ᠬᠤᠷᠴᠢᠨ ᠪᠠᠯᠭᠠᠰᠤᠨ ᠤ ᠫᠢᠩ ᠠᠨ ᠲᠣᠰᠬᠤᠨ᠄ ᠪᠡᠯᠡᠳᠭᠡᠮᠵᠢᠳᠤ ᠲᠠᠷᠢᠶᠠᠯᠠᠩ ᠤᠨ ᠠᠵᠤ ᠦᠢᠯᠡᠰ ᠢ ᠬᠥᠭᠵᠢᠭᠦᠯᠵᠦ ᠰᠢᠨᠵᠢᠯᠡᠬᠦ ᠤᠬᠠᠭᠠᠨᠴᠢ ᠪᠠᠷ ᠳᠠᠷᠢᠵᠤ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ
ᠨᠡᠶᠢᠲᠡᠯᠡᠭᠰᠡᠨ ᠴᠠᠭ᠄
2023/2/23
     ᠣᠶᠢᠷ᠎ᠠ ᠶᠢᠨ ᠵᠢᠯ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠲᠥᠬᠦᠭᠡᠷᠦᠮᠵᠢᠲᠦ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠲᠡᠷᠢᠭᠦᠨ ᠤ ᠲᠠᠷᠢᠮᠠᠯ ᠤᠨ ᠮᠡᠷᠭᠡᠵᠢᠯ ᠢ ᠣᠷᠣᠭᠤᠯᠤᠨ ᠠᠪᠴᠢᠷᠠᠵᠤ᠂ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠬᠤᠲᠠ ᠬᠥᠳᠡᠭᠡ ᠶᠢᠨ ︽ᠨᠣᠭᠤᠭ᠎ᠠ ᠶᠢᠨ ᠰᠠᠭᠰᠤ︾ ᠶᠢ ᠪᠠᠶᠠᠯᠢᠭᠵᠢᠭᠤᠯᠤᠭᠰᠠᠨ ᠮᠥᠷᠲᠡᠭᠡᠨ ᠲᠠᠷᠢᠶᠠᠴᠢᠳ ᠤᠨ ︽ᠵᠣᠭᠤᠰᠤᠨ ᠤᠭᠤᠲᠠ︾ ᠶᠢ ᠴᠤ ᠨᠡᠮᠡᠭᠳᠡᠭᠦᠯᠦᠭᠰᠡᠨ ᠪᠠᠶᠢᠨ᠎ᠠ᠃    ᠰᠤᠷᠪᠤᠯᠵᠢᠯᠠᠭᠴᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠷᠴᠢᠨ ᠪᠠᠯᠭᠠᠰᠤᠨ ᠤ ᠫᠢᠩ ᠠᠨ ᠲᠣᠰᠬᠤᠨ ᠳᠤ ᠬᠦᠷᠬᠦ ᠳᠤ᠂ ᠲᠣᠰᠬᠤᠨ ᠤ ᠠᠷᠠᠳ ᠰᠢᠨ ᠪᠦᠦ ᠴᠢᠨ ᠤ ᠬᠦᠯᠡᠮᠵᠢ ᠳᠤ ᠴᠢᠬᠢ ᠮᠣᠳᠣ ᠬᠥᠬᠡᠷᠡᠨ ᠨᠣᠭᠤᠭᠠᠷᠠᠵᠤ᠂ ᠠᠵᠢᠯᠴᠢᠳ ᠠᠵᠢᠯ ᠬᠤᠪᠢᠶᠠᠷᠢᠯᠠᠨ ᠬᠠᠮᠲᠤᠷᠠᠯᠴᠠᠵᠤ᠂ ᠴᠢᠬᠢ ᠮᠣᠳᠣ ᠰᠣᠩᠭᠤᠬᠤ᠂ ᠲᠠᠪᠠᠭ ᠤᠭᠰᠠᠷᠠᠬᠤ᠂ ᠵᠠᠯᠭᠠᠬᠤ ᠵᠡᠷᠭᠡ ᠠᠵᠢᠯ ᠢ ᠡᠮᠬᠢ ᠵᠠᠮᠪᠠᠷᠠᠭ᠎ᠠ ᠲᠠᠢ ᠬᠢᠵᠦ ᠪᠠᠶᠢᠯ᠎ᠠ᠃ ᠰᠢᠨ ᠪᠦᠦ ᠴᠢᠨ ᠰᠤᠷᠪᠤᠯᠵᠢᠯᠠᠭᠴᠢ ᠳᠤ ᠬᠡᠯᠡᠬᠦ ᠳᠡᠭᠡᠨ᠂ ᠲᠡᠭᠦᠨ ᠤ ᠭᠡᠷ ᠲᠤ 4 ᠳᠤᠯᠠᠭᠠᠨ ᠰᠠᠷᠠᠪᠴᠢ᠂ 5 ᠬᠦᠢᠲᠡᠨ ᠰᠠᠷᠠᠪᠴᠢ ᠲᠠᠢ᠂ ᠴᠥᠮ ᠰᠢᠨ᠎ᠡ ᠳᠠᠷᠢᠬᠤ ᠮᠡᠷᠭᠡᠵᠢᠯ ᠢ ᠬᠡᠷᠡᠭᠯᠡᠵᠦ᠂ ᠰᠢᠨ᠎ᠡ ᠲᠥᠷᠥᠯ ᠵᠦᠢᠯ ᠢ ᠰᠣᠯᠢᠵᠤ᠂ ᠶᠡᠭᠡ ᠲᠠᠷᠢᠶ᠎ᠠ ᠳᠠᠷᠢᠬᠤ ᠶᠢ ᠪᠤᠳᠤᠪᠠᠯ ᠵᠢᠯ ᠳᠤ ᠢᠯᠡᠭᠦᠦ ᠬᠡᠳᠦᠨ ᠲᠦᠮᠡᠨ ᠲᠥᠭᠦᠷᠢᠭ ᠣᠯᠵᠤ ᠴᠢᠳᠠᠨ᠎ᠠ ᠭᠡᠵᠡᠢ᠃ ᠰᠤᠷᠪᠤᠯᠵᠢᠯᠠᠭᠴᠢ ᠳᠤ ᠲᠡᠭᠦᠨ ᠤ ᠭᠡᠷ ᠲᠤ 4 ᠳᠤᠯᠠᠭᠠᠨ ᠰᠠᠷᠠᠪᠴᠢ ᠲᠠᠢ᠂ 5 ᠬᠦᠢᠲᠡᠨ ᠰᠠᠷᠠᠪᠴᠢ ᠲᠠᠢ᠂ ᠴᠥᠮ ᠰᠢᠨ᠎ᠡ ᠳᠠᠷᠢᠬᠤ ᠮᠡᠷᠭᠡᠵᠢᠯ   ᠢ ᠬᠡᠷᠡᠭᠯᠡᠵᠦ᠂ ᠰᠢᠨ᠎ᠡ ᠲᠥᠷᠥᠯ ᠵᠦᠢᠯ  ᠢ ᠰᠣᠯᠢᠵᠤ᠂ ᠰᠢᠨ᠎ᠡ ᠲᠥᠷᠥᠯ ᠵᠦᠢᠯ  ᠢ ᠰᠣᠯᠢᠵᠠᠢ᠂ ᠡᠨᠡ ᠨᠢ ᠶᠡᠭᠡ ᠲᠠᠷᠢᠶ᠎ᠠ ᠳᠠᠷᠢᠬᠤ ᠶᠢ ᠪᠤᠳᠤᠪᠠᠯ ᠨᠢᠭᠡ ᠵᠢᠯ ᠳᠤ ᠢᠯᠡᠭᠦᠦ ᠬᠡᠳᠦᠨ ᠲᠦᠮᠡᠨ ᠲᠥᠭᠦᠷᠢᠭ  ᠤᠯᠤᠨ᠎ᠠ ᠭᠡᠵᠦ ᠬᠡᠯᠡᠵᠡᠢ᠂᠃    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠷᠴᠢᠨ ᠪᠠᠯᠭᠠᠰᠤ ᠶᠢᠨ ᠲᠠᠷᠢᠶᠠᠯᠠᠩ ᠤᠨ ᠬᠦᠷᠢᠶᠡᠯᠡᠩ ᠲᠣᠭᠤᠷᠢᠭ ᠲᠤ᠂ ᠬᠦᠯᠡᠮᠵᠢ ᠶᠢᠨ ᠣᠶᠤᠨᠴᠢ ᠲᠤᠷᠰᠢᠯᠲᠠ ᠶᠢᠨ ᠲᠣᠭᠤᠷᠢᠭ ᠲᠤ ᠬᠠᠪᠤᠷ ᠤᠨ ᠠᠭᠤᠷ ᠠᠮᠢᠰᠬᠤᠯ ᠪᠢᠯᠬᠠᠵᠤ᠂ ᠭᠦᠵᠡᠯᠵᠡᠭᠡᠨ᠎ᠡ᠂ ᠲᠦᠭᠦᠬᠡᠢ ᠨᠣᠭᠤᠭ᠎ᠠ᠂ ᠢᠳᠡᠷ᠎ᠡ ᠨᠣᠭᠤᠭ᠎ᠠ ᠵᠡᠷᠭᠡ ᠵᠢᠮᠢᠰ ᠨᠣᠭᠤᠭ᠎ᠠ ᠶᠢᠨ ᠤᠷᠭᠤᠴᠠ ᠶᠢᠨ ᠪᠠᠶᠢᠳᠠᠯ ᠬᠥᠮᠥᠨ ᠢ ᠪᠠᠶᠠᠰᠬᠠᠵᠤ᠂ ᠬᠦᠷᠢᠶᠡᠯᠡᠩ ᠲᠣᠭᠤᠷᠢᠭ ᠤᠨ ᠮᠡᠷᠭᠡᠵᠢᠯᠲᠡᠨ ᠯᠢᠦ ᠰᠧ ᠼᠠᠢ ᠬᠦᠯᠡᠮᠵᠢ ᠶᠢᠨ ᠳᠤᠯᠠᠭᠠᠨ ᠤ ᠬᠡᠮᠵᠢᠶ᠎ᠡ ᠴᠢᠭᠢᠭᠯᠢᠭ ᠤᠨ ᠬᠡᠮᠵᠢᠶ᠎ᠡ ᠵᠡᠷᠭᠡ ᠪᠠᠶᠢᠳᠠᠯ ᠢ ᠪᠠᠶᠢᠴᠠᠭᠠᠵᠤ ᠪᠤᠢ᠃ ᠲᠡᠷᠡ ᠰᠤᠷᠪᠤᠯᠵᠢᠯᠠᠭᠴᠢ ᠳᠤ ᠲᠠᠨᠢᠯᠴᠠᠭᠤᠯᠬᠤ ᠳᠠᠭᠠᠨ᠂ ᠬᠦᠯᠡᠮᠵᠢ ᠶᠢᠨ ᠣᠶᠤᠨᠲᠤ ᠲᠤᠷᠰᠢᠯᠲᠠ ᠶᠢᠨ ᠣᠷᠣᠨ ᠤ ᠳᠠᠷᠢᠭᠰᠠᠨ ᠢᠳᠡᠰᠢᠨ ᠨᠣᠭᠤᠭ᠎ᠠ ᠳᠤ ᠰᠠᠭᠤᠷᠢ ᠬᠥᠷᠥᠰᠥᠨ ᠳᠤ ᠳᠠᠷᠢᠵᠤ ᠤᠷᠭᠤᠭᠤᠯᠬᠤ ᠮᠡᠷᠭᠡᠵᠢᠯ ᠪᠠ ᠤᠰᠤᠨ ᠳᠤ ᠤᠷᠭᠤᠭᠤᠯᠬᠤ ᠮᠡᠷᠭᠡᠵᠢᠯ ᠢ ᠬᠡᠷᠡᠭᠯᠡᠪᠡᠯ᠂ ᠢᠳᠡᠰᠢᠨ ᠨᠣᠭᠤᠭ᠎ᠠ ᠶᠢᠨ ᠶᠠᠰᠤ ᠴᠢᠨᠠᠷ ᠪᠠ ᠤᠨᠠᠯᠲᠠ ᠶᠢ ᠳᠡᠭᠡᠭᠰᠢᠯᠡᠭᠦᠯᠵᠦ ᠴᠢᠳᠠᠬᠤ ᠪᠠᠷ ᠪᠠᠷᠠᠬᠤ ᠦᠭᠡᠢ ᠪᠠᠰᠠ ᠰᠢᠷᠣᠢ ᠪᠠᠷ ᠲᠠᠷᠬᠠᠬᠤ ᠡᠪᠡᠳᠴᠢᠨ ᠤ ᠬᠥᠨᠥᠭᠡᠯ ᠵᠡᠷᠭᠡ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ ᠴᠢᠳᠠᠨ᠎ᠠ ᠭᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号