ᠲᠥᠷᠦᠯ ᠵᠦᠢᠯ ᠢ᠋ ᠰᠠᠶᠢᠲᠤᠷ ᠠᠰᠢᠭᠯᠠᠵᠤ ᠬᠥᠳᠡᠭᠡ ᠲᠣᠰᠬᠣᠨ ᠢ ᠬᠥᠭᠵᠢᠭᠦᠯᠦᠨ ᠮᠠᠨᠳᠤᠭᠤᠯᠤᠨ᠎ᠠ
ᠨᠡᠶᠢᠲᠡᠯᠡᠭᠰᠡᠨ ᠴᠠᠭ᠄
2023/2/20
    ᠡᠮᠦᠨᠡᠬᠡᠨ ᠂ ᠰᠤᠷᠪᠤᠯᠵᠢᠯᠠᠭᠴᠢ ᠡᠴᠡ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ ᠦ ᠪᠤᠷᠭᠠᠰᠤᠳᠠᠢ ᠰᠢᠶᠠᠩ ᠤᠨ ᠱᠦᠢ ᠺᠦ᠋ ᠲᠣᠰᠬᠣᠨ ᠤ ᠲᠠᠷᠢᠶᠠᠴᠢᠨ ᠯᠢᠶᠠᠩ ᠴᠢᠤᠸᠠᠨ ᠤ᠋ ᠬᠢᠨ ᠳ᠋ᠦ᠍ ᠬᠦᠷᠬᠦ ᠳ᠋ᠦ᠍ ᠂ ᠲᠡᠳᠡᠨ ᠤ ᠬᠡᠷᠡᠮ ᠬᠠᠰᠢᠶ᠎ᠠ ᠳᠡᠷᠢ ᠲᠡᠭᠰᠢ ᠂ ᠡᠷᠦᠬᠡ ᠭᠡᠷ ᠨᠢ ᠴᠡᠪᠡᠷ ᠴᠡᠮᠴᠡᠭᠡᠷ ᠬᠠᠷᠠᠭᠳᠠᠵᠤ ᠂ ᠯᠢᠶᠠᠩ ᠴᠢᠤᠸᠠᠨ ᠡᠪᠦᠯ ᠤᠨ ᠰᠡᠯᠡᠭᠦᠦ ᠴᠠᠭ ᠢᠶᠠᠨ ᠠᠰᠢᠭᠯᠠᠨ ᠰᠢᠰᠢ ᠶ᠋ᠢᠨ ᠭᠤᠯᠢᠷ ᠤ᠋ᠨ ᠪᠣᠣᠪᠤ ᠂ ᠡᠰᠢ ᠰᠦᠷᠡᠯ ᠤ᠋ᠨ ᠭᠠᠷ ᠤᠷᠠᠯᠠᠯ ᠵᠡᠷᠭᠡ ᠨᠤᠲᠤᠭ ᠤ᠋ᠨ ᠪᠦᠲᠦᠭᠡᠭᠳᠡᠬᠦᠨ ᠦᠢᠯᠡᠳᠪᠤᠷᠢᠯᠠᠵᠤ ᠬᠦᠷ ᠬᠥᠭᠵᠢᠶᠡᠨ ᠲᠡᠶ  ᠠᠵᠢᠯᠯᠠᠵᠤ ᠪᠠᠢᠯ᠎ᠠ᠃    ︽ ᠡᠪᠦᠯ ᠤᠨ ᠤᠯᠠᠷᠢᠯ ᠳ᠋ᠦ᠍ ᠨᠤᠲᠤᠭ ᠤ᠋ᠨ ᠪᠦᠲᠦᠭᠡᠭᠳᠡᠬᠦᠨ ᠬᠢᠵᠦ ᠬᠤᠳᠠᠯᠳᠤᠳᠠᠭ ᠂ ᠡᠭᠦᠨ ᠦ᠌ ᠬᠠᠮᠲᠤ ᠬᠦᠷᠢᠶᠡᠨ ᠳ᠋ᠦ᠍ ᠪᠠᠨ ᠬᠦᠯᠡᠮᠵᠢ ᠪᠠᠢᠭᠤᠯᠵᠤ ᠨᠣᠭᠤᠭ᠎ᠠ ᠲᠠᠷᠢᠵᠤ ᠵᠢᠯ ᠳᠤ ᠲᠦᠮᠡ ᠭᠠᠷᠤᠢ ᠲᠥᠭᠦᠷᠢᠭ ᠤᠨ ᠣᠷᠣᠯᠭ᠎ᠠ ᠣᠯᠵᠤ ᠪᠠᠶᠢᠨ᠎ᠠ ︾ ᠭᠡᠵᠦ ᠯᠢᠶᠠᠩ ᠴᠢᠤᠸᠠᠨ ᠢᠨᠢᠶᠡᠮᠰᠦᠭᠯᠡᠨ ᠶᠠᠷᠢᠨ᠎ᠠ ᠃    ᠣᠶᠢᠷ᠎ᠠ ᠶᠢᠨ ᠵᠢᠯ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠬᠦᠳᠡᠭᠡ ᠲᠤᠰᠬᠤᠨ ᠢ᠋ ᠬᠥᠭᠵᠢᠭᠦᠯᠦᠨ ᠮᠠᠨᠳᠤᠭᠤᠯᠬᠤ ᠲᠥᠷᠦᠯ ᠵᠦᠢᠯ ᠤ᠋ᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠵᠦ᠂ ᠬᠦᠷᠢᠶ᠎ᠡ ᠬᠠᠰᠢᠶᠠᠨ ᠤ ᠠᠵᠤ ᠠᠬᠤᠢ ᠶ᠋ᠢ  ᠬᠦᠭᠵᠢᠭᠦᠯᠵᠦ ᠂ ᠤᠯᠡᠨ ᠲᠦᠮᠡᠨ ᠦ᠌ ᠦᠢᠯᠡᠳᠪᠦᠷᠢᠯᠡᠯ ᠠᠮᠢᠳᠤᠷᠠᠯ ᠤ᠋ᠨ ᠨᠥᠬᠦᠴᠡᠯ ᠢ᠋  ᠰᠠᠢᠵᠢᠷᠠᠭᠤᠯᠤᠨ ᠬᠥᠳᠡᠭᠡ ᠲᠤᠰᠬᠤᠨ ᠢ᠋ ᠬᠥᠭᠵᠢᠭᠦᠯᠦᠨ ᠮᠠᠨᠳᠤᠭᠤᠯᠬᠤ ᠠᠬᠢᠴᠠ ᠪᠠᠨ ᠲᠦᠷᠭᠡᠳᠭᠡᠵᠦ ᠪᠠᠢᠨ᠎ᠠ ᠃    2020 ᠣᠨ ᠠᠴᠠ ᠨᠠᠭᠠᠰᠢ ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠤᠯᠤᠰ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠳᠡᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠦᠯ ᠵᠦᠢᠯ ᠤ᠋ᠨ ᠪᠡᠯᠡ ᠮᠥᠩᠭᠦ ᠶᠢ ᠨᠡᠶᠢᠲᠡ 9.2 ᠳ᠋ᠦᠩᠰᠢᠭᠤᠷ ᠲᠥᠭᠦᠷᠢᠭ ᠬᠦᠷᠲᠡᠵᠦ᠂ ᠨᠡᠶᠢᠲᠡ 200 ᠭᠠᠷᠤᠢ ᠠᠵᠤ ᠦᠢᠯᠡᠰ ᠢ᠋ ᠬᠥᠭᠵᠢᠭᠦᠯᠬᠦ ᠂ ᠰᠠᠭᠤᠷᠢ ᠪᠡᠯᠡᠳᠬᠡᠮᠵᠢ ᠶᠢᠨ ᠲᠤᠳᠠᠬᠳᠡᠯ ᠢ ᠨᠥᠬᠦᠪᠦᠷᠢᠯᠡᠬᠦ ᠵᠡᠷᠭᠡ ᠲᠥᠷᠥᠯ ᠵᠦᠢᠯ ᠢ᠋ ᠬᠡᠷᠡᠭᠵᠢᠭᠦᠯᠦᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠥᠬᠦ ᠲᠠᠯ᠎ᠠ ᠪᠠᠷ ᠪᠠᠬᠢᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠲᠣᠮᠣ ᠬᠤᠰᠢᠭᠤ ᠶᠢ ᠲᠠᠷᠢᠶᠠᠯᠠᠩ ᠮᠠᠯ ᠠᠵᠤ ᠠᠬᠤᠢ ᠶᠢᠨ ᠬᠦᠴᠦᠷᠬᠡᠭ ᠬᠤᠰᠢᠭᠤ ᠪᠣᠯᠭᠠᠨ ᠬᠤᠪᠢᠷᠠᠭᠤᠯᠬᠤ ᠠᠯᠬᠤᠴᠠ ᠪᠠᠨ ᠲᠦᠷᠭᠡᠳᠭᠡᠪᠡ ᠃     ᠪᠡᠯᠡ ᠮᠥᠩᠭᠦ ᠶᠢᠨ ᠬᠡᠷᠡᠭᠯᠡᠯᠲᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ︽ᠨᠢᠭᠡᠳᠦᠯᠲᠡᠢ ᠲᠦᠯᠦᠪᠵᠢᠭᠦᠯᠦᠨ᠂ ᠲᠥᠷᠥᠯ ᠵᠦᠢᠯ ᠢ ᠡᠮᠬᠢᠯᠡᠨ ᠨᠡᠢᠯᠡᠭᠦᠯᠵᠦ ᠂ ᠪᠡᠯᠡ ᠮᠥᠩᠭᠦ ᠶᠢ ᠲᠥᠪᠯᠡᠷᠡᠭᠦᠯᠦᠨ ᠬᠡᠷᠡᠭᠯᠡᠬᠦ ︾ ᠠᠷᠭ᠎ᠠ ᠬᠡᠮᠵᠢᠶ᠎ᠡ ᠶ᠋ᠢ ᠠᠪᠴᠤ ᠂ ᠮᠠᠯ ᠲᠠᠷᠢᠶᠠᠯᠠᠩ ᠳᠤ ᠬᠤᠯᠪᠣᠭᠳᠠᠬᠤ ᠲᠥᠷᠦᠯ ᠵᠦᠢᠯ  ᠤ᠋ᠨ ᠪᠡᠯᠡ ᠮᠥᠩᠭᠦ ᠶᠢ ᠡᠮᠬᠢᠯᠡᠨ ᠨᠡᠶᠢᠯᠡᠭᠦᠯᠵᠦ᠂ ᠠᠵᠤ ᠦᠢᠯᠡᠰ ᠤᠨ ᠲᠥᠷᠦᠯ ᠵᠦᠢᠯ ᠤ᠋ᠨ ᠪᠡᠯᠡ ᠮᠥᠩᠭᠦ ᠶᠢ ᠨᠡᠮᠡᠭᠳᠡᠭᠦᠯᠦᠨ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠤᠳᠠᠬᠳᠡᠯ ᠢ ᠨᠥᠬᠦᠪᠦᠷᠢᠯᠡᠪᠡ᠃ ᠡᠭᠦᠨ ᠤ ᠬᠠᠮᠲᠤ᠂ ᠬᠠᠷᠢᠭᠤᠴᠠᠯᠭ᠎ᠠ᠂ ᠳᠦᠷᠢᠮ ᠲᠣᠭᠲᠠᠭᠠᠯ᠂ ᠡᠳ᠋ ᠬᠥᠷᠥᠩᠭᠡ᠂ ᠡᠬᠡ ᠳᠠᠩᠰᠠ ᠂ ᠬᠠᠮᠢᠶᠠᠷᠴᠤ ᠬᠠᠮᠠᠭᠠᠯᠠᠬᠤ ᠵᠡᠷᠭᠡ ︽ᠲᠠᠪᠤᠨ ᠨᠠᠷᠢᠨ ᠳᠠᠩᠰᠠ︾ ᠶᠢ ᠨᠠᠶᠢᠳᠠᠪᠤᠷᠢᠵᠢᠭᠤᠯᠵᠤ᠂ ᠬᠤᠰᠢᠭᠤ ᠂ ᠰᠤᠮᠤ ᠂ ᠭᠠᠴᠠᠭ᠎ᠠ  ᠭᠤᠷᠪᠠᠨ ᠱᠠᠲᠤᠨ ᠤ ᠡᠵᠡᠩᠨᠡᠯᠲᠡ ᠶᠢᠨ ᠲᠥᠷᠥᠯ᠂ ᠨᠡᠶᠢᠲᠡ ᠶᠢᠨ ᠠᠰᠠᠷᠠᠮᠵᠢ ᠶᠢᠨ ᠲᠥᠷᠥᠯ᠂ ᠡᠷᠦᠬᠡ ᠳᠤ ᠬᠦᠷᠭᠡᠬᠦ ᠲᠥᠷᠥᠯ ᠤᠨ ᠡᠳ᠋ ᠬᠥᠷᠥᠩᠭᠡ ᠶᠢᠨ ︽ᠭᠤᠷᠪᠠᠨ ᠲᠠᠩᠰᠠ︾ ᠶᠢ ᠪᠠᠶᠢᠭᠤᠯᠵᠤ᠂ ᠡᠳ᠋ ᠬᠥᠷᠥᠩᠭᠡ ᠶᠢᠨ ᠠᠰᠢᠭ ᠣᠷᠣᠯᠭ᠎ᠠ ᠶᠢ ᠪᠠᠲᠤᠯᠠᠭ᠎ᠠ ᠲᠠᠢ᠂ ᠬᠤᠪᠢᠶᠠᠷᠢᠯᠠᠯᠲᠠ ᠶᠢ ᠪᠠᠷᠢᠮᠵᠢᠶ᠎ᠠ ᠲᠠᠢ ᠪᠠᠶᠢᠯᠭᠠᠵᠤ᠂ ᠬᠥᠳᠡᠭᠡ ᠲᠣᠰᠬᠤᠨ ᠢ ᠨᠠᠩ ᠭᠤᠶᠤᠯᠢᠬᠵᠢᠭᠤᠯᠵᠤ᠂ ᠮᠠᠯᠴᠢᠨ ᠲᠠᠷᠢᠶᠠᠴᠢᠳ ᠢ ᠨᠠᠩ ᠪᠠᠶᠠᠨ ᠴᠢᠨᠡᠭᠡᠯᠢᠭ ᠪᠣᠯᠭᠠᠪᠠ ᠃                    ︵ ᠤᠳᠪᠠᠯᠠ  ᠡᠤ ᠭᠧᠨ ᠰᠢᠶᠦ᠋ᠩ ︶ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号