ᠪᠥᠬᠦ ᠤᠯᠤᠰ ᠤᠨ ᠠᠯᠠᠰᠢᠨ ᠬᠤᠨᠢᠨ ᠤ ᠠᠵᠤ ᠦᠢᠯᠡᠰ ᠤᠨ ᠮᠡᠷᠭᠡᠵᠢᠯ ᠤᠨ ᠰᠢᠰᠲ᠋ᠧᠮ ᠤᠨ ᠲᠡᠷᠢᠭᠦᠨ ᠰᠠᠭᠤᠲᠠᠯᠴᠢ ᠰᠢᠨᠵᠢᠯᠡᠬᠦ ᠤᠬᠠᠭᠠᠨᠲᠠᠨ ᠶᠢᠨ ᠬᠠᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ  ᠢᠷᠡᠵᠦ ᠠᠵᠢᠯ ᠪᠠᠶᠢᠴᠠᠭᠠᠪᠠ
ᠨᠡᠶᠢᠲᠡᠯᠡᠭᠰᠡᠨ ᠴᠠᠭ᠄
2023/2/21
    2 ᠰᠠᠷ᠎ᠠ ᠶᠢᠨ 20 ᠤ ᠡᠳᠦᠷ᠂ ᠪᠥᠬᠦ ᠤᠯᠤᠰ ᠤᠨ ᠠᠯᠠᠰᠢᠨ ᠬᠤᠨᠢᠨ ᠤ ᠠᠵᠤ ᠦᠢᠯᠡᠰ ᠤᠨ ᠮᠡᠷᠭᠡᠵᠢᠯ ᠤᠨ ᠰᠢᠰᠲ᠋ᠧᠮ ᠤᠨ ᠲᠡᠷᠢᠭᠦᠨ ᠰᠠᠭᠤᠲᠠᠯᠴᠢ ᠰᠢᠨᠵᠢᠯᠡᠬᠦ ᠤᠬᠠᠭᠠᠨᠲᠠᠨ ᠶᠢᠨ ᠬᠠᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠢᠷᠡᠵᠦ ᠠᠯᠠᠰᠢᠨ ᠬᠤᠨᠢᠨ ᠤ ᠠᠵᠤ ᠦᠢᠯᠡᠰ ᠢ ᠰᠢᠨᠵᠢᠯᠡᠨ ᠪᠠᠶᠢᠴᠠᠭᠠᠪᠠ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠸ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ᠂ ᠤᠮᠠᠷᠠᠲᠤ ᠶᠢᠨ ᠵᠥᠩ ᠵᠢᠶᠦ᠋ᠨ ᠤ ᠡᠵᠡᠩᠨᠡᠯᠲᠡ ᠬᠠᠮᠢᠶᠠᠷᠤᠯᠲᠠ ︵ᠪᠡᠭᠡᠵᠢᠩ︶ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠴᠢᠶᠠᠨ ᠷᠦᠢ ᠰᠢᠶᠠ ᠵᠢᠴᠢ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠶᠠᠷᠢᠯᠴᠠᠬᠤ ᠬᠤᠷᠠᠯ ᠳᠤ ᠣᠷᠣᠯᠴᠠᠵᠠᠢ᠃    ᠬᠤᠷᠠᠯ ᠠᠴᠠ ᠴᠢᠶᠠᠨ ᠷᠦᠢ ᠰᠢᠶᠠ ᠶᠢᠨ ᠬᠠᠶᠢᠯᠠᠰᠤᠨ ᠦᠷ᠎ᠡ ᠶᠢᠨ ᠬᠤᠨᠢ ᠶᠢ ᠥᠷᠭᠡᠳᠬᠡᠨ ᠦᠷᠡᠵᠢᠭᠦᠯᠬᠦ ᠰᠠᠭᠤᠷᠢᠨ ᠵᠢᠴᠢ ᠠᠯᠠᠰᠢᠨ ᠬᠤᠨᠢᠨ ᠤ ᠪᠦᠬᠦᠯᠢ ᠡᠳᠦᠷ ᠤᠨ ᠠᠮᠤ ᠡᠪᠡᠰᠦ ᠮᠠᠯ ᠠᠵᠤ ᠠᠬᠤᠢ ᠶᠢ ᠨᠢᠭᠡ ᠴᠣᠭᠴᠠᠵᠢᠭᠤᠯᠬᠤ ᠲᠦᠷᠦᠯ ᠵᠦᠢᠯ ᠤᠨ ᠶᠡᠷᠦᠩᠬᠡᠢ ᠲᠥᠯᠦᠪᠵᠢᠭᠦᠯᠭᠡ ᠶᠢᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠣᠨᠣᠰᠴᠠᠢ᠃    ᠶᠢᠨ ᠬᠠᠢ ᠢᠯᠡᠷᠬᠡᠶᠢᠯᠡᠬᠦ ᠳᠡᠭᠡᠨ᠂ ᠣᠳᠣᠬᠠᠨ ᠳᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠣᠲᠣ ᠦᠶ᠎ᠡ ᠶᠢᠨ ᠮᠠᠯ ᠠᠵᠤ ᠠᠬᠤᠢ ᠶᠢ ᠬᠥᠭᠵᠢᠭᠦᠯᠬᠦ ᠪᠠᠶᠢᠳᠠᠯ ᠲᠣᠳᠣᠷᠬᠠᠢ ᠪᠠᠶᠢᠵᠤ᠂ ᠢᠷᠡᠭᠡᠳᠦᠢ ᠳᠤ ᠠᠯᠠᠰᠢᠨ ᠬᠤᠨᠢᠨ ᠤ ᠠᠵᠤ ᠦᠢᠯᠡᠰ ᠤᠨ ᠠᠭᠤᠰᠤᠯᠳᠤᠨ ᠬᠥᠭᠵᠢᠬᠦ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ᠂ ᠠᠵᠤ ᠦᠢᠯᠡᠰ ᠤᠨ ᠬᠡᠯᠬᠢᠶ᠎ᠡ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠳᠤ ᠢᠲᠡᠭᠡᠯ ᠳᠦᠭᠦᠷᠡᠩ ᠪᠠᠶᠢᠨ᠎ᠠ ᠭᠡᠵᠡᠢ᠃ ᠳᠠᠷᠠᠭᠠᠴᠢ ᠶᠢᠨ ᠠᠯᠬᠤᠮ ᠳᠤ᠂ ᠠᠯᠠᠰᠢᠨ ᠬᠤᠨᠢᠨ ᠤ ᠪᠦᠬᠦ ᠠᠵᠤ ᠦᠢᠯᠡᠰ ᠤᠨ ᠬᠡᠯᠬᠢᠶ᠎ᠡ ᠶᠢᠨ ᠮᠡᠷᠭᠡᠵᠢᠯ ᠢ ᠡᠵᠡᠮᠳᠡᠬᠦ ᠶᠢ ᠴᠢᠩᠭᠠᠳᠬᠠᠵᠤ᠂ ᠰᠢᠯᠢᠳᠡᠭ ᠰᠠᠶᠢᠨ ᠠᠯᠠᠰᠢᠨ ᠬᠤᠨᠢᠨ ᠤ ᠡᠭᠦᠯᠳᠡᠷ ᠢ ᠪᠣᠶᠢᠵᠢᠭᠤᠯᠵᠤ᠂ ᠲᠡᠵᠢᠭᠡᠪᠦᠷᠢ ᠶᠢᠨ ᠤᠷ᠎ᠠ ᠮᠡᠷᠭᠡᠰᠢᠯ ᠪᠣᠯᠣᠨ ᠲᠡᠵᠢᠭᠡᠯ ᠪᠣᠷᠳᠤᠭ᠎ᠠ ᠶᠢᠨ ᠨᠠᠶᠢᠷᠠᠯᠭ᠎ᠠ ᠶᠢ ᠰᠠᠶᠢᠵᠢᠷᠠᠭᠤᠯᠵᠤ᠂ ᠠᠯᠠᠰᠢᠨ ᠬᠤᠨᠢᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠢᠵᠢ ᠪᠦᠷᠢᠳᠦᠭᠰᠡᠨ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠤᠳᠤ ᠦᠶ᠎ᠡ ᠶᠢᠨ ᠮᠠᠯ ᠠᠵᠤ ᠠᠬᠤᠢ ᠶᠢᠨ ᠬᠥᠭᠵᠢᠯᠲᠡ ᠶᠢᠨ ᠪᠠᠷᠢᠮᠵᠢᠶᠠᠵᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠰᠦᠨ ᠱᠤ᠋ ᠲᠤᠸ ᠬᠡᠯᠡᠬᠦ ᠳᠡᠭᠡᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ ᠪᠣᠯᠣᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ  ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ ᠂ ᠡᠪᠡᠰᠦ ᠳᠠᠷᠢᠵᠤ ᠬᠤᠨᠢ ᠲᠡᠵᠢᠭᠡᠬᠦ ᠪᠠ ᠠᠮᠢ ᠠᠬᠤᠢ ᠶᠢᠨ ᠵᠢᠭᠤᠯᠴᠢᠯᠠᠯ ᠢ ᠨᠢᠭᠡ ᠴᠣᠭᠴᠠᠵᠢᠭᠤᠯᠤᠭᠰᠠᠨ ᠣᠲᠣ ᠦᠶ᠎ᠡ ᠶᠢᠨ ᠮᠠᠯ ᠠᠵᠤ ᠠᠬᠤᠢ ᠶᠢᠨ ᠠᠵᠤ ᠦᠢᠯᠡᠰ ᠤᠨ ᠰᠢᠰᠲ᠋ᠧᠮ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠠᠯᠠᠰᠢᠨ ᠬᠤᠨᠢᠨ ᠤ ᠪᠥᠬᠦ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠠᠯᠠᠰᠢᠨ ᠬᠤᠨᠢᠨ ᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ ᠭᠡᠵᠡᠢ᠃    ᠬᠤᠷᠠᠯ ᠳᠤ ᠣᠷᠣᠯᠴᠠᠭᠰᠠᠳ ᠪᠠᠰᠠ ᠲᠦᠷᠦᠯ ᠵᠦᠢᠯ ᠢ ᠬᠡᠷᠡᠭᠵᠢᠭᠦᠯᠬᠦ ᠪᠣᠳᠠᠲᠠᠢ ᠨᠠᠷᠢᠨ ᠳᠦᠷᠢᠮ ᠤᠨ ᠲᠤᠬᠠᠢ ᠰᠠᠨᠠᠯ ᠢᠶᠠᠨ ᠰᠣᠯᠢᠯᠴᠠᠨ ᠶᠠᠷᠢᠯᠴᠠᠪᠠ᠃    
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号