ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠲᠠᠷᠢᠶᠠᠯᠠᠩ ᠤᠨ ᠰᠢᠨ᠎ᠡ ᠡᠭᠦᠯᠳᠡᠷ ᠤᠨ ᠵᠢᠱᠢᠶ᠎ᠡ ᠦᠵᠡᠭᠦᠯᠬᠦ ᠮᠡᠷᠭᠡᠵᠢᠯ ᠤᠨ ᠳᠡᠯᠭᠡᠷᠡᠭᠦᠯᠦᠯᠲᠡ ᠶᠢ ᠢᠳᠡᠪᠬᠢᠲᠡᠢ ᠠᠬᠢᠭᠤᠯᠤᠨ᠎ᠠ
ᠨᠡᠶᠢᠲᠡᠯᠡᠭᠰᠡᠨ ᠴᠠᠭ᠄
2023/2/24
    ᠦᠷ᠎ᠡ ᠪᠣᠯ ᠲᠠᠷᠢᠶᠠᠯᠠᠩ ᠤᠨ ︽ᠢᠯᠲᠠᠰᠤ︾ ᠮᠥᠨ᠂ ᠦᠷ᠎ᠡ ᠶᠢᠨ ᠦᠢᠯᠡᠰ ᠤᠨ ᠮᠡᠷᠭᠡᠵᠢᠯ ᠤᠨ ᠳᠠᠪᠰᠢᠯᠲᠠ ᠪᠣᠯ ᠲᠠᠷᠢᠶᠠᠯᠠᠩ ᠤᠨ ᠬᠥᠭᠵᠢᠯᠲᠡ ᠶᠢᠨ ᠰᠠᠭᠤᠷᠢ ᠮᠥᠨ᠃ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠲᠠᠷᠢᠶᠠᠯᠠᠩ ᠤᠨ ᠰᠢᠨ᠎ᠡ ᠡᠭᠦᠯᠳᠡᠷ ᠤᠨ ᠵᠢᠱᠢᠶ᠎ᠡ ᠦᠵᠡᠭᠦᠯᠬᠦ ᠮᠡᠷᠭᠡᠵᠢᠯ ᠤᠨ ᠳᠡᠯᠭᠡᠷᠡᠭᠦᠯᠦᠯᠲᠡ ᠶᠢ ᠢᠳᠡᠪᠬᠢᠲᠡᠢ ᠠᠬᠢᠭᠤᠯᠵᠤ᠂ ᠲᠠᠷᠢᠶᠠᠯᠠᠩ ᠤᠨ ᠥᠨᠳᠥᠷ ᠲᠣᠭᠲᠠᠭᠤᠨ ᠤᠨᠠᠯᠲᠠ ᠳᠤ ᠬᠦᠴᠦ ᠨᠡᠮᠡᠷᠢᠯᠡᠨ᠎ᠡ᠃     ᠬᠠᠪᠤᠷ ᠣᠷᠣᠮᠠᠭᠴᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠤᠷᠭᠠᠰᠤᠲᠠᠢ ᠰᠢᠶᠠᠩ ᠤᠨ ᠪᠦᠦ ᠠᠨ ᠲᠣᠰᠬᠤᠨ ᠤ ᠲᠠᠷᠢᠶᠠᠨ ᠭᠠᠵᠠᠷ ᠲᠤ᠂ ᠲᠣᠰᠬᠤᠨ ᠤ ᠵᠥᠪᠯᠡᠯ ᠤᠨ ᠳᠡᠳ᠋ ᠡᠷᠬᠢᠯᠡᠭᠴᠢ ᠯᠢ ᠴᠠᠩ ᠬᠦᠢ ᠲᠠᠷᠢᠶᠠᠯᠠᠩ ᠤᠨ ᠮᠡᠷᠭᠡᠵᠢᠯ ᠤᠨ ᠠᠵᠢᠯᠲᠠᠳ ᠲᠠᠢ ᠲᠠᠷᠢᠶᠠᠨ ᠭᠠᠵᠠᠷ ᠤᠨ ᠬᠥᠷᠥᠰᠥ ᠰᠢᠷᠣᠢ ᠶᠢᠨ ᠪᠠᠶᠢᠳᠠᠯ ᠢ ᠪᠠᠶᠢᠴᠠᠭᠠᠨ ᠦᠵᠡᠵᠦ᠂ ᠲᠠᠷᠢᠬᠤ ᠴᠢᠭᠯᠡᠯ ᠢ ᠰᠤᠳᠤᠯᠵᠤ᠂ ᠡᠨᠡ ᠵᠢᠯ ᠤᠨ ᠰᠢᠷ᠎ᠠ ᠪᠤᠷᠴᠠᠭ ᠤᠨ ᠥᠨᠳᠥᠷ ᠤᠨᠠᠯᠲᠠ ᠶᠢᠨ ᠵᠠᠭᠪᠤᠷ ᠵᠢᠴᠢ ᠲᠠᠷᠢᠶᠠᠨ ᠭᠠᠵᠠᠷ ᠤᠨ ᠬᠠᠮᠢᠶᠠᠷᠤᠯᠲᠠ ᠶᠢᠨ ᠮᠡᠷᠭᠡᠵᠢᠯ ᠤᠨ ᠲᠣᠭᠤᠷᠢᠨ ᠳᠤ ᠪᠠᠶᠠᠵᠢᠯ ᠤᠨ ᠰᠠᠶᠢᠨ ᠠᠷᠭ᠎ᠠ ᠶᠢ ᠵᠥᠪᠳᠡᠵᠦ ᠪᠠᠶᠢᠯ᠎ᠠ  ᠃     ᠯᠢ ᠴᠠᠩ ᠬᠦᠶ ᠶᠢᠨ ᠲᠠᠨᠢᠯᠴᠠᠭᠤᠯᠤᠭᠰᠠᠨ ᠢᠶᠠᠷ᠂ ᠨᠢᠳᠤᠨᠤᠨ ᠪᠦᠦ ᠠᠨ ᠲᠣᠰᠬᠤᠨ ᠰᠢᠨ᠎ᠡ ᠡᠭᠦᠯᠳᠡᠷ ᠤᠨ ᠡᠷᠳᠡᠨᠢ ᠰᠢᠰᠢ ᠳᠠᠷᠢᠬᠤ ᠲᠥᠷᠥᠯ ᠵᠦᠢᠯ ᠢ ᠪᠥᠬᠦ ᠲᠣᠰᠬᠤᠨ ᠢᠶᠠᠷ ᠢᠶᠠᠨ ᠲᠦᠯᠬᠢᠨ ᠠᠬᠢᠭᠤᠯᠵᠤ᠂ ᠲᠠᠷᠢᠶᠠᠴᠢᠳ ᠲᠤ ᠪᠣᠳᠠᠲᠠᠢ ᠠᠰᠢᠭ ᠬᠦᠷᠲᠡᠭᠡᠵᠡᠢ᠂ ᠡᠶᠢᠮᠦ ᠠᠴᠠ ᠡᠨᠡ ᠵᠢᠯ ᠲᠣᠰᠬᠤᠨ ᠤ ︽ᠬᠤᠶᠠᠷ ᠵᠥᠪᠯᠡᠯ︾ ᠰᠢᠷ᠎ᠠ ᠪᠤᠷᠴᠠᠭ ᠤᠨ ᠰᠢᠨ᠎ᠡ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠠᠵᠢᠯ ᠢ ᠲᠦᠯᠬᠢᠨ ᠠᠬᠢᠭᠤᠯᠵᠤ᠂ ᠲᠣᠰᠬᠤᠨ ᠤ ᠠᠷᠠᠳ ᠤᠨ ᠢᠳᠡᠪᠬᠢᠵᠢᠯ ᠮᠠᠰᠢ ᠥᠨᠳᠥᠷ ᠪᠠᠶᠢᠨ᠎ᠠ᠃ ᠬᠠᠪᠤᠷ ᠤᠨ ᠲᠠᠷᠢᠶᠠᠯᠠᠭ᠎ᠠ ᠤᠳᠠᠯ ᠦᠭᠡᠢ ᠪᠣᠯᠬᠤ ᠭᠡᠵᠦ ᠪᠠᠶᠢᠭ᠎ᠠ ᠦᠶ᠎ᠡ ᠳᠤ ᠂ ᠲᠣᠰᠬᠤᠨ ᠤ ︽ᠬᠤᠶᠠᠷ ᠵᠥᠪᠯᠡᠯ︾ ᠶᠠᠭ ᠰᠠᠨᠠᠭᠠᠴᠢᠯᠠᠭ᠎ᠠ ᠠᠴᠠ ᠪᠠᠨ ᠲᠠᠷᠢᠶᠠᠯᠠᠩ ᠮᠠᠯ ᠠᠵᠤ ᠠᠬᠤᠢ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠲᠠᠢ ᠵᠣᠯᠭᠠᠭᠤᠯᠵᠤ᠂ ᠰᠢᠨ᠎ᠡ ᠲᠦᠷᠦᠯ ᠵᠦᠢᠯ ᠢ ᠰᠠᠶᠢᠲᠤᠷ ᠦᠷᠡᠵᠢᠭᠦᠯᠦᠨ ᠪᠣᠶᠢᠵᠢᠭᠤᠯᠵᠤ᠂ ᠲᠣᠰᠬᠤᠨ ᠤ ᠠᠷᠠᠳ ᠤᠨ ᠭᠠᠷᠤᠯᠲᠠ ᠶᠢ ᠨᠡᠮᠡᠭᠳᠡᠭᠦᠯᠵᠦ ᠣᠷᠣᠯᠭ᠎ᠠ ᠶᠢ ᠨᠡᠮᠡᠭᠳᠡᠭᠦᠯᠬᠦ ᠪᠠᠷ ᠴᠢᠷᠮᠠᠶᠢᠵᠤ ᠪᠠᠶᠢᠨ᠎ᠠ᠃    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠷᠴᠢᠨ ᠪᠠᠯᠭᠠᠰᠤᠨ ᠤ ᠫᠢᠩ ᠠᠨ ᠲᠣᠰᠬᠤᠨ ᠤ ᠠᠷᠠᠳ ᠤᠨ ᠵᠥᠪᠯᠡᠯ ᠳᠤ᠂ ᠺᠠᠳ᠋ᠷ ᠤᠯᠠᠨ ᠲᠦᠮᠡᠨ ᠲᠣᠭᠤᠷᠢᠨ ᠰᠠᠭᠤᠵᠤ᠂ ᠡᠨᠡ ᠵᠢᠯ ᠤᠨ ᠠᠮᠤ ᠪᠤᠳᠠᠭᠠᠨ ᠤ ᠦᠢᠯᠡᠳᠪᠦᠷᠢᠯᠡᠯ ᠤᠨ︽ᠲᠣᠭᠲᠠᠭᠤᠨ ᠤᠨᠠᠯᠲᠠ ᠶᠢ ᠲᠣᠭᠲᠠᠪᠤᠷᠢᠵᠢᠭᠤᠯᠵᠤ ᠶᠠᠰᠤ ᠴᠢᠨᠠᠷ ᠢ ᠳᠡᠭᠡᠭᠰᠢᠯᠡᠭᠦᠯᠬᠦ︾ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠲᠡ ᠠᠴᠠ ᠲᠥᠯᠥᠪᠵᠢᠭᠦᠯᠵᠦ᠂ ᠡᠷᠲᠡ ᠠᠴᠠ ᠪᠠᠶᠢᠷᠢᠯᠠᠭᠤᠯᠵᠤ᠂ ᠡᠷᠲᠡ ᠠᠴᠠ ᠨᠠᠶᠢᠳᠠᠪᠤᠷᠢᠵᠢᠭᠤᠯᠵᠤ᠂ ᠪᠦᠬᠦ ᠪᠠᠯᠭᠠᠰᠤᠨ ᠳᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ   ᠢ ᠥᠷᠨᠢᠭᠦᠯᠵᠡᠢ᠃     ᠲᠠᠷᠢᠶᠠᠯᠠᠩ ᠤᠨ ᠮᠡᠷᠭᠡᠵᠢᠯ ᠤᠨ ᠲᠠᠪᠰᠢᠯᠳᠠ ᠶᠢᠨ ᠬᠠᠭᠠᠰ ᠨᠢ ᠦᠷ᠎ᠡ ᠶᠢᠨ ᠦᠢᠯᠡᠰ ᠤᠨ ᠲᠠᠪᠰᠢᠯᠳᠠ ᠠᠴᠠ ᠢᠷᠡᠯᠲᠡ ᠲᠠᠢ ᠶᠤᠮ᠂ ᠲᠠᠷᠢᠶᠠᠯᠠᠩ ᠤᠨ ᠰᠢᠨ᠎ᠡ ᠡᠭᠦᠯᠳᠡᠷ ᠤᠨ ᠵᠢᠱᠢᠶ᠎ᠡ ᠦᠵᠡᠭᠦᠯᠬᠦ ᠮᠡᠷᠭᠡᠵᠢᠯ ᠨᠢ ᠰᠠᠨᠠᠭ᠎ᠠ ᠠᠮᠤᠷ᠂ ᠬᠦᠴᠦ ᠠᠷᠪᠢᠲᠠᠢ᠂ ᠲᠠᠷᠢᠶᠠᠨ ᠳᠤ ᠠᠷᠪᠢᠲᠠᠢ ᠪᠣᠯᠬᠤᠷ ᠤᠯᠠᠮᠵᠢᠯᠠᠯᠲᠤ ᠲᠠᠷᠢᠶᠠᠯᠠᠬᠤ ᠵᠠᠭᠪᠤᠷ ᠢ ᠬᠤᠪᠢᠷᠠᠭᠤᠯᠵᠤ᠂ ᠲᠠᠷᠢᠮᠠᠯ ᠤᠨ ᠤᠨᠠᠯᠲᠠ ᠶᠢ ᠨᠡᠮᠡᠭᠳᠡᠭᠦᠯᠬᠦ ᠪᠣᠯᠣᠨ᠎ᠠ᠃ 2021 ᠣᠨ   ᠠᠴᠠ 2022 ᠣᠨ ᠪᠣᠯᠲᠠᠯ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠦᠷ᠎ᠡ ᠶᠢᠨ ᠦᠢᠯᠡᠰ ᠢ ᠬᠥᠭᠵᠢᠭᠦᠯᠬᠦ ᠠᠵᠢᠯ ᠤᠨ ᠲᠣᠭᠤᠷᠢᠨ ᠳᠤ᠂ ᠰᠢᠨ᠎ᠡ ᠡᠭᠦᠯᠳᠡᠷ ᠢ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠬᠤᠶᠠᠷ ᠵᠢᠯ ᠤᠨ ᠵᠢᠱᠢᠶ᠎ᠡ ᠦᠵᠡᠭᠦᠯᠦᠨ ᠳᠡᠯᠭᠡᠷᠡᠭᠦᠯᠦᠨ ᠳᠠᠷᠢᠬᠤ ᠪᠠᠷ ᠳᠡᠮᠵᠢᠨ᠂ ᠣᠲᠣ ᠨᠢᠭᠡᠨᠲᠡ ᠨᠢᠭᠡ ᠢᠵᠢ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠮᠡᠷᠭᠡᠵᠢᠯ ᠤᠨ ᠬᠤᠷᠠᠮᠠᠯ ᠵᠠᠭᠪᠤᠷ ᠢ ᠳ᠋ᠦᠩᠨᠡᠨ ᠭᠠᠷᠭᠠᠭᠰᠠᠨ ᠪᠠᠶᠢᠨ᠎ᠠ᠃     ᠣᠶᠢᠯᠠᠭᠠᠭᠰᠠᠨ ᠢᠶᠠᠷ᠂ ᠡᠨᠡ ᠵᠢᠯ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠨ᠎ᠡ ᠡᠭᠦᠯᠳᠡᠷ ᠢ ᠳᠡᠯᠭᠡᠷᠡᠭᠦᠯᠬᠦ ᠡᠭᠦᠷᠭᠡ ᠶᠢ 23 ᠲᠦᠮᠡᠨ ᠮᠦ ᠳᠤ ᠪᠡᠶᠡᠯᠡᠭᠦᠯᠵᠦ᠂ ᠣᠳᠣᠬᠠᠨ ᠳᠤ 50 ᠶᠢ ᠨᠢ ᠨᠢᠭᠡᠨᠲᠡ ᠪᠡᠶᠡᠯᠡᠭᠦᠯᠵᠡᠢ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠲᠠᠷᠢᠶᠠᠯᠠᠩ ᠤᠨ ᠰᠢᠨ᠎ᠡ ᠡᠭᠦᠯᠳᠡᠷ ᠤᠨ ᠵᠢᠱᠢᠶ᠎ᠡ ᠦᠵᠡᠭᠦᠯᠬᠦ ᠮᠡᠷᠭᠡᠵᠢᠯ ᠢ ᠢᠳᠡᠪᠬᠢᠲᠡᠢ ᠪᠠᠷ ᠠᠬᠢᠭᠤᠯᠵᠤ᠂ ᠠᠮᠤ ᠪᠤᠳᠠᠭᠠᠨ ᠤ ᠲᠣᠭᠲᠠᠭᠤᠨ ᠪᠥᠭᠡᠳ ᠥᠨᠳᠥᠷ ᠤᠨᠠᠯᠲᠠ ᠲᠠᠢ ᠪᠠᠶᠢᠬᠤ ᠶᠢ ᠪᠠᠲᠤᠯᠠᠬᠤ ᠪᠠᠷ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号