ᠪᠥᠬᠦ ᠤᠯᠤᠰ ᠤᠨ ᠬᠤᠶᠠᠷ ᠬᠤᠷᠠᠯ  ᠭᠡᠭᠴᠢ ᠨᠢ ᠠᠯᠢ ᠬᠤᠶᠠᠷ ᠬᠤᠷᠠᠯ ᠪᠣᠶ︖ᠬᠤᠶᠠᠷ ᠬᠤᠷᠠᠯ  ᠤᠨ ᠲᠤᠬᠠᠢ ᠲᠠ ᠬᠡᠳᠦᠢ  ᠮᠡᠳᠡᠳᠡᠭ  ᠪᠣᠶ︖ ᠴᠢ ᠪᠦᠬᠦ ᠤᠯᠤᠰ ᠤᠨ ᠬᠤᠶᠠᠷ ᠬᠤᠷᠠᠯ  ᠭᠡᠭᠴᠢ ᠨᠢ ᠠᠯᠢ ᠬᠤᠶᠠᠷ ᠬᠤᠷᠠᠯ ᠪᠣᠯᠬᠤ ᠶᠢ ᠮᠡᠳᠡᠨ᠎ᠡ ᠦᠦ︖
ᠨᠡᠶᠢᠲᠡᠯᠡᠭᠰᠡᠨ ᠴᠠᠭ᠄
2023/2/22
     ᠮᠠᠨ ᠤ ᠦᠷᠭᠦᠯᠵᠢ ᠬᠡᠯᠡᠳᠡᠭ ᠪᠦᠬᠦ ᠤᠯᠤᠰ ᠤᠨ ᠬᠤᠶᠠᠷ ᠬᠤᠷᠠᠯ ᠭᠡᠳᠡᠭ ᠨᠢ  ︽ᠪᠦᠭᠦᠳᠡ  ᠨᠠᠶᠢᠷᠠᠮᠳᠠᠬᠤ  ᠳᠤᠮᠳᠠᠳᠤ ᠠᠷᠠᠳ ᠤᠯᠤᠰ ᠤᠨ  ᠪᠦᠬᠦ  ᠤᠯᠤᠰ ᠤᠨ  ᠠᠷᠠᠳ ᠤᠨ  ᠲᠥᠯᠥᠭᠡᠯᠡᠭᠴᠢᠳ ᠤᠨ  ᠶᠡᠭᠡ  ᠬᠤᠷᠠᠯ ᠤᠨ ᠬᠤᠷᠠᠯᠳᠤᠭᠠᠨ︾  ᠪᠠ ︽ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ  ᠪᠦᠬᠦ ᠤᠯᠤᠰ ᠤᠨ ᠬᠤᠷᠢᠶᠠᠨ ᠤ  ᠪᠦᠭᠦᠳᠡ‌ᠬᠤᠷᠠᠯ︾ ᠢ ᠵᠢᠭᠠᠵᠤ ᠪᠠᠶᠢᠨ᠎ᠠ᠃ ᠬᠤᠶᠠᠷ  ᠬᠤᠷᠠᠯ ᠤᠨ  ᠬᠤᠭᠤᠴᠠᠭ᠎ᠠ  ᠦᠨᠳᠦᠰᠦᠨ ᠳᠡᠭᠡᠨ ᠢᠵᠢᠯ  ᠠᠯᠬᠤᠮ ᠲᠠᠢ  ᠪᠥᠭᠡᠳ ‌ᠤᠯᠤᠰ ᠤᠨ ᠠᠵᠢᠯᠯᠠᠭᠠᠨ ᠳᠤ ᠪᠦᠷ ᠮᠠᠰᠢ ᠴᠢᠬᠤᠯᠠ ᠪᠣᠯᠬᠤᠷ ᠂ ᠳᠥᠭᠦᠮᠴᠢᠯᠡᠭᠡᠳ ᠬᠤᠶᠠᠷ ᠬᠤᠷᠠᠯ ᠭᠡᠳᠡᠭ᠃ ᠪᠥᠬᠦ ᠤᠯᠤᠰ ᠤᠨ ‌ᠬᠤᠶᠠᠷ ᠬᠤᠷᠠᠯ ᠢ ᠬᠤᠷᠠᠯᠳᠤᠭᠤᠯᠬᠤ ᠪᠣᠯ ᠮᠠᠨ ᠤ ᠤᠯᠤᠰ ᠤᠨ ᠤᠯᠤᠰ ᠲᠥᠷᠥ ᠶᠢᠨ ᠠᠮᠢᠳᠤᠷᠠᠯ ᠳᠠᠬᠢ  ᠲᠤᠶᠢᠯ ᠤᠨ ᠴᠢᠬᠤᠯᠠ ‌ᠶᠡᠭᠡ ᠶᠠᠪᠤᠳᠠᠯ ᠮᠥᠨ᠂ ᠬᠤᠷᠠᠯ ᠤᠨ ᠵᠥᠪᠯᠡᠬᠦ ᠵᠦᠢᠯ ᠨᠢᠭᠡᠪᠦᠷᠢ᠂ ᠵᠥᠪᠯᠡᠬᠦ ᠰᠡᠳᠦᠪ ᠨᠢᠭᠡᠪᠦᠷᠢ ᠨᠢ ᠴᠥᠮ ᠣᠯᠠᠨ ᠤ ᠣᠳᠣᠬᠠᠨ ᠤ ᠪᠠ ᠴᠢᠨᠠᠭᠰᠢᠯᠠᠪᠠᠯ ᠢᠷᠡᠭᠡᠳᠦᠢ ᠶᠢᠨ ᠠᠵᠢᠯ ᠠᠮᠢᠳᠤᠷᠠᠯ ᠳᠤ ᠴᠢᠬᠤᠯᠠ ᠪᠥᠭᠡᠳ ᠠᠯᠤᠰ ᠬᠡᠲᠦ ᠶᠢᠨ ᠨᠥᠯᠥᠭᠡ ᠲᠠᠢ ᠪᠠᠶᠢᠳᠠᠭ᠃ ᠡᠨᠡ ᠵᠢᠯ ᠪᠣᠯ ᠰᠢᠨ᠎ᠡ ᠨᠢᠭᠡ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ  ᠶᠡᠭᠡ  ᠬᠤᠷᠠᠯ ᠪᠣᠯᠣᠨ‌ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠩᠬᠠᠳᠤᠭᠠᠷ ᠬᠤᠷᠠᠯ ᠪᠣᠯᠣᠨ᠎ᠠ᠂ 3 ᠰᠠᠷ᠎ᠠ ᠶᠢᠨ 5 ᠤ ᠡᠳᠦᠷ ᠠᠷᠪᠠᠨ‌ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠠᠩᠬᠠᠳᠤᠭᠠᠷ ᠬᠤᠷᠠᠯ ᠢ ᠬᠤᠷᠠᠯᠳᠤᠭᠤᠯᠵᠤ᠂ 3 ᠰᠠᠷ᠎ᠠ ᠶᠢᠨ 4 ᠤ ᠡᠳᠦᠷ ᠪᠦᠬᠦ ᠤᠯᠤᠰ ᠤᠨ  ᠤᠯᠤᠰ ᠲᠦᠷᠦ ᠶᠢᠨ ᠵᠥᠪᠯᠡᠯᠭᠡᠨ ᠤ ᠠᠷᠪᠠᠨ‌ᠳᠥᠷᠪᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯ ᠢ ᠬᠤᠷᠠᠯᠳᠤᠭᠤᠯᠵᠤ᠂ ᠰᠢᠨ᠎ᠡ ᠨᠢᠭᠡ ᠬᠤᠭᠤᠴᠠᠭᠠᠨ ᠤ ᠪᠦᠬᠦ ᠤᠯᠤᠰ ᠤᠨ‌ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠪᠣᠯᠣᠨ ᠪᠦᠬᠦ ᠤᠯᠤᠰ ᠤᠨ  ᠤᠯᠤᠰ  ᠲᠦᠷᠦ  ᠶᠢᠨ‌ᠵᠥ᠋ᠪᠯᠡᠯᠭᠡᠨ ᠤ ᠭᠡᠰᠢᠭᠦᠳ ᠪᠡᠭᠡᠵᠢᠩ ᠳᠤ ᠴᠤᠭᠯᠠᠷᠠᠵᠤ᠂ ᠲᠦᠷᠦ ᠶᠢᠨ  ᠶᠠᠪᠤᠳᠠᠯ ᠢ ᠬᠠᠮᠲᠤ ᠪᠠᠷ  ᠵᠥᠪᠯᠡᠬᠦ  ᠪᠣᠯᠣᠨ᠎ᠠ᠃  ᠪᠥᠬᠦ‌ ᠤᠯᠤᠰ ᠤᠨ ᠬᠤᠶᠠᠷ ᠬᠤᠷᠠᠯ  ᠳᠤ  ᠪᠢᠳᠡ ᠪᠦᠭᠦᠳᠡᠭᠡᠷ ᠠᠩᠬᠠᠷᠤᠯ ᠢᠶᠠᠨ ᠬᠠᠨᠳᠤᠭᠤᠯᠤᠶ᠎ᠠ︕
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号