ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ  ᠤ ᠨᠤᠮᠤᠨᠳᠡᠢ ᠶ᠋ᠢᠨ ᠵᠢᠯᠠᠭ᠎ᠠ ᠳ᠋ᠦ᠍ ᠪᠣᠷᠤ ᠬᠦᠷᠥᠭᠡᠰᠦ ᠪᠠ ᠦᠨᠡᠭᠡ ᠢᠯᠡ
ᠨᠡᠶᠢᠲᠡᠯᠡᠭᠰᠡᠨ ᠴᠠᠭ᠄
2023/2/20
    2 ᠰᠠᠷ᠎ᠠ ᠶ᠋ᠢᠨ 15 ᠤ ᠡᠳᠤᠷ ᠂ ᠬᠣᠷᠴᠢᠨ ᠪᠠᠷᠠᠭᠤᠨ ᠭᠠᠷᠤᠨ ᠡᠮᠦᠨᠡᠳᠦ ᠬᠣᠰᠢᠭᠤᠨ ᠤ᠋ ᠬᠢᠵᠠᠭᠠᠷ ᠲᠦ᠍ ᠪᠠᠢᠭ᠎ᠠ ᠬᠢᠩᠭᠠᠨ ᠠᠢᠮᠠᠭ ᠤ᠋ᠨ ᠤᠯᠠᠩ ᠤ᠋ᠨ ᠭᠣᠣᠯ ᠤ᠋ᠨ ᠪᠠᠢᠭᠠᠯᠢ ᠶ᠋ᠢᠨ ᠬᠠᠮᠠᠭᠠᠯᠠᠯᠲᠠ ᠶ᠋ᠢᠨ ᠣᠷᠤᠨ ᠤ᠋ ᠨᠤᠮᠤᠨᠳᠡᠢ ᠶ᠋ᠢᠨ ᠵᠢᠯᠠᠭ᠎ᠠ ᠳ᠋ᠦ᠍ ᠨᠢᠭᠡ ᠰᠦᠷᠦᠭ ᠪᠣᠷᠤ ᠬᠦᠷᠥᠭᠡᠰᠦ ᠪᠠ ᠦᠨᠡᠭᠡ ᠢᠯᠡᠷᠡᠪᠡ ᠃
微信图片_20230220093456.png
   ᠣᠷᠴᠢᠮ ᠤ᠋ᠨ ᠵᠢᠯ ᠡᠴᠡ ᠨᠠᠭᠠᠰᠢ ᠂ ᠬᠣᠷᠴᠢᠨ ᠪᠠᠷᠠᠭᠤᠨ ᠭᠠᠷᠤᠨ ᠡᠮᠦᠨᠡᠳᠦ ᠬᠤᠰᠢᠭᠤ ᠬᠥᠬᠡ ᠠᠭᠤᠯᠠ ᠬᠥᠬᠡᠮᠳᠦᠭ ᠤᠰᠤ ᠪᠣᠯ ᠬᠣᠪᠤᠷ ᠨᠠᠨᠳᠢᠨ ᠥᠪ ᠬᠥᠷᠦᠩᠭᠡ ᠪᠣᠯᠬᠤ ᠬᠥᠭᠵᠢᠯᠲᠡ ᠶ᠋ᠢᠨ ᠦᠵᠡᠯᠲᠡ ᠶ᠋ᠢ ᠪᠠᠷᠢᠮᠳᠡᠯᠡᠨ ᠂ ᠲᠠᠷᠢᠶᠠᠯᠠᠬᠤ ᠶ᠋ᠢ ᠵᠣᠭᠰᠤᠭᠠᠨ ᠡᠪᠡᠰᠦ ᠲᠠᠷᠢᠬᠤ ᠂ ᠮᠠᠯ ᠪᠡᠯᠴᠢᠭᠡᠷ ᠢ᠋ ᠲᠡᠩᠴᠡᠭᠦᠷᠢᠰᠢᠭᠦᠯᠬᠦ ᠵᠡᠷᠭᠡ ᠠᠮᠢ ᠠᠬᠤᠢ ᠶ᠋ᠢ ᠰᠡᠷᠭᠦᠭᠡᠬᠦ ᠠᠷᠭ᠎ᠠ ᠪᠣᠳᠤᠯᠭ᠎ᠠ ᠶ᠋ᠢ ᠰᠠᠢᠲᠤᠷ ᠨᠠᠢᠳᠠᠪᠤᠷᠢᠵᠢᠭᠤᠯᠤᠨ ᠠᠮᠢ ᠠᠬᠤᠢ ᠶ᠋ᠢᠨ ᠪᠦᠲᠦᠭᠡᠨ ᠪᠠᠢᠭᠤᠯᠤᠯᠲᠠ ᠶ᠋ᠢ ᠴᠢᠩᠭᠠᠳᠬᠠᠬᠰᠡᠨ ᠡᠴᠡ ᠲᠠᠯ᠎ᠠ ᠨᠤᠲᠤᠭ ᠤ᠋ᠨ ᠠᠮᠢ ᠠᠬᠤᠢ ᠲᠦᠷᠭᠡᠨ ᠰᠡᠷᠭᠦᠵᠦ ᠂ ᠪᠣᠷᠤ ᠬᠦᠷᠥᠭᠡᠰᠦ ᠂ ᠲᠤᠷᠤᠭ ᠪᠤᠭᠤ ᠂ ᠦᠨᠡᠭᠡ ᠂ ᠲᠠᠤᠯᠡᠢ ᠵᠡᠷᠭᠡ ᠬᠡᠭᠡᠷ᠎ᠡ ᠶ᠋ᠢᠨ ᠠᠮᠢᠳᠡᠨ ᠵᠢᠯ ᠢᠷᠡᠬᠦᠶ᠎ᠡ ᠨᠡᠮᠡᠭᠳᠡᠨ ᠬᠣᠪᠤᠷ ᠴᠤᠬᠠᠭ ᠬᠡᠭᠡᠷ᠎ᠡ ᠶ᠋ᠢᠨ ᠠᠮᠢᠳᠡᠨ ᠠᠭᠤᠯᠠ ᠲᠠᠯ᠎ᠠ ᠪᠡᠷ ᠦᠷᠬᠦᠯᠵᠢ ᠬᠠᠷᠠᠭᠳᠠᠬᠤ ᠪᠤᠯᠵᠡᠢ ᠃                            ︵ ᠪᠠᠢ ᠬᠠᠢ ᠱᠦᠨ   ᠬᠠᠨ ᠱᠤᠸᠠᠩ ᠯᠦᠩ ︶ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号