ᠰᠦᠨ ᠱᠤ᠋ ᠲᠤᠸ ᠬᠤᠲᠠ ᠶᠢᠨ ᠪᠦᠲᠦᠭᠡᠨ ᠪᠠᠶᠢᠭᠤᠯᠤᠯᠲᠠ ᠪᠠ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/2/22
    2 ᠰᠠᠷ᠎ᠠ ᠶᠢᠨ 21 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠸ ᠬᠤᠲᠠ ᠶᠢᠨ ᠲᠣᠭᠤᠷᠢᠭ ᠲᠤ ᠭᠦᠨᠵᠡᠭᠡᠶᠢᠷᠡᠨ᠂ ᠬᠡᠰᠡᠭ ᠬᠤᠲᠠ ᠶᠢᠨ ᠪᠦᠲᠦᠭᠡᠨ ᠪᠠᠶᠢᠭᠤᠯᠤᠯᠲᠠ ᠪᠠ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠪᠠᠶᠢᠴᠠᠭᠠᠨ ᠰᠤᠳᠤᠯᠤᠯᠲᠠ ᠬᠢᠪᠡ᠃    ᠰᠦᠨ ᠱᠤ᠋ ᠲᠤᠤ ᠨᠠᠷ ᠤᠷᠢᠳ ᠬᠤᠵᠢᠳ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠢᠭᠤᠯᠴᠢᠯᠠᠯ ᠤᠨ ᠬᠤᠳᠠ᠂ ᠬᠤᠳᠠ ᠶᠢᠨ ᠳᠤᠮᠳᠠᠬᠢ ᠬᠤᠷᠴᠢᠨ ᠲᠠᠯ᠎ᠠ ᠴᠡᠴᠡᠷᠯᠢᠭ᠂ ᠠᠶᠢᠮᠠᠭ ᠤᠨ ᠡᠷᠭᠢᠯᠲᠡ ᠶᠢᠨ ᠣᠷᠣᠨ ᠰᠠᠭᠤᠴᠠ ᠶᠢᠨ ᠡᠷᠬᠢᠨ ᠲᠣᠭᠤᠷᠢᠨ ᠤ ᠨᠣᠭᠤᠭᠠᠷᠠᠭᠤᠯᠤᠯᠲᠠ ᠶᠢᠨ ᠢᠨᠵᠧᠨᠧᠷᠢᠩ᠂ ᠲᠦᠬᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ᠂ ᠠᠵᠤ ᠦᠢᠯᠡᠳᠪᠦᠷᠢ ᠶᠢᠨ ᠬᠠᠲᠠᠭᠤ ᠬᠠᠶᠠᠭᠳᠠᠮᠠᠯ ᠰᠢᠭᠠᠷᠤ ᠶᠢᠨ ᠲᠠᠯᠠᠪᠠᠢ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠣᠶᠤᠨᠲᠤ ᠲᠠᠷᠢᠶᠠᠯᠠᠩ ᠤᠨ ᠵᠢᠱᠢᠶ᠎ᠡ ᠦᠵᠡᠭᠦᠯᠬᠦ ᠲᠦᠷᠦᠯ ᠵᠦᠢᠯ ᠵᠡᠷᠭᠡ ᠪᠠᠷᠢᠯᠭ᠎ᠠ ᠶᠢᠨ ᠭᠠᠵᠠᠷ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠡᠢ᠃ ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠰᠦᠨ ᠱᠤ᠋ ᠲᠤᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠦᠷᠦᠯ ᠵᠦᠢᠯ ᠤᠨ ᠲᠥᠯᠦᠪᠵᠢᠭᠦᠯᠭᠡ ᠵᠢᠷᠤᠭ ᠲᠥᠯᠥᠪᠯᠡᠭᠡ ᠶᠢᠨ ᠲᠥᠰᠥᠯ᠂ ᠢᠨᠵᠧᠨᠧᠷᠢᠩ ᠤᠨ ᠠᠬᠢᠴᠠ ᠵᠢᠴᠢ ᠬᠡᠷᠡᠭᠵᠢᠭᠦᠯᠬᠦ ᠶᠠᠪᠤᠴᠠ ᠳᠤ ᠲᠤᠯᠭᠠᠷᠠᠭᠰᠠᠨ ᠠᠰᠠᠭᠤᠳᠠᠯ ᠪᠣᠯᠣᠨ ᠬᠦᠴᠢᠷᠳᠡᠯ ᠢ ᠨᠠᠷᠢᠨ ᠣᠶᠢᠯᠠᠭᠠᠬᠤ ᠶᠢᠨ ᠬᠠᠮᠲᠤ ᠲᠦᠷᠦᠯ ᠵᠦᠢᠯ ᠢ ᠠᠬᠢᠭᠤᠯᠬᠤ ᠶᠠᠪᠤᠴᠠ ᠳᠤ ︽ᠬᠦᠴᠢᠷ ᠲᠦᠪᠡᠭᠲᠡᠢ ᠠᠰᠠᠭᠤᠳᠠᠯ︾ ᠳᠤ ᠴᠢᠭᠯᠡᠭᠦᠯᠦᠨ ᠲᠤᠬᠠᠢ ᠶᠢᠨ ᠲᠠᠯᠠᠪᠠᠢ ᠳᠤ ᠠᠵᠢᠯᠯᠠᠪᠠ᠃    ᠰᠦᠨ ᠱᠤ᠋ ᠲᠤᠤ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠦᠢᠯᠡᠴᠢᠯᠡᠭᠡᠨ ᠤ ᠤᠬᠠᠮᠰᠠᠷ ᠪᠣᠯᠣᠨ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂  ᠬᠠᠮᠵᠢᠯᠴᠠᠬᠤ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠠᠷᠢᠭᠤᠴᠠᠯᠭ᠎ᠠ ᠪᠠᠨ ᠡᠭᠦᠷᠭᠡᠯᠡᠵᠦ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠵᠤ᠂ ᠲᠦᠷᠦᠯ ᠵᠦᠢᠯ ᠢ ᠠᠬᠢᠭᠤᠯᠬᠤ ᠶᠠᠪᠤᠴᠠ ᠳᠠᠬᠢ ᠬᠦᠴᠢᠷᠳᠡᠯ ᠪᠣᠯᠣᠨ ᠠᠰᠠᠭᠤᠳᠠᠯ ᠢ ᠭᠦᠨᠵᠡᠭᠡᠢ ᠣᠶᠢᠯᠠᠭᠠᠬᠤ ᠶᠢᠨ ᠬᠠᠮᠲᠤ ᠵᠣᠬᠢᠴᠠᠭᠤᠯᠤᠨ ᠰᠢᠢᠳᠪᠦᠷᠢᠯᠡᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠪᠦᠬᠦ ᠶᠠᠪᠤᠴᠠ ᠶᠢᠨ ᠦᠢᠯᠡᠴᠢᠯᠡᠭᠡ ᠪᠣᠯᠣᠨ ᠪᠦᠬᠦ ᠲᠠᠯ᠎ᠠ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠨᠢ ᠦᠷ᠎ᠡ ᠪᠦᠲᠦᠮᠵᠢ ᠶᠢᠨ ᠦᠵᠡᠯ ᠤᠬᠠᠮᠰᠠᠷ ᠢᠶᠠᠨ ᠴᠢᠩᠭᠠᠷᠠᠭᠤᠯᠵᠤ᠂ ᠪᠦᠲᠦᠭᠡᠨ ᠪᠠᠶᠢᠭᠤᠯᠬᠤ ᠬᠠᠷᠠᠯᠲᠠ ᠶᠢ ᠴᠢᠩᠭ᠎ᠠ ᠠᠩᠬᠠᠷᠴᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠵᠢᠷᠤᠮᠯᠠᠨ᠂ ᠠᠵᠢᠯ ᠤᠨ ᠬᠤᠭᠤᠴᠠᠭ᠎ᠠ ᠶᠢ ᠵᠦᠢ ᠵᠣᠬᠢᠰᠲᠠᠢ ᠪᠠᠶᠢᠷᠢᠯᠠᠭᠤᠯᠵᠤ᠂ ᠬᠥᠮᠥᠨ ᠪᠠ ᠲᠥᠬᠦᠭᠡᠷᠦᠮᠵᠢ ᠶᠢ ᠭᠦᠢᠴᠡᠳ ᠲᠣᠬᠢᠷᠠᠭᠤᠯᠤᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠪᠥᠬᠦ ᠬᠦᠴᠦᠨ ᠢᠶᠠᠷ ᠢᠶᠠᠨ ᠲᠦᠷᠭᠡᠳᠬᠡᠵᠦ᠂ ᠲᠥᠷᠥᠯ ᠵᠦᠢᠯ ᠢ ᠲᠥᠯᠥᠪᠯᠡᠭᠡ ᠶᠢᠨ ᠵᠠᠩᠭᠢᠯᠠᠭ᠎ᠠ ᠶᠢᠨ ᠴᠡᠭ ᠢᠶᠠᠷ ᠪᠠᠶᠢᠭᠤᠯᠤᠨ ᠪᠦᠲᠦᠭᠡᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃    ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ᠂ ᠬᠤᠰᠢᠭᠤᠨ  ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠳᠡᠳ᠋ ᠳᠠᠷᠤᠭ᠎ᠠ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠵᠠᠩ ᠵᠢᠶᠦ᠋ᠨ ᠢᠦᠢ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃    
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号