2 ᠰᠠᠷ᠎ᠠ ᠶᠢᠨ 15 ᠤ ᠡᠳᠦᠷ᠂ 15 ᠡᠳᠦᠷ ᠤᠨ ᠬᠤᠭᠤᠴᠠᠭ᠎ᠠ ᠲᠠᠢ ᠬᠢᠩᠭᠠᠨ ᠠᠶᠢᠮᠠᠭ ᠤᠨ ᠭᠠᠷ ᠤᠷᠠᠯᠠᠯ ᠤᠨ | ᠪᠣᠯᠪᠠᠰᠤᠷᠠᠯ ᠤᠨ ᠠᠩᠭᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠠᠭᠠᠨᠮᠣᠳᠤ ᠰᠤᠮᠤ ᠶᠢᠨ ᠤᠮᠠᠷᠠᠲᠤ | ᠬᠢᠯᠢ ᠶᠢᠨ ᠪᠦᠰᠡᠭᠦᠢ ᠦᠢᠯᠡᠰ ᠴᠣᠭᠴᠠᠯᠠᠵᠤ ᠠᠵᠢᠯ ᠣᠯᠭᠤᠯᠲᠠ ᠶᠢᠨ ᠰᠠᠭᠤᠷᠢᠨ ᠭᠠᠵᠠᠷ ᠲᠤ ᠰᠤᠷᠤᠯᠭ᠎ᠠ ᠡᠬᠢᠯᠡᠪᠡ᠂ | ᠠᠶᠢᠮᠠᠭ᠂ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠩᠭᠢ ᠡᠬᠢᠯᠡᠬᠦ | ᠶᠣᠰᠣᠯᠠᠯ ᠳᠤ ᠣᠷᠣᠯᠴᠠᠵᠤ᠂ ᠬᠠᠳᠬᠤᠮᠠᠯ ᠳᠤ ᠪᠠᠭ᠋ᠠᠲᠠᠢ 40 ᠭᠠᠷᠤᠢ ᠬᠥᠮᠥᠨ ᠪᠣᠯᠪᠠᠰᠤᠷᠠᠯ ᠳᠤ ᠣᠷᠣᠯᠴᠠᠵᠠᠢ᠃ | | ᠣᠶᠢᠷ᠎ᠠ ᠶᠢᠨ ᠵᠢᠯ ᠠᠴᠠ ᠨᠠᠰᠢ᠂ ᠪᠣᠳᠠᠰ ᠤᠨ ᠪᠤᠰᠤ ᠰᠣᠶᠣᠯ ᠤᠨ ᠥᠪ ᠢ ᠣᠯᠠᠨ ᠲᠦᠮᠡᠨ ᠮᠡᠳᠡᠬᠦ ᠶᠢᠨ | ᠲᠠᠭᠤ ᠳᠤ᠂ ᠭᠠᠷ ᠤᠷᠠᠯᠠᠯ ᠤᠨ ᠬᠠᠳᠬᠤᠮᠠᠯ ᠴᠤ ᠤᠯᠠᠮ ᠢᠶᠠᠷ ᠣᠯᠠᠨ ᠤ ᠬᠠᠷᠠᠭᠠᠨ ᠳᠤ ᠣᠷᠣᠭᠰᠠᠨ ᠪᠠᠶᠢᠨ᠎ᠠ᠃ | ᠰᠦᠵᠧᠦ ᠶᠢᠨ ᠬᠠᠳᠬᠤᠮᠠᠯ ᠤᠨ ᠠᠷᠭ᠎ᠠ ᠪᠠᠷᠢᠯ ᠢ ᠦᠷᠭᠦᠯᠵᠢᠯᠡᠭᠦᠯᠦᠨ᠂ ᠲᠤᠰᠬᠠᠶᠢᠯᠠᠨ ᠣᠶᠣᠳᠠᠯ᠂ | ᠬᠠᠳᠬᠤᠮᠠᠯ ᠳᠤ ᠵᠣᠷᠢᠭᠤᠯᠤᠭᠰᠠᠨ ᠮᠠᠰᠢᠨ ᠳᠤ ᠲᠦᠰᠢᠭᠯᠡᠨ ᠂ ᠠᠮᠢᠳᠤᠯᠢᠭ ᠰᠠᠶᠢᠬᠠᠨ ᠭᠠᠷ ᠢᠶᠠᠷ ᠢᠶᠠᠨ ᠤᠷᠠᠯᠠᠨ | ᠤᠷᠠᠯᠠᠵᠤ᠂ ᠤᠷᠠᠨ ᠪᠦᠲᠦᠭᠡᠯ ᠨᠢ ᠠᠮᠢᠳᠤᠯᠢᠭ ᠰᠠᠶᠢᠬᠠᠨ ᠪᠣᠯᠤᠭᠰᠠᠨ ᠶᠤᠮ᠃ | ᠪᠣᠯᠪᠠᠰᠤᠷᠠᠭᠤᠯᠤᠯ ᠤᠨ ᠳᠤᠮᠳᠠ᠂ ᠬᠢᠴᠢᠶᠡᠯᠯᠡᠵᠦ ᠪᠠᠶᠢᠭ᠎ᠠ ᠪᠠᠭᠰᠢ ᠨᠠᠷ ᠭᠠᠷ ᠤᠷᠠᠯᠠᠯ ᠤᠨ ᠬᠠᠳᠬᠤᠮᠠᠯ ᠤᠨ | ᠮᠠᠰᠢᠨ ᠤ ᠬᠡᠷᠡᠭᠯᠡᠯᠲᠡ᠂ ᠬᠠᠳᠬᠤᠮᠠᠯ ᠤᠨ ᠦᠨᠳᠦᠰᠦᠨ ᠮᠡᠳᠡᠯᠭᠡ᠂ ᠬᠡ ᠤᠭᠠᠯᠵᠠ ᠶᠢᠨ ᠵᠢᠷᠤᠭ ᠲᠥᠯᠥᠪᠯᠡᠭᠡ᠂ ᠬᠡ | ᠤᠭᠠᠯᠵᠠ ᠶᠢᠨ ᠲᠣᠬᠢᠷᠠᠭᠤᠯᠤᠯᠲᠠ᠂ ᠣᠶᠣᠬᠤ ᠤᠷ᠎ᠠ ᠮᠡᠷᠭᠡᠵᠢᠯ᠂ ᠪᠥᠰ ᠪᠠᠷᠠᠭ᠎ᠠ ᠶᠢᠨ ᠰᠣᠩᠭᠤᠯᠲᠠ ᠵᠡᠷᠭᠡ | ᠲᠠᠯ᠎ᠠ ᠪᠠᠷ ᠨᠠᠷᠢᠨ ᠲᠠᠶᠢᠯᠪᠤᠷᠢᠯᠠᠬᠤ ᠶᠢᠨ ᠬᠠᠮᠲᠤ ᠲᠤᠬᠠᠢ ᠶᠢᠨ ᠲᠠᠯᠠᠪᠤᠷ ᠲᠤ ᠦᠢᠯᠡᠳᠦᠯᠭᠡ ᠶᠢᠨ ᠠᠵᠢᠯᠯᠠᠭ᠎ᠠ | ᠬᠢᠵᠦ᠂ ᠰᠤᠷᠤᠭᠴᠢᠳ ᠨᠠᠷᠢᠨ ᠬᠢᠨᠠᠮᠠᠭᠠᠢ ᠰᠣᠨᠣᠰᠴᠤ᠂ ᠰᠠᠨᠠᠯ ᠢᠶᠠᠨ ᠰᠣᠯᠢᠯᠴᠠᠨ ᠰᠤᠳᠤᠯᠵᠤ᠂ ᠨᠠᠷᠢᠨ ᠨᠢᠮᠪᠠᠢ | ᠲᠠᠭᠠᠮᠠᠭᠯᠠᠵᠤ᠂ ᠲᠤᠬᠠᠢ ᠶᠢᠨ ᠲᠠᠯᠠᠪᠤᠷ ᠲᠤ ᠰᠤᠷᠤᠯᠴᠠᠬᠤ ᠠᠭᠤᠷ ᠠᠮᠢᠰᠬᠤᠯ ᠮᠠᠰᠢ ᠭᠦᠨ ᠵᠤᠵᠠᠭᠠᠨ ᠪᠠᠶᠢᠯ᠎ᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠪᠣᠯᠪᠠᠰᠤᠷᠠᠭᠤᠯᠤᠯ ᠤᠨ ᠵᠣᠷᠢᠯᠭ᠎ᠠ ᠨᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ︽ᠪᠡᠭᠡᠵᠢᠩ ᠥᠪᠥᠷ ᠮᠣᠩᠭᠤᠯ ᠤᠨ | ᠬᠠᠮᠵᠢᠯᠴᠠᠭ᠎ᠠ︾ ᠶᠢᠨ ᠲᠥᠷᠥᠯ ᠵᠦᠢᠯ ᠢ ᠯᠠᠪᠳᠠᠭᠤᠨ ᠢᠶᠠᠷ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ | ᠡᠮᠡᠭᠲᠡᠶᠢᠴᠦᠳ ᠤᠨ ᠭᠠᠷ ᠤᠷᠠᠯᠠᠯ ᠤᠨ ᠬᠠᠳᠬᠤᠮᠠᠯ ᠤᠨ ᠤᠷ᠎ᠠ ᠴᠢᠳᠠᠪᠤᠷᠢ ᠪᠠ ᠣᠷᠣᠯᠭ᠎ᠠ ᠪᠠᠨ ᠨᠡᠮᠡᠭᠳᠡᠭᠦᠯᠦᠨ | ᠪᠠᠶᠠᠵᠢᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠮᠡᠭᠲᠡᠶᠢᠴᠦᠳ ᠤᠨ ᠠᠳᠠᠯ ᠦᠢᠯᠡᠰ ᠣᠯᠭᠤᠬᠤ | ᠠᠷᠭ᠎ᠠ ᠵᠠᠮ ᠢ ᠦᠷᠭᠡᠳᠭᠡᠪᠡ᠃ |