ᠲᠥᠷᠥ ᠶᠢᠨ ᠪᠣᠳᠣᠯᠭ᠎ᠠ ᠶᠢᠨ ᠲᠣᠪᠴᠢ ᠲᠣᠳᠣᠷᠬᠠᠢ ᠬᠠᠷᠢᠭᠤᠯᠲᠠ᠄ ︽ᠥᠪᠥᠷ ᠮᠣᠩᠭᠤᠯ ‍ᠤᠨ‌ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠬᠤᠳᠠᠯᠳᠤᠨ ᠠᠪᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾
ᠨᠡᠶᠢᠲᠡᠯᠡᠭᠰᠡᠨ ᠴᠠᠭ᠄
2023/2/21
      ︽ᠠᠮᠤ ᠪᠤᠳᠠᠭᠠᠨ ᠤ ᠭᠦᠢᠯᠭᠡᠭᠡᠨ ᠤ ᠬᠠᠮᠢᠶᠠᠷᠤᠯᠲᠠ ᠶᠢᠨ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ 740 ᠳ᠋ᠦ᠋ᠭᠡᠷ ᠲᠣᠭᠠᠲᠤ︶ ᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠤ ᠪᠤᠳᠠᠭ᠎ᠠ ᠬᠤᠳᠠᠯᠳᠤᠨ ᠠᠪᠬᠤ ᠦᠢᠯᠡᠴᠢᠯᠡᠭᠡᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠮᠠᠨ ᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ᠣᠶᠢᠷ᠎ᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠬᠤᠳᠠᠯᠳᠤᠨ ᠠᠪᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠠᠷᠭ᠎ᠠ ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃ ᠡᠳᠦᠭᠡ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠳᠣᠣᠷᠠᠬᠢ ᠮᠡᠲᠦ ᠲᠠᠶᠢᠯᠪᠤᠷᠢᠯᠠᠪᠠ᠃          ᠨᠢᠭᠡ᠂ ︽ᠠᠷᠭ᠎ᠠ︾ ᠶᠢ ᠲᠣᠭᠲᠠᠭᠠᠭᠰᠠᠨ ᠠᠬᠤᠢ ᠪᠠᠶᠢᠳᠠᠯ ᠨᠢ ᠶᠠᠭᠤ ᠪᠤᠢ︖         2021 ᠣᠨ ᠤ 4 ᠳ᠋ᠦ᠋ᠭᠡᠷ ᠰᠠᠷ᠎ᠠ ᠳᠤ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠠᠮᠤ ᠪᠤᠳᠠᠭᠠᠨ ᠤ ᠭᠦᠢᠯᠭᠡᠭᠡᠨ ᠤ ᠬᠠᠮᠢᠶᠠᠷᠤᠯᠲᠠ ᠶᠢᠨ ᠳᠦᠷᠢᠮ︾ ᠢ ᠨᠡᠶᠢᠲᠡᠯᠡᠨ ᠬᠡᠷᠡᠭᠵᠢᠭᠦᠯᠵᠦ ᠂ ︽ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠪᠠ ᠨᠥᠭᠡᠴᠡᠯᠡᠯᠲᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠠᠮᠤ ᠪᠤᠳᠠᠭ᠎ᠠ ᠬᠤᠳᠠᠯᠳᠤᠨ ᠠᠪᠬᠤ ᠬᠠᠮᠢᠶᠠᠷᠤᠯᠲᠠ ᠪᠠ ᠦᠢᠯᠡᠴᠢᠯᠡᠭᠡ ᠶᠢ ᠴᠢᠩᠭᠠᠳᠬᠠᠵᠤ᠂ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ᠂ ᠪᠣᠳᠠᠲᠠᠢ ᠬᠠᠮᠢᠶᠠᠷᠤᠯᠲᠠ ᠶᠢᠨ ᠠᠷᠭ᠎ᠠ ᠶᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠨ᠎ᠠ︾ ᠭᠡᠵᠦ ᠳᠤᠷᠠᠳᠤᠨ ᠭᠠᠷᠭᠠᠪᠠ᠃ ︽ᠠᠷᠭ᠎ᠠ︾ ᠨᠢ ᠮᠠᠨ ᠤ ᠣᠷᠣᠨ ᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠤᠯᠤᠰ ᠲᠥᠷᠥ ᠶᠢᠨ ᠵᠣᠭᠰᠣᠴᠠ ᠳᠤ ᠰᠠᠭᠤᠷᠢᠯᠠᠵᠤ᠂ ︽ᠠᠮᠤ ᠪᠤᠳᠠᠭᠠᠨ ᠤ ᠭᠦᠢᠯᠭᠡᠭᠡᠨ ᠤ ᠬᠠᠮᠢᠶᠠᠷᠤᠯᠲᠠ ᠶᠢᠨ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠠᠮᠤ ᠪᠤᠳᠠᠭᠠᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ ᠪᠣᠳᠠᠲᠠᠶᠢᠵᠢᠭᠤᠯᠵᠤ᠂ ᠮᠠᠨ ᠤ ᠣᠷᠣᠨ ᠤ ᠠᠮᠤ ᠪᠤᠳᠠᠭ᠎ᠠ ᠬᠤᠳᠠᠯᠳᠤᠨ ᠠᠪᠬᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ᠂ ᠠᠮᠤ ᠪᠤᠳᠠᠭ᠎ᠠ ᠦᠢᠯᠡᠳᠪᠦᠷᠢᠯᠡᠭᠴᠢᠳ᠂ ᠬᠤᠳᠠᠯᠳᠤᠨ ᠠᠪᠤᠭᠴᠢᠳ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠳᠤ ᠳᠦᠷᠢᠮ ᠤᠨ ᠪᠠᠲᠤᠯᠠᠭ᠎ᠠ ᠬᠠᠩᠭᠠᠵᠤ᠂ ᠮᠠᠨ ᠤ ᠣᠷᠣᠨ ᠤ ᠠᠮᠤ ᠪᠤᠳᠠᠭ᠎ᠠ ᠬᠤᠳᠠᠯᠳᠤᠨ ᠠᠪᠬᠤ ᠵᠠᠬ᠎ᠠ ᠳᠡᠯᠭᠡᠭᠦᠷ ᠤᠨ ᠡᠮᠬᠢ ᠵᠢᠷᠤᠮ ᠲᠠᠢ ᠡᠷᠡᠭᠦᠯ ᠢᠶᠠᠷ ᠬᠥᠭᠵᠢᠬᠦ ᠶᠢ ᠦᠨᠡᠨ ᠬᠦ ᠪᠠᠲᠤᠯᠠᠨ᠎ᠠ᠃         ᠬᠤᠶᠠᠷ᠂ ︽ᠠᠷᠭ᠎ᠠ︾ ᠶᠢ ᠲᠣᠭᠲᠠᠭᠠᠭᠰᠠᠨ ᠦᠨᠳᠦᠰᠦᠯᠡᠯ ᠨᠢ ᠶᠠᠭᠤ ᠪᠤᠢ︖         ︵ᠨᠢᠭᠡ︶ ︽ᠠᠮᠤ ᠪᠤᠳᠠᠭᠠᠨ ᠤ ᠭᠦᠢᠯᠭᠡᠭᠡᠨ ᠤ ᠬᠠᠮᠢᠶᠠᠷᠤᠯᠲᠠ ᠶᠢᠨ ᠳᠦᠷᠢᠮ︾ ︵ᠲᠦᠷᠦ ᠶᠢᠨ ᠶᠠᠪᠤᠳᠠᠯ ᠤᠨ ᠬᠤᠷᠢᠶᠠᠨ ᠤ ᠵᠠᠷᠯᠢᠭ 740 ᠳ᠋ᠦ᠋ᠭᠡᠷ ᠲᠣᠭᠠᠲᠤ︶ ︵ᠬᠤᠶᠠᠷ︶ ︽ᠠᠮᠤ ᠪᠤᠳᠠᠭᠠᠨ ᠤ ᠭᠦᠢᠯᠭᠡᠭᠡᠨ ᠤ ᠬᠠᠮᠢᠶᠠᠷᠤᠯᠲᠠ ᠶᠢᠨ ᠳᠦᠷᠢᠮ︾ ᠤᠨ ᠠᠮᠤ ᠪᠤᠳᠠᠭ᠎ᠠ ᠬᠤᠳᠠᠯᠳᠤᠨ ᠠᠪᠬᠤ ᠬᠢᠷᠢ ᠬᠡᠮ ᠤᠨ ᠵᠥᠪᠰᠢᠶᠡᠷᠡᠯ ᠢ ᠬᠦᠴᠦᠨ ᠦᠭᠡᠢ ᠪᠣᠯᠭᠠᠬᠤ ᠬᠤᠯᠪᠣᠭᠳᠠᠯ ᠪᠦᠬᠦᠢ ᠵᠦᠢᠯᠡᠰ ᠢ ᠬᠢᠨᠠᠮᠠᠭᠠᠢ ᠨᠠᠶᠢᠳᠠᠪᠤᠷᠢᠵᠢᠭᠤᠯᠬᠤ ᠲᠤᠬᠠᠢ ᠤᠯᠤᠰ ᠤᠨ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠶᠢᠨ ᠠᠯᠪᠠᠨ ᠭᠡᠷ ᠤᠨ ᠮᠡᠳᠡᠭᠳᠡᠯ ︵ᠲᠦᠷᠦ ᠠᠮᠤ ᠪᠤᠳᠠᠭ᠎ᠠ ᠠᠯᠪᠠᠨ ᠠᠮᠤ ﹇2021﹈ 100 ᠳ᠋ᠤᠭᠠᠷ ᠲᠣᠭᠠᠲᠤ︶ ᠢᠶᠠᠷ ᠦᠨᠳᠦᠰᠦᠯᠡᠯ ᠪᠣᠯᠭᠠᠨ᠎ᠠ᠃         ᠭᠤᠷᠪᠠ᠂ ︽ᠠᠷᠭ᠎ᠠ︾ ᠶᠢᠨ ᠭᠤᠣᠯ ᠠᠭᠤᠯᠭ᠎ᠠ ᠨᠢ ᠶᠠᠭᠤ ᠪᠤᠢ︖          ︽ᠠᠷᠭ᠎ᠠ︾ ᠳᠤ ᠲᠤᠯᠤᠭᠠᠨ ᠪᠦᠯᠦᠭ ᠳᠥᠴᠢᠨ ᠲᠠᠪᠤᠨ ᠵᠦᠢᠯ ᠪᠠᠭᠲᠠᠨ᠎ᠠ᠃ ᠨᠢᠭᠡᠳᠦᠭᠡᠷ ᠪᠦᠯᠦᠭ ᠨᠢ ᠶᠡᠷᠦᠩᠬᠡᠢ ᠳᠦᠷᠢᠮ᠂ ᠨᠡᠶᠢᠲᠡ 6 ᠵᠦᠢᠯ ᠪᠠᠶᠢᠵᠤ᠂ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠶᠢᠨ ᠭᠤᠣᠯ ᠴᠣᠭᠴᠠ᠂ ᠵᠢᠷᠤᠮᠯᠠᠬᠤ ᠵᠠᠷᠴᠢᠮ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠵᠠᠢ᠃ ᠬᠤᠶᠠᠳᠤᠭᠠᠷ ᠪᠦᠯᠦᠭ ᠨᠢ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠢ ᠪᠦᠷᠢᠳᠬᠡᠨ ᠳᠠᠩᠰᠠᠯᠠᠭᠤᠯᠬᠤ᠂ ᠨᠡᠶᠢᠳᠡ 11 ᠵᠦᠢᠯ ᠪᠠᠶᠢᠵᠤ᠂ ᠬᠤᠳᠠᠯᠳᠤᠨ ᠠᠪᠬᠤ ᠠᠵᠤ ᠠᠬᠤᠶᠢᠯᠠᠯ ᠤᠨ ᠳᠠᠩᠰᠠᠯᠠᠭᠤᠯᠬᠤ ᠠᠷᠭ᠎ᠠ ᠮᠠᠶ᠋ᠢᠭ᠂ ᠳᠠᠩᠰᠠᠯᠠᠭᠤᠯᠬᠤ ᠮᠠᠲ᠋ᠧᠷᠢᠶᠠᠯ᠂ ᠳᠠᠩᠰᠠᠯᠠᠭᠤᠯᠬᠤ ᠶᠠᠪᠤᠴᠠ ᠵᠢᠴᠢ ᠳᠠᠩᠰᠠᠯᠠᠬᠤ ᠪᠠᠶᠢᠭᠤᠯᠭ᠎ᠠ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠪᠠ᠃         ᠭᠤᠷᠪᠠᠳᠤᠭᠠᠷ ᠪᠦᠯᠦᠭ ᠨᠢ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠶᠢᠨ ᠵᠢᠷᠤᠮᠵᠢᠯ᠂ ᠨᠡᠶᠢᠳᠡ 9 ᠵᠦᠢᠯ ᠪᠠᠶᠢᠵᠤ᠂ ᠬᠤᠳᠠᠯᠳᠤᠨ ᠠᠪᠤᠭᠴᠢ ᠶᠢᠨ ᠪᠦᠷᠢᠯᠳᠦᠭᠦᠯᠪᠡᠰᠦ ᠵᠣᠬᠢᠬᠤ ᠨᠥᠬᠦᠴᠡᠯ ᠵᠢᠴᠢ ᠬᠤᠯᠪᠣᠭᠳᠠᠯ ᠪᠦᠬᠦᠢ ᠠᠵᠢᠯᠯᠠᠭ᠎ᠠ ᠶᠢᠨ ᠵᠢᠷᠤᠮᠵᠢᠯ ᠳᠤ ᠲᠣᠳᠣᠷᠬᠠᠢ ᠱᠠᠭᠠᠷᠳᠠᠯᠭ᠎ᠠ ᠳᠤᠷᠠᠳᠪᠠ᠃          ᠳᠥᠷᠪᠡᠳᠦᠭᠡᠷ ᠪᠦᠯᠦᠭ ᠨᠢ ᠠᠮᠤ ᠪᠤᠳᠠᠭ᠎ᠠ ᠬᠤᠳᠠᠯᠳᠤᠨ ᠠᠪᠬᠤ ᠶᠠᠰᠤ ᠴᠢᠨᠠᠷ ᠤᠨ ᠬᠠᠮᠢᠶᠠᠷᠤᠯᠲᠠ᠂ ᠨᠡᠶᠢᠳᠠ   5 ᠵᠦᠢᠯ ᠪᠠᠶᠢᠵᠤ᠂ ᠠᠮᠤ ᠪᠤᠳᠠᠭᠠᠨ ᠤ ᠶᠠᠰᠤ ᠴᠢᠨᠠᠷ ᠤᠨ ᠪᠠᠷᠢᠮᠵᠢᠶ᠎ᠠ᠂ ᠰᠢᠯᠭᠠᠨ ᠪᠠᠶᠢᠴᠠᠭᠠᠯᠲᠠ᠂ ᠬᠠᠮᠢᠶᠠᠷᠤᠯᠲᠠ ᠶᠢᠨ ᠲᠦᠢᠷᠢᠮ ᠵᠡᠷᠭᠡ ᠶᠢ ᠲᠣᠳᠣᠷᠬᠠᠶᠢᠯᠠᠪᠠ᠃          ᠲᠠᠪᠤᠳᠤᠭᠠᠷ ᠪᠦᠯᠦᠭ ᠨᠢ ᠠᠮᠤ ᠪᠤᠳᠠᠭ᠎ᠠ ᠬᠤᠳᠠᠯᠳᠤᠨ ᠠᠪᠬᠤ ᠦᠢᠯᠡᠴᠢᠯᠡᠭᠡᠨ ᠤ ᠪᠠᠲᠤᠯᠠᠭ᠎ᠠ᠂ ᠨᠡᠶᠢᠳᠡ 6 ᠵᠦᠢᠯ ᠪᠠᠶᠢᠵᠤ᠂ ᠠᠮᠤ ᠪᠤᠳᠠᠭ᠎ᠠ ᠪᠣᠯᠣᠨ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠵᠣᠬᠢᠴᠠᠭᠤᠯᠵᠤ ᠪᠠᠶᠢᠭᠠᠳ ᠲᠣᠬᠢᠷᠠᠭᠤᠯᠤᠨ ᠦᠢᠯᠡᠳᠪᠦᠷᠢᠯᠡᠭᠰᠡᠨ ᠤ ᠳᠠᠷᠠᠭᠠᠬᠢ ᠦᠢᠯᠡᠴᠢᠯᠡᠭᠡ ᠶᠢ ᠴᠢᠩᠭᠠᠳᠬᠠᠵᠤ᠂ ᠠᠮᠤ ᠪᠤᠳᠠᠭ᠎ᠠ ᠬᠤᠷᠢᠶᠠᠬᠤ ᠬᠥᠮᠥᠨ ᠲᠠᠢ᠂ ᠠᠮᠤ ᠪᠤᠳᠠᠭ᠎ᠠ ᠬᠤᠷᠢᠶᠠᠬᠤ ᠮᠥᠩᠭᠦ ᠲᠠᠢ᠂ ᠠᠮᠤ ᠪᠤᠳᠠᠭ᠎ᠠ ᠲᠡᠭᠡᠭᠡᠪᠦᠷᠢᠯᠡᠬᠦ ᠮᠠᠰᠢᠨ ᠲᠠᠢ ᠪᠠᠶᠢᠬᠤ ᠶᠢ ᠦᠨᠡᠨ ᠬᠦ ᠪᠠᠲᠤᠯᠠᠵᠤ᠂ ᠱᠠᠲᠤᠴᠢ ᠴᠢᠨᠠᠷᠲᠠᠢ ︽ᠠᠮᠤ ᠪᠤᠳᠠᠭ᠎ᠠ ᠬᠤᠳᠠᠯᠳᠤᠬᠤ ᠳᠤ ᠬᠦᠴᠢᠷᠳᠡᠬᠦ︾ ᠪᠠᠶᠢᠳᠠᠯ ᠡᠭᠦᠰᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ᠃         ᠵᠢᠷᠭᠤᠳᠤᠭᠠᠷ ᠪᠦᠯᠦᠭ ᠨᠢ ᠠᠮᠤ ᠪᠤᠳᠠᠭ᠎ᠠ ᠬᠤᠳᠠᠯᠳᠤᠨ ᠠᠪᠬᠤ ᠶᠢ ᠬᠢᠨᠠᠯᠲᠠ ᠲᠠᠯᠪᠢᠵᠤ ᠪᠠᠶᠢᠴᠠᠭᠠᠬᠤ᠂ ᠨᠡᠶᠢᠳᠡ 5 ᠵᠦᠢᠯ ᠪᠠᠶᠢᠵᠤ᠂ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠ ᠠᠵᠢᠯ ᠤᠨ ᠬᠤᠪᠢᠶᠠᠷᠢᠯᠠᠯ ᠶᠣᠰᠣᠭᠠᠷ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠡᠮᠬᠢ ᠵᠢᠷᠤᠮ ᠢ ᠬᠠᠮᠠᠭᠠᠯᠠᠬᠤ ᠶᠢ ᠲᠣᠳᠣᠷᠬᠠᠶᠢᠯᠠᠪᠠ᠃ ᠳᠣᠯᠣᠳᠤᠭᠠᠷ ᠪᠦᠯᠦᠭ ᠨᠢ ᠳᠠᠭᠠᠯᠳᠤᠭᠤᠯᠤᠭᠰᠠᠨ ᠳᠦᠷᠢᠮ᠂ ᠨᠡᠶᠢᠲᠡ 3 ᠵᠦᠢᠯ ᠪᠠᠶᠢᠵᠤ᠂ ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠥᠬᠦᠪᠦᠷᠢᠯᠡᠨ ᠳᠤᠷᠠᠳᠪᠠ᠃          ᠳᠥᠷᠪᠡ᠂ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠨᠢ ᠬᠡᠵᠢᠶ᠎ᠡ ᠳᠠᠩᠰᠠᠯᠠᠭᠤᠯᠬᠤ ᠪᠤᠢ︖          ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠨᠢ ᠠᠮᠤ ᠪᠤᠳᠠᠭ᠎ᠠ ᠬᠤᠳᠠᠯᠳᠤᠨ ᠠᠪᠬᠤ ᠠᠴᠠ ᠡᠮᠦᠨ᠎ᠡ ᠠᠮᠤ ᠪᠤᠳᠠᠭ᠎ᠠ ᠬᠤᠳᠠᠯᠳᠤᠨ ᠠᠪᠬᠤ ᠳᠠᠩᠰᠠᠯᠠᠭᠤᠯᠤᠯᠲᠠ ᠬᠢᠬᠦ ᠬᠡᠷᠡᠭᠲᠡᠢ᠃ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠮᠡᠳᠡᠭᠡ ᠵᠠᠩᠭᠢ ᠶᠢᠨ ᠠᠯᠢ ᠨᠢᠭᠡ ᠵᠦᠢᠯ ᠳᠤ ᠬᠤᠪᠢᠷᠠᠯᠲᠠ ᠭᠠᠷᠪᠠᠯ᠂ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠥᠷᠨᠢᠭᠦᠯᠬᠦ ᠠᠴᠠ ᠡᠮᠦᠨ᠎ᠡ ᠬᠤᠪᠢᠷᠠᠯᠲᠠ ᠪᠠᠨ ᠳᠠᠩᠰᠠᠯᠠᠭᠤᠯᠬᠤ ᠶᠢᠨ ᠬᠠᠮᠲᠤ ᠬᠤᠯᠪᠣᠭᠳᠠᠯ ᠪᠦᠬᠦᠢ ᠮᠠᠲ᠋ᠧᠷᠢᠶᠠᠯ ᠢ ᠬᠠᠩᠭᠠᠬᠤ ᠬᠡᠷᠡᠭᠲᠡᠢ᠃          ᠲᠠᠪᠤ᠂ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠨᠢ ᠶᠠᠮᠠᠷ ᠠᠷᠭ᠎ᠠ ᠮᠠᠶ᠋ᠢᠭ ᠢᠶᠠᠷ ᠳᠠᠩᠰᠠᠯᠠᠭᠤᠯᠬᠤ ᠪᠤᠢ︖         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠠᠮᠤ ᠪᠤᠳᠠᠭ᠎ᠠ ᠬᠤᠳᠠᠯᠳᠤᠨ ᠠᠪᠬᠤ ᠶᠢ ᠡᠷᠭᠢᠯᠡᠵᠦ ᠪᠠᠶᠢᠭ᠎ᠠ ᠠᠵᠤ ᠠᠬᠤᠶᠢᠯᠠᠯ ᠨᠢ ᠲᠤᠬᠠᠢ ᠶᠢᠨ ᠲᠠᠯᠠᠪᠤᠷ ᠪᠠ ᠰᠦᠯᠵᠢᠶᠡᠨ ᠳᠡᠭᠡᠷ᠎ᠡ ᠭᠦᠢᠴᠡᠳᠬᠡᠬᠦ ᠵᠡᠷᠭᠡ ᠠᠷᠭ᠎ᠠ ᠮᠠᠶ᠋ᠢᠭ ᠢᠶᠠᠷ ᠳᠡᠮᠵᠢᠨ ᠳᠠᠩᠰᠠᠯᠠᠭᠤᠯᠵᠤ ᠪᠣᠯᠣᠨ᠎ᠠ᠃ ᠪᠠᠰᠠ ᠵᠠᠬᠢᠳᠠᠯ᠂ ᠹᠠᠺᠰ᠂ ᠢᠮᠧᠯ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠠᠮᠤ ᠪᠤᠳᠠᠭ᠎ᠠ ᠬᠤᠳᠠᠯᠳᠤᠨ ᠠᠪᠬᠤ ᠪᠠᠷ ᠳᠠᠩᠰᠠᠯᠠᠭᠤᠯᠬᠤ ᠪᠠ ᠬᠤᠪᠢᠷᠠᠭᠤᠯᠬᠤ ᠠᠵᠢᠯ ᠢ ᠥᠷᠨᠢᠭᠦᠯᠵᠦ ᠪᠣᠯᠣᠨ᠎ᠠ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号