2021 ᠣᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2023/2/23
    ᠨᠢᠭᠡ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ    2021 ᠣᠨ ᠳᠤ᠂ ᠪᠥᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 114.22 ᠳ᠋ᠦᠩᠰᠢᠭᠤᠷ ᠲᠥᠭᠦᠷᠢᠭ ᠲᠤ ᠬᠦᠷᠴᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 5.2% ᠨᠡᠮᠡᠭᠳᠡᠪᠡ᠃ ᠡᠭᠦᠨ ᠳᠤ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.5% ᠨᠡᠮᠡᠭᠳᠡᠪᠡ ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 12.8% ᠪᠠᠭᠤᠷᠠᠪᠠ ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 13.7% ᠪᠠᠷ ᠨᠡᠮᠡᠭᠳᠡᠪᠡ᠃   ᠬᠤᠶᠠᠷ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ    2021 ᠣᠨ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 15.3% ᠪᠠᠷ ᠪᠠᠭᠤᠷᠠᠪᠠ᠃    ᠭᠤᠷᠪᠠ᠂ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ    2021 ᠣᠨ ᠳᠤ᠂ ᠪᠥᠬᠦ ᠬᠤᠰᠢᠭᠤᠨ ᠤ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 3.4% ᠨᠡᠮᠡᠭᠳᠡᠪᠡ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠦᠢᠯᠡᠰ ᠤᠨ ᠪᠡᠯᠡ ᠣᠷᠣᠭᠤᠯᠤᠯᠲᠠ 18.46 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 101% ᠪᠠᠷ ᠨᠡᠮᠡᠭᠳᠡᠪᠡ᠃     ᠳᠥᠷᠪᠡ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ     2021 ᠣᠨ ᠳᠤ᠂ ᠪᠦᠭᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 4.8% ᠨᠡᠮᠡᠭᠳᠡᠵᠡᠢ᠂ ᠡᠭᠦᠨ ᠳᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠭᠡᠨ  ᠤ  ᠵᠦᠢᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 3.6% ᠨᠡᠮᠡᠭᠳᠡᠵᠡᠢ᠃     ᠲᠠᠪᠤ᠂ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ ᠵᠠᠷᠤᠯᠭ᠎ᠠ     2021 ᠣᠨ ᠳᠤ᠂ ᠮᠠᠨ ᠤ ᠬᠤᠰᠢᠭᠤᠨ ᠤ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ 5.37 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 54.68% ᠨᠡᠮᠡᠭᠳᠡᠪᠡ᠃ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ 45.16 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.1% ᠪᠠᠷ ᠪᠠᠭᠤᠷᠠᠪᠠ᠃    ᠵᠢᠷᠭᠤᠭ᠎ᠠ᠂ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ    2021 ᠣᠨ ᠳᠤ᠂ ᠪᠥᠬᠦ ᠬᠤᠰᠢᠭᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 17524 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.4% ᠨᠡᠮᠡᠭᠳᠡᠪᠡ᠃ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 32362 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.2% ᠨᠡᠮᠡᠭᠳᠡᠪᠡ᠃ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 14315 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.6% ᠨᠡᠮᠡᠭᠳᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号