ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/23
    ︽ᠲᠠᠪᠤᠨ ᠶᠡᠭᠡ ᠡᠭᠦᠷᠭᠡ︾ ᠶᠢᠨ ᠡᠯ᠎ᠡ ᠵᠦᠢᠯ ᠤᠨ ᠭᠦᠢᠴᠡᠳᠬᠡᠯ ᠲᠤᠭ᠎ᠠ ᠶᠢ ᠰᠠᠶᠢᠲᠤᠷ ᠪᠡᠶᠡᠯᠡᠭᠦᠯᠵᠦ᠂ ᠢᠯᠠᠩᠭᠤᠶ᠎ᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ 2 ᠰᠠᠷ᠎ᠠ ᠶᠢᠨ 19 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠡᠯ᠎ᠡ ᠵᠦᠢᠯ ᠤᠨ ᠡᠭᠦᠷᠭᠡ ᠵᠢᠴᠢ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠪᠣᠳᠠᠲᠠᠢ ᠠᠷᠭ᠎ᠠ ᠬᠡᠮᠵᠢᠶ᠎ᠡ ᠶᠢ ᠨᠠᠷᠢᠨ ᠰᠤᠳᠤᠯᠵᠤ᠂ ᠣᠶᠢᠷ᠎ᠠ ᠶᠢᠨ ᠬᠤᠭᠤᠴᠠᠭᠠᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠳ᠋ᠦᠩᠨᠡᠵᠡᠢ᠃    ᠬᠤᠷᠠᠯ ᠠᠴᠠ ᠵᠢᠭᠠᠵᠤ ᠭᠠᠷᠭᠠᠭᠰᠠᠨ ᠨᠢ᠂ ︽ᠲᠠᠪᠤᠨ ᠶᠡᠭᠡ ᠡᠭᠦᠷᠭᠡ︾ ᠶᠢ ᠪᠥᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠤᠨ ᠭᠤᠣᠯ ᠠᠵᠢᠯ ᠮᠥᠨ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠭᠦᠷᠭᠡ ᠶᠢ ᠨᠠᠶᠢᠳᠠᠪᠤᠷᠢᠵᠢᠭᠤᠯᠬᠤ ᠪᠠ ᠲᠦᠷᠦᠭᠦᠯᠡᠨ ᠶᠡᠷᠦᠩᠬᠡᠢ ᠠᠵᠢᠯ ᠢ ᠠᠳᠬᠤᠵᠤ᠂ ᠡᠭᠦᠷᠭᠡ ᠪᠠᠨ ᠪᠡᠶᠡᠯᠡᠭᠦᠯᠬᠦ ᠪᠠᠷ ᠪᠠᠷᠠᠬᠤ ᠦᠭᠡᠢ ᠪᠠᠰᠠ ᠬᠢᠯᠠᠰ ᠴᠡᠭ ᠭᠠᠷᠭᠠᠵᠤ᠂ ᠪᠥᠬᠦ ᠬᠤᠰᠢᠭᠤᠨ ᠤ ᠡᠭᠦᠷᠭᠡ ᠪᠠᠨ ᠪᠡᠶᠡᠯᠡᠭᠦᠯᠬᠦ ᠳᠤ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃  
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号