ᠪᠥᠬᠦ ᠠᠶᠢᠮᠠᠭ ᠤᠨ ᠡᠳ᠋ ᠤᠨ ᠵᠠᠰᠠᠭ ᠤᠨ ᠠᠵᠢᠯ ᠤᠨ ᠬᠤᠷᠠᠯ ᠬᠤᠷᠠᠯᠳᠤᠵᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠨᠡᠶᠢᠲᠡᠯᠢᠭ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2023/2/21
     2 ᠰᠠᠷ᠎ᠠ ᠶᠢᠨ 17 ᠤ ᠡᠳᠦᠷ᠂ ᠪᠥᠬᠦ ᠠᠶᠢᠮᠠᠭ ᠤᠨ ᠡᠳ᠋ ᠤᠨ ᠵᠠᠰᠠᠭ ᠤᠨ ᠠᠵᠢᠯ ᠤᠨ ᠬᠤᠷᠠᠯ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠳᠤ ᠬᠤᠷᠠᠯᠳᠤᠵᠤ᠂ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠭᠦᠨ᠂ ᠡᠯ᠎ᠡ ᠬᠤᠰᠢᠭᠤ ᠰᠢᠶᠠᠨ ᠬᠤᠲᠠ ᠶᠢᠨ ᠡᠳ᠋ ᠤᠨ ᠵᠠᠰᠠᠭ ᠤᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠤᠰᠢᠭᠤ ᠰᠢᠶᠠᠨ ᠤ ᠳᠡᠳ᠋ ᠳᠠᠷᠤᠭ᠎ᠠ᠂ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ᠂ ᠠᠶᠢᠮᠠᠭ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠬᠠᠮᠢᠶ᠎ᠠ ᠪᠦᠬᠦᠢ ᠭᠤᠭᠴᠤᠭ᠎ᠠ ᠶᠢᠨ ᠺᠠᠳ᠋ᠷᠴᠤᠳ ᠬᠤᠷᠠᠯ ᠳᠤ ᠣᠷᠣᠯᠴᠠᠵᠠᠢ᠃       ᠬᠤᠷᠠᠯ ᠳᠡᠭᠡᠷ᠎ᠡ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ︽ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ ᠬᠥᠭᠵᠢᠯᠲᠡ ᠶᠢ ᠠᠬᠢᠭᠤᠯᠬᠤ ᠲᠠᠯ᠎ᠠ ᠪᠠᠷ ᠯᠠᠪᠳᠠᠭᠤᠨ ᠪᠠᠲᠤᠲᠠᠢ ᠪᠠᠷ ᠬᠦᠴᠢᠷ ᠠᠰᠠᠭᠤᠳᠠᠯ ᠢ ᠰᠢᠢᠳᠪᠦᠷᠢᠯᠡᠵᠦ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠣᠨ ᠤᠨ ᠵᠠᠰᠠᠭ ᠤᠨ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠪᠤᠢ ᠪᠤᠯᠭᠠᠨ᠎ᠠ︾ ᠭᠡᠬᠦ ᠰᠡᠳᠦᠪ ᠢᠶᠠᠷ ᠨᠡᠶᠢᠲᠡᠯᠢᠭ ᠶᠠᠷᠢᠶ᠎ᠠ ᠲᠠᠯᠪᠢᠵᠠᠢ᠃2022 ᠣᠨ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠲᠥᠰᠥᠪ ᠤᠨ ᠭᠦᠢᠴᠡᠳᠭᠡᠯᠲᠡ ᠶᠢ  ᠴᠢᠩᠭᠠᠳᠬᠠᠵᠤ᠂ ᠥᠷᠢ ᠥᠭᠴᠡᠭᠡ ᠶᠢ ᠣᠯᠠᠨ ᠡᠰᠢᠵᠢᠭᠦᠯᠦᠨ ᠰᠢᠢᠳᠪᠦᠷᠢᠯᠡᠵᠦ᠂ ᠳᠣᠲᠣᠭᠠᠳᠤ ᠶᠢᠨ ᠬᠠᠮᠢᠶᠠᠷᠤᠯᠲᠠ ᠡᠵᠡᠮᠳᠡᠯ ᠢ ᠴᠢᠩᠳᠠᠯᠠᠬᠤ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ᠂ ᠲᠥᠰᠥᠪ ᠤᠨ ᠪᠡᠯᠡ ᠮᠥᠩᠭᠦ ᠶᠢ 5000 ᠰᠢᠬᠠᠮ ᠲᠦᠮᠡᠨ ᠲᠥᠭᠦᠷᠢᠭ ᠪᠠᠭᠠᠰᠬᠠᠨ᠂ 5 ᠲᠦᠷᠦᠯ ᠤᠨ ︽ᠭᠤᠷᠪᠠᠨ ᠪᠠᠲᠤᠯᠠᠭ᠎ᠠ︾ ᠶᠢᠨ ᠪᠡᠯᠡ ᠮᠥᠩᠭᠦ ᠶᠢ ᠰᠠᠷ᠎ᠠ ᠪᠠᠷ ᠲᠠᠷᠬᠠᠭᠠᠬᠤ ᠶᠢ ᠪᠡᠶᠡᠯᠡᠭᠦᠯᠵᠦ᠂ ᠥᠩᠭᠡᠷᠡᠭᠰᠡᠨ ᠵᠢᠯ ᠤᠳ ᠲᠤ ᠥᠷᠢᠲᠦᠵᠦ ᠪᠠᠶᠢᠭᠰᠠᠨ ︽ᠭᠤᠷᠪᠠᠨ ᠪᠠᠲᠤᠯᠠᠭ᠎ᠠ︾ ᠶᠢᠨ ᠪᠡᠯᠡ ᠮᠥᠩᠭᠦ 30.828 ᠲᠦᠮᠡᠨ ᠲᠥᠭᠦᠷᠢᠭ ᠶᠢ ᠨᠥᠬᠦᠪᠦᠷᠢᠯᠡᠪᠡ᠂ ᠳᠠᠯᠳᠠ ᠥᠷᠢ ᠥᠭᠴᠡᠭᠡ ᠶᠢ 52.478 ᠲᠦᠮᠡᠨ ᠲᠥᠭᠦᠷᠢᠭ ᠠᠷᠢᠯᠭᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠬᠢᠴᠠᠭᠤᠯᠤᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠤᠨ 1000 ᠭᠠᠷᠤᠢ ᠲᠦᠮᠡᠨ ᠲᠥᠭᠦᠷᠢᠭ ᠤᠨ ᠬᠦᠦ ᠮᠥᠩᠭᠦ ᠶᠢ ᠠᠷᠪᠢᠯᠠᠵᠤ᠂ ᠲᠣᠭᠲᠠᠭᠠᠯ   ᠠᠴᠠ ᠵᠥᠷᠢᠴᠡᠭᠰᠡᠨ 57 ᠲᠤᠰᠬᠠᠢ ᠲᠠᠩᠰᠠᠨ ᠡᠷᠦᠬᠡ ᠶᠢ ᠬᠦᠴᠦᠨ ᠦᠭᠡᠢ ᠪᠣᠯᠭᠠᠵᠤ᠂ 7538.87 ᠲᠦᠮᠡᠨ ᠲᠥᠭᠦᠷᠢᠭ ᠤᠨ ᠤᠯᠤᠰ ᠤᠨ ᠰᠠᠩ ᠤᠨ ᠪᠡᠯᠡ ᠮᠥᠩᠭᠦ ᠶᠢ ᠬᠤᠷᠢᠶᠠᠨ ᠠᠪᠴᠤ᠂ ᠭᠠᠶᠢᠯᠢ ᠶᠢᠨ ᠪᠤᠰᠤ ᠣᠷᠣᠯᠭ᠎ᠠ ᠶᠢ 907 ᠲᠦᠮᠡᠨ ᠲᠥᠭᠦᠷᠢᠭ ᠲᠤᠰᠢᠶᠠᠵᠤ᠂ 5984.86 ᠲᠦᠮᠡᠨ ᠲᠥᠭᠦᠷᠢᠭ ᠤᠨ ᠣᠷᠣᠯᠠᠨ ᠬᠠᠮᠢᠶᠠᠷᠬᠤ ᠪᠡᠯᠡ ᠮᠥᠩᠭᠦ ᠶᠢ ᠴᠤᠭᠯᠠᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢ ᠰᠢᠯᠵᠢᠭᠦᠯᠦᠨ ᠥᠭᠬᠦ ᠬᠠᠮᠢᠶᠠᠷᠤᠯᠲᠠ ᠵᠡᠷᠭᠡ 6 ᠵᠦᠢᠯ ᠤᠨ ᠳᠦᠷᠢᠮ ᠲᠣᠭᠲᠠᠭᠠᠯ ᠢ ᠪᠠᠶᠢᠭᠤᠯᠤᠨ ᠲᠡᠭᠦᠯᠳᠡᠷᠵᠢᠭᠦᠯᠵᠦ᠂ ᠪᠥᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠪᠡ᠃     2023 ᠣᠨ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ᠂ ᠠᠮᠢ ᠠᠬᠤᠢ᠂ ᠠᠷᠠᠳ ᠤᠨ ᠠᠮᠢᠳᠤᠷᠠᠯ᠂ ᠠᠮᠤᠷ ᠲᠦᠪᠰᠢᠨ ᠤ ︽ᠭᠤᠷᠪᠠ ᠶᠢ ᠲᠣᠭᠲᠠᠭᠤᠨ ᠪᠠᠶᠢᠯᠭᠠᠬᠤ︾ ᠪᠠ ᠲᠥᠷᠥᠯ ᠵᠦᠢᠯ ᠤᠨ ᠪᠡᠯᠡ ᠣᠷᠣᠭᠤᠯᠤᠯᠲᠠ᠂ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠣᠷᠣᠨ ᠪᠦᠰᠡ ᠶᠢᠨ ᠬᠠᠮᠲᠤᠷᠠᠯᠴᠠᠭᠠᠨ ᠤ ︽ᠲᠠᠪᠤ ᠶᠢ ᠠᠬᠢᠭᠤᠯᠬᠤ︾ ᠵᠡᠷᠭᠡ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠲᠥᠪᠯᠡᠷᠡᠭᠦᠯᠵᠦ᠂ ᠵᠣᠷᠢᠭᠲᠠᠢ ᠪᠠᠷ ᠤᠷᠤᠭᠰᠢᠯᠠᠨ ᠳᠠᠪᠰᠢᠵᠤ᠂ ᠪᠥᠬᠦ ᠬᠤᠰᠢᠭᠤᠨ ᠤ ᠠᠵᠤ ᠠᠬᠤᠢ ᠶᠢᠨ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠠᠬᠢᠭᠤᠯᠬᠤ ᠳᠤ ᠨᠠᠩ ᠶᠡᠭᠡ ᠬᠦᠴᠦᠨ ᠴᠢᠳᠠᠯ ᠢᠶᠠᠨ ᠡᠷᠭᠦᠨ᠎ᠡ︕    
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号