠭᠠᠪᠰᠢᠭᠠᠶᠢᠯᠠᠵᠤ᠂ | ᠨᠢᠭᠡᠳᠦᠭᠡᠷ ᠹᠷᠣᠨᠲ ᠤᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠳᠤ ᠢᠳᠡᠪᠬᠢᠲᠡᠢ ᠣᠷᠣᠯᠴᠠᠵᠤ᠂ ︽ | ᠵᠠᠩᠭᠢᠯᠠᠭ᠎ᠠ ᠶᠢᠨ ᠴᠥᠭᠡᠨ ᠲᠣᠭᠠᠲᠠᠨ︾ ᠢᠶᠠᠷ ︽ᠵᠣᠩᠬᠢᠯᠠᠬᠤ ᠤᠯᠠᠨ ᠲᠣᠭᠠᠲᠠᠨ︾ ᠢ ᠳᠠᠶᠢᠴᠢᠯᠠᠵᠤ᠂ ᠪᠥᠬᠦ | ᠰᠡᠳᠬᠢᠯ ᠪᠥᠬᠦ ᠵᠣᠷᠢᠭ ᠢᠶᠠᠷ ᠬᠦᠴᠦ ᠪᠠᠨ ᠬᠠᠮᠳᠣᠳᠬᠠᠨ ᠬᠢᠵᠢᠭ ᠤᠨ ᠪᠠᠶᠢᠳᠠᠯ ᠢ ᠡᠰᠡᠷᠭᠦᠴᠡᠬᠦ ᠪᠠᠲᠤ ᠴᠢᠩᠭ᠎ᠠ | ᠪᠠᠬᠢᠯᠡᠯᠲᠡ ᠶᠢ ᠪᠠᠶᠢᠭᠤᠯᠪᠠ᠃ ᠭᠤᠷᠪᠠᠳᠤᠭᠠᠷ ᠰᠠᠷ᠎ᠠ ᠠᠴᠠ ᠨᠠᠰᠢ᠂ ᠮᠠᠨ ᠤ ᠬᠤᠷᠢᠶᠠᠨ ᠤ 77 ᠺᠠᠳ᠋ᠷ ᠴᠠᠭᠳᠠᠭ᠎ᠠ | ᠥᠨᠳᠣᠷ ᠬᠤᠷᠳᠣᠴᠠᠳᠣ ᠵᠠᠰᠠᠮᠠᠯ ᠵᠠᠮ ᠤᠨ ᠪᠣᠭᠤᠮᠳᠠ ᠶᠢᠨ ᠬᠢᠵᠢᠭ ᠢ ᠰᠡᠷᠭᠡᠶᠢᠯᠡᠬᠦ ᠡᠭᠦᠷᠭᠡ ᠭᠦᠢᠴᠡᠳᠬᠡᠬᠦ᠂ | ᠲᠥᠪᠯᠡᠷᠡᠭᠦᠯᠦᠨ ᠲᠤᠰᠠᠭᠠᠷᠯᠠᠬᠤ ᠴᠡᠭ ᠤᠨ ᠰᠠᠶᠢᠨ ᠳᠤᠷ᠎ᠠ ᠶᠢᠨ ᠦᠢᠯᠡᠴᠢᠯᠡᠭᠡ᠂ ᠲᠠᠭᠠᠭᠠᠴᠢᠯᠠᠭᠰᠠᠨ ᠪᠠᠭ᠎ᠠ | ᠲᠣᠭᠤᠷᠢᠭ ᠤᠨ ᠡᠭᠦᠷᠭᠡ ᠭᠦᠢᠴᠡᠳᠬᠡᠬᠦ ᠵᠢᠴᠢ ᠪᠠᠲᠤᠯᠠᠭ᠎ᠠ ᠶᠢᠨ ᠠᠵᠢᠯ᠂ ᠨᠤᠲᠤᠭ ᠲᠠᠭᠠᠨ ᠪᠤᠴᠠᠭᠰᠠᠳ ᠢ | ᠰᠢᠯᠵᠢᠭᠦᠯᠦᠨ ᠲᠡᠭᠡᠭᠡᠪᠦᠷᠢᠯᠡᠬᠦ ᠠᠵᠢᠯ ᠵᠢᠴᠢ ᠲᠣᠭᠳᠠᠩᠭᠤᠢ ᠪᠤᠰᠤ ᠪᠠᠶᠢᠳᠠᠯ ᠪᠠ ᠲᠣᠭᠳᠠᠩᠭᠤᠢ ᠪᠠᠶᠢᠳᠠᠯ ᠤᠨ | ᠳᠣᠣᠷᠠᠬᠢ ᠡᠭᠡᠯᠵᠢ ᠪᠦᠷᠢ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠳᠤ ᠣᠷᠣᠯᠴᠠᠵᠤ᠂ ᠵᠠᠩᠭᠢᠯᠠᠭ᠎ᠠ ᠶᠢᠨ | ᠦᠶ᠎ᠡ ᠳᠤ ᠵᠣᠭᠰᠣᠵᠤ ᠳᠡᠶᠢᠯᠬᠦ᠂ ᠲᠤᠯᠵᠤ ᠳᠡᠶᠢᠯᠬᠦ᠂ ᠨᠠᠶᠢᠳᠠᠪᠤᠷᠢᠲᠠᠢ ᠪᠠᠶᠢᠬᠤ ᠶᠢ ᠥᠨᠡᠨᠬᠦ ᠪᠡᠶᠡᠯᠡᠭᠦᠯᠦᠭᠰᠡᠨ ᠪᠠᠶᠢᠨ᠎ᠠ | ᠃ | 3. ᠣᠯᠠᠨ ᠠᠷᠭ᠎ᠠ ᠬᠡᠮᠵᠢᠶ᠎ᠡ ᠪᠠᠷ ᠬᠠᠤᠯᠢ ᠪᠠᠷ ᠵᠠᠰᠠᠬᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠰᠢᠯᠢᠳᠡᠭᠵᠢᠬᠦᠯᠪᠡ | ᠵᠠᠬ᠎ᠠ ᠳᠡᠯᠭᠡᠭᠦᠷ ᠤᠨ ᠠᠵᠤ ᠠᠬᠤᠢ ᠶᠢᠨ ᠡᠮᠬᠢ ᠵᠢᠷᠤᠮ ᠢ ᠡᠪᠳᠡᠭᠰᠡᠨ ᠶᠠᠯ᠎ᠠ ᠬᠢᠭᠰᠡᠨ 7 ᠬᠡᠷᠡᠭ 13 ᠬᠥᠮᠥᠨ ᠢ | ᠵᠠᠷᠭᠤᠯᠳᠣᠬᠤ ᠵᠠᠷᠭᠤ ᠬᠢᠵᠣ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠨ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠠᠶᠢᠵᠢᠷᠠᠭᠤᠯᠬᠤ ᠶᠢ ᠠᠬᠢᠭᠤᠯᠪᠠ᠃ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠡᠵᠡᠩᠨᠡᠯᠲᠡ ᠳᠤ ᠬᠤᠯᠪᠣᠭᠳᠠᠭᠰᠠᠨ ᠲᠦᠷᠦᠯ ᠤᠨ ᠶᠠᠯᠠᠲᠤ | ᠠᠵᠢᠯᠯᠠᠭ᠎ᠠ ᠳᠤ 1 ᠬᠥᠮᠥᠨ ᠢ ᠬᠠᠷᠢᠴᠠᠩᠭᠤᠢ ᠪᠠᠷ ᠦᠯᠦ ᠵᠠᠭᠠᠯᠳᠤᠬᠤ ᠲᠣᠭᠲᠠᠭᠠᠯ ᠭᠠᠷᠭᠠᠵᠤ᠂ ᠠᠵᠤ | ᠠᠬᠤᠶᠢᠯᠠᠯ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢ ᠴᠢᠷᠮᠠᠶᠢᠨ ᠬᠠᠮᠠᠭᠠᠯᠠᠪᠠ᠃ ᠪᠦᠬᠦ ᠣᠷᠣᠨ ᠤ ᠤᠯᠤᠰ | ᠲᠦᠷᠦ ᠬᠠᠤᠯᠢ ᠴᠠᠭᠠᠵᠠ ᠶᠢᠨ ᠪᠠᠶᠢᠭᠤᠯᠤᠯᠭ᠎ᠠ ᠶᠢᠨ ︽ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠵᠤ᠂ ᠬᠠᠣᠯᠢ | ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠳᠤ | ᠦᠢᠯᠡᠴᠢᠯᠡᠬᠦ︾ ᠶᠡᠭᠡ ᠶᠠᠷᠢᠯᠴᠠᠭᠠᠨ ᠤ ᠠᠵᠢᠯᠯᠠᠭ᠎ᠠ ᠪᠠᠷ ᠠᠴᠢᠶᠠᠯᠠᠪᠣᠷᠢ ᠪᠣᠯᠭᠠᠵᠤ᠂ ︽ᠤᠷᠢᠵᠤ ᠠᠪᠴᠢᠷᠠᠬᠤ︾ ᠪᠠ | ︽ᠭᠠᠳᠠᠭᠰᠢ ᠭᠠᠷᠬᠤ︾ ᠶᠢ ᠤᠶᠠᠯᠳᠤᠭᠤᠯᠵᠤ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ ᠥᠭᠴᠡᠢ᠃ | ᠠᠵᠤ ᠠᠬᠤᠶᠢᠯᠠᠯ ᠢ ᠰᠤᠷᠪᠤᠯᠵᠢᠯᠠᠬᠤ ᠪᠠᠷ ᠲᠠᠮᠵᠢᠨ᠂ ᠴᠡᠷᠡᠰᠣᠨ ᠤᠰᠤᠨ ᠴᠥᠭᠦᠷᠥᠮ ᠤᠨ ᠡᠷᠬᠢᠨ ᠲᠣᠭᠤᠷᠢᠨ ᠤ | ᠠᠶᠢᠯ ᠲᠣᠰᠬᠤᠨ ᠳᠤ ᠠᠮᠢᠳᠤᠷᠠᠯ ᠤᠨ ᠬᠤᠭ ᠨᠣᠪᠰᠢ ᠪᠠ ᠦᠯᠡᠳᠡᠭᠳᠡᠯ ᠲᠠᠷᠢᠶᠠᠨ ᠡᠮ ᠤᠨ ᠬᠤᠭ ᠨᠣᠪᠰᠢ ᠬᠠᠶᠠᠵᠣ᠂ | ᠤᠰᠤᠨ ᠤ ᠴᠢᠨᠠᠷ ᠢ ᠪᠣᠬᠢᠷᠲᠤᠭᠤᠯᠬᠤ᠂ ᠬᠤᠯᠪᠣᠭᠳᠠᠯ ᠪᠦᠬᠦᠢ ᠠᠵᠤ ᠦᠢᠯᠡᠰ ᠤᠨ ᠠᠵᠤ ᠠᠬᠤᠢ ᠶᠢᠨ | ᠬᠥᠭᠵᠢᠯᠲᠡ ᠶᠢ ᠬᠢᠵᠠᠭᠠᠷᠯᠠᠬᠤ ᠳᠠᠯᠳᠠ ᠭᠡᠮ ᠣᠷᠣᠰᠢᠵᠤ ᠪᠠᠶᠢᠬᠤ ᠶᠢ ᠥᠢᠯᠭᠠᠵᠣ᠂ ᠨᠡᠶᠢᠲᠡ ᠶᠢᠨ ᠠᠰᠠᠷᠠᠮᠵᠢ ᠶᠢᠨ | ᠵᠠᠷᠭᠤ ᠶᠢᠨ ᠵᠠᠭᠠᠯᠳᠤᠬᠤ ᠠᠴᠠ ᠡᠮᠦᠨᠡᠬᠢ ᠵᠥᠪᠳᠡᠯᠴᠡᠨ ᠶᠠᠷᠢᠯᠴᠠᠬᠤ ᠬᠤᠷᠠᠯ ᠬᠤᠷᠠᠯᠳᠤᠭᠤᠯᠵᠤ᠂ ᠴᠡᠷᠡᠰᠣᠨ | ᠪᠠᠯᠭᠠᠰᠤᠨ ᠤ ᠵᠠᠰᠠᠭ ᠤᠨ ᠣᠷᠳᠣᠨ ᠳᠤ ᠪᠠᠶᠢᠴᠠᠭᠠᠬᠤ ᠰᠠᠨᠠᠭᠤᠯᠭ᠎ᠠ ᠲᠣᠭᠲᠠᠭᠠᠨ ᠥᠭᠴᠦ᠂ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠶᠢ ᠱᠠᠯᠠᠪᠳᠠᠪᠠ᠃ | 4. ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠦᠷᠭᠦᠯᠵᠢᠯᠡᠨ | ᠠᠬᠢᠭᠤᠯᠪᠠ | ᠠᠯᠳᠠᠷ ᠰᠤᠮᠤ ᠶᠢᠨ ᠬᠤᠶᠠᠷ ᠭᠠᠴᠠᠭ᠎ᠠ ᠲᠣᠰᠬᠤᠨ ᠳᠤ 5 ᠺᠠᠳ᠋ᠷ ᠢ ᠲᠣᠮᠢᠯᠠᠨ ᠰᠠᠭᠤᠯᠭᠠᠵᠤ᠂ 30.57 ᠲᠦᠮᠡᠨ | ᠲᠥᠭᠦᠷᠢᠭ ᠤᠨ ᠠᠵᠢᠯᠳᠡᠨ ᠤ ᠵᠠᠷᠣᠳᠠᠯ ᠤᠨ ᠪᠡᠯᠡ ᠣᠷᠣᠭᠤᠯᠵᠤ᠂ ᠲᠣᠰᠬᠤᠨ ᠳᠤ ᠰᠠᠭᠤᠭ᠎ᠠ ᠠᠵᠢᠯᠯᠠᠬᠤ | ᠠᠩᠭᠢ ᠶᠢᠨ ᠬᠢᠨ ᠬᠠᠪᠰᠤᠷᠤᠨ ᠲᠡᠳᠬᠦᠬᠦ ᠡᠭᠦᠷᠭᠡ ᠬᠠᠷᠢᠭᠤᠴᠠᠯᠭ᠎ᠠ ᠶᠢ ᠢᠮᠠᠭᠲᠠ ᠡᠭᠦᠷᠭᠡᠯᠡᠵᠦ᠂ ᠲᠣᠰᠬᠤᠨ ᠤ ︽ | ᠬᠤᠶᠠᠷ ᠵᠥᠪᠯᠡᠯ︾ ᠲᠠᠢ ᠪᠦᠯᠬᠦᠮᠳᠡᠨ ᠬᠠᠮᠵᠢᠯᠴᠠᠵᠤ ᠪᠠᠶᠢᠭᠠᠳ ᠡᠯ᠎ᠡ ᠵᠦᠢᠯ ᠤᠨ ᠠᠵᠢᠯ ᠢ ᠰᠠᠶᠢᠲᠤᠷ ᠥᠷᠨᠢᠭᠦᠯᠵᠦ᠂ | ᠤᠯᠠᠨ ᠲᠦᠮᠡᠨ ᠤ ᠪᠠᠴᠢᠮ ᠬᠡᠷᠡᠭᠴᠡᠭᠡ ᠶᠢ ᠴᠢᠩᠭ᠎ᠠ ᠠᠩᠬᠠᠷᠴᠤ᠂ ᠪᠣᠳᠠᠳᠣ ᠶᠠᠪᠤᠳᠠᠯ ᠬᠢᠬᠦ ᠲᠠᠯ᠎ᠠ ᠪᠠᠷ ᠬᠥᠴᠣᠨ ᠲᠠᠢ | ᠪᠥᠭᠡᠳ ᠪᠥᠳᠣᠮᠵᠢᠳᠡᠢ ᠲᠠᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠰᠢᠶᠣᠣ ᠵᠢᠩ ᠲᠥᠯᠥᠪᠯᠡᠭᠡ | ︾ ᠳᠤ ᠲᠦᠰᠢᠭᠯᠡᠨ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠤᠣᠰᠯᠠᠯ ᠪᠠᠶᠢᠭᠤᠯᠵᠤ ᠬᠠᠪᠰᠤᠷᠤᠨ | ᠳᠠᠭᠠᠭᠤᠯᠬᠤ《ᠳᠠᠭᠠᠭᠤᠯᠤᠭᠴᠢ ᠴᠢᠳᠠᠪᠤᠷᠢᠲᠠᠨ》 ᠢ ᠰᠤᠷᠪᠤᠯᠵᠢᠯᠠᠬᠤ ᠶᠢᠨ ᠬᠠᠮᠲᠤ ᠬᠠᠪᠰᠤᠷᠤᠨ ᠳᠠᠭᠠᠭᠤᠯᠬᠤ | ᠡᠲᠡᠭᠡᠳ ᠤᠨ ᠪᠣᠳᠠᠲᠠᠢ ᠠᠰᠠᠭᠤᠳᠠᠯ ᠢ ᠨᠢ ᠰᠢᠢᠳᠪᠣᠷᠢᠯᠡᠵᠡᠢ᠃《ᠺᠠᠳ᠋ᠷ ᠢ ᠬᠥᠳᠡᠭᠡ ᠲᠣᠰᠬᠤᠨ ᠳᠤ ᠪᠠᠭᠤᠯᠭᠠᠬᠤ︾ | ᠢᠨᠵᠧᠨᠧᠷᠢᠩ ᠢ ᠠᠬᠢᠭᠤᠯᠵᠤ᠂ ᠪᠦᠬᠦ ᠬᠤᠷᠢᠶᠡᠨ ᠤ ᠺᠠᠳ᠋ᠷ ᠴᠠᠭᠳᠠᠭ᠎ᠠ ᠬᠠᠪᠰᠤᠷᠤᠨ ᠲᠡᠳᠭᠦᠬᠦ ᠲᠣᠰᠬᠤᠨ ᠢᠶᠠᠷ | ᠬᠥᠨᠵᠡᠬᠡᠶᠢᠷᠡᠵᠣ ᠡᠷᠣᠭᠡ ᠳᠤ ᠬᠥᠷᠳᠡᠯ᠎ᠡ ᠲᠠᠭᠠᠭᠠᠴᠢᠯᠡᠨ ᠬᠤᠯᠪᠣᠭᠠᠯᠠᠵᠣ᠂ ᠬᠤᠣᠰᠯᠠᠭᠰᠠᠨ ᠭᠡᠷ ᠪᠦᠯᠢ ᠶᠢᠨ | ᠦᠨᠳᠦᠰᠦᠨ ᠪᠠᠶᠢᠳᠠᠯ ᠢ ᠣᠶᠢᠯᠠᠭᠠᠵᠤ᠂ ᠰᠠᠨᠠᠯ ᠰᠠᠨᠠᠭᠤᠯᠭ᠎ᠠ ᠶᠢ ᠰᠣᠨᠣᠰᠴᠤ᠂ ᠺᠠᠳ᠋ᠷ ᠤᠯᠠᠨ ᠲᠦᠮᠡᠨ ᠤ | ᠬᠠᠷᠢᠴᠠᠭ᠎ᠠ ᠶᠢ ᠤᠯᠠᠮ ᠴᠢᠨᠠᠭᠰᠢᠳᠠ ᠨᠢᠭᠲᠠᠷᠠᠭᠤᠯᠵᠤ᠂《ᠪᠥᠬᠦ ᠭᠡᠷ ᠢᠶᠠᠷ ᠢᠶᠠᠨ ᠰᠡᠳᠬᠢᠯ ᠨᠢᠭᠡᠳᠴᠦ᠂ ᠨᠢᠭᠡ | ᠬᠥᠯᠭᠡ ᠰᠢᠲᠠᠷ᠎ᠠ ᠮᠡᠲᠦ ᠲᠡᠮᠡᠴᠡᠬᠦ 》ᠬᠠᠮᠲᠤ ᠶᠢᠨ ᠲᠠᠨᠢᠯᠲᠠ ᠶᠢ ᠨᠢᠭᠲᠠᠷᠠᠭᠤᠯᠪᠠ᠃ | ︵ᠬᠤᠶᠠᠷ︶ ᠠᠷᠠᠳ ᠤᠨ ᠰᠡᠳᠬᠢᠯ ᠢᠶᠠᠷ ᠪᠠᠶᠢᠴᠠᠭᠠᠬᠤ ᠬᠤᠷᠢᠶᠡᠨ ᠤ ᠲᠥᠪ ᠪᠣᠯᠭᠠᠵᠣ᠂ ᠨᠡᠶᠢᠭᠡᠮ ᠤᠨ | ᠵᠠᠰᠠᠯᠲᠠ ᠶᠢᠨ ᠦᠷ᠎ᠡ ᠪᠦᠲᠦᠮᠵᠢ ᠶᠢ ᠲᠡᠭᠡᠭᠰᠢᠯᠡᠬᠦᠯᠪᠡ | 1. ᠨᠠᠰᠤᠨ ᠳᠤ ᠥᠯᠥ ᠭᠦᠷᠦᠭᠰᠡᠳ ᠤᠨ ᠡᠷᠡᠬᠦᠯ ᠢᠶᠠᠷ ᠥᠰᠣᠨ ᠪᠣᠶᠢᠵᠢᠬᠤ ᠶᠢ ᠪᠥᠬᠦ ᠲᠠᠯ᠎ᠠ ᠪᠠᠷ ᠬᠠᠮᠠᠭᠠᠯᠠᠪᠠ | ᠨᠠᠰᠤᠨ ᠳᠤ ᠦᠯᠦ ᠬᠦᠷᠦᠭᠰᠡᠳ ᠤᠨ《ᠤᠯᠤᠰ ᠤᠨ ᠬᠢᠨᠠᠨ ᠬᠠᠮᠠᠭᠠᠯᠠᠭᠴᠢ 》 ᠶᠢᠨ ᠬᠠᠤᠯᠢ ᠪᠠᠷ | ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠯᠠᠪᠳᠠᠭᠤᠨ ᠪᠠᠲᠤᠲᠠᠢ ᠭᠦᠢᠴᠡᠳᠬᠡᠵᠦ᠂ ᠨᠠᠰᠤᠨ ᠳᠤ ᠦᠯᠦ | ᠬᠦᠷᠦᠭᠰᠡᠳ ᠲᠤ ᠬᠠᠯᠳᠠᠭᠰᠠᠨ 5 ᠬᠡᠷᠡᠭ 5 ᠬᠥᠮᠥᠨ ᠳᠤ ᠵᠠᠷᠭᠤᠯᠳᠣᠬᠤ ᠵᠠᠷᠭᠤ ᠬᠢᠪᠠ᠃《ᠨᠢᠯᠬ᠎ᠠ ᠬᠡᠦᠬᠡᠳ ᠢᠶᠠᠨ | ᠬᠠᠶᠢᠷᠠᠯᠠᠬᠤ》ᠬᠠᠤᠯᠢ ᠴᠠᠭᠠᠵᠠ ᠶᠢᠨ ᠬᠠᠯᠠᠮᠵᠢᠯᠠᠯ ᠢᠶᠠᠨ ᠲᠠᠯᠪᠢᠵᠤ᠂ ᠶᠠᠯ᠎ᠠ ᠳᠤ ᠬᠤᠯᠪᠣᠭᠳᠠᠭᠰᠠᠨ 3 ᠨᠠᠰᠤᠨ ᠳᠤ | ᠦᠯᠦ ᠬᠦᠷᠦᠭᠰᠡᠳ ᠲᠤ ᠨᠥᠬᠦᠴᠡᠯ ᠲᠠᠢ ᠪᠠᠷ ᠦᠯᠦ ᠵᠠᠭᠠᠯᠳᠤᠬᠤ ᠲᠣᠭᠲᠠᠭᠠᠯ ᠭᠠᠷᠭᠠᠵᠤ᠂ ᠶᠠᠯ᠎ᠠ ᠳᠤ | ᠬᠤᠯᠪᠣᠭᠳᠠᠭᠰᠠᠨ 1 ᠨᠠᠰᠤᠨ ᠳᠤ ᠦᠯᠦ ᠬᠦᠷᠦᠭᠰᠡᠳ ᠢ ᠬᠠᠷᠢᠴᠠᠩᠭᠤᠢ ᠪᠠᠷ ᠦᠯᠦ ᠵᠠᠭᠠᠯᠳᠤᠪᠠ᠃ ᠰᠢᠨ᠎ᠡ ᠴᠠᠭ | ᠦᠶ᠎ᠡ ᠶᠢᠨ ᠨᠠᠰᠤᠨ ᠳᠤ ᠥᠯᠥ ᠭᠦᠷᠦᠭᠰᠡᠳ ᠤᠨ ᠬᠠᠤᠯᠢ ᠪᠠᠷᠢᠬᠤ ᠬᠡᠷᠡᠭᠴᠡᠭᠡ ᠪᠠ ᠪᠡᠶ᠎ᠡ ᠰᠡᠳᠬᠢᠯ ᠤᠨ | ᠬᠥᠭᠵᠢᠯᠲᠡ ᠶᠢᠨ ᠵᠢᠮ᠎ᠡ ᠶᠣᠰᠣᠨ ᠳᠤ ᠨᠡᠶᠢᠴᠡᠭᠰᠡᠨ ᠬᠠᠤᠯᠢ ᠪᠠᠷ ᠵᠠᠰᠠᠬᠤ ᠬᠥᠮᠦᠵᠢᠯ ᠢ ᠦᠷᠭᠦᠯᠵᠢᠯᠡᠨ ᠬᠠᠶᠢᠨ | ᠰᠦᠪᠡᠭᠴᠢᠯᠡᠵᠦ᠂ 27 ᠪᠠᠶᠢᠴᠠᠭᠠᠬᠤ ᠲᠤᠰᠢᠶᠠᠯᠲᠠᠨ ᠬᠠᠤᠯᠢ ᠪᠠᠷ ᠵᠠᠰᠠᠬᠤ ᠳᠡᠳ᠋ ᠵᠠᠬᠢᠷᠤᠯ ᠤᠨ ᠲᠤᠰᠢᠶᠠᠯ ᠢ | ᠡᠭᠦᠷᠭᠡᠯᠡᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ | ᠠᠵᠢᠯᠯᠠᠭ᠎ᠠ ᠶᠢ 30 ᠭᠠᠷᠤᠢ ᠤᠳᠠᠭ᠎ᠠ ᠥᠷᠨᠢᠭᠦᠯᠪᠡ᠃ | 2. ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠬᠢᠬᠦ ᠳᠤ ᠪᠠᠶᠢᠴᠠᠭᠠᠬᠤ ᠬᠤᠷᠢᠶᠡᠨ ᠤ ᠬᠠᠯᠠᠮᠵᠢ ᠶᠢ | ᠲᠠᠮᠵᠢᠭᠤᠯᠪᠠ | ᠬᠡᠷᠡᠭ ᠰᠢᠢᠳᠪᠦᠷᠢᠯᠡᠬᠦ ᠰᠢᠰᠲ᠋ᠧᠮ ᠢᠶᠠᠷ ᠳᠠᠮᠵᠢᠭᠤᠯᠤᠨ ᠰᠦᠪᠡᠭᠴᠢ ᠶᠢ ᠣᠶᠢᠯᠠᠭᠠᠬᠤ ᠶᠢᠨ ᠬᠠᠮᠲᠤ ᠬᠠᠤᠯᠢ | ᠴᠠᠭᠠᠵᠠ ᠶᠢᠨ ᠠᠪᠤᠷᠠᠨ ᠲᠤᠰᠠᠯᠠᠬᠤ ᠵᠢᠷᠤᠮ ᠢ ᠰᠠᠨᠠᠭᠠᠴᠢᠯᠠᠭ᠎ᠠ ᠠᠴᠠ ᠪᠠᠨ ᠡᠬᠢᠯᠡᠭᠦᠯᠵᠦ᠂ ᠬᠠᠤᠯᠢ ᠴᠠᠭᠠᠵᠠ ᠶᠢᠨ | ᠠᠪᠤᠷᠠᠨ ᠲᠤᠰᠠᠯᠠᠯᠲᠠ ᠶᠢᠨ ᠬᠡᠷᠡᠭ ᠢ 5 ᠬᠡᠷᠡᠭ 11 ᠬᠥᠮᠥᠨ ᠳᠤ ᠰᠢᠢᠳᠪᠦᠷᠢᠯᠡᠵᠦ᠂ ᠤᠯᠤᠰ ᠤᠨ ᠬᠠᠤᠯᠢ | ᠴᠠᠭᠠᠵᠠ ᠶᠢᠨ ᠠᠪᠤᠷᠠᠨ ᠲᠤᠰᠠᠯᠠᠯᠲᠠ ᠶᠢᠨ ᠮᠥᠩᠭᠦ ᠶᠢ 16.5 ᠲᠦᠮᠡᠨ ᠲᠥᠭᠦᠷᠢᠭ ᠲᠠᠷᠬᠠᠭᠠᠵᠤ᠂ ᠪᠥᠬᠦᠳᠡ ᠶᠢ | ᠬᠤᠷᠰᠢᠶᠡᠵᠢᠯ ᠲᠡᠰᠢ ᠤᠷᠲᠤᠳᠬᠠᠪᠠ᠃ ᠬᠦᠴᠢᠷᠳᠡᠯᠲᠡᠢ ᠡᠮᠡᠭᠲᠡᠶᠢᠴᠦᠳ ᠲᠤ ᠬᠠᠤᠯᠢ ᠴᠠᠭᠠᠵᠠ ᠶᠢᠨ ᠲᠤᠰᠠᠯᠠᠮᠵᠢ | ᠦᠵᠡᠭᠦᠯᠬᠦ ᠶᠢᠨ ᠬᠠᠮᠲᠤ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠠᠷᠠᠳ ᠤᠨ ᠶᠠᠪᠤᠳᠠᠯ ᠵᠡᠷᠭᠡ ᠰᠠᠯᠠᠭ᠎ᠠ | ᠮᠥᠴᠢᠷ ᠲᠠᠢ ᠬᠠᠮᠵᠢᠯᠴᠠᠨ ᠰᠡᠳᠬᠢᠴᠡ ᠶᠢᠨ ᠲᠠᠯ᠎ᠠ ᠪᠠᠷ ᠬᠠᠪᠰᠤᠷᠤᠨ ᠵᠢᠯᠤᠭᠤᠳᠬᠤ᠂ ᠨᠡᠶᠢᠭᠡᠮ ᠤᠨ ᠲᠠᠯ᠎ᠠ ᠪᠠᠷ | ᠠᠪᠤᠷᠠᠨ ᠲᠤᠰᠠᠯᠠᠬᠤ ᠵᠡᠷᠭᠡ ᠠᠷᠭ᠎ᠠ ᠮᠠᠶ᠋ᠢᠭ ᠢ ᠠᠪᠤᠷᠠᠨ ᠲᠤᠰᠠᠯᠠᠬᠤ ᠲᠥᠯᠥᠪᠯᠡᠭᠡ ᠳᠤ ᠣᠷᠣᠭᠤᠯᠵᠤ᠂ ᠠᠪᠤᠷᠠᠨ | ᠲᠤᠰᠠᠯᠠᠭᠳᠠᠭᠰᠠᠳ ᠲᠤ ᠣᠷᠳᠣ ᠬᠤᠭᠤᠴᠠᠭ᠎ᠠ ᠪᠠᠷ ᠠᠰᠢᠭ ᠬᠥᠷᠳᠡᠭᠡᠪᠡ᠃ | 3. ᠵᠠᠭᠠᠯᠳᠤᠯᠭ᠎ᠠ ᠶᠢᠨ ᠢᠷᠡᠯᠲᠡ ᠶᠢ ᠵᠠᠰᠠᠵᠤ ᠨᠡᠶᠢᠭᠡᠮ ᠤᠨ ᠡᠶ᠎ᠡ ᠵᠣᠬᠢᠴᠠᠯ ᠢ ᠠᠬᠢᠭᠤᠯᠪᠠ | 《ᠬᠡᠷᠪᠡ ᠪᠢ ᠵᠠᠭᠠᠯᠳᠤᠵᠤ ᠪᠠᠶᠢᠪᠠᠯ》ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠲᠤ ᠬᠠᠷᠢᠭᠤᠯᠲᠠ ᠥᠭᠬᠦ | ᠳᠦᠷᠢᠮ ᠢ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠵᠠᠬᠢᠳᠠᠯ ᠰᠣᠷᠪᠤᠯᠵᠢᠯᠠᠭ᠎ᠠ ᠶᠢ 61 ᠬᠤᠪᠢ ᠤᠳᠠᠭ᠎ᠠ | ᠭᠥᠯᠢᠶᠡᠨ ᠠᠪᠴᠤ ᠰᠢᠢᠳᠪᠦᠷᠢᠯᠡᠨ᠂ ᠬᠠᠤᠯᠢ ᠴᠠᠭᠠᠵᠠ ᠶᠢ ᠲᠠᠶᠢᠯᠪᠤᠷᠢᠯᠠᠨ ᠶᠣᠰᠣ ᠶᠠᠷᠢᠬᠤ ᠶᠢ ᠪᠣᠳᠠᠲᠠᠶᠢᠵᠢᠭᠤᠯᠬᠤ ᠶᠢ | ᠪᠠᠷᠢᠮᠲᠠᠯᠠᠵᠤ᠂ 7 ᠡᠳᠦᠷ ᠤᠨ ᠳᠣᠲᠣᠷ᠎ᠠ ᠬᠠᠷᠢᠭᠤᠯᠲᠠ ᠥᠭᠭᠦᠭᠰᠡᠨ ᠨᠤᠷᠮ᠎ᠠ ᠶᠢ ᠪᠠᠷᠢᠮᠲᠠᠯᠠᠵᠤ᠂ 3 ᠰᠠᠷ᠎ᠠ ᠶᠢᠨ | ᠬᠤᠭᠤᠴᠠᠭ᠎ᠠ ᠲᠤᠯᠪᠠᠯ ᠰᠢᠢᠳᠪᠦᠷᠢᠯᠡᠵᠦ ᠳᠠᠭᠤᠰᠬᠠᠭᠠᠳ ᠬᠠᠷᠢᠭᠤᠯᠲᠠ ᠥᠭᠭᠦᠭᠰᠡᠨ ᠨᠤᠷᠮ᠎ᠠ ᠶᠢ ᠴᠥᠮ 100% | ᠳᠤ ᠬᠦᠷᠭᠡᠵᠦ᠂ ᠬᠤᠷᠢᠶᠠᠨ ᠤ ᠤᠳᠤᠷᠢᠳᠤᠯᠭ᠎ᠠ ᠬᠡᠷᠡᠭ ᠢ ᠳᠠᠭᠠᠭᠠᠵᠤ ᠠᠪᠤᠭᠰᠠᠨ ᠠᠩᠬᠠᠳᠠᠭᠴᠢ ᠵᠠᠬᠢᠳᠠᠯ | ᠰᠣᠷᠪᠤᠯᠵᠢᠯᠠᠭ᠎ᠠ ᠶᠢᠨ ᠵᠦᠢᠯᠡᠰ ᠢ 22 ᠬᠤᠪᠢ ᠭᠥᠯᠢᠶᠡᠨ ᠠᠪᠴᠤ᠂ ᠪᠦᠬᠦᠨ ᠢ ᠰᠢᠢᠳᠪᠦᠷᠢᠯᠡᠵᠦ ᠳᠠᠭᠤᠰᠬᠠᠭᠰᠠᠨ ᠤ | ᠲᠠᠷᠠᠭ᠎ᠠ ᠳᠡᠭᠡᠳᠦ ᠱᠠᠲᠤᠨ ᠤ ᠪᠠᠶᠢᠴᠠᠭᠠᠬᠤ ᠪᠠᠶᠢᠭᠤᠯᠭ᠎ᠠ ᠳᠤ ᠲᠠᠬᠢᠨ ᠣᠴᠢᠵᠤ ᠭᠤᠮᠣᠳᠠᠯ ᠲᠣᠭᠠᠴᠢᠭᠰᠠᠨ ᠦᠭᠡᠢ | ᠵᠠᠬᠢᠳᠠᠯ ᠰᠣᠷᠪᠤᠯᠵᠢᠯᠠᠭ᠎ᠠ ᠶᠢᠨ ᠵᠥᠢᠯ ᠢ ᠰᠢᠢᠳᠪᠦᠷᠢᠯᠡᠪᠡ᠃ ᠴᠥᠭᠡᠨ ᠪᠠᠷᠢᠪᠴᠢᠯᠠᠵᠣ ᠪᠣᠯᠭᠤᠮᠵᠢᠲᠠᠢ ᠵᠠᠭᠠᠯᠳᠣᠵᠣ᠂ | ᠪᠣᠯᠭᠤᠮᠵᠢᠲᠠᠢ ᠬᠤᠷᠢᠬᠤ ᠡᠷᠡᠭᠦᠦ ᠶᠢᠨ ᠬᠡᠷᠡᠭ ᠤᠨ ᠬᠠᠤᠯᠢ ᠪᠠᠷᠢᠬᠤ ᠲᠦᠷᠦ ᠶᠢᠨ ᠪᠣᠳᠣᠯᠭ᠎ᠠ ᠶᠢ ᠲᠣᠭᠤᠰᠢᠯᠠᠭᠤᠯᠵᠣ | ᠂ ᠦᠯᠦ ᠪᠠᠷᠢᠪᠴᠢᠯᠠᠬᠤ ᠨᠤᠷᠮ᠎ᠠ 52.34%᠂ ᠦᠯᠦ ᠵᠠᠭᠠᠯᠳᠤᠬᠤ ᠨᠤᠷᠮ᠎ᠠ 34% ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ ᠲᠤᠰ ᠲᠤᠰ 21.63%᠂ 12.3% ᠪᠠᠷ ᠳᠡᠭᠡᠭᠰᠢᠯᠡᠵᠦ᠂ ᠬᠥᠮᠥᠨ ᠤ ᠡᠷᠬᠡ ᠶᠢᠨ | ᠬᠠᠤᠯᠢ ᠪᠠᠷᠢᠬᠤ ᠪᠠᠲᠤᠯᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠡᠶᠢᠭᠡᠮ ᠤᠨ ᠬᠠᠷᠢᠴᠠᠭ᠎ᠠ ᠶᠢ ᠵᠠᠰᠠᠨ | ᠰᠡᠷᠭᠦᠭᠡᠬᠦ ᠶᠢ ᠠᠬᠢᠭᠤᠯᠪᠠ᠃ ᠪᠠᠶᠢᠴᠠᠭᠠᠬᠤ ᠰᠠᠨᠠᠭᠤᠯᠭ᠎ᠠ ᠶᠢ ᠴᠢᠩᠭᠠᠳᠬᠠᠬᠤ ᠶᠢ ᠨᠡᠶᠢᠭᠡᠮ ᠤᠨ ᠵᠠᠰᠠᠯᠲᠠ ᠳᠤ | ᠣᠷᠤᠯᠴᠠᠬᠤ ᠴᠢᠬᠤᠯᠠ ᠭᠠᠷᠳᠡᠴᠠ ᠪᠣᠯᠭᠠᠵᠤ᠂ 90 ᠬᠤᠪᠢ ᠪᠠᠶᠢᠴᠠᠭᠠᠬᠤ ᠰᠠᠨᠠᠭᠤᠯᠭ᠎ᠠ ᠶᠢ ᠳᠤᠷᠠᠳᠤᠨ ᠭᠠᠷᠭᠠᠪᠠ᠂ | ᠡᠭᠦᠨ ᠤ ᠳᠣᠲᠣᠷ᠎ᠠ᠂ ᠨᠡᠶᠢᠭᠡᠮ ᠤᠨ ᠵᠠᠰᠠᠯᠲᠠ ᠶᠢᠨ ᠲᠦᠷᠦᠯ ᠪᠠ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠲᠦᠷᠦᠯ | 45 ᠬᠤᠪᠢ ᠪᠠᠶᠢᠵᠤ᠂ ᠪᠠᠶᠢᠴᠠᠭᠠᠬᠤ ᠰᠠᠨᠠᠭᠤᠯᠭ᠎ᠠ ᠶᠢᠨ ᠨᠡᠶᠢᠭᠡᠮ ᠤᠨ ᠵᠠᠰᠠᠯᠲᠠ ᠳᠠᠬᠢ ᠵᠢᠷᠤᠮᠵᠢᠭᠤᠯᠤᠨ ᠳᠠᠭᠠᠭᠤᠯᠬᠤ | ᠦᠢᠯᠡᠳᠦᠯ ᠢ ᠭᠦᠢᠴᠡᠳ ᠪᠠᠳᠠᠷᠠᠭᠤᠯᠪᠠ᠃ | 4.ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠶᠢ ᠣᠬᠠᠮᠰᠠᠷ ᠠᠴᠠ ᠪᠠᠨ ᠬᠥᠯᠢᠶᠡᠪᠡ | 12309 ᠳᠤᠮᠳᠠᠳᠤ ᠤᠯᠤᠰ ᠤᠨ ᠪᠠᠶᠢᠴᠠᠭᠠᠬᠤ ᠰᠦᠯᠵᠢᠶ᠎ᠡ ᠪᠠᠷ ᠳᠠᠮᠵᠢᠭᠤᠯᠤᠨ 967 ᠵᠣᠷᠪᠣᠰ ᠤᠨ | ᠬᠡᠷᠡᠭ ᠤᠨ ᠲᠠᠷᠠᠭᠠᠯᠠᠯ ᠤᠨ ᠴᠢᠨᠠᠷᠲᠠᠢ ᠮᠡᠳᠡᠭᠡ ᠵᠠᠩᠭᠢ ᠶᠢ ᠢᠯᠡ ᠪᠣᠯᠭᠠᠵᠤ᠂ 77 ᠬᠥᠮᠥᠨ ᠤᠳᠠᠭ᠎ᠠ ᠶᠢᠨ | ᠬᠠᠤᠯᠢᠴᠢ ᠶᠢ ᠭᠥᠯᠢᠶᠡᠨ ᠠᠪᠴᠤ ᠡᠪᠬᠡᠮᠡᠯ ᠢ ᠣᠡᠭᠰᠢᠵᠣ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠠᠷᠠᠳ ᠤᠨ ᠬᠢᠨᠠᠯᠲᠠ ᠲᠠᠯᠪᠢᠭᠴᠢ ᠵᠡᠷᠭᠡ ᠡᠯ᠎ᠡ | ᠡᠲᠡᠭᠡᠳ ᠤᠨ ᠲᠥᠯᠥᠭᠡᠯᠡᠭᠴᠢ ᠶᠢ ᠤᠷᠢᠵᠤ ᠢᠯᠡ ᠪᠠᠷ ᠭᠡᠷᠡᠴᠢᠯᠡᠭᠡ ᠰᠣᠨᠣᠰᠬᠤ ᠳᠤ 41 ᠬᠤᠪᠢ ᠤᠳᠠᠭ᠎ᠠ | ᠣᠷᠣᠯᠴᠠᠭᠤᠯᠵᠤ᠂ ᠦᠯᠦ ᠵᠠᠭᠠᠯᠳᠤᠬᠤ ᠬᠡᠷᠡᠭ ᠲᠤ ᠴᠥᠮ ᠭᠡᠷᠡᠴᠢᠯᠡᠭᠡ ᠰᠣᠨᠣᠰᠴᠤ ᠪᠣᠯᠬᠤ ᠶᠢ ᠨᠢ ᠴᠥᠮ | ᠰᠣᠨᠣᠰᠴᠤ᠂ ᠢᠯᠡ ᠪᠣᠯᠭᠠᠬᠤ ᠶᠣᠰᠣᠲᠠᠢ ᠶᠢ ᠨᠢ ᠴᠥᠮ ᠢᠯᠡ ᠪᠣᠯᠭᠠᠵᠤ᠂ ᠡᠷᠬᠡ ᠶᠢ ᠬᠠᠮᠢᠭ᠎ᠠ ᠬᠦᠷᠲᠡᠯ᠎ᠡ | ᠬᠡᠷᠡᠭᠵᠢᠭᠦᠯᠪᠡᠯ᠂ ᠬᠢᠨᠠᠯᠲᠠ ᠬᠢᠵᠠᠭᠠᠷᠯᠠᠯ ᠲᠡᠨᠳᠡ ᠬᠦᠷᠲᠡᠯ᠎ᠡ ᠳᠠᠭᠠᠬᠤ ᠶᠢ ᠥᠨᠡᠨᠬᠦ ᠪᠠᠲᠤᠯᠠᠪᠠ᠃ | ︵ᠭᠤᠷᠪᠠ︶《ᠰᠠᠶᠢᠨ ᠶᠠᠪᠤᠳᠠᠯ ᠬᠢᠬᠦ》 ᠪᠠᠷ ᠪᠠᠷᠢᠮᠵᠢᠶ᠎ᠠ ᠶᠢ ᠬᠠᠷᠭᠤᠭᠤᠯᠵᠤ᠂《ᠲᠥᠷᠪᠡᠨ ᠶᠡᠭᠡ | ᠪᠠᠶᠢᠴᠠᠭᠠᠯᠲᠠ》 ᠶᠢ ᠨᠢᠭᠡᠳᠦᠯᠲᠡᠢ ᠲᠥᠯᠬᠢᠨ ᠠᠬᠢᠭᠤᠯᠪᠠ | 1. ᠡᠷᠡᠭᠦᠦ ᠶᠢᠨ ᠬᠡᠷᠡᠭ ᠤᠨ ᠪᠠᠶᠢᠴᠠᠭᠠᠬᠤ ᠠᠵᠢᠯ ᠢ ᠰᠢᠯᠢᠳᠡᠭᠵᠢᠭᠦᠯᠦᠨ ᠳᠡᠭᠡᠭᠰᠢᠯᠡᠭᠦᠯᠪᠡ | 《ᠪᠠᠷᠢᠪᠴᠢᠯᠠᠬᠤ ᠪᠠ ᠵᠠᠭᠠᠯᠳᠤᠬᠤ ᠶᠢ ᠨᠢᠭᠡ ᠴᠣᠭᠴᠠᠵᠢᠭᠤᠯᠬᠤ》 ᠬᠡᠷᠡᠭ ᠰᠢᠢᠳᠪᠦᠷᠢᠯᠡᠬᠦ ᠲᠣᠭᠲᠠᠴᠠ ᠶᠢ | ᠨᠠᠶᠢᠳᠠᠪᠤᠷᠢᠵᠢᠭᠤᠯᠤᠨ᠂《ᠬᠡᠷᠡᠭ ᠰᠢᠢᠳᠪᠦᠷᠢᠯᠡᠬᠦ ᠶᠠᠪᠤᠴᠠ ᠳᠤ ᠬᠢᠨᠠᠯᠲᠠ ᠲᠠᠯᠪᠢᠬᠤ᠂ ᠬᠢᠨᠠᠯᠲᠠ ᠲᠠᠯᠪᠢᠬᠤ | ᠶᠠᠪᠤᠴᠠ ᠳᠤ ᠬᠡᠷᠡᠭ ᠰᠢᠢᠳᠪᠦᠷᠢᠯᠡᠬᠦ》ᠬᠠᠤᠯᠢ ᠪᠠᠷᠢᠬᠤ ᠣᠶᠢᠯᠠᠭᠠᠭᠳᠠᠬᠤᠨ ᠢ ᠭᠦᠨᠵᠡᠭᠡᠶᠢᠷᠡᠭᠦᠯᠵᠦ᠂ ᠰᠢᠭᠦᠬᠦ ᠠᠴᠠ | ᠡᠮᠦᠨᠡᠬᠢ ᠭᠤᠣᠯᠯᠠᠬᠤ ᠦᠢᠯᠡᠳᠦᠯ ᠢ ᠭᠦᠢᠴᠡᠳ ᠪᠠᠳᠠᠷᠠᠭᠤᠯᠪᠠ᠃1 ᠬᠡᠷᠡᠭ 1 ᠬᠥᠮᠥᠨ ᠢ ᠬᠠᠤᠯᠢ ᠶᠣᠰᠣᠭᠠᠷ ᠬᠡᠷᠡᠭ | ᠪᠣᠯᠭᠠᠨ ᠳᠠᠩᠰᠠᠯᠠᠬᠤ ᠳᠤ ᠬᠢᠨᠠᠯᠲᠠ ᠲᠠᠯᠪᠢᠵᠤ᠂ 1 ᠬᠡᠷᠡᠭ 1 ᠬᠥᠮᠥᠨ ᠢ ᠬᠦᠴᠦᠨ ᠦᠭᠡᠢ ᠪᠣᠯᠭᠠᠵᠤ᠂ 4 ᠬᠡᠷᠡᠭ ᠢ | ᠤᠷᠢᠳᠴᠢᠯᠠᠨ ᠬᠥᠲᠥᠯᠥᠨ ᠵᠢᠯᠤᠭᠤᠳᠴᠤ ᠲᠤᠷᠰᠢᠨ ᠪᠠᠶᠢᠴᠠᠭᠠᠵᠤ᠂ 22 ᠬᠡᠷᠡᠭ ᠢ ᠲᠤᠷᠰᠢᠨ ᠪᠠᠶᠢᠴᠠᠭᠠᠭᠰᠠᠨ ᠪᠠ | ᠰᠢᠭᠦᠨ ᠲᠠᠰᠤᠯᠤᠭᠰᠠᠨ ᠬᠠᠤᠯᠢ ᠠᠴᠠ ᠵᠥᠷᠢᠴᠡᠭᠰᠡᠨ ᠪᠠᠶᠢᠳᠠᠯ ᠢ ᠵᠠᠯᠠᠷᠠᠭᠤᠯᠵᠤ᠂ 2 ᠬᠥᠮᠥᠨ ᠢ ᠪᠠᠷᠢᠪᠴᠢᠯᠠᠬᠤ ᠠᠴᠠ | ᠭᠤᠭᠤᠵᠢᠭᠳᠠᠭᠰᠠᠨ ᠪᠠ ᠵᠠᠭᠠᠯᠳᠤᠬᠤ ᠠᠴᠠ ᠭᠤᠭᠤᠵᠢᠭᠳᠠᠭᠰᠠᠨ ᠬᠡᠷᠡᠭ ᠢ ᠵᠠᠯᠠᠷᠠᠭᠤᠯᠵᠤ᠂ 4 ᠬᠡᠷᠡᠭ ᠢ ᠡᠷᠡᠭᠦᠦ ᠶᠢᠨ | ᠬᠡᠷᠡᠭ ᠢᠶᠠᠷ ᠡᠰᠡᠷᠭᠦᠴᠡᠨ ᠵᠠᠭᠠᠯᠳᠤᠪᠠ᠃ ᠬᠦᠨᠳᠦ ᠶᠡᠭᠡ ᠬᠡᠷᠡᠭ ᠤᠨ ᠰᠢᠭᠦᠨ ᠠᠰᠠᠭᠤᠯᠲᠠ ᠶᠢᠨ ᠬᠠᠤᠯᠢ ᠶᠣᠰᠣᠴᠢ | ᠴᠢᠨᠠᠷ ᠢ ᠬᠢᠨᠠᠨ ᠪᠠᠶᠢᠴᠠᠭᠠᠭᠰᠠᠨ 7 ᠬᠤᠪᠢ ᠬᠡᠷᠡᠭ᠂ ᠡᠳ᠋ ᠬᠥᠷᠥᠩᠭᠡ ᠶᠢᠨ ᠡᠷᠡᠭᠦᠦ ᠶᠢᠨ ᠭᠦᠢᠴᠡᠳᠭᠡᠯᠲᠡ ᠳᠤ | ᠬᠢᠨᠠᠯᠲᠠ ᠲᠠᠯᠪᠢᠭᠰᠠᠨ 1 ᠬᠤᠪᠢ ᠬᠡᠷᠡᠭ᠂ ᠬᠢᠨᠠᠯᠲᠠ ᠬᠠᠮᠢᠶᠠᠷᠤᠯᠲᠠ ᠶᠢᠨ ᠲᠠᠯᠠᠪᠤᠷ ᠭᠠᠵᠠᠷ᠂ ᠨᠡᠶᠢᠭᠡᠮ | ᠲᠣᠭᠤᠷᠢᠭ ᠤᠨ ᠵᠠᠯᠠᠷᠠᠭᠤᠯᠭ᠎ᠠ ᠶᠢ ᠵᠢᠷᠤᠮᠵᠢᠭᠤᠯᠤᠭᠰᠠᠨ ᠦᠭᠡᠢ 10 ᠬᠤᠪᠢ ᠠᠰᠠᠭᠤᠳᠠᠯ ᠳᠤ ᠬᠢᠨᠠᠯᠲᠠ ᠲᠠᠯᠪᠢᠵᠤ | ᠵᠠᠯᠠᠷᠠᠭᠤᠯᠤᠭᠰᠠᠨ ᠪᠠᠶᠢᠨ᠎ᠠ᠃ ᠳᠡᠭᠡᠳᠦ ᠱᠠᠲᠤᠨ ᠤ ᠬᠤᠷᠢᠶ᠎ᠠ ᠠᠴᠠ ᠲᠤᠰᠢᠶᠠᠨ ᠰᠢᠢᠳᠪᠦᠷᠢᠯᠡᠭᠦᠯᠦᠭᠰᠡᠨ ᠵᠠᠯᠠᠶᠢᠳ ᠤᠨ | ᠮᠧᠩ ᠶᠢᠨ ᠲᠣᠰᠬᠤᠨ ᠪᠠᠯᠭᠠᠰᠣᠨ ᠤ ᠪᠠᠩᠬᠢ ᠶᠢᠨ ᠴᠧᠨ ᠣᠪᠣᠭᠲᠤ᠂ ᠸᠠᠩ ᠣᠪᠣᠭᠲᠤ ᠵᠡᠷᠭᠡ ᠬᠥᠮᠥᠰ ᠤᠨ | ᠬᠠᠤᠯᠢ ᠶᠢ ᠵᠥᠷᠢᠴᠡᠨ ᠵᠢᠭᠡᠯᠡᠯᠭᠡ ᠲᠠᠯᠪᠢᠭᠰᠠᠨ᠂ ᠥᠨᠳᠥᠷ ᠬᠦᠦ ᠲᠠᠢ ᠪᠠᠷ ᠰᠢᠯᠵᠢᠭᠦᠯᠦᠨ ᠵᠢᠭᠡᠯᠡᠯᠭᠡ ᠲᠠᠯᠪᠢᠭᠰᠠᠨ | ᠬᠡᠷᠡᠭ ᠲᠤ᠂ ᠴᠥᠭᠡᠨ ᠪᠠᠷᠢᠪᠴᠢᠯᠠᠵᠤ ᠪᠣᠯᠭᠤᠮᠵᠢᠲᠠᠢ ᠵᠠᠭᠠᠯᠳᠤᠬᠤ ᠣᠶᠢᠯᠠᠭᠠᠭᠳᠠᠬᠤᠨ ᠢ ᠪᠠᠷᠢᠮᠲᠠᠯᠠᠨ᠂ ᠶᠠᠯ᠎ᠠ ᠪᠠᠨ | ᠮᠡᠳᠡᠷᠡᠵᠦ ᠲᠣᠷᠭᠠᠭᠤᠯᠢ ᠶᠢ ᠬᠦᠯᠢᠶᠡᠬᠦ ᠳᠦᠷᠢᠮ ᠢ ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠶᠠᠯ᠎ᠠ ᠬᠢᠭᠰᠡᠨ | ᠰᠡᠵᠢᠭᠲᠡᠨ ᠠᠴᠠ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠭᠰᠡᠨ ᠮᠥᠷᠲᠡᠭᠡᠨ ᠮᠥᠩᠭᠦᠨ | ᠭᠦᠢᠯᠭᠡᠭᠡᠨ ᠤ ᠠᠮᠤᠷ ᠲᠦᠪᠰᠢᠨ ᠬᠢᠭᠡᠳ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠵᠤ᠂ ᠭᠤᠷᠪᠠᠨ ᠦᠷ᠎ᠡ | ᠪᠦᠲᠦᠮᠵᠢ ᠶᠢ ᠬᠠᠷᠢᠯᠴᠠᠨ ᠨᠢᠭᠡᠳᠬᠡᠬᠦ ᠶᠢ ᠪᠡᠶᠡᠯᠡᠭᠦᠯᠪᠡ᠃ ᠬᠠᠤᠯᠢ ᠴᠠᠭᠠᠵᠠ ᠶᠢᠨ ᠠᠵᠢᠯᠲᠠᠨ ᠤ ᠡᠷᠬᠡ | ᠲᠤᠰᠢᠶᠠᠯ ᠢᠶᠠᠨ ᠠᠰᠢᠭᠯᠠᠨ ᠬᠢᠭᠰᠡᠨ 1 ᠬᠡᠷᠡᠭ 1 ᠬᠥᠮᠥᠨ ᠢ ᠲᠠᠩᠨᠠᠨ ᠰᠢᠢᠳᠪᠦᠷᠢᠯᠡᠪᠡ᠂ ᠤᠳᠤ ᠨᠢᠭᠡᠨᠲᠡ ᠬᠢᠨᠠᠨ | ᠪᠠᠶᠢᠴᠠᠭᠠᠯᠭᠠᠵᠤ ᠵᠠᠭᠠᠯᠳᠤᠭᠤᠯᠬᠤ ᠪᠠᠷ ᠰᠢᠯᠵᠢᠭᠦᠯᠦᠨ ᠬᠦᠷᠭᠡᠵᠡᠢ᠃ | 2. ᠢᠷᠭᠡᠨ ᠤ ᠬᠡᠷᠡᠭ ᠤᠨ ᠪᠠᠶᠢᠴᠠᠭᠠᠯᠳᠠ ᠳᠤ ᠣᠨᠢᠯᠡᠨ ᠬᠦᠴᠦᠯᠡᠪᠡ | ︽ᠨᠠᠷᠢᠯᠢᠭ ᠣᠨᠣᠴᠠᠲᠠᠢ ᠪᠠᠷ ᠬᠢᠨᠠᠯᠲᠠ ᠲᠠᠯᠪᠢᠬᠤ︾ ᠣᠶᠢᠯᠠᠭᠠᠭᠳᠠᠬᠤᠨ ᠢᠶᠠᠷ ᠢᠷᠭᠡᠨ ᠤ ᠬᠡᠷᠡᠭ ᠤᠨ | ᠪᠠᠶᠢᠴᠠᠭᠠᠬᠤ ᠠᠵᠢᠯ ᠤᠨ ᠦᠷᠭᠦᠯᠵᠢᠯᠡᠨ ᠰᠠᠶᠢᠵᠢᠷᠠᠬᠤ ᠶᠢ ᠬᠥᠲᠥᠯᠥᠨ ᠵᠢᠯᠣᠭᠤᠳᠪᠠ᠃ ᠮᠠᠨ ᠤ ᠬᠤᠷᠢᠶᠠᠨ ᠤ | ᠣᠶᠢᠷ᠎ᠠ ᠶᠢᠨ ᠭᠤᠴᠢᠨ ᠵᠢᠯ ᠠᠴᠠ ᠨᠠᠰᠢᠬᠢ ᠬᠦᠴᠦᠨ ᠲᠠᠢ ᠪᠣᠯᠤᠭᠰᠠᠨ ᠲᠠᠰᠤᠯᠤᠨ ᠲᠣᠭᠲᠠᠭᠠᠯᠲᠠ ᠶᠢ ᠡᠰᠡᠷᠭᠦᠴᠡᠨ | ᠵᠠᠭᠠᠯᠳᠤᠭᠤᠯᠬᠤ ᠪᠠᠷ ᠳᠡᠪᠰᠢᠭᠦᠯᠦᠭᠰᠡᠨ ᠠᠩᠬᠠᠳᠠᠭᠴᠢ ᠬᠡᠷᠡᠭ ᠢ ᠰᠢᠢᠳᠪᠦᠷᠢᠯᠡᠭᠰᠡᠨ ᠪᠥᠭᠡᠳ ᠳᠡᠭᠡᠳᠦ ᠱᠠᠲᠤᠨ ᠤ | ᠬᠤᠷᠢᠶᠠᠨ ᠤ ᠳᠡᠮᠵᠢᠯᠭᠡ ᠶᠢ ᠣᠯᠪᠠ᠃ ᠠᠵᠤ ᠠᠬᠤᠶᠢᠯᠠᠯ ᠳᠤ ᠬᠤᠯᠪᠣᠭᠳᠠᠭᠰᠠᠨ ᠢᠷᠭᠡᠨ ᠤ ᠬᠡᠷᠡᠭ ᠤᠨ ᠪᠠᠶᠢᠴᠠᠭᠠᠬᠤ | ᠬᠢᠨᠠᠯᠲᠠ ᠶᠢ ᠴᠢᠩᠭᠠᠳᠬᠠᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠢᠷᠭᠡᠨ ᠤ ᠬᠡᠷᠡᠭ ᠤᠨ ᠪᠠᠶᠢᠴᠠᠭᠠᠬᠤ | ᠬᠢᠨᠠᠯᠲᠠ ᠶᠢᠨ ᠬᠡᠷᠡᠭ ᠢ ᠬᠠᠤᠯᠢ ᠶᠣᠰᠣᠭᠠᠷ ᠤᠷᠢᠳᠠᠪᠠᠷ ᠰᠢᠢᠳᠪᠦᠷᠢᠯᠡᠬᠦ ᠲᠤᠰᠬᠠᠢ ᠵᠦᠢᠯ ᠤᠨ ᠠᠵᠢᠯᠯᠠᠭ᠎ᠠ ᠶᠢ | ᠬᠢᠨᠠᠮᠠᠭᠠᠢ ᠥᠷᠨᠢᠭᠦᠯᠵᠦ᠂ ᠠᠵᠤ ᠠᠬᠤᠶᠢᠯᠠᠯ ᠳᠤ ᠬᠤᠯᠪᠣᠭᠳᠠᠭᠰᠠᠨ 6 ᠬᠡᠷᠡᠭ ᠢ ᠭᠥᠯᠢᠶᠡᠨ ᠠᠪᠴᠤ ᠰᠢᠢᠳᠪᠦᠷᠢᠯᠡᠨ᠂ | 6 ᠬᠤᠪᠢ ᠪᠠᠶᠢᠴᠠᠭᠠᠬᠤ ᠰᠠᠨᠠᠭᠤᠯᠭ᠎ᠠ ᠳᠤᠷᠠᠳᠴᠤ᠂ ᠰᠢᠭᠦᠬᠦ ᠬᠤᠷᠢᠶ᠎ᠠ ᠪᠦᠬᠦᠨ ᠢ ᠭᠥᠯᠢᠶᠡᠨ ᠠᠪᠤᠪᠠ᠃ ᠢᠷᠭᠡᠨ ᠤ | ᠬᠡᠷᠡᠭ ᠤᠨ ᠰᠢᠭᠦᠨ ᠲᠠᠰᠤᠯᠬᠤ ᠵᠢᠷᠤᠮ ᠤᠨ ᠬᠠᠤᠯᠢ ᠠᠴᠠ ᠵᠥᠷᠢᠴᠡᠭᠰᠡᠨ 1 ᠬᠡᠷᠡᠭ ᠢ ᠬᠢᠨᠠᠨ ᠵᠠᠯᠠᠷᠠᠭᠤᠯᠬᠤ ᠶᠢᠨ | ᠬᠠᠮᠲᠤ ᠪᠠᠶᠢᠴᠠᠭᠠᠬᠤ ᠰᠠᠨᠠᠭᠤᠯᠭ᠎ᠠ ᠶᠢ ᠲᠣᠭᠲᠠᠭᠠᠨ ᠲᠠᠷᠬᠠᠭᠠᠪᠠ᠂ ᠡᠭᠦᠨ ᠢ ᠰᠢᠭᠦᠬᠦ ᠬᠤᠷᠢᠶ᠎ᠠ ᠨᠢᠭᠡᠨᠲᠡ ᠭᠥᠯᠢᠶᠡᠨ | ᠠᠪᠴᠤ ᠵᠠᠯᠠᠷᠠᠭᠤᠯᠪᠠ᠃ ᠢᠷᠭᠡᠨ ᠤ ᠬᠡᠷᠡᠭ ᠤᠨ ᠭᠦᠢᠴᠡᠳᠬᠡᠬᠦ ᠶᠠᠪᠤᠴᠠ ᠳᠠᠬᠢ ᠤᠯᠠᠨ ᠲᠦᠮᠡᠨ ᠤ ᠨᠡᠯᠢᠶᠡᠳ | ᠠᠩᠬᠠᠷᠴᠤ ᠪᠠᠶᠢᠭ᠎ᠠ ᠠᠰᠠᠭᠤᠳᠠᠯ ᠲᠠᠢ ᠤᠶᠠᠯᠳᠤᠭᠤᠯᠤᠨ᠂《ᠲᠤᠰ ᠤᠳᠠᠭᠠᠨ ᠤ ᠭᠦᠢᠴᠡᠳᠭᠡᠯᠲᠡ ᠶᠢ | ᠳᠠᠭᠤᠰᠬᠠᠬᠤ》ᠬᠡᠷᠡᠭ ᠲᠤ ᠲᠤᠰᠬᠠᠢ ᠬᠢᠨᠠᠯᠲᠠ ᠲᠠᠯᠪᠢᠬᠤ ᠠᠵᠢᠯᠯᠠᠭ᠎ᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ | ᠲᠤᠰ ᠤᠳᠠᠭᠠᠨ ᠤ ᠭᠦᠢᠴᠡᠳᠬᠡᠬᠦ ᠵᠢᠷᠤᠮ ᠤᠨ ᠬᠡᠷᠡᠭ ᠢ 15 ᠬᠤᠪᠢ ᠭᠥᠯᠢᠶᠡᠨ ᠠᠪᠴᠤ ᠳᠠᠭᠤᠰᠬᠠᠵᠤ᠂ 15 | ᠬᠤᠪᠢ ᠪᠠᠶᠢᠴᠠᠭᠠᠬᠤ ᠰᠠᠨᠠᠭᠤᠯᠭ᠎ᠠ ᠶᠢ ᠳᠤᠷᠠᠳᠤᠨ ᠭᠠᠷᠭᠠᠵᠤ᠂ ᠢᠷᠭᠡᠨ ᠤ ᠬᠡᠷᠡᠭ ᠤᠨ ᠭᠦᠢᠴᠡᠳᠭᠡᠯᠲᠡ ᠶᠢ ᠨᠡᠩ | ᠵᠢᠷᠤᠮᠵᠢᠭᠤᠨ᠂ ᠨᠡᠩ ᠥᠨᠳᠥᠷ ᠪᠦᠲᠦᠮᠵᠢᠲᠡᠶ ᠪᠣᠯᠭᠠᠬᠤ ᠶᠢ ᠲᠦᠯᠬᠢᠨ ᠠᠬᠢᠭᠤᠯᠪᠠ᠃ | 3. ᠵᠠᠰᠠᠭ ᠵᠠᠬᠢᠷᠭᠠᠨ ᠤ ᠪᠠᠶᠢᠴᠠᠭᠠᠬᠤ ᠠᠵᠢᠯ ᠤᠨ ᠡᠷᠴᠢᠮ ᠢ ᠴᠢᠩᠭᠠᠷᠠᠭᠤᠯᠪᠠ | ᠰᠢᠭᠦᠨ ᠲᠠᠰᠤᠯᠬᠤ ᠪᠠᠶᠢᠭᠤᠯᠭ᠎ᠠ ᠶᠢᠨ ᠲᠥᠪ ᠭᠤᠣᠯᠴᠢ ᠪᠠᠷ ᠬᠠᠤᠯᠢ ᠪᠠᠷᠢᠬᠤ ᠳᠤ ᠬᠢᠨᠠᠯᠲᠠ ᠲᠠᠯᠪᠢᠬᠤ ᠶᠢ | ᠪᠠᠷᠢᠮᠲᠠᠯᠠᠬᠤ ᠮᠥᠷᠲᠡᠭᠡᠨ ᠪᠠᠰᠠ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠭᠠᠷ ᠵᠠᠰᠠᠭ ᠶᠠᠪᠤᠭᠤᠯᠬᠤ ᠶᠢ | ᠠᠬᠢᠭᠤᠯᠪᠠ᠃ ᠰᠢᠭᠦᠬᠦ ᠬᠤᠷᠢᠶᠠᠨ ᠤ ᠵᠠᠰᠠᠭ ᠵᠠᠬᠢᠷᠭᠠᠨ ᠤ ᠰᠢᠭᠦᠨ ᠲᠠᠰᠤᠯᠬᠤ ᠵᠢᠷᠤᠮ ᠤᠨ ᠬᠠᠤᠯᠢ ᠶᠢ ᠵᠥᠷᠢᠴᠡᠭᠰᠡᠨ | ᠠᠵᠢᠯᠯᠠᠭ᠎ᠠ ᠳᠤ 3 ᠬᠤᠪᠢ ᠪᠠᠶᠢᠴᠠᠭᠠᠬᠤ ᠰᠠᠨᠠᠭᠤᠯᠭ᠎ᠠ ᠳᠤᠷᠠᠳᠴᠤ᠂ ᠵᠠᠰᠠᠭ ᠵᠠᠬᠢᠷᠭᠠᠨ ᠤ ᠵᠠᠷᠭᠤ ᠶᠢᠨ ᠪᠤᠰᠤ | ᠭᠦᠢᠴᠡᠳᠬᠡᠬᠦ ᠬᠡᠷᠡᠭ ᠲᠤ 13 ᠬᠤᠪᠢ ᠪᠠᠶᠢᠴᠠᠭᠠᠬᠤ ᠰᠠᠨᠠᠭᠤᠯᠭ᠎ᠠ ᠳᠤᠷᠠᠳᠴᠤ᠂ ᠰᠢᠭᠦᠬᠦ ᠬᠤᠷᠢᠶ᠎ᠠ ᠪᠦᠬᠦᠨ ᠢ | ᠬᠠᠷᠢᠭᠤᠯᠲᠠ ᠥᠭᠬᠦ ᠶᠢᠨ ᠬᠠᠮᠲᠤ ᠭᠥᠯᠢᠶᠡᠨ ᠠᠪᠤᠪᠠ᠃ ︽ᠵᠠᠰᠠᠭ ᠵᠠᠬᠢᠷᠭᠠᠨ ᠤ ᠪᠠᠶᠢᠴᠠᠭᠠᠬᠤ ᠬᠢᠨᠠᠯᠲᠠ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠵᠦ᠂ ᠠᠷᠠᠳ ᠤᠨ ᠠᠮᠢᠳᠤᠷᠠᠯ ᠠᠷᠠᠳ ᠤᠨ ᠠᠰᠢᠭ ᠲᠤᠰᠠ ᠶᠢ ᠬᠠᠤᠯᠢ ᠶᠣᠰᠣᠭᠠᠷ | ᠬᠠᠮᠠᠭᠠᠯᠠᠬᠤ︾ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠵᠠᠰᠠᠭ ᠵᠠᠬᠢᠷᠭᠠᠨ ᠤ ᠬᠠᠤᠯᠢ ᠶᠢ | ᠵᠥᠷᠢᠴᠡᠭᠰᠡᠨ ᠦᠢᠯᠡ ᠠᠵᠢᠯᠯᠠᠭ᠎ᠠ ᠳᠤ ᠬᠢᠨᠠᠯᠲᠠ ᠲᠠᠯᠪᠢᠬᠤ ᠬᠡᠷᠡᠭ ᠢ 25 ᠬᠤᠪᠢ ᠰᠢᠢᠳᠪᠦᠷᠢᠯᠡᠭᠰᠡᠨ ᠪᠥᠭᠡᠳ | ᠲᠥᠪᠯᠡᠷᠡᠭᠦᠯᠦᠨ ᠢᠯᠡ ᠪᠠᠷ ᠭᠡᠷᠡᠴᠢᠯᠡᠭᠡ ᠰᠣᠨᠣᠰᠴᠤ᠂ ᠲᠦᠷᠦᠯ ᠤᠨ ᠬᠡᠷᠡᠭ ᠢ ᠪᠠᠶᠢᠴᠠᠭᠠᠬᠤ ᠰᠠᠨᠠᠭᠤᠯᠭ᠎ᠠ ᠶᠢ | ᠲᠣᠭᠲᠠᠭᠠᠨ ᠲᠠᠷᠬᠠᠭᠠᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠪᠦᠷᠢᠮᠦᠰᠦᠨ ᠭᠥᠯᠢᠶᠡᠨ ᠠᠪᠤᠪᠠ᠃ | 4. ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠪᠠᠶᠢᠴᠠᠭᠠᠬᠤ ᠠᠵᠢᠯ ᠢ ᠲᠣᠭᠳᠠᠭᠤᠨ ᠲᠥᠷᠭᠡᠳᠭᠡᠪᠡ | ᠪᠠᠶᠢᠴᠠᠭᠠᠬᠤ ᠲᠤᠰᠢᠶᠠᠯᠲᠠᠨ ᠤ ᠤᠯᠠᠨ ᠨᠡᠶᠢᠲᠡ ᠶᠢᠨ ᠠᠰᠢᠭ ᠲᠤᠰᠠ ᠶᠢᠨ ᠲᠥᠯᠥᠭᠡᠯᠡᠭᠴᠢ ᠪᠣᠯᠤᠭᠰᠠᠨ ᠤ | ᠬᠤᠪᠢ ᠳᠠᠬᠢ ᠠᠷᠢᠭᠤᠨ ᠲᠠᠷᠬᠠᠨ ᠲᠤᠰᠢᠶᠠᠯ ᠬᠠᠷᠢᠭᠤᠴᠠᠯᠭ᠎ᠠ ᠶᠢ ᠪᠠᠲᠤ ᠴᠡᠭᠡᠵᠢᠯᠡᠵᠦ᠂ ᠤᠯᠠᠨ ᠨᠡᠶᠢᠲᠡ ᠶᠢᠨ ᠠᠰᠢᠭ | ᠲᠤᠰᠠ ᠶᠢᠨ ᠬᠦᠰᠡᠯ ᠱᠠᠭᠠᠷᠳᠠᠯᠭ᠎ᠠ ᠳᠤ ᠢᠳᠡᠪᠬᠢᠲᠡᠢ ᠬᠠᠷᠢᠭᠤᠯᠳᠠ ᠥᠭᠪᠠ᠃ 2022 ᠣᠨ ᠳᠤ᠂ ᠵᠠᠰᠠᠭ | ᠵᠠᠬᠢᠷᠭᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠰᠦᠪᠡᠭᠴᠢ ᠶᠢ80 ᠰᠢᠢᠳᠪᠦᠷᠢᠯᠡᠵᠦ᠂ 65 ᠬᠡᠷᠡᠭ ᠢ ᠬᠡᠷᠡᠭ | ᠪᠣᠯᠭᠠᠨ ᠳᠡᠩᠰᠡᠯᠡᠵᠦ᠂ 2 ᠬᠡᠷᠡᠭ ᠤᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠰᠦᠪᠡᠭᠴᠢ ᠶᠢ ᠬᠡᠷᠡᠭ ᠪᠣᠯᠭᠠᠨ | ᠳᠡᠩᠰᠡᠯᠡᠵᠦ᠂ 2 ᠬᠡᠷᠡᠭ ᠢ ᠬᠡᠷᠡᠭ ᠪᠣᠯᠭᠠᠨ ᠳᠡᠩᠰᠡᠯᠡᠪᠡ᠃ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ︽ᠡᠷᠬᠢᠵᠣ | ᠬᠠᠷᠠᠬᠤ︾ ᠲᠤᠰᠬᠠᠢ ᠠᠵᠢᠯᠯᠠᠭ᠎ᠠ ᠪᠠᠷ ᠡᠬᠢᠯᠡᠯᠳᠡ ᠶᠢᠨ ᠴᠡᠭ ᠪᠣᠯᠭᠠᠵᠤ᠂ ᠬᠢᠯᠢ ᠶᠢᠨ ᠳᠣᠲᠣᠷᠠᠬᠢ ᠭᠠᠳᠠᠨ᠎ᠠ ᠠᠴᠠ | ᠢᠷᠡᠭᠰᠡᠨ ᠠᠮᠢᠳᠤ ᠪᠣᠳᠠᠰ ᠤᠨ ᠲᠥᠷᠥᠯ ᠤᠨ ᠥᠷᠭᠡᠰᠦᠲᠦ ᠴᠡᠴᠡᠭ ᠤᠨ ᠲᠣᠭᠳᠣᠢ ᠢ ᠠᠷᠢᠯᠭᠠᠵᠤ ᠴᠡᠭᠴᠡᠯᠡᠨ | ᠵᠠᠰᠠᠭᠰᠠᠨ ᠪᠠᠶᠢᠳᠠᠯ ᠳᠤ ᠦᠷᠭᠦᠯᠵᠢᠯᠡᠨ ᠮᠥᠷᠳᠡᠨ ᠬᠢᠨᠠᠯᠲᠠ ᠲᠠᠯᠪᠢᠬᠤ ᠶᠢᠨ ᠬᠠᠮᠲᠤ᠂ ᠬᠢᠨᠠᠨ ᠬᠠᠮᠢᠶᠠᠷᠬᠤ ᠡᠭᠦᠷᠭᠡ | ᠬᠠᠷᠢᠭᠤᠴᠠᠯᠭ᠎ᠠ ᠲᠠᠢ ᠬᠠᠮᠢᠶ᠎ᠠ ᠪᠦᠬᠦᠢ ᠨᠢᠭᠡᠴᠡ ᠳᠤ ᠪᠠᠶᠢᠴᠠᠭᠠᠬᠤ ᠰᠠᠨᠠᠭᠤᠯᠭ᠎ᠠ ᠲᠣᠭᠲᠠᠭᠠᠨ ᠥᠭᠴᠦ᠂ ᠬᠤᠷᠴᠢᠨ ᠤ | ᠲᠠᠯ᠎ᠠ ᠨᠤᠲᠤᠭ ᠤᠨ ᠨᠣᠮᠢᠨ ᠨᠣᠭᠤᠭᠠᠨ ᠢ ᠰᠠᠬᠢᠨ ᠬᠠᠮᠠᠭᠠᠯᠠᠪᠠ᠃ ᠪᠥᠬᠦ ᠠᠶᠢᠮᠠᠭ ᠲᠤ ᠡᠩ ᠲᠡᠷᠢᠭᠦᠨ ᠳᠤ ᠰᠤᠩᠭᠠᠷᠢ | ᠮᠥᠷᠡᠨ ᠬᠢᠭᠡᠳ ᠯᠢᠶᠣᠤᠾᠧ ᠭᠤᠣᠯ ᠤᠨ ᠨᠠᠮ ᠤᠨ ᠬᠤᠷᠢᠶ᠎ᠠ ᠶᠢᠨ ᠴᠡᠷᠡᠰᠣᠨ ᠤᠰᠤᠨ ᠴᠥᠭᠦᠷᠥᠮ ᠤᠨ | ᠬᠠᠮᠢᠶᠠᠷᠤᠯᠲᠠ ᠶᠢᠨ ᠲᠣᠪᠴᠢᠶ᠎ᠠ ᠲᠠᠢ ︽ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠭᠡᠳ | ᠪᠠᠶᠢᠴᠠᠭᠠᠬᠤ ᠠᠵᠢᠯ ᠤᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠠᠮᠵᠢᠯᠴᠠᠬᠤ ᠲᠣᠭᠲᠠᠴᠠ ᠶᠢ ᠪᠠᠶᠢᠭᠤᠯᠬᠤ | ᠲᠤᠬᠠᠢ ᠬᠡᠷᠡᠭᠵᠢᠭᠦᠯᠬᠦ ᠰᠠᠨᠠᠯ︾ ᠳᠤ ᠭᠠᠷ ᠤᠨ ᠥᠰᠥᠭ ᠵᠢᠷᠤᠵᠤ᠂ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ | ᠬᠢᠭᠡᠳ ᠪᠠᠶᠢᠴᠠᠭᠠᠬᠤ ᠪᠠᠶᠢᠭᠤᠯᠭ᠎ᠠ ᠶᠢᠨ ᠰᠠᠶᠢᠨ ᠦᠢᠯᠡᠳᠦᠯᠴᠡᠯ ᠢ ᠠᠬᠢᠭᠤᠯᠤᠨ᠂ ᠪᠠᠶᠢᠴᠠᠭᠠᠬᠤ ᠠᠵᠢᠯ ᠤᠨ | ᠨᠡᠶᠢᠲᠡ ᠶᠢᠨ ᠠᠰᠠᠷᠠᠮᠵᠢ ᠶᠢᠨ ᠵᠠᠷᠭᠤ ᠳᠤ ᠬᠢᠨᠠᠯᠲᠠ ᠲᠠᠯᠪᠢᠬᠤ᠂ ᠳᠡᠮᠵᠢᠬᠦ ᠪᠠ ᠪᠠᠲᠤᠯᠠᠬᠤ ᠦᠢᠯᠡᠳᠦᠯ ᠢ ᠭᠦᠢᠴᠡᠳ | ᠪᠠᠳᠠᠷᠠᠭᠤᠯᠵᠤ᠂ ᠵᠠᠰᠠᠭ ᠵᠠᠬᠢᠷᠭᠠᠨ ᠤ ᠪᠠ ᠪᠠᠶᠢᠴᠠᠭᠠᠬᠤ ᠠᠵᠢᠯ ᠤᠨ ᠬᠠᠮᠠᠭᠠᠯᠠᠯᠲᠠ ᠶᠢᠨ ᠨᠡᠶᠢᠯᠡᠮᠡᠯ ᠬᠦᠴᠦᠨ ᠢ | ᠨᠢᠭᠲᠠᠷᠠᠭᠤᠯᠤᠨ᠂ ᠤᠯᠤᠰ ᠤᠨ ᠤᠰᠤᠨ ᠤ ᠠᠮᠤᠷ ᠲᠦᠪᠰᠢᠨ ᠢ ᠬᠠᠮᠲᠤᠪᠠᠷ ᠬᠠᠮᠠᠭᠠᠯᠠᠪᠠ᠃ | ︵ᠳᠥᠷᠪᠡ︶ ᠲᠤᠰ ᠪᠡᠶ᠎ᠡ ᠶᠢᠨ ᠪᠠᠶᠢᠭᠤᠯᠤᠯᠲᠠ ᠪᠠᠨ ᠪᠣᠳᠠᠲᠠᠢ ᠠᠳᠬᠤᠵᠤ᠂ ᠰᠢᠯᠭᠠᠷᠠᠭᠰᠠᠨ ᠪᠠᠶᠢᠴᠠᠭᠠᠬᠤ | ᠡᠩᠨᠡᠭᠡ ᠶᠢ ᠳᠠᠪᠲᠠᠨ ᠪᠣᠯᠪᠠᠰᠤᠷᠠᠭᠤᠯᠪᠠ | 1. ᠤᠯᠤᠰ ᠲᠥᠷᠥ ᠶᠢᠨ ᠪᠠᠶᠢᠴᠠᠭᠠᠬᠤ ᠪᠠᠶᠢᠭᠤᠯᠣᠯᠳᠠ ᠶᠢ ᠴᠢᠩᠭᠠᠳᠬᠠᠵᠣ᠂ ᠠᠮᠢᠨ ᠰᠥᠨᠠᠰᠣ ᠶᠢ ᠱᠣᠭᠤᠪᠠ | ᠤᠨᠤᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠨᠢᠭᠡᠳᠦᠭᠡᠷ ᠵᠥᠪᠯᠡᠬᠦ ᠰᠡᠳᠦᠪ︾ ᠤᠨ | ᠰᠤᠷᠤᠯᠴᠠᠯᠭ᠎ᠠ ᠶᠢ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠰᠢᠢᠳᠪᠦᠷᠢᠲᠦ ᠪᠣᠳᠣᠯᠭ᠎ᠠ ᠶᠢᠨ ᠣᠴᠢᠷ | ᠶᠠᠪᠣᠳᠠᠯ ᠢ ᠶᠠᠷᠢᠯᠴᠠᠬᠤ ᠂ ᠠᠵᠢᠯ ᠢᠶᠠᠨ ᠰᠤᠳᠤᠯᠤᠨ ᠪᠠᠶᠢᠷᠢᠯᠠᠭᠤᠯᠬᠤ ᠶᠢᠨ ᠦᠵᠡᠯ ᠰᠠᠨᠠᠭᠠᠨ ᠤ ᠵᠦᠭᠯᠡᠭᠦᠷ ᠪᠠ | ᠲᠡᠷᠢᠭᠦᠨ ᠴᠢᠬᠤᠯᠠ ᠠᠭᠤᠯᠭ᠎ᠠ ᠪᠣᠯᠭᠠᠵᠤ᠂ ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠵᠡᠷᠭᠡ | ᠬᠡᠯᠪᠡᠷᠢ ᠪᠠᠷ ᠳᠠᠮᠵᠢᠭᠤᠯᠤᠨ ︽ᠨᠢᠭᠡᠳᠦᠭᠡᠷ ᠵᠥᠪᠯᠡᠬᠦ ᠰᠡᠳᠦᠪ︾ ᠤᠨ ᠰᠤᠷᠤᠯᠴᠠᠯᠭ᠎ᠠ ᠶᠢ 11 ᠤᠳᠠᠭ᠎ᠠ ᠥᠷᠨᠢᠭᠦᠯᠵᠦ | ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠪᠠ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃ | ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠳᠡᠭᠡᠳᠦ ᠬᠡᠮᠵᠢᠶ᠎ᠡ ᠪᠠᠷ ᠬᠥᠨᠳᠣᠳᠭᠡᠨ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠣᠭᠤᠰᠢᠯᠠᠭᠤᠯᠬᠤ ᠭᠤᠣᠯ ᠰᠢᠵᠢᠮ ᠲᠠᠢ ᠤᠶᠠᠯᠳᠤᠭᠤᠯᠤᠨ᠂ ᠰᠢᠨ᠎ᠡ | ᠵᠠᠭᠤᠴᠢᠯᠠᠭᠤᠷ ᠤᠨ ᠵᠢᠭᠰᠠᠭᠠᠯ ᠢ ᠭᠦᠢᠴᠡᠳ ᠠᠰᠢᠭᠯᠠᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ | ᠴᠢᠳᠠᠮᠠᠭᠠᠢ ᠭᠦᠢᠴᠡᠳᠬᠡᠭᠰᠡᠨ ᠪᠠᠶᠢᠴᠠᠭᠠᠬᠤ ᠠᠵᠢᠯ ᠤᠨ ᠦᠯᠢᠭᠡᠷ ᠢ ᠰᠠᠶᠢᠲᠤᠷ ᠶᠠᠷᠢᠵᠤ᠂ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠴᠠᠭ ᠲᠤᠬᠠᠢ ᠳᠤᠨᠢ ᠣᠨᠣᠪᠴᠢᠲᠠᠶ ᠤᠬᠠᠭᠤᠯᠤᠨ ᠲᠠᠶᠢᠯᠪᠤᠷᠢᠯᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠢᠯᠡᠳᠬᠡᠯ ᠪᠠ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠤᠯᠤᠰ | ᠲᠦᠷᠦ ᠶᠢᠨ ᠬᠠᠯᠠᠭᠤᠨ ᠰᠡᠳᠬᠢᠯᠭᠡ ᠪᠠ ᠬᠠᠯᠠᠭᠤᠨ ᠲᠤᠰᠬᠠᠯ ᠢ ᠢᠳᠡᠪᠬᠢᠲᠡᠢ ᠮᠡᠳᠡᠭᠡᠯᠡᠵᠦ᠂ ᠨᠠᠮ ᠤᠨ ᠬᠤᠷᠢᠳᠤᠭᠠᠷ | ᠶᠡᠭᠡ ᠬᠤᠷᠠᠯ ᠤᠨ ᠢᠯᠠᠯᠲᠠ ᠲᠠᠢ ᠪᠠᠷ ᠬᠤᠷᠠᠯᠳᠤᠬᠤ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠰᠤᠷᠤᠯᠴᠠᠨ ᠤᠬᠠᠭᠤᠯᠵᠤ ᠲᠣᠭᠤᠰᠢᠯᠠᠭᠤᠯᠬᠤ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ | ᠠᠮᠢᠰᠬᠤᠯ ᠢ ᠪᠤᠢ ᠪᠣᠯᠭᠠᠵᠤ ᠥᠭᠪᠡ᠃ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠬᠡᠷᠡᠭ ᠰᠢᠢᠳᠪᠦᠷᠢᠯᠡᠬᠦ | ᠶᠠᠪᠤᠴᠠ ᠳᠤ ᠤᠯᠤᠰ ᠲᠦᠷᠦ ᠶᠢᠨ ᠰᠡᠷᠭᠡᠭ ᠴᠢᠨᠠᠷ ᠪᠠ ᠦᠵᠡᠯ ᠤᠬᠠᠮᠰᠠᠷ ᠤᠨ ᠬᠡᠯᠪᠡᠷᠢ ᠶᠢᠨ ᠠᠶᠤᠯ | ᠲᠦᠭᠰᠢᠭᠦᠷᠢ ᠶᠢᠨ ᠤᠬᠠᠮᠰᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠤᠨ ᠲᠦᠷᠦ ᠪᠠᠷᠢᠬᠤ ᠤᠯᠤᠰ | ᠲᠦᠷᠦ ᠶᠢᠨ ᠰᠠᠭᠤᠷᠢ ᠶᠢ ᠵᠤᠵᠠᠭᠠᠳᠬᠠᠪᠠ᠃ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠥᠬᠦ | ᠲᠠᠯ᠎ᠠ ᠪᠠᠷ ᠲᠣᠭᠤᠰᠢᠯᠠᠭᠤᠯᠵᠣ᠂ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ | ᠴᠢᠳᠠᠮᠠᠭᠠᠢ ᠬᠡᠷᠡᠭᠯᠡᠨ ᠦᠨᠳᠦᠰᠦᠲᠡᠨ ᠤ ᠬᠠᠷᠢᠴᠠᠭ᠎ᠠ ᠶᠢ ᠵᠣᠬᠢᠴᠠᠭᠤᠯᠵᠤ᠂ ᠪᠠᠶᠢᠴᠠᠭᠠᠬᠤ ᠠᠵᠢᠯ ᠤᠨ ᠶᠠᠪᠤᠴᠠ ᠳᠤ | ᠮᠣᠩᠭᠤᠯ ᠬᠢᠲᠠᠳ ᠬᠤᠣᠰ ᠬᠡᠯᠡᠨ ᠤ ᠦᠢᠯᠡᠴᠢᠯᠡᠭᠡ ᠬᠠᠩᠭᠠᠬᠤ ᠶᠢ ᠴᠢᠬᠤᠯᠠᠴᠢᠯᠠᠨ᠂ ᠦᠨᠳᠦᠰᠦᠲᠡᠨ ᠤ ᠪᠦᠯᠬᠦᠮᠳᠡᠯ | ᠲᠠᠪᠰᠢᠯᠳᠡ ᠢ ᠴᠢᠷᠮᠠᠶᠢᠨ ᠠᠬᠢᠭᠤᠯᠪᠠ᠃ | 2. ᠪᠠᠶᠢᠴᠠᠭᠠᠬᠤ ᠠᠵᠢᠯ ᠢ ᠴᠢᠩᠭ᠎ᠠ ᠵᠠᠰᠠᠵᠤ ᠰᠤᠷᠲᠠᠯ ᠢ ᠴᠡᠭᠴᠡᠯᠡᠵᠦ ᠰᠠᠬᠢᠯᠭ᠎ᠠ ᠪᠠᠲᠤ ᠶᠢ ᠴᠢᠩᠳᠠᠯᠠᠪᠠ | ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠡᠯ ᠢ | ᠡᠰᠡᠷᠭᠦᠴᠡᠬᠦ ᠠᠵᠢᠯ ᠢ ᠪᠠᠶᠢᠴᠠᠭᠠᠬᠤ ᠠᠵᠢᠯ ᠪᠣᠯᠣᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ | ᠲᠥᠯᠥᠪᠵᠢᠭᠦᠯᠦᠨ ᠪᠠᠶᠢᠷᠢᠯᠠᠭᠤᠯᠬᠤ ᠳᠤ ᠣᠷᠣᠭᠤᠯᠵᠤ᠂ ᠨᠢᠭᠡᠳᠦᠯᠲᠡᠢ ᠰᠤᠳᠤᠯᠤᠨ ᠪᠠᠶᠢᠷᠢᠯᠠᠭᠤᠯᠵᠤ᠂ ᠵᠣᠬᠢᠶᠠᠨ | ᠪᠠᠶᠢᠭᠤᠯᠤᠨ ᠬᠡᠷᠡᠭᠵᠢᠭᠦᠯᠬᠦ ᠪᠠ ᠪᠠᠶᠢᠴᠠᠭᠠᠵᠤ ᠬᠢᠨᠠᠨ ᠰᠢᠯᠭᠠᠪᠠ᠃ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠭᠦᠢᠴᠡᠳᠬᠡᠬᠦ ᠶᠢ | ᠲᠤᠭ ᠲᠡᠮᠳᠡᠭ ᠲᠣᠳᠣᠷᠬᠠᠢ ᠪᠠᠷ ᠳᠡᠮᠵᠢᠵᠦ᠂ ᠤᠯᠤᠰ ᠲᠦᠷᠦ ᠶᠢᠨ ᠬᠢᠨᠠᠯᠲᠠ ᠶᠢᠨ ᠡᠬᠡ ᠲᠠᠩᠰᠠ ᠶᠢ ᠲᠣᠭᠲᠠᠮᠠᠯ | ᠬᠤᠭᠤᠴᠠᠭ᠎ᠠ ᠲᠠᠢ ᠪᠠᠷ ᠮᠡᠳᠡᠭᠦᠯᠦᠨ ᠬᠦᠷᠭᠡᠵᠦ᠂ ︽ᠬᠤᠶᠠᠷ ᠬᠠᠷᠢᠭᠤᠴᠠᠯᠭ᠎ᠠ︾ ᠶᠢ ᠠᠳᠠᠯᠢ ᠰᠡᠳᠦᠪ ᠢᠶᠠᠷ | ᠬᠠᠮᠲᠤ ᠪᠠᠷ ᠬᠠᠷᠢᠭᠤᠯᠬᠤ᠂ ᠲᠤᠤᠱᠲᠠᠢ ᠵᠣᠬᠢᠴᠠᠭᠤᠯᠬᠤ ᠶᠢ ᠲᠦᠯᠬᠢᠨ ᠠᠬᠢᠭᠤᠯᠪᠠ᠃ ᠨᠠᠮ ᠤᠨ ᠳᠣᠲᠣᠭᠠᠳᠤ ᠶᠢᠨ | ᠤᠯᠤᠰ ᠲᠦᠷᠦ ᠶᠢᠨ ᠠᠮᠢᠳᠤᠷᠠᠯ ᠢ ᠪᠣᠯᠭᠢᠴᠢᠯᠠᠵᠤ ᠠᠷᠠᠯᠵᠢᠶᠠᠯᠠᠭᠤᠯᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠶᠢ | ᠭᠦᠨᠵᠡᠭᠡᠢ ᠥᠷᠨᠢᠭᠦᠯᠵᠦ᠂ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠦᠷᠭᠦᠯᠵᠢᠯᠡᠨ | ᠣᠨᠣᠴᠠᠳᠡᠢ ᠳᠡᠭᠡᠷ᠎ᠡ ᠨᠢ ᠬᠦᠴᠦᠯᠡᠵᠦ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠤᠯᠠᠮ | ᠨᠢᠭᠡ ᠠᠯᠬᠤᠮ ᠬᠠᠮᠢᠶᠠᠷᠴᠤ᠂ ᠴᠢᠩᠭ᠎ᠠ ᠪᠣᠳᠠᠲᠠᠢ ᠠᠳᠬᠤᠵᠠᠢ᠃ ︽ᠭᠤᠷᠪᠠᠨ ᠲᠣᠭᠲᠠᠭᠠᠯ︾ ᠢ ᠴᠢᠩᠭ᠎ᠠ | ᠬᠡᠷᠡᠭᠵᠢᠭᠦᠯᠬᠦ ᠳᠣᠲᠣᠭᠠᠳᠤ ᠶᠢᠨ ᠬᠠᠮᠲᠤ ᠶᠢᠨ ᠲᠠᠨᠢᠯᠲᠠ ᠶᠢ ᠲᠠᠰᠤᠷᠠᠯᠳᠠ ᠦᠭᠡᠢ ᠪᠠᠬᠢᠵᠢᠭᠦᠯᠵᠦ᠂ ᠪᠦᠬᠦ ᠵᠢᠯ ᠳᠤ | ᠮᠡᠳᠡᠭᠦᠯᠦᠯᠲᠡ ᠶᠢ ᠬᠠᠮᠢᠶᠠᠷᠬᠤ᠂ ᠪᠠᠶᠢᠴᠠᠭᠠᠬᠤ ᠪᠠ ᠬᠡᠷᠡᠭ ᠰᠢᠢᠳᠪᠦᠷᠢᠯᠡᠬᠦ ᠳᠤ ᠭᠠᠷ ᠲᠦᠷᠦᠭᠦ ᠵᠡᠷᠭᠡ ᠴᠢᠬᠤᠯᠠ ᠶᠡᠭᠡ | ᠬᠡᠷᠡᠭ ᠶᠠᠪᠤᠳᠠᠯ ᠢ ᠨᠡᠶᠢᠳᠡ 25 ᠬᠤᠪᠢ ᠲᠡᠮᠳᠡᠭᠯᠡᠵᠦ᠂ ᠡᠭᠦᠨ ᠤ ᠳᠣᠲᠣᠷ᠎ᠠ᠂ ᠬᠤᠷᠢᠶᠠᠨ ᠤ ᠤᠳᠤᠷᠢᠳᠤᠯᠭ᠎ᠠ | ᠲᠦᠷᠦᠭᠦᠯᠡᠨ 14 ᠬᠤᠪᠢ ᠮᠡᠳᠡᠭᠦᠯᠦᠯᠲᠡ ᠶᠢ ᠲᠡᠮᠳᠡᠭᠯᠡᠵᠦ᠂ ︽ᠠᠰᠠᠭᠤᠪᠠᠯ ᠵᠠᠪᠠᠯ ᠲᠡᠮᠳᠡᠭᠯᠡᠬᠦ︾ ᠶᠢ ᠶᠣᠰᠣ | ᠳᠦᠷᠢᠮ ᠪᠣᠯᠭᠠᠵᠤ᠂ ᠤᠬᠠᠮᠰᠠᠷᠲᠤ ᠪᠠᠶᠢᠳᠠᠯ ᠢ ᠪᠤᠢ ᠪᠣᠯᠭᠠᠪᠠ᠃ ᠰᠤᠷᠲᠠᠯ ᠤᠨ ᠪᠠᠶᠢᠭᠤᠯᠤᠯᠲᠠ ᠶᠢ ᠨᠠᠷᠢᠨ ᠨᠢᠮᠪᠠᠢ | ᠨᠠᠶᠢᠳᠠᠪᠤᠷᠢᠵᠢᠭᠤᠯᠵᠤ᠂ ᠡᠳᠦᠷ ᠳᠤᠳᠤᠮ ᠤᠨ ᠬᠠᠮᠢᠶᠠᠷᠤᠯᠲᠠ᠂ ᠡᠮᠦᠰᠬᠡᠯ ᠵᠠᠰᠠᠯ ᠤᠨ ᠳᠦᠷᠢ ᠲᠥᠷᠬᠦ᠂ ᠪᠣᠯᠪᠠᠰᠤᠨ | ᠵᠢᠷᠤᠮᠵᠢᠯ ᠠᠴᠠ ᠡᠬᠢᠯᠡᠨ ᠠᠳᠬᠤᠵᠤ᠂ ︽ᠬᠡᠷᠡᠭ ᠶᠠᠪᠤᠳᠠᠯ ᠢ ᠪᠠᠭ᠎ᠠ ᠳᠡᠭᠡᠷ᠎ᠡ ᠨᠢ ᠰᠡᠷᠭᠡᠶᠢᠯᠡᠵᠦ᠂ ᠢᠯᠡ ᠲᠣᠳᠣ ᠪᠠᠷ | ᠡᠭᠦᠷᠭᠡ ᠬᠠᠷᠢᠭᠤᠴᠠᠯᠭ᠎ᠠ ᠪᠠᠨ ᠬᠥᠢᠴᠡᠳᠭᠡᠵᠡᠢ︾᠃ | 3. ᠠᠩᠬᠠᠨ ᠤ ᠡᠨᠧᠷᠭᠢ ᠪᠠᠷ ᠪᠠᠶᠢᠴᠠᠭᠠᠯᠳᠠ ᠶᠢ ᠬᠥᠭᠵᠢᠭᠦᠯᠵᠦ ᠦᠨᠳᠦᠰᠦ ᠶᠢ ᠪᠠᠬᠢᠵᠢᠭᠦᠯᠵᠦ ᠰᠠᠭᠤᠷᠢ ᠶᠢ | ᠪᠠᠳᠣᠳᠬᠠᠪᠠ | ᠬᠠᠤᠯᠢ ᠴᠠᠭᠠᠵᠠ ᠶᠢᠨ ᠪᠠᠶᠢᠭᠤᠯᠤᠯ ᠤᠨ ᠶᠡᠷᠦᠩᠬᠡᠶᠢᠯᠡᠭᠰᠡᠨ ᠢᠵᠢ ᠪᠦᠷᠢᠳᠦᠭᠦᠯᠬᠦ ᠥᠭᠡᠷᠡᠴᠢᠯᠡᠯᠲᠡ ᠶᠢ | ᠲᠦᠯᠬᠢᠨ ᠠᠬᠢᠭᠤᠯᠵᠤ᠂ ᠠᠵᠢᠯ ᠤᠨ ᠲᠣᠭᠠᠨ ᠳᠤ ᠣᠷᠣᠭᠤᠯᠤᠭᠰᠠᠨ ᠤᠳᠤᠷᠢᠳᠤᠯᠭ᠎ᠠ ᠲᠦᠷᠦᠭᠦᠯᠡᠨ ᠬᠡᠷᠡᠭ | ᠰᠢᠢᠳᠪᠦᠷᠢᠯᠡᠬᠦ ᠳᠦᠷᠢᠮ ᠢ ᠲᠤᠭᠤᠰᠢᠯᠠᠭᠤᠯᠵᠤ᠂ ᠪᠦᠬᠦ ᠵᠢᠯ ᠳᠤ ᠠᠵᠢᠯ ᠤᠨ ᠲᠣᠭᠠᠨ ᠳᠤ ᠣᠷᠣᠭᠤᠯᠤᠭᠰᠠᠨ | ᠬᠤᠷᠢᠶᠠᠨ ᠤ ᠤᠳᠤᠷᠢᠳᠤᠯᠭ᠎ᠠ 243 ᠬᠤᠪᠢ ᠬᠡᠷᠡᠭ ᠢ ᠰᠢᠢᠳᠪᠦᠷᠢᠯᠡᠵᠦ᠂ ᠪᠠᠶᠢᠴᠠᠭᠠᠭᠴᠢ ᠳᠠᠷᠤᠭ᠎ᠠ ᠲᠦᠷᠦᠭᠦᠯᠡᠨ | ᠬᠦᠴᠢᠷ ᠲᠦᠪᠡᠭᠲᠡᠢ ᠪᠤᠳᠤᠯᠢᠶᠠᠨᠲᠠᠢ ᠬᠡᠷᠡᠭ ᠢ ᠰᠢᠢᠳᠪᠦᠷᠢᠯᠡᠵᠦ᠂ ︽ᠲᠥᠷᠣᠬᠦᠴᠢ ᠭᠠᠯᠠᠭᠤ ᠶᠢᠨ ᠦᠢᠯᠡᠳᠦᠯ︾ ᠢᠶᠠᠷ | ︽ᠤᠯᠠᠨ ᠭᠠᠯᠠᠭᠤ ᠶᠢᠨ ᠠᠮᠢᠵᠢᠷᠠᠯ ᠤᠨ ᠬᠦᠴᠦᠨ︾ ᠢ ᠬᠥᠭᠵᠢᠭᠡᠪᠡ᠃ ᠪᠠᠶᠢᠴᠠᠭᠠᠬᠤ ᠵᠦᠪᠯᠡᠯ ᠤᠨ ᠡᠭᠦᠷᠭᠡ | ᠴᠢᠳᠠᠪᠤᠷᠢ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠶ ᠡᠵᠡᠮᠳᠡᠵᠦ᠂ ᠴᠢᠬᠤᠯᠠ ᠶᠡᠭᠡ᠂ ᠬᠦᠴᠢᠷ ᠲᠦᠪᠡᠭᠲᠡᠢ᠂ | ᠪᠤᠳᠤᠯᠢᠶᠠᠨᠲᠠᠢ ᠬᠡᠷᠡᠭ ᠢ 8 ᠤᠳᠠᠭ᠎ᠠ ᠶᠠᠷᠢᠯᠴᠠᠨ ᠲᠣᠭᠲᠠᠭᠠᠵᠤ᠂ ᠬᠠᠮᠲᠤ ᠪᠠᠷ 2 ᠤᠳᠠᠭ᠎ᠠ ᠰᠤᠷᠤᠯᠴᠠᠵᠤ᠂ | ᠪᠠᠶᠢᠴᠠᠭᠠᠬᠤ ᠺᠣᠮᠢᠰ ᠤᠨ ᠲᠤᠬᠠᠶᠢᠯᠠᠭᠰᠠᠨ ᠠᠵᠢᠯ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠪᠣᠭᠤᠮᠲᠠ | ᠡᠵᠡᠮᠳᠡᠬᠦ ᠪᠠ ᠳ᠋ᠦᠩᠨᠡᠬᠦ᠂ ᠵᠢᠯᠤᠭᠤᠳᠬᠤ ᠦᠢᠯᠡᠳᠦᠯ ᠢ ᠨᠠᠩ ᠰᠠᠶᠢᠲᠤᠷ ᠪᠠᠳᠠᠷᠠᠭᠤᠯᠪᠠ᠃ ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤᠨ ᠤ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠵᠡᠷᠭᠡ 5 ᠵᠠᠰᠠᠭ | ᠵᠠᠬᠢᠷᠭᠠᠨ ᠤ ᠪᠠᠶᠢᠭᠤᠯᠭ᠎ᠠ ᠶᠢᠨ 10 ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠣᠨᠴᠠ ᠤᠷᠢᠭᠰᠠᠨ | ᠪᠠᠶᠢᠴᠠᠭᠠᠬᠤ ᠲᠤᠰᠢᠶᠠᠯᠲᠠᠨ ᠤ ᠲᠤᠰᠠᠯᠠᠭᠴᠢ ᠪᠠᠷ ᠤᠷᠢᠵᠤ᠂ ︽ᠭᠠᠳᠠᠷ ᠲᠠᠷᠢᠬᠢ︾ ᠶᠢᠨ ᠬᠦᠴᠦᠨ ᠢ ᠠᠰᠢᠭᠯᠠᠨ | ᠲᠤᠰᠬᠠᠢ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠪᠠᠶᠢᠴᠠᠭᠠᠬᠤ ᠠᠵᠢᠯ ᠤᠨ ᠲᠤᠰᠠᠯᠠᠬᠤ ᠬᠡᠷᠡᠭ ᠶᠠᠪᠤᠳᠠᠯ ᠳᠤ | ᠭᠦᠨᠵᠡᠭᠡᠢ ᠣᠷᠤᠯᠴᠠᠬᠤ ᠪᠠ ᠪᠦᠲᠦᠮᠵᠢᠲᠡᠶ ᠵᠢᠯᠣᠭᠤᠳᠤᠯᠭ᠎ᠠ ᠬᠢᠵᠦ᠂ ᠲᠤᠰᠬᠠᠶᠢᠵᠢᠭᠰᠠᠨ ᠬᠡᠷᠡᠭ ᠰᠢᠢᠳᠪᠦᠷᠢᠯᠡᠬᠦ | ᠴᠢᠳᠠᠪᠤᠷᠢ ᠶᠢ ᠲᠡᠭᠡᠭᠰᠢᠯᠡᠬᠦᠯᠪᠡ᠃ ᠡᠳ᠋ ᠤᠨ ᠵᠠᠰᠠᠭ ᠤᠨ ᠪᠠᠶᠢᠳᠠᠯ ᠪᠠᠴᠢᠮ ᠪᠠᠶᠢᠭ᠎ᠠ ᠪᠠᠶᠢᠳᠠᠯ ᠤᠨ ᠳᠣᠣᠷ᠎ᠠ | ᠬᠤᠬᠢᠷᠠᠯ ᠢ ᠴᠠᠭ ᠲᠤᠬᠠᠢ ᠳᠤᠨᠢ ᠵᠣᠭᠰᠣᠭᠠᠵᠤ᠂ ᠬᠥᠮᠥᠨ ᠤ ᠬᠦᠴᠦᠨ ᠢ ᠴᠣᠮᠬᠠᠳᠬᠠᠨ᠂ ᠴᠢᠬᠤᠯᠠ ᠪᠤᠰᠤ | ᠠᠵᠢᠯ ᠤᠨ ᠪᠠᠶᠢᠷᠢ ᠶᠢᠨ ᠲᠦᠷ ᠤᠷᠢᠭᠳᠠᠭᠰᠠᠳ ᠢ ᠤᠷᠢᠬᠤ ᠪᠠᠨ ᠪᠣᠯᠢᠵᠤ᠂ ᠴᠠᠯᠢᠩ ᠪᠠ ᠲᠥᠯᠥᠪᠦᠷᠢ ᠶᠢᠨ | ᠮᠥᠩᠭᠦ ᠶᠢ ᠪᠦᠬᠦᠨ ᠢ ᠥᠭᠴᠦ ᠳᠠᠭᠤᠰᠬᠠᠪᠠ᠃ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠶᠢ ᠴᠢᠩᠭᠠᠳᠬᠠᠵᠤ᠂ | ᠺᠠᠳ᠋ᠷ ᠴᠠᠭᠳᠠᠭ᠎ᠠ ᠶᠢ ᠵᠣᠬᠢᠶᠠᠨ ᠪᠠᠶᠢᠭᠤᠯᠤᠨ ᠰᠦᠯᠵᠢᠶᠡᠨ ᠲᠡᠭᠡᠷ᠎ᠡ ᠪᠠ ᠰᠦᠯᠵᠢᠶᠡᠨ ᠭᠠᠳᠠᠨ᠎ᠠ ᠡᠯ᠎ᠡ ᠲᠦᠷᠦᠯ ᠤᠨ | ᠪᠣᠯᠪᠠᠰᠤᠷᠠᠯ ᠳᠤ 408 ᠬᠥᠮᠥᠨ ᠤᠳᠠᠭ᠎ᠠ ᠣᠷᠣᠯᠴᠠᠭᠤᠯᠵᠤ᠂ ᠺᠠᠳ᠋ᠷ ᠴᠠᠭᠳᠠᠭ᠎ᠠ ᠶᠢᠨ ᠮᠡᠳᠡᠯᠭᠡ ᠶᠢᠨ ᠨᠥᠭᠡᠴᠡ ᠪᠠᠨ | ᠥᠷᠭᠡᠳᠬᠡᠬᠦ ᠶᠢ ᠠᠬᠢᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠨᠡᠮᠡᠭᠳᠡᠭᠦᠯᠪᠡ᠃ | ᠨᠢᠭᠡ ᠵᠢᠯ ᠤᠨ ᠲᠣᠷᠰᠢ ᠪᠠᠶᠢᠴᠠᠭᠠᠬᠤ ᠠᠵᠢᠯ ᠳᠤ ᠬᠠᠲᠠᠭᠤ ᠪᠡᠷᠬᠡᠰᠢᠶᠡᠯᠲᠡᠢ ᠠᠶᠠᠨ ᠵᠠᠮ ᠪᠠᠶᠢᠬᠤ ᠪᠥᠭᠡᠳ | ᠪᠠᠶᠠᠷᠯᠠᠭᠤᠰᠢᠲᠠᠢ ᠠᠮᠵᠢᠯᠲᠠ ᠴᠤ ᠪᠠᠶᠢᠨ᠎ᠠ᠃ ᠵᠠᠭᠠᠯᠳᠤᠯᠭ᠎ᠠ ᠭᠤᠮᠣᠳᠠᠯ ᠲᠣᠭᠠᠴᠢᠯᠲᠠ ᠶᠢ ᠪᠠᠶᠢᠴᠠᠭᠠᠬᠤ ᠰᠠᠯᠠᠭ᠎ᠠ | ᠮᠥᠴᠢᠷ ᠨᠢ ᠣᠯᠠᠨ ᠲᠦᠮᠡᠨ ᠳᠤ ᠬᠠᠨᠳᠤᠭᠤᠯᠤᠭᠰᠠᠨ ᠠᠵᠢᠯ ᠤᠨ ︽ᠴᠣᠩᠬᠤ︾ ᠪᠣᠯᠤᠭᠰᠠᠨ ᠤ ᠬᠤᠪᠢ ᠳᠤ᠂ ︽ | ᠬᠢᠩᠭᠠᠨ ᠤ ᠬᠠᠪᠤᠷ︾ ᠪᠠᠶᠢᠴᠠᠭᠠᠬᠤ ᠠᠵᠢᠯ ᠤᠨ ᠲᠠᠰᠤᠭ ᠲᠤ ᠲᠦᠰᠢᠭᠯᠡᠵᠦ᠂ ︽ᠪᠦᠬᠦ ᠤᠯᠤᠰ ᠤᠨ ᠵᠢᠱᠢᠶᠡᠴᠢ | ᠪᠠᠶᠢᠴᠠᠭᠠᠬᠤ ᠲᠤᠰᠢᠶᠠᠯᠲᠠᠨ︾ ᠴᠦᠨ ᠬᠤᠸᠠ ᠨᠥᠬᠦᠷ ᠤᠨ ᠳᠠᠭᠠᠭᠤᠯᠭ᠎ᠠ ᠪᠠᠷ᠂ ᠰᠢᠨ᠎ᠡ ᠴᠠᠭ ᠦᠶ᠎ᠡ ᠶᠢᠨ︽ | ᠹᠸᠡᠭᠴᠢᠶᠣᠣ ᠶᠢᠨ ᠲᠤᠷᠰᠢᠯᠭ᠎ᠠ︾ ᠶᠢ ᠢᠳᠡᠪᠬᠢᠲᠡᠢ ᠦᠢᠯᠡᠳᠦᠯᠭᠡᠵᠢᠭᠦᠯᠵᠦ᠂ ᠠᠷᠠᠳ ᠲᠦᠮᠡᠨ ᠳᠤ ᠦᠢᠯᠡᠴᠢᠯᠡᠬᠦ ︽ | ᠴᠣᠩᠬᠤᠪᠴᠢ︾ ᠶᠢ ᠰᠡᠳᠬᠢᠯ ᠲᠠᠯᠪᠢᠨ ᠬᠦᠴᠦ ᠣᠷᠣᠭᠤᠯᠤᠨ ᠬᠢᠵᠣ᠂ ᠡᠨᠡ ᠵᠢᠯ ᠠᠷᠠᠳ ᠤᠨ ᠳᠡᠭᠡᠳᠦ ᠪᠠᠶᠢᠴᠠᠭᠠᠬᠤ | ᠬᠤᠷᠢᠶ᠎ᠠ ᠠᠴᠠ《ᠪᠦᠬᠦ ᠤᠯᠤᠰ ᠤᠨ ᠪᠣᠯᠪᠠᠰᠤᠨ ᠤ ᠭᠥᠯᠢᠶᠡᠨ ᠠᠪᠬᠤ ᠲᠠᠰᠤᠭ》 ᠤᠨ ᠢᠷᠠᠭᠤ ᠠᠯᠳᠠᠷ ᠤᠨ | ᠴᠣᠯᠠ ᠶᠢ ᠬᠦᠷᠳᠡᠪᠡ᠃ ᠡᠨᠡ ᠨᠢ ᠮᠥᠨ ᠴᠦ ᠮᠠᠨ ᠤ ᠬᠤᠷᠢᠶᠠᠨ ᠤ ᠭᠤᠷᠪᠠᠳᠠᠭᠢ ᠤᠳᠠᠭ᠎ᠠ ᠡᠨᠡᠬᠦ ᠢᠷᠠᠭᠤ ᠠᠯᠳᠠᠷ ᠢ | ᠭᠥᠷᠳᠡᠭᠰᠡᠨ ᠶᠠᠪᠤᠳᠠᠯ ᠪᠣᠯᠣᠨ᠎ᠠ᠃ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠠᠴᠠ ᠳ᠋ᠦᠩ ᠰᠢᠶᠠᠩ ᠯᠢ | ᠨᠥᠬᠦᠷ ᠲᠤ ︽ᠲᠠᠩᠰᠠ ᠡᠪᠬᠡᠮᠡᠯ ᠤᠨ ᠠᠵᠢᠯ ᠬᠢᠭᠰᠡᠨ ᠪᠦᠬᠦᠯᠢ 15 ᠵᠢᠯ ᠪᠣᠯᠤᠭᠰᠠᠨ︾ ᠢᠷᠠᠭᠤ ᠠᠯᠳᠠᠷ ᠤᠨ | ᠦᠨᠡᠮᠯᠡᠯ ᠣᠯᠭᠤᠪᠠ᠃ ᠮᠠ ᠵᠢᠶᠦ᠋ᠨ ᠶᠢᠩ᠂ ᠲᠠᠩ ᠶᠢᠨ ᠬᠠᠢ ᠬᠤᠶᠠᠷ ᠨᠥᠬᠦᠷ ᠲᠤ ᠥᠪᠡᠷᠲᠡᠭᠡᠨ ᠵᠠᠰᠠᠬᠤ | ᠣᠷᠣᠨ ᠤ ᠪᠠᠶᠢᠴᠠᠭᠠᠬᠤ ᠬᠤᠷᠢᠶ᠎ᠠ ᠠᠴᠠ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠪᠠᠶᠢᠭᠤᠯᠤᠯᠭ᠎ᠠ ᠶᠢᠨ ︽ | ᠬᠤᠣᠰ ᠲᠡᠷᠢᠭᠦᠨ ᠤ ᠬᠥᠬᠢᠭᠦᠯᠦᠯ︾ ᠤᠨ ᠲᠡᠷᠢᠭᠦᠨ ᠤ ᠬᠤᠪᠢ ᠬᠥᠮᠥᠨ ᠤ ᠢᠷᠠᠭᠤ ᠠᠯᠳᠠᠷ ᠤᠨ ᠴᠣᠯᠠ ᠣᠯᠭᠤᠪᠠ᠃ | ᠪᠦᠦ ᠭᠦᠸᠧ ᠴᠢᠩ ᠨᠥᠬᠦᠷ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠡ ᠶᠢᠨ ᠡᠷᠭᠢᠯᠡᠭᠰᠡᠨ ᠪᠥᠬᠦ | ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠪᠠᠷᠢᠬᠤ ᠴᠠᠭᠳᠠᠭ᠎ᠠ ᠶᠢᠨ ᠪᠡᠶ᠎ᠡ ᠶᠢᠨ ᠴᠢᠳᠠᠪᠤᠷᠢ ᠶᠢᠨ | ᠤᠷᠤᠯᠳᠤᠭᠠᠨ ᠳᠤ ᠡᠷᠡᠭᠲᠡᠢ ᠴᠠᠭᠳᠠᠭ᠎ᠠ ᠶᠢᠨ ᠶᠡᠷᠦᠩᠬᠡᠢ ᠬᠢᠷᠢ ᠪᠦᠲᠦᠮᠵᠢ ᠶᠢᠨ ᠨᠢᠭᠡᠳᠦᠭᠡᠷ᠂ ᠡᠷᠡᠭᠲᠡᠢ ᠴᠠᠭᠳᠠᠭ᠎ᠠ ᠶᠢᠨ | 1000 ᠮᠧᠲᠷ ᠤᠨ ᠨᠢᠭᠡᠳᠦᠭᠡᠷ ᠨᠡᠷᠡᠰ ᠵᠡᠷᠭᠡ ᠵᠢᠷᠭᠤᠭᠠᠨ ᠵᠦᠢᠯ ᠤᠨ ᠢᠷᠠᠭᠤ ᠠᠯᠳᠠᠷ ᠢ ᠭᠥᠷᠳᠡᠪᠡ᠃ ᠪᠡᠶ᠎ᠡ ᠶᠢᠨ | ᠲᠠᠮᠢᠷ ᠤᠨ ᠤᠷᠤᠯᠳᠤᠭᠠᠨ ᠳᠤ ᠡᠷᠡᠯᠬᠡᠭᠯᠡᠨ ᠲᠡᠮᠡᠴᠡᠬᠦ᠂ ᠡᠷᠡᠰ ᠬᠠᠲᠠᠭᠤ ᠵᠣᠷᠢᠭ ᠰᠠᠨᠠᠭᠠᠨ ᠤ ᠳᠦᠷᠰᠦ ᠪᠠᠶᠢᠳᠠᠯ ᠢ | ᠭᠦᠢᠴᠡᠳ ᠢᠯᠡᠷᠡᠭᠦᠯᠵᠦ᠂ ᠮᠠᠨ ᠤ ᠬᠤᠷᠢᠶ᠎ᠠ ᠪᠦᠬᠦ ᠠᠶᠢᠮᠠᠭ ᠤᠨ ᠪᠠᠶᠢᠴᠠᠭᠠᠬᠤ ᠪᠠᠶᠢᠭᠤᠯᠭ᠎ᠠ ᠶᠢᠨ ᠳᠣᠯᠣᠳᠤᠭᠠᠷ | ᠬᠤᠭᠤᠴᠠᠭᠠᠨ ᠤ ︽ᠰᠢᠳᠤᠷᠭᠤ ᠶᠣᠰᠣᠨ ᠤ ᠬᠤᠨᠳᠠᠭᠠᠲᠤ︾ ᠠᠯᠠᠭᠠᠳᠠᠬᠤ ᠪᠥᠮᠪᠦᠭᠡ ᠶᠢᠨ ᠤᠷᠤᠯᠳᠤᠭᠠᠨ ᠳᠤ | ᠮᠠᠩᠯᠠᠶᠢᠯᠠᠪᠠ᠃ | ᠠᠮᠵᠢᠯᠲᠠ ᠪᠦᠲᠦᠮᠵᠢ ᠣᠯᠣᠭᠰᠠᠨ᠂ ᠦᠨᠳᠦᠰᠦᠨ ᠵᠦᠢᠯ ᠨᠢ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤ ᠪᠤᠢ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ | ᠤᠬᠠᠭᠠᠨᠴᠢ ᠵᠢᠯᠣᠭᠤᠳᠤᠯᠭ᠎ᠠ ᠳᠤ ᠪᠤᠢ᠂ ᠡᠨᠡ ᠨᠢ ᠬᠤᠰᠢᠭᠤᠨ ᠤ ᠨᠠᠮ ᠤᠨ ᠬᠤᠷᠢᠶ᠎ᠠ ᠪᠣᠯᠣᠨ ᠳᠡᠭᠡᠳᠦ ᠱᠠᠲᠤᠨ ᠤ | ᠬᠤᠷᠢᠶ᠎ᠠ ᠶᠢᠨ ᠵᠥᠪ ᠤᠳᠤᠷᠢᠳᠤᠯᠭ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ | ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠦᠴᠦᠲᠡᠢ ᠬᠢᠨᠠᠯᠲᠠ᠂ ᠬᠤᠰᠢᠭᠤᠨ ᠤ ᠵᠠᠰᠠᠭ ᠤᠨ ᠣᠷᠳᠣᠨ᠂ | ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠢᠨ ᠬᠠᠯᠠᠮᠵᠢᠯᠠᠨ | ᠳᠡᠮᠵᠢᠭᠰᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠤᠨ ᠬᠠᠯᠠᠭᠤᠨ ᠰᠡᠳᠬᠢᠯ ᠢᠶᠠᠷ ᠬᠠᠪᠰᠤᠷᠤᠭᠰᠠᠨ ᠤ ᠦᠷ᠎ᠡ ᠳ᠋ᠦᠩ ᠪᠣᠯᠣᠨ᠎ᠠ᠃ ᠠᠳᠡ᠂ | ᠪᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢ ᠲᠥᠯᠥᠭᠡᠯᠡᠨ | ᠤᠯᠠᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ | ᠳᠡᠪᠰᠢᠭᠦᠯᠦᠶ᠎ᠡ︕ | ᠡᠭᠦᠨ ᠤ ᠵᠡᠷᠭᠡ ᠳᠤ᠂ ᠪᠠᠶᠢᠴᠠᠭᠠᠬᠤ ᠠᠵᠢᠯ ᠳᠤ ᠪᠠᠰᠠ ᠵᠠᠷᠢᠮ ᠬᠦᠴᠢᠷᠳᠡᠯ ᠪᠠ ᠬᠦᠷᠦᠯᠴᠡᠬᠦ ᠦᠭᠡᠢ ᠲᠠᠯ᠎ᠠ | ᠣᠷᠣᠰᠢᠵᠤ ᠪᠠᠶᠢᠬᠤ ᠶᠢ ᠪᠢᠳᠡ ᠪᠠᠰᠠ ᠰᠡᠷᠭᠡᠭ ᠢᠶᠠᠷ ᠲᠠᠨᠢᠵᠤ ᠤᠯᠵᠠᠢ ᠂ ᠡᠭᠦᠨ ᠢ ᠪᠢᠳᠡ ᠤᠯᠠᠮ ᠨᠢᠭᠡ ᠠᠯᠬᠤᠮ | ᠴᠢᠬᠤᠯᠠᠴᠢᠯᠠᠨ ᠰᠠᠶᠢᠵᠢᠷᠠᠭᠤᠯᠬᠤ ᠴᠢᠬᠤᠯᠠᠲᠠᠢ ᠪᠠᠶᠢᠨ᠎ᠠ᠄ ᠨᠢᠭᠡ ᠳᠤ᠂ ᠬᠠᠤᠯᠢ ᠪᠠᠷᠢᠬᠤ ᠣᠶᠢᠯᠠᠭᠠᠭᠳᠠᠬᠤᠨ ᠢᠶᠠᠨ | ᠲᠤᠶᠢᠯᠪᠤᠷᠢᠲᠠᠢ ᠰᠢᠨᠡᠳᠬᠡᠭᠰᠡᠨ ᠦᠭᠡᠢ᠂ ᠬᠠᠤᠯᠢ ᠪᠠᠷ ᠵᠠᠰᠠᠬᠤ ᠤᠶᠤᠨ ᠤᠬᠠᠭᠠᠨ ᠢᠶᠠᠷ ᠬᠥᠭᠵᠢᠯᠲᠡ ᠶᠢᠨ ᠶᠡᠭᠡ | ᠲᠠᠯ᠎ᠠ ᠳᠤ ᠦᠢᠯᠡᠴᠢᠯᠡᠬᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠴᠢᠳᠠᠪᠤᠷᠢ ᠪᠠᠨ | ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠬᠤᠶᠠᠷ ᠲᠤ᠂ ᠰᠢᠨ᠎ᠡ ᠴᠠᠭ ᠦᠶ᠎ᠡ ᠰᠢᠨ᠎ᠡ ᠬᠥᠭᠵᠢᠯᠲᠡ ᠶᠢᠨ ᠱᠠᠲᠤᠨ ᠤ | ᠨᠡᠩ ᠥᠨᠳᠥᠷ ᠱᠠᠭᠠᠷᠳᠠᠯᠭ᠎ᠠ ᠶᠢᠨ ᠡᠮᠦᠨ᠎ᠡ᠂ ᠪᠠᠶᠢᠴᠠᠭᠠᠬᠤ ᠡᠩᠨᠡᠭᠡᠨ ᠤ ᠪᠦᠬᠦᠯᠢ ᠴᠣᠭᠴᠠ ᠶᠢᠨ ᠲᠥᠷᠥᠯᠬᠢ | ᠴᠢᠳᠠᠪᠤᠷᠢ ᠨᠢ ᠪᠠᠰᠠ ᠪᠦᠷᠢᠮᠦᠰᠦᠨ ᠵᠣᠬᠢᠴᠠᠵᠤ ᠳᠡᠶᠢᠯᠬᠦ ᠦᠭᠡᠢ᠂ ᠡᠩᠨᠡᠭᠡᠨ ᠤ ᠲᠤᠰᠬᠠᠶᠢᠵᠢᠯᠲᠠ᠂ ᠠᠵᠢᠯ | ᠮᠡᠷᠭᠡᠵᠢᠯᠳᠡᠨ ᠤ ᠪᠠᠶᠢᠭᠤᠯᠤᠯᠲᠠ ᠶᠢ ᠪᠠᠰᠠ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠢ ᠪᠠᠶᠢᠨ᠎ᠠ᠃ | ᠭᠤᠷᠪᠠ ᠳᠤ᠂ ᠪᠠᠶᠢᠴᠠᠭᠠᠬᠤ ᠠᠵᠢᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠬᠠᠷᠢᠴᠠᠩᠭᠤᠢ ᠪᠠᠷ ᠬᠤᠴᠣᠷᠴᠤ᠂ | ᠪᠠᠶᠢᠴᠠᠭᠠᠬᠤ ᠤᠬᠠᠭᠤᠯᠭ᠎ᠠ ᠶᠢᠨ ᠥᠷᠭᠡᠴᠡ ᠭᠦᠨᠴᠡ ᠪᠠ ᠬᠠᠤᠯᠢ ᠪᠠᠷ ᠵᠠᠰᠠᠬᠤ ᠶᠢᠨ ᠬᠥᠲᠥᠯᠥᠨ ᠳᠠᠭᠠᠭᠤᠯᠬᠤ | ᠦᠢᠯᠡᠳᠦᠯ ᠢ ᠲᠦᠷᠭᠡᠨ ᠥᠷᠭᠡᠳᠬᠡᠬᠦ ᠴᠢᠬᠤᠯᠠᠲᠠᠢ ᠪᠠᠶᠢᠨ᠎ᠠ᠃ ᠳᠥᠷᠪᠡ ᠳᠤ᠂ ᠬᠡᠷᠡᠭ ᠤᠯᠠᠨ ᠬᠥᠮᠥᠨ ᠴᠥᠭᠡᠨ | ᠪᠠᠶᠢᠬᠤ ᠪᠤᠰᠤᠳᠴᠢ ᠪᠠᠶᠢᠳᠠᠯ ᠨᠢ ᠪᠠᠰᠠ ᠪᠠᠶᠢᠴᠠᠭᠠᠬᠤ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢᠨ | ᠳᠡᠭᠡᠭᠰᠢᠯᠡᠯᠲᠡ ᠶᠢ ᠬᠢᠵᠠᠭᠠᠷᠯᠠᠵᠤ ᠪᠠᠶᠢᠨ᠎ᠠ᠃ | ᠬᠤᠶᠠᠷ᠂ 2023 ᠣᠨ ᠤ ᠠᠵᠢᠯ ᠤᠨ ᠲᠣᠬᠢᠷᠠᠭᠤᠯᠤᠯᠲᠠ | 2023 ᠣᠨ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ | ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ᠂ ᠰᠢ ᠶᠢᠨ ᠫᠢᠩ ᠤᠨ ᠬᠠᠣᠯᠢ ᠪᠠᠷ ᠵᠠᠰᠠᠬᠤ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠬᠤ ᠶᠢ ᠢᠮᠠᠭᠲᠠ ᠪᠠᠷᠢᠮᠲᠠᠯᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂ ᠭᠦᠨᠵᠡᠭᠡᠢ ᠰᠤᠷᠤᠯᠴᠠᠨ ᠨᠠᠷᠢᠨ ᠣᠶᠢᠯᠠᠭᠠᠬᠤ ᠳᠤᠮᠳᠠ | ᠤᠯᠤᠰ ᠲᠦᠷᠦ ᠶᠢᠨ ᠦᠨᠡᠨᠴᠢ ᠰᠢᠳᠤᠷᠭᠤ ᠶᠢ ᠪᠠᠲᠤ ᠪᠠᠬᠢ ᠪᠤᠢ ᠪᠣᠯᠭᠠᠵᠤ᠂ ᠮᠡᠳᠡᠬᠦᠢ ᠪᠠ ᠦᠢᠯᠡ ᠠᠵᠢᠯᠯᠠᠭ᠎ᠠ ᠶᠢ | ᠨᠢᠭᠡᠳᠬᠡᠬᠦ ᠳᠤᠮᠳᠠ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠨᠠᠮ ᠪᠠ ᠠᠷᠠᠳ ᠲᠦᠮᠡᠨ᠂ ᠦᠨᠳᠦᠰᠦᠨ | ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠪᠠᠶᠢᠴᠠᠭᠠᠬᠤ ᠡᠭᠦᠷᠭᠡ ᠶᠢ ᠦᠨᠡᠨ ᠬᠦ ᠡᠭᠦᠷᠭᠡᠯᠡᠨ᠎ᠡ᠃ | ︵ᠨᠢᠭᠡ︶ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠨᠠᠮ ᠤᠨ ᠲᠥᠪ | ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠢᠶᠠᠷ ᠪᠣᠳᠠᠲᠠᠢ ᠳᠤ | ᠨᠠᠶᠢᠳᠠᠪᠣᠷᠢᠵᠢᠭᠤᠯᠬᠤ ᠬᠡᠷᠡᠭᠲᠡᠢ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ | ᠲᠣᠭᠤᠰᠢᠯᠠᠭᠤᠯᠬᠤ ᠶᠠᠪᠤᠳᠠᠯ ᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ | ᠤᠯᠤᠰ ᠲᠦᠷᠦ ᠶᠢᠨ ᠡᠭᠦᠷᠭᠡ ᠪᠠ ᠪᠦᠬᠦ ᠠᠵᠢᠯ ᠤᠨ ᠢᠶᠠᠨ ᠭᠤᠣᠯᠳᠠᠯᠭ᠎ᠠ ᠪᠣᠯᠭᠠᠵᠤ᠂ ᠪᠠᠶᠢᠴᠠᠭᠠᠬᠤ ᠠᠵᠢᠯ ᠳᠠᠬᠢ | ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠤᠯᠤᠰ ᠲᠦᠷᠦ ᠶᠢᠨ ᠵᠣᠭᠰᠣᠯᠲᠠ᠂ | ᠤᠯᠤᠰ ᠲᠦᠷᠦ ᠶᠢᠨ ᠴᠢᠭᠯᠡᠯ᠂ ᠤᠯᠤᠰ ᠲᠦᠷᠦ ᠶᠢᠨ ᠵᠠᠷᠴᠢᠮ᠂ ᠤᠯᠤᠰ ᠲᠦᠷᠦ ᠶᠢᠨ ᠵᠠᠮ ᠳᠡᠭᠡᠷ᠎ᠡ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ | ᠬᠡᠷᠡᠭᠲᠡᠢ᠃ ᠭᠤᠣᠯ ᠳᠤᠭᠤᠶᠢᠯᠠᠩ ᠤᠨ ᠰᠤᠷᠤᠯᠴᠠᠯᠭ᠎ᠠ᠂ ᠨᠠᠮ ᠤᠨ ᠡᠭᠦᠷ ᠤᠨ ᠰᠤᠷᠤᠯᠴᠠᠯᠭ᠎ᠠ᠂ ᠪᠠᠶᠢᠩᠭᠤ ᠶᠢᠨ | ᠪᠣᠯᠪᠠᠰᠤᠷᠠᠯ᠂ ᠤᠨᠤᠯ ᠤᠨ ᠰᠤᠳᠤᠯᠭᠠᠨ ᠵᠡᠷᠭᠡ ᠲᠥᠰᠥᠯ ᠪᠠ ᠲᠥᠯᠥᠪᠯᠡᠭᠡ ᠶᠢ ᠤᠯᠠᠮ ᠨᠢᠭᠡ ᠠᠯᠬᠤᠮ | ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠰᠤᠷᠤᠯᠴᠠᠯᠭ᠎ᠠ ᠶᠢᠨ ᠥᠷᠨᠢᠯᠲᠡ᠂ ᠤᠬᠠᠭᠤᠯᠭ᠎ᠠ ᠶᠢᠨ ᠥᠷᠨᠢᠯᠲᠡ᠂ | ᠲᠣᠭᠤᠰᠢᠯᠠᠭᠤᠯᠭᠠ ᠶᠢᠨ ᠥᠷᠨᠢᠯᠲᠡ ᠶᠢ ᠪᠦᠬᠦ ᠲᠠᠯ᠎ᠠ ᠪᠠᠷ ᠪᠤᠢ ᠪᠣᠯᠭᠠᠵᠤ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠦᠨᠡᠨ ᠬᠦ ᠰᠡᠳᠬᠢᠯ ᠵᠢᠷᠦᠬᠡᠨ ᠳᠤ ᠠᠭᠤᠰᠬᠠᠵᠤ᠂ ᠰᠦᠭ ᠰᠦᠨᠡᠰᠦᠨ ᠳᠤ | ᠱᠤᠭᠤᠵᠤ᠂ ᠦᠢᠯᠡᠳᠦᠯᠭᠡᠵᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠠᠴᠠ | ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ᠂ ᠢᠯᠠᠩᠭᠤᠶ᠎ᠠ ᠬᠠᠤᠯᠢ ᠪᠠᠷ ᠵᠠᠰᠠᠬᠤ | ᠪᠠᠶᠢᠭᠤᠯᠤᠯᠲᠠ ᠶᠢᠨ ᠲᠤᠬᠠᠢ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠳᠤ ᠠᠩᠬᠠᠷᠤᠯ ᠢᠶᠠᠨ | ᠲᠥᠪᠯᠡᠷᠡᠭᠦᠯᠦᠨ᠂ ︽ᠰᠢᠨ᠎ᠡ ᠴᠠᠭ ᠦᠶ᠎ᠡ ᠶᠢᠨ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠴᠠᠭᠠᠵᠠ ᠶᠢᠨ ᠬᠢᠨᠠᠯᠲᠠ | ᠲᠠᠯᠪᠢᠬᠤ ᠠᠵᠢᠯ ᠢ ᠴᠢᠩᠭᠠᠳᠬᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ᠂ ᠬᠠᠤᠯᠢ ᠶᠣᠰᠣᠭᠠᠷ ᠴᠢᠳᠠᠮᠠᠭᠠᠢ ᠪᠠᠷ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠣᠶᠠᠯᠳᠣᠯ ᠤᠨ ᠴᠡᠭ᠂ ᠬᠥᠴᠣᠯᠡᠴᠠ ᠶᠢᠨ ᠴᠡᠭ ᠢ ᠣᠨᠣᠪᠴᠢᠲᠠᠢ | ᠡᠷᠢᠵᠦ᠂ ᠪᠠᠶᠢᠴᠠᠭᠠᠬᠤ ᠠᠵᠢᠯ ᠤᠨ ᠰᠢᠨ᠎ᠡ ᠠᠷᠭ᠎ᠠ ᠵᠠᠮ ᠢ ᠦᠷᠭᠦᠯᠵᠢᠯᠡᠨ ᠬᠠᠶᠢᠨ ᠰᠥᠪᠡᠭᠴᠢᠯᠡᠨ᠎ᠡ᠃ ᠤᠯᠤᠰ | ᠲᠦᠷᠦ ᠶᠢ ᠡᠷᠬᠢᠮᠯᠡᠬᠦ ᠪᠠ ᠲᠤᠬᠠᠶᠢᠯᠠᠭᠰᠠᠨ ᠠᠵᠢᠯ ᠢ ᠠᠳᠬᠤᠬᠤ ᠶᠢ ᠬᠠᠷᠢᠯᠴᠠᠨ ᠠᠭᠤᠰᠤᠯᠴᠠᠬᠤ᠂ ᠬᠠᠷᠢᠯᠴᠠᠨ | ᠠᠬᠢᠭᠤᠯᠬᠤ ᠶᠢᠨ ᠬᠤᠪᠢᠰᠤᠩᠭᠤᠢ ᠬᠠᠷᠢᠴᠠᠭ᠎ᠠ ᠶᠢ ᠵᠥᠪ ᠡᠵᠡᠮᠳᠡᠵᠦ᠂ ᠤᠯᠤᠰ ᠲᠦᠷᠦ ᠶᠢᠨ ᠪᠠᠶᠢᠭᠤᠯᠤᠯᠲᠠ ᠶᠢᠨ | ᠪᠣᠳᠠᠲᠤ ᠦᠷ᠎ᠡ ᠪᠦᠲᠦᠮᠵᠢ ᠪᠠᠷ ᠪᠠᠶᠢᠴᠠᠭᠠᠬᠤ ᠠᠵᠢᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠷ᠎ᠡ | ᠪᠦᠲᠦᠮᠵᠢ ᠶᠢ ᠬᠢᠨᠠᠨ ᠦᠵᠡᠵᠦ᠂ ᠪᠠᠶᠢᠴᠠᠭᠠᠬᠤ ᠠᠵᠢᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠷ᠎ᠡ | ᠪᠦᠲᠦᠮᠵᠢ ᠪᠠᠷ ᠤᠯᠤᠰ ᠲᠦᠷᠦ ᠶᠢᠨ ᠪᠠᠶᠢᠭᠤᠯᠤᠯᠲᠠ ᠶᠢᠨ ᠤᠬᠠᠮᠰᠠᠷ ᠢ ᠰᠢᠯᠭᠠᠨ᠎ᠠ᠃ | ︵ᠬᠤᠶᠠᠷ︶ ᠬᠠᠤᠯᠢ ᠴᠠᠭᠠᠵᠠ ᠶᠢᠨ ᠬᠢᠨᠠᠯᠲᠠ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠬᠦᠴᠦᠯᠡᠨ | ᠳᠡᠭᠡᠭᠰᠢᠯᠡᠭᠦᠯᠵᠦ᠂ ᠪᠠᠶᠢᠴᠠᠭᠠᠬᠤ ᠠᠵᠢᠯ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠨᠡᠩ ᠰᠢᠯᠢᠳᠡᠭ | ᠦᠢᠯᠡᠴᠢᠯᠡᠭᠡ ᠪᠠᠷ ᠴᠢᠨᠠᠷ ᠰᠠᠶᠢᠲᠠᠢ ᠬᠥᠭᠵᠢᠯᠲᠡ ᠶᠢ ᠪᠠᠳᠣᠯᠠᠨ᠎ᠠ | ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠠᠬᠢ ︽ᠪᠠᠶᠢᠴᠠᠭᠠᠬᠤ ᠪᠠᠶᠢᠭᠤᠯᠭ᠎ᠠ ᠶᠢᠨ ᠬᠠᠤᠯᠢ | ᠴᠠᠭᠠᠵᠠ ᠶᠢᠨ ᠬᠢᠨᠠᠯᠲᠠ ᠲᠠᠯᠪᠢᠬᠤ ᠠᠵᠢᠯ ᠢ ᠴᠢᠩᠭᠠᠳᠬᠠᠬᠤ ᠬᠡᠷᠡᠭᠲᠡᠢ︾ ︽ᠨᠡᠶᠢᠲᠡ ᠶᠢᠨ ᠠᠰᠠᠷᠠᠮᠵᠢ ᠶᠢᠨ ᠵᠠᠷᠭᠤ | ᠶᠢᠨ ᠳᠦᠷᠢᠮ ᠢ ᠲᠡᠭᠦᠯᠳᠡᠷᠵᠢᠭᠦᠯᠬᠦ ᠬᠡᠷᠡᠭᠲᠡᠢ︾ ᠭᠡᠬᠦ ᠥᠭᠦᠯᠡᠯᠲᠡ ᠶᠢᠨ ᠠᠷᠤ ᠳᠠᠬᠢ ᠪᠠᠶᠢᠴᠠᠭᠠᠬᠤ ᠪᠠᠶᠢᠭᠤᠯᠭ᠎ᠠ ᠳᠤ | ᠳᠤᠷᠠᠳᠤᠭᠰᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠰᠢᠨ᠎ᠡ ᠱᠠᠭᠠᠷᠳᠠᠯᠭ᠎ᠠ ᠶᠢ ᠭᠦᠨᠵᠡᠭᠡᠢ ᠰᠤᠳᠤᠯᠵᠤ᠂ | ᠡᠷᠡᠭᠦᠦ ᠶᠢᠨ ᠬᠡᠷᠡᠭ ᠤᠨ ᠪᠠᠶᠢᠴᠠᠭᠠᠬᠤ ᠠᠵᠢᠯ ᠢ ︽ᠰᠢᠯᠢᠳᠡᠭ︾ ᠲᠠᠰᠢ ᠲᠡᠰ ᠳᠡᠪᠰᠢᠭᠦᠯᠬᠦ᠂ ᠢᠷᠭᠡᠨ ᠤ ᠬᠡᠷᠡᠭ ᠤᠨ | ᠪᠠᠶᠢᠴᠠᠭᠠᠬᠤ ᠠᠵᠢᠯ ᠢ ︽ᠬᠦᠴᠦᠷᠬᠡᠭ︾ ᠲᠠᠰᠢ ᠡᠷᠡᠯᠬᠡᠭᠯᠡᠨ ᠤᠷᠤᠭᠰᠢᠯᠠᠭᠤᠯᠬᠤ᠂ ᠵᠠᠰᠠᠭ ᠵᠠᠬᠢᠷᠭᠠᠨ ᠤ ᠪᠠᠶᠢᠴᠠᠭᠠᠬᠤ | ᠠᠵᠢᠯ ᠢ ︽ᠪᠣᠳᠠᠲᠠᠢ︾ ᠲᠠᠰᠢ ᠰᠢᠪᠲᠤᠯᠬᠤ ᠶᠢ ᠲᠦᠯᠬᠢᠨ ᠠᠬᠢᠭᠤᠯᠵᠤ᠂ ᠤᠯᠠᠨ ᠲᠦᠮᠡᠨ ᠤ ᠪᠠᠴᠢᠮ ᠪᠡᠷᠬᠡ | ᠵᠣᠪᠠᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ | ᠪᠠᠶᠢᠴᠠᠭᠠᠬᠤ ᠠᠵᠢᠯ ᠢ ᠨᠡᠩ ᠢᠳᠡᠪᠬᠢᠲᠡᠢ ᠯᠠᠪᠳᠠᠭᠤᠨ ᠢᠶᠠᠷ ᠲᠦᠯᠬᠢᠨ ᠠᠬᠢᠭᠤᠯᠣᠨ᠎ᠠ᠃ ᠤᠯᠤᠰ ᠤᠨ ᠶᠡᠷᠦᠩᠬᠡᠢ | ᠠᠮᠤᠷ ᠲᠦᠪᠰᠢᠨ ᠤ ᠦᠵᠡᠯᠲᠡ ᠶᠢ ᠪᠠᠲᠤ ᠪᠤᠢ ᠪᠣᠯᠭᠠᠬᠤ ᠪᠠ ᠦᠢᠯᠡᠳᠦᠯᠭᠡᠵᠢᠭᠦᠯᠵᠦ᠂ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠪᠠᠶᠢᠩᠭᠤ ᠶᠢᠨ ᠴᠢᠨᠠᠷᠲᠠᠢ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠭᠤᠣᠯᠳᠠᠯᠭ᠎ᠠ ᠲᠠᠢ | ᠬᠦᠷᠢᠶᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠤᠬᠠᠮᠰᠠᠷ ᠠᠴᠠ ᠪᠠᠨ | ᠴᠢᠩᠭᠠᠳᠬᠠᠨ᠎ᠠ᠃ ᠠᠭᠤᠴᠢᠯᠠᠨ ᠰᠢᠢᠳᠭᠡᠬᠦ ᠪᠠ ᠴᠢᠩᠭ᠎ᠠ ᠰᠢᠢᠳᠭᠡᠬᠦ ᠶᠢ ᠬᠤᠣᠰᠯᠠᠭᠤᠯᠬᠤ ᠡᠷᠡᠭᠦᠦ ᠶᠢᠨ ᠬᠡᠷᠡᠭ ᠤᠨ | ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠵᠣ᠂ ᠴᠥᠭᠡᠨ ᠪᠠᠷᠢᠪᠴᠢᠯᠠᠵᠤ᠂ ᠪᠣᠯᠭᠤᠮᠵᠢᠲᠠᠢ | ᠵᠠᠭᠠᠯᠳᠤᠵᠤ᠂ ᠪᠣᠯᠭᠤᠮᠵᠢᠲᠠᠢ ᠬᠤᠷᠢᠬᠤ ᠡᠷᠡᠭᠦᠦ ᠶᠢᠨ ᠬᠡᠷᠡᠭ ᠤᠨ ᠬᠠᠤᠯᠢ ᠪᠠᠷᠢᠬᠤ ᠲᠦᠷᠦ ᠶᠢᠨ ᠪᠣᠳᠣᠯᠭ᠎ᠠ ᠪᠠ | ᠶᠠᠯ᠎ᠠ ᠪᠠᠨ ᠮᠡᠳᠡᠷᠡᠵᠦ ᠰᠢᠢᠳᠭᠡᠯ ᠢ ᠮᠡᠳᠡᠷᠡᠭᠰᠡᠨ ᠢ ᠠᠭᠤᠴᠢᠯᠠᠨᠰᠢᠢᠳᠭᠡᠬᠦ ᠳᠦᠷᠢᠮ ᠢ ᠨᠢᠭᠡᠳᠦᠯᠲᠡᠢ ᠲᠥᠯᠥᠪᠯᠡᠨ | ᠨᠠᠶᠢᠳᠠᠪᠤᠷᠢᠵᠢᠭᠤᠯᠵᠤ᠂ ᠨᠡᠶᠢᠭᠡᠮ ᠤᠨ ᠳᠣᠲᠣᠭᠠᠳᠤ ᠶᠢᠨ ᠲᠣᠭᠲᠠᠭᠤᠨ ᠪᠠᠶᠢᠳᠠᠯ ᠢ ᠬᠦᠴᠦᠲᠡᠢ ᠠᠬᠢᠭᠤᠯᠣᠨ᠎ᠠ᠃ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠬᠠᠤᠯᠢ ᠶᠣᠰᠣᠭᠠᠷ ᠡᠷᠬᠡ ᠲᠡᠭᠰᠢ ᠪᠠᠷ ᠬᠠᠮᠠᠭᠠᠯᠠᠵᠤ᠂ ᠬᠡᠷᠡᠭ ᠲᠤ | ᠬᠤᠯᠪᠣᠭᠳᠠᠭᠰᠠᠨ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠰᠡᠨ ᠥᠭᠡᠷᠡᠴᠢᠯᠡᠯᠲᠡ ᠶᠢᠨ ᠠᠵᠢᠯ ᠢ ᠢᠳᠡᠪᠬᠢᠲᠡᠢ | ᠲᠤᠷᠰᠢᠨ ᠠᠬᠢᠭᠤᠯᠵᠤ᠂ ᠬᠠᠤᠯᠢ ᠪᠠᠷ ᠵᠠᠰᠠᠬᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ | ᠰᠢᠯᠢᠳᠡᠭᠵᠢᠬᠦᠯᠦᠨ᠎ᠡ᠃ ᠪᠠᠶᠢᠴᠠᠭᠠᠬᠤ ᠰᠠᠨᠠᠭᠤᠯᠭ᠎ᠠ ᠪᠠᠷ ᠦᠨᠳᠦᠰᠦ ᠰᠤᠷᠪᠤᠯᠵᠢ ᠶᠢ ᠨᠢ ᠡᠷᠢᠵᠦ ᠵᠠᠰᠠᠬᠤ ᠶᠢ ᠲᠦᠯᠬᠢᠨ | ᠠᠬᠢᠭᠤᠯᠵᠤ᠂ ᠶᠠᠯ᠎ᠠ ᠶᠢ ᠨᠢ ᠵᠠᠰᠠᠬᠤ᠂ ᠦᠡᠭᠭᠡᠨ ᠲᠠᠯ᠎ᠠ ᠶᠢ ᠨᠢ ᠵᠠᠰᠠᠬᠤ ᠪᠠ ᠦᠨᠳᠦᠰᠦ ᠰᠤᠷᠪᠤᠯᠵᠢ ᠶᠢ ᠨᠢ | ᠵᠠᠰᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠶᠠᠯᠠᠬᠦᠯᠦᠨ᠎ᠡ᠃ ︽ᠲᠦᠷᠪᠡᠨ ᠶᠡᠭᠡ ᠪᠠᠶᠢᠴᠠᠭᠠᠯᠲᠠ︾ ᠶᠢᠨ ᠬᠡᠷᠡᠭ | ᠰᠢᠢᠳᠪᠦᠷᠢᠯᠡᠬᠦ ᠦᠢᠯᠡᠳᠦᠯᠭᠡ ᠲᠠᠢ ᠨᠢᠭᠲᠠ ᠤᠶᠠᠯᠳᠤᠭᠤᠯᠤᠨ᠂ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ︾ ᠬᠠᠷᠢᠭᠤᠴᠠᠯᠭ᠎ᠠ ᠶᠢᠨ ᠳᠦᠷᠢᠮ ᠢ ᠲᠡᠷᠡ ᠬᠡᠪ ᠢᠶᠠᠷ ᠨᠢ | ᠰᠠᠶᠢᠲᠤᠷ ᠨᠠᠶᠢᠳᠠᠪᠤᠷᠢᠵᠢᠭᠤᠯᠵᠤ᠂ ᠨᠡᠶᠢᠭᠡᠮ ᠤᠨ ᠬᠠᠤᠯᠢ ᠪᠠᠷ ᠵᠠᠰᠠᠬᠤ ᠤᠬᠠᠮᠰᠠᠷ ᠢ ᠬᠥᠲᠥᠯᠥᠨ ᠳᠠᠭᠠᠭᠤᠯᠵᠤ᠂ ᠪᠦᠬᠦ | ᠠᠷᠠᠳ ᠤᠨ ᠬᠠᠤᠯᠢ ᠪᠠᠷ ᠵᠠᠰᠠᠬᠤ ᠦᠵᠡᠯᠲᠡ ᠶᠢ ᠪᠤᠢ ᠪᠣᠯᠭᠠᠬᠤ ᠶᠢ ᠠᠬᠢᠭᠤᠯᠣᠨ᠎ᠠ᠃ | ︵ᠭᠤᠷᠪᠠ︶ ᠠᠷᠠᠳ ᠤᠨ ᠲᠥᠯᠥᠭᠡ ᠪᠣᠳᠠᠲᠤ ᠶᠠᠪᠤᠳᠠᠯ ᠢ ᠦᠨᠡᠨ ᠰᠡᠳᠬᠢᠯ ᠠᠴᠠ ᠪᠠᠨ ᠰᠠᠶᠢᠲᠤᠷ ᠬᠢᠵᠦ᠂ | ᠠᠷᠠᠳ ᠤᠯᠠᠨ ᠤ ᠲᠥᠪ ᠭᠤᠣᠯᠴᠢ ᠰᠢᠳᠤᠷᠭᠤ ᠶᠣᠰᠣᠨ ᠤ ᠲᠠᠯ᠎ᠠ ᠪᠠᠷ ᠬᠢ ᠨᠡᠩ ᠥᠨᠳᠥᠷ ᠬᠡᠷᠡᠭᠴᠡᠭᠡ ᠶᠢ | ᠬᠠᠩᠭᠠᠨ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠳᠤ ᠲᠤᠭᠤᠰᠢᠯᠠᠭᠳᠠᠵᠤ ᠪᠠᠶᠢᠬᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ | ᠲᠤᠭᠤᠰᠢᠯᠠᠭᠳᠠᠵᠤ ᠪᠠᠶᠢᠭ᠎ᠠ ᠠᠷᠠᠳ ᠲᠦᠮᠡᠨ ᠢ ᠳᠡᠭᠡᠳᠦᠯᠡᠬᠦ ᠵᠣᠭᠰᠣᠯᠲᠠ ᠶᠢ ᠭᠦᠨᠵᠡᠭᠡᠢ ᠣᠶᠢᠯᠠᠭᠠᠵᠤ᠂ ᠬᠠᠮᠤᠭ ᠤᠨ | ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠬᠦ᠂ ᠰᠠᠶᠢᠲᠤᠷ | ᠬᠠᠮᠠᠭᠠᠯᠠᠬᠤ᠂ ᠰᠠᠶᠢᠲᠤᠷ ᠬᠥᠭᠵᠢᠭᠦᠯᠬᠦ ᠶᠢ ᠦᠨᠡᠨ ᠬᠦ ᠠᠯᠢᠪᠠ ᠪᠠᠶᠢᠴᠠᠭᠠᠬᠤ ᠠᠵᠢᠯ ᠤᠨ ᠢᠶᠠᠨ ᠡᠭᠦᠰᠬᠡᠯ ᠪᠠ | ᠲᠡᠭᠦᠰᠬᠡᠯ ᠪᠣᠯᠭᠠᠨ᠎ᠠ᠃ ᠬᠠᠤᠯᠢ ᠴᠠᠭᠠᠵᠠ ᠶᠢᠨ ᠬᠢᠨᠠᠯᠲᠠ ᠪᠣᠯᠣᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ | ᠪᠦᠲᠦᠮᠵᠢᠲᠡᠢ ᠵᠣᠯᠭᠠᠭᠤᠯᠬᠤ ᠂ ᠵᠠᠯᠬᠠᠭᠠᠬᠤ ᠴᠢᠨᠠᠷᠲᠠᠢ ᠠᠷᠭ᠎ᠠ ᠬᠡᠮᠵᠢᠶ᠎ᠡ ᠪᠣᠯᠣᠨ ᠤᠷᠢᠳᠴᠢᠯᠠᠨ ᠰᠡᠷᠭᠡᠶᠢᠯᠡᠬᠦ | ᠴᠢᠨᠠᠷᠲᠠᠢ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠬᠦ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ | ᠬᠠᠮᠤᠭ ᠤᠨ ᠨᠢᠭᠲᠠ ᠴᠢᠩᠭ᠎ᠠ ᠬᠠᠣᠯᠢ ᠪᠠᠷ ᠵᠠᠰᠠᠬᠤ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠭᠡᠬᠦ | ᠡᠨᠡᠬᠦ ᠬᠠᠮᠤᠭ ᠤᠨ ᠲᠦᠭᠡᠮᠡᠯ ᠬᠠᠷᠠᠭᠠᠯᠵᠠᠯᠲᠤ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠰᠠᠬᠢᠨ ᠬᠠᠮᠠᠭᠠᠯᠠᠨ᠎ᠠ᠃ | ᠬᠠᠤᠯᠢ ᠲᠣᠭᠲᠠᠭᠠᠬᠤ ᠤᠭ ᠰᠠᠨᠠᠭ᠎ᠠ ᠪᠠ ᠬᠠᠤᠯᠢ ᠪᠠᠷᠢᠬᠤ ᠲᠦᠷᠦ ᠶᠢᠨ ᠪᠣᠳᠣᠯᠭ᠎ᠠ ᠶᠢ ᠣᠨᠣᠪᠴᠢᠲᠠᠶ ᠡᠵᠡᠮᠰᠢᠵᠦ᠂ | ᠲᠡᠭᠷᠢ ᠶᠢᠨ ᠵᠥᠢ᠂ ᠤᠯᠤᠰ ᠤᠨ ᠬᠠᠤᠯᠢ᠂ ᠨᠠᠶᠢᠷ ᠲᠠᠯ᠎ᠠ ᠶᠢ ᠬᠠᠮᠲᠤ ᠳᠤᠨᠢ ᠬᠠᠷᠠᠭᠠᠯᠵᠠᠵᠤ᠂ ᠬᠡᠷᠡᠭ ᠢ | ᠰᠢᠢᠳᠪᠦᠷᠢᠯᠡᠬᠦ ᠶᠢᠨ ᠲᠥᠯᠥᠭᠡ ᠬᠡᠷᠡᠭ ᠰᠢᠢᠳᠪᠦᠷᠢᠯᠡᠬᠦ᠂ ᠮᠧᠬᠠᠨᠢᠭ ᠢᠶᠠᠷ ᠬᠠᠤᠯᠢ ᠪᠠᠷᠢᠬᠤ ᠠᠴᠠ ᠵᠠᠶᠢᠯᠠᠰᠬᠢᠵᠦ᠂ | ᠬᠡᠷᠡᠭ ᠰᠢᠢᠳᠪᠦᠷᠢᠯᠡᠬᠦ ᠤᠯᠤᠰ ᠲᠦᠷᠦ ᠶᠢᠨ ᠦᠷ᠎ᠡ ᠪᠦᠲᠦᠮᠵᠢ᠂ ᠨᠡᠶᠢᠭᠡᠮ ᠤᠨ ᠦᠷ᠎ᠡ ᠪᠦᠲᠦᠮᠵᠢ ᠪᠠ ᠬᠠᠤᠯᠢ | ᠴᠠᠭᠠᠵᠠ ᠶᠢᠨ ᠦᠷ᠎ᠡ ᠪᠦᠲᠦᠮᠵᠢ ᠶᠢᠨ ᠬᠠᠷᠢᠯᠴᠠᠨ ᠨᠢᠭᠡᠳᠬᠦ ᠶᠢ ᠲᠦᠯᠬᠢᠨ ᠠᠬᠢᠭᠤᠯᠤᠨ᠎ᠠ᠃ ᠬᠠᠤᠯᠢ ᠴᠠᠭᠠᠵᠠ ᠶᠢᠨ | ᠯᠠᠪᠯᠠᠯᠭ᠎ᠠ ᠶᠢᠨ ᠦᠢᠯᠡᠴᠢᠯᠡᠭᠡ ᠬᠠᠩᠭᠠᠬᠤ᠂ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠲᠡᠮᠡᠴᠡᠨ ᠣᠯᠬᠤ ᠵᠡᠷᠭᠡ | ᠠᠷᠭ᠎ᠠ ᠬᠡᠯᠪᠡᠷᠢ ᠪᠠᠷ ᠳᠠᠮᠵᠢᠭᠤᠯᠤᠨ᠂ ᠠᠷᠠᠳ ᠤᠯᠠᠨ ᠤ ︽ᠪᠠᠴᠢᠮ ᠬᠦᠴᠢᠷᠲᠡᠢ ᠵᠣᠪᠠᠨᠢᠯ︾ ᠤᠨ ᠠᠰᠠᠭᠤᠳᠠᠯ ᠢ | ᠰᠠᠶᠢᠲᠤᠷ ᠰᠢᠢᠳᠪᠦᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ | ᠳᠤᠮᠳᠠ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠬᠦᠯᠦᠨ᠎ᠡ᠃ ᠤᠯᠠᠨ ᠲᠦᠮᠡᠨ ᠤ ᠵᠠᠬᠢᠳᠠᠯ | ᠰᠣᠷᠪᠤᠯᠵᠢᠯᠠᠭ᠎ᠠ ᠶᠢᠨ ︽ᠵᠦᠢᠯ ᠪᠦᠷᠢ ᠳᠤ ᠬᠠᠷᠢᠭᠤᠯᠲᠠ ᠥᠭᠬᠦ︾᠂ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ᠂ | ᠢᠯᠡ ᠪᠠᠷ ᠭᠡᠷᠡᠴᠢᠯᠡᠭᠡ ᠰᠣᠨᠣᠰᠬᠤ᠂ ᠨᠠᠰᠤᠨ ᠳᠤ ᠦᠯᠦ ᠬᠦᠷᠦᠭᠰᠡᠳ ᠤᠨ ᠡᠷᠬᠡ ᠠᠰᠢᠭ ᠢ ᠬᠠᠮᠠᠭᠠᠯᠠᠬᠤ ᠵᠡᠷᠭᠡ | ᠠᠷᠠᠳ ᠤᠨ ᠲᠥᠯᠥᠭᠡ ᠪᠠᠶᠢᠴᠠᠭᠠᠬᠤ ᠪᠣᠳᠠᠲᠤ ᠶᠠᠪᠤᠳᠠᠯ ᠢ ᠢᠮᠠᠭᠲᠠ ᠰᠠᠶᠢᠲᠤᠷ ᠬᠢᠵᠦ᠂ ᠠᠷᠠᠳ ᠤᠯᠠᠨ ᠤ | ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠩ ᠲᠡᠭᠦᠯᠳᠡᠷ᠂ | ᠨᠡᠩ ᠪᠠᠲᠤᠯᠠᠭ᠎ᠠ ᠲᠠᠢ᠂ ᠨᠡᠩ ᠦᠷᠭᠦᠯᠵᠢᠯᠡᠬᠦᠶᠢᠴᠡ ᠪᠣᠯᠭᠠᠨ᠎ᠠ᠃ | ︵ᠳᠥᠷᠪᠡ︶ ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠪᠠᠶᠢᠴᠠᠭᠠᠬᠤ ᠠᠵᠢᠯ ᠢ ᠴᠢᠩᠭ᠎ᠠ ᠵᠠᠰᠠᠬᠤ ᠶᠢ | ᠭᠦᠨᠵᠡᠭᠡᠶᠢᠷᠡᠭᠦᠯᠵᠦ᠂ ᠴᠠᠭ ᠦᠶ᠎ᠡ ᠶᠢᠨ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠥᠨᠳᠥᠷ ᠬᠡᠪ ᠪᠣᠯᠪᠠᠰᠤᠷᠠᠯ ᠲᠠᠢ | ᠪᠠᠶᠢᠴᠠᠭᠠᠬᠤ ᠡᠩᠨᠡᠭᠡ ᠶᠢ ᠳᠠᠪᠲᠠᠨ ᠪᠣᠯᠪᠠᠰᠣᠷᠠᠭᠤᠯᠣᠨ᠎ᠠ | ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠠᠬᠢ ᠰᠢᠨ᠎ᠡ ᠴᠠᠭ ᠦᠶ᠎ᠡ ᠶᠢᠨ ᠨᠠᠮ ᠤᠨ | ᠪᠠᠶᠢᠭᠤᠯᠤᠯᠲᠠ ᠶᠢᠨ ᠲᠤᠬᠠᠢ ᠶᠡᠷᠦᠩᠬᠡᠢ ᠱᠠᠭᠠᠷᠳᠠᠯᠭ᠎ᠠ ᠶᠢ ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠪᠦᠬᠦ | ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠪᠠᠶᠢᠴᠠᠭᠠᠬᠤ ᠬᠤᠷᠢᠶ᠎ᠠ ᠶᠢ ᠴᠢᠩᠭ᠎ᠠ ᠵᠠᠰᠠᠬᠤ ᠤᠯᠤᠰ ᠲᠦᠷᠦ ᠶᠢᠨ | ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠬᠦ ᠬᠡᠷᠡᠭᠲᠡᠢ᠃ ᠪᠠᠶᠢᠴᠠᠭᠠᠬᠤ ᠡᠩᠨᠡᠭᠡᠨ ᠤ ᠦᠵᠡᠯ ᠤᠬᠠᠮᠰᠠᠷ ᠤᠨ | ᠬᠡᠯᠪᠡᠷᠢ ᠶᠢᠨ ᠬᠠᠮᠢᠶᠠᠷᠤᠯᠲᠠ ᠶᠢ ᠤᠷᠳᠤ ᠬᠤᠭᠤᠴᠠᠭ᠎ᠠ ᠪᠠᠷ ᠪᠠᠷᠢᠮᠲᠠᠯᠠᠨ ᠴᠢᠩᠭᠠᠳᠬᠠᠵᠤ᠂ ᠦᠵᠡᠯ ᠤᠬᠠᠮᠰᠠᠷ ᠤᠨ | ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ᠂ ᠬᠠᠮᠢᠶᠠᠷᠬᠤ ᠡᠷᠬᠡ᠂ ᠦᠭᠡ ᠬᠡᠯᠡᠬᠦ ᠡᠷᠬᠡ ᠶᠢ ᠪᠠᠲᠤ ᠡᠵᠡᠮᠰᠢᠨ᠎ᠡ᠃ | ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ | ᠭᠦᠨᠵᠡᠭᠡᠶᠢᠷᠡᠭᠦᠯᠵᠦ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ᠲᠥᠪ ᠤᠨ ︽ | ᠨᠠᠢᠮᠠᠨ ᠵᠦᠢᠯ ᠤᠨ ᠲᠣᠭᠲᠠᠭᠠᠯ︾ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠢ ᠴᠥᠬᠦᠷᠡᠰᠢ ᠦᠭᠡᠢ | ᠨᠠᠶᠢᠳᠠᠪᠤᠷᠢᠵᠢᠭᠤᠯᠵᠤ᠂ ᠪᠠᠶᠢᠴᠠᠭᠠᠬᠤ ᠡᠩᠨᠡᠭᠡᠨ ᠤ ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ | ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠣᠨ᠎ᠠ᠃ ︽ | ᠵᠠᠩᠭᠢᠯᠠᠭ᠎ᠠ ᠶᠢᠨ ᠴᠥᠭᠡᠨ ᠲᠣᠭᠠᠲᠠᠨ︾ ᠢᠶᠠᠷ ︽ᠵᠣᠩᠬᠢᠯᠠᠬᠤ ᠤᠯᠠᠨ ᠲᠣᠭᠠᠲᠠᠨ︾ ᠢ ᠲᠠᠶᠢᠴᠢᠯᠠᠨ ︽ᠭᠤᠷᠪᠠᠨ | ᠲᠣᠭᠲᠠᠭᠠᠯ︾ ᠢ ᠰᠠᠶᠢᠲᠤᠷ ᠨᠠᠶᠢᠳᠠᠪᠤᠷᠢᠵᠢᠭᠤᠯᠵᠤ᠂ ᠢᠯᠵᠠᠷᠠᠬᠤ ᠠᠴᠠ ᠵᠢᠷᠣᠭᠡᠰᠢᠶᠡᠵᠣ᠂ ᠢᠯᠵᠠᠷᠠᠵᠤ ᠴᠢᠳᠠᠬᠤ | ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ | ᠪᠠᠶᠢᠭᠤᠯᠤᠨ᠎ᠠ᠃ ᠬᠠᠤᠯᠢ ᠪᠠᠷᠢᠬᠤ ᠬᠠᠷᠢᠭᠤᠴᠠᠯᠭ᠎ᠠ ᠶᠢᠨ ᠳᠦᠷᠢᠮ ᠤᠨ ᠶᠡᠷᠦᠩᠬᠡᠶᠢᠯᠡᠭᠰᠡᠨ ᠢᠵᠢ ᠪᠦᠷᠢᠳᠦᠭᠦᠯᠬᠦ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠢᠯ ᠤᠨ ᠪᠦᠲᠦᠮᠵᠢ ᠶᠢ ᠰᠢᠯᠭᠠᠨ ᠦᠨᠡᠯᠡᠬᠦ ᠪᠠᠷ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠶᠢ ᠤᠷᠮᠠᠰᠢᠭᠤᠯᠤᠨ ᠵᠣᠷᠢᠭᠵᠢᠭᠤᠯᠵᠤ᠂ ᠬᠥᠮᠦᠵᠢᠯ ᠪᠣᠯᠪᠠᠰᠣᠷᠡᠯ ᠤᠨ ᠠᠵᠢᠯ ᠢ | ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠪᠠᠶᠢᠴᠠᠭᠠᠬᠤ ᠠᠵᠢᠯᠲᠠᠨ ᠤ ᠲᠤᠰᠬᠠᠢ ᠮᠡᠷᠭᠡᠵᠢᠯ ᠤᠨ ᠮᠡᠳᠡᠯᠭᠡ᠂ | ᠲᠤᠰᠬᠠᠢ ᠮᠡᠷᠭᠡᠵᠢᠯ ᠤᠨ ᠴᠢᠳᠠᠪᠤᠷᠢ᠂ ᠲᠤᠰᠬᠠᠢ ᠮᠡᠷᠭᠡᠵᠢᠯ ᠤᠨ ᠰᠤᠷᠲᠠᠯ᠂ ᠲᠤᠰᠬᠠᠢ ᠮᠡᠷᠭᠡᠵᠢᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠠᠶᠢᠴᠠᠭᠠᠬᠤ ᠡᠷᠬᠡ ᠶᠢ ᠵᠢᠷᠤᠮᠵᠢᠭᠤᠯᠤᠨ ᠠᠵᠢᠯᠯᠠᠭᠤᠯᠬᠤ | ᠴᠢᠳᠠᠪᠤᠷᠢᠲᠠᠨ ᠤ ᠰᠠᠭᠤᠷᠢ ᠶᠢ ᠪᠠᠲᠤᠳᠬᠠᠨ᠎ᠠ᠃ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠵᠢᠱᠢᠶ᠎ᠡ ᠦᠵᠡᠭᠦᠯᠵᠦ | ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠨᠢᠭᠡᠳᠦᠯᠲᠡᠢ ᠪᠠᠶᠢᠬᠤ ᠪᠠᠷᠢᠮᠵᠢᠶ᠎ᠠ ᠪᠠ ᠨᠡᠭᠡᠵᠣ ᠭᠦᠢᠴᠡᠬᠦ | ᠬᠠᠷᠠᠯᠲᠠ ᠶᠢ ᠲᠣᠳᠣᠷᠬᠠᠶᠢᠯᠠᠵᠤ᠂ ᠺᠠᠳ᠋ᠷ ᠴᠠᠭᠳᠠᠭ᠎ᠠ ᠶᠢᠨ ᠠᠵᠢᠯ ᠮᠡᠷᠭᠡᠵᠢᠯ ᠤᠨ ᠢᠷᠠᠭᠤ ᠠᠯᠳᠠᠷ ᠤᠨ ᠰᠡᠳᠬᠢᠯᠭᠡ ᠪᠠ | ᠪᠦᠯᠬᠦᠮ ᠨᠡᠶᠢᠲᠡ ᠶᠢᠨ ᠲᠥᠪᠯᠡᠷᠠᠩᠬᠦᠢ ᠬᠦᠴᠦᠨ ᠢ ᠨᠡᠮᠡᠭᠳᠡᠭᠦᠯᠦᠨ᠎ᠡ᠃ | ᠬᠠᠪᠤᠷ ᠤᠨ ᠰᠡᠯᠬᠢ ᠥᠯᠢᠶᠡᠬᠦᠶᠡ ᠪᠠᠶᠢᠯᠳᠤᠭᠠᠨ ᠤ ᠬᠡᠩᠭᠡᠷᠭᠡ ᠨᠢᠵᠢᠭᠢᠨᠡᠵᠦ᠂ ᠵᠠᠭᠤᠨ ᠣᠩᠭᠤᠴᠠ | ᠣᠷᠣᠭᠰᠢᠯᠠᠬᠤᠶᠠ ᠢᠳᠡᠪᠬᠢᠯᠡᠨ ᠴᠢᠷᠮᠠᠶᠢᠭᠰᠡᠳ ᠲᠡᠷᠢᠬᠦᠯᠮᠣᠢ᠃ ᠲᠥᠯᠥᠭᠡᠯᠡᠭᠴᠢᠳ ᠠ᠋᠂ ᠰᠢᠨ᠎ᠡ ᠨᠢᠭᠡᠨ ᠵᠢᠯ᠂ ᠪᠢᠳᠡ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ | ᠪᠦᠯᠬᠦᠮᠳᠡᠵᠦ᠂ ᠬᠤᠰᠢᠭᠤᠨ ᠤ ᠨᠠᠮ ᠤᠨ ᠬᠤᠷᠢᠶ᠎ᠠ ᠪᠣᠯᠣᠨ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ ᠶᠢᠨ | ᠵᠥᠪ ᠣᠨᠣᠪᠴᠢᠲᠠᠶ ᠤᠳᠤᠷᠢᠳᠤᠯᠭ᠎ᠠ ᠳᠣᠣᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠦᠴᠦᠲᠡᠢ ᠬᠢᠨᠠᠯᠲᠠ ᠳᠣᠣᠷ᠎ᠠ᠂ ᠬᠤᠰᠢᠭᠤᠨ ᠤ ᠵᠠᠰᠠᠭ ᠤᠨ ᠣᠷᠳᠣᠨ | ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠠᠯᠠᠮᠵᠢᠯᠠᠯ ᠳᠡᠮᠵᠢᠯᠭᠡ | ᠳᠣᠣᠷ᠎ᠠ᠂ ᠲᠣᠰ ᠤᠳᠠᠭᠠᠨ ᠤ ᠶᠡᠭᠡ ᠬᠤᠷᠠᠯ ᠤᠨ ᠰᠢᠢᠳᠪᠦᠷᠢ ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ ᠲᠥᠪ | ᠴᠢᠬᠡᠴᠢ ᠪᠠᠷ ᠰᠢᠨ᠎ᠡ ᠶᠢ ᠡᠭᠦᠳᠴᠦ᠂ ᠢᠯᠠᠯᠲᠠ ᠶᠢᠨ ᠡᠷᠴᠢᠨ ᠳᠡᠭᠡᠷ᠎ᠡ ᠡᠷᠡᠮᠡᠬᠡᠶᠢᠯᠡᠨ ᠤᠷᠤᠭᠰᠢᠯᠠᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠳᠤ ᠨᠠᠩ ᠰᠢᠯᠢᠳᠡᠭ | ᠪᠠᠶᠢᠴᠠᠭᠠᠬᠤ ᠬᠦᠴᠦᠨ ᠢᠶᠠᠨ ᠨᠡᠮᠡᠷᠢᠯᠡᠶ᠎ᠡ᠃ | | |