ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠥᠰᠥᠯ ᠤᠨ ᠬᠠᠮᠢᠶᠠᠷᠤᠯᠲᠠ ᠶᠢᠨ ᠠᠷᠭ᠎ᠠ︾ ︵ᠲᠥᠷᠥ ᠠᠯᠪᠠᠨ ᠲᠠᠷᠬᠠᠭᠠᠭᠰᠠᠨ ︹ 2013 ︺ 101 ᠳ᠋ᠦ᠋ᠭᠡᠷ ᠲᠣᠭᠠᠲᠤ︶ | ᠶᠢᠨ ᠬᠤᠯᠪᠣᠭᠳᠠᠯ ᠪᠦᠬᠦᠢ ᠲᠣᠭᠲᠠᠭᠠᠯ ᠵᠢᠴᠢ ᠨᠠᠶᠢᠷᠠᠭᠤᠯᠤᠨ ᠵᠠᠰᠠᠬᠤ ᠠᠵᠢᠯ ᠤᠨ ᠴᠤᠪᠤᠷᠠᠯ ᠤᠨ ᠶᠣᠰᠣᠭᠠᠷ᠂ ᠬᠢᠩᠭᠠᠨ | ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠨᠢ 2021 ᠣᠨ ᠤ 10 ᠳ᠋ᠤᠭᠠᠷ | ᠰᠠᠷ᠎ᠠ ᠠᠴᠠ ᠡᠬᠢᠯᠡᠨ᠂ ︽ᠬᠢᠩᠭᠠᠨ ᠠᠶᠢᠮᠠᠭ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ | ᠲᠥᠰᠥᠯ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ ᠶᠡᠷᠦᠩᠬᠡᠢ ᠲᠥᠰᠥᠯ︾ ᠭᠡᠵᠦ ᠲᠣᠪᠴᠢᠯᠠᠨ᠎ᠠ︶ ᠳᠤ ᠵᠠᠰᠠᠪᠤᠷᠢ | ᠣᠷᠣᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ᠨᠢᠭᠡ᠂ ᠠᠬᠤᠢ ᠪᠠᠶᠢᠳᠠᠯ ᠵᠢᠴᠢ ᠶᠠᠪᠤᠴᠠ | ᠬᠢᠩᠭᠠᠨ ᠠᠶᠢᠮᠠᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠬᠤᠶᠢᠲᠤ ᠬᠡᠰᠡᠭ ᠲᠤ ᠪᠠᠶᠢᠷᠢᠯᠠᠵᠤ᠂ | ᠥᠷᠭᠡᠨ ᠠᠭᠤᠳᠠᠮ ᠨᠤᠲᠤᠭ ᠳᠡᠪᠢᠰᠬᠡᠷ ᠲᠠᠢ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ᠂ ᠲᠠᠷᠢᠶᠠᠯᠠᠩ ᠮᠠᠯ | ᠠᠵᠤ ᠠᠬᠤᠢ ᠶᠢᠨ ᠭᠠᠩ ᠭᠠᠮᠰᠢᠭ᠂ ᠴᠠᠰᠤᠨ ᠤ ᠭᠠᠮᠰᠢᠭ᠂ ᠡᠯᠡᠰᠦᠨ ᠰᠢᠭᠤᠷᠭ᠎ᠠ ᠵᠢᠴᠢ ᠨᠡᠭᠦᠷᠡᠰᠦᠨ ᠠᠭᠤᠷᠬᠠᠢ᠂ | ᠨᠡᠭᠦᠷᠡᠰᠦᠨ ᠤ ᠪᠤᠰᠤ ᠠᠭᠤᠷᠬᠠᠢ ᠶᠢᠨ ᠠᠭᠤᠯᠠ᠂ ᠬᠢᠮᠢ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠵᠡᠷᠭᠡ ᠲᠠᠯ᠎ᠠ ᠶᠢᠨ | ᠠᠳᠡᠯ ᠤᠨ ᠳᠠᠯᠳᠠ ᠬᠡᠮ ᠣᠯᠠᠨ ᠪᠠᠶᠢᠳᠠᠭ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠢᠳᠡᠭᠡᠨ ᠤ ᠵᠦᠢᠯ ᠡᠮ ᠤᠨ ᠵᠦᠢᠯ᠂ ᠮᠥᠩᠭᠦᠨ | ᠭᠦᠢᠯᠭᠡᠭᠡ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠵᠡᠷᠭᠡ ᠡᠯ᠎ᠡ ᠲᠥᠷᠥᠯ ᠤᠨ ᠨᠡᠶᠢᠭᠡᠮ ᠤᠨ ᠠᠮᠤᠷ ᠲᠦᠪᠰᠢᠨ ᠤ | ᠲᠦᠭᠰᠢᠭᠦᠷᠢ ᠰᠣᠯᠪᠢᠴᠠᠨ ᠳᠠᠪᠬᠤᠴᠠᠵᠤ᠂ ᠨᠡᠶᠢᠭᠡᠮ ᠤᠨ ᠠᠮᠤᠷ ᠲᠦᠪᠰᠢᠨ ᠢ ᠨᠥᠯᠥᠭᠡᠯᠡᠬᠦ ᠬᠦᠴᠦᠨ ᠵᠦᠢᠯ ᠡᠳᠦᠷ ᠢᠷᠡᠬᠦᠶ᠎ᠡ | ᠨᠡᠮᠡᠭᠳᠡᠵᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮᠵᠢ ᠪᠠ ᠵᠠᠰᠠᠬᠤ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠬᠤ ᠪᠣᠯ ᠨᠢᠭᠡ ᠵᠦᠢᠯ ᠤᠨ ᠲᠤᠯᠭᠠᠮ᠎ᠠ ᠡᠭᠦᠷᠭᠡ ᠪᠣᠯᠬᠤ ᠮᠥᠷᠲᠡᠭᠡᠨ ᠪᠠᠰᠠ ᠨᠢᠭᠡ ᠵᠦᠢᠯ ᠤᠨ | ᠣᠷᠳᠣ ᠬᠤᠭᠤᠴᠠᠭᠠᠨ ᠤ ᠡᠭᠦᠷᠭᠡ ᠪᠣᠯᠣᠨ᠎ᠠ᠃ | 2016 ᠣᠨ ᠳᠤ ︽ᠬᠢᠩᠭᠠᠨ ᠠᠶᠢᠮᠠᠭ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ | ᠲᠥᠰᠥᠯ︾ ᠢ ᠨᠡᠶᠢᠲᠡᠯᠡᠨ ᠬᠡᠷᠡᠭᠵᠢᠭᠦᠯᠦᠭᠰᠡᠨ ᠠᠴᠠ ᠨᠠᠰᠢ᠂ ᠪᠥᠬᠦ ᠠᠶᠢᠮᠠᠭ ᠤᠨ ᠬᠢᠨ ᠲᠣᠰ ᠲᠥᠰᠥᠯ ᠤᠨ ᠶᠣᠰᠣᠭᠠᠷ ᠠᠯᠢ | ᠣᠯᠠᠨ ᠬᠦᠨᠳᠦ ᠣᠨᠴᠠ ᠶᠡᠭᠡ ᠭᠡᠨᠡᠳᠲᠡ ᠶᠢᠨ ᠬᠡᠷᠡᠭ ᠢ ᠪᠦᠲᠦᠮᠵᠢᠲᠡᠶ ᠠᠷᠭᠠᠴᠠᠨ ᠰᠢᠢᠳᠪᠦᠷᠢᠯᠡᠵᠦ᠂ ᠠᠷᠠᠳ ᠲᠦᠮᠡᠨ ᠤ | ᠡᠷᠡᠭᠦᠯ ᠮᠡᠨᠳᠦ ᠪᠠ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ᠂ ᠪᠥᠬᠦ ᠠᠶᠢᠮᠠᠭ ᠤᠨ ᠠᠵᠤ ᠠᠬᠤᠢ | ᠨᠡᠶᠢᠭᠡᠮ ᠤᠨ ᠬᠥᠭᠵᠢᠯᠲᠡ ᠶᠢ ᠲᠦᠯᠬᠢᠨ ᠠᠬᠢᠭᠤᠯᠬᠤ ᠪᠠ ︽ᠬᠤᠶᠠᠷ ᠠᠮᠤᠷ ᠲᠦᠪᠰᠢᠨ︾ ᠤ ᠬᠠᠯᠬᠠᠪᠴᠢ ᠶᠢ | ᠪᠠᠬᠢᠵᠢᠭᠦᠯᠬᠦ ᠳᠤ ᠴᠢᠬᠤᠯᠠ ᠦᠢᠯᠡᠳᠦᠯ ᠪᠠᠳᠠᠷᠠᠭᠤᠯᠬᠤ ᠶᠢᠨ ᠬᠠᠮᠲᠤ ᠪᠠᠰᠠ ᠡᠳᠦᠢ ᠲᠡᠳᠦᠢ ᠲᠤᠷᠰᠢᠯᠭ᠎ᠠ ᠰᠤᠷᠭᠠᠮᠵᠢ | ᠬᠤᠷᠠᠮᠳᠤᠭᠤᠯᠵᠠᠢ᠃ ᠭᠡᠪᠡᠴᠦ ᠪᠠᠶᠢᠭᠤᠯᠤᠮᠵᠢ ᠶᠢᠨ ᠥᠭᠡᠷᠡᠴᠢᠯᠡᠯᠲᠡ ᠪᠣᠯᠣᠨ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠠᠵᠢᠯ ᠤᠨ ᠦᠢᠯᠡᠳᠦᠯᠭᠡ ᠶᠢᠨ ᠲᠠᠰᠤᠷᠠᠯᠲᠠ ᠦᠭᠡᠢ ᠪᠠᠶᠠᠯᠢᠭᠵᠢᠨ ᠬᠥᠭᠵᠢᠬᠦ ᠶᠢ ᠳᠠᠭᠠᠯᠳᠤᠨ᠂ | ᠭᠡᠨᠡᠳᠲᠡ ᠶᠢᠨ ᠬᠡᠷᠡᠭ ᠢ ᠠᠷᠭᠠᠴᠠᠬᠤ ᠠᠵᠢᠯ ᠳᠤ ᠵᠠᠷᠢᠮ ᠰᠢᠨ᠎ᠡ ᠱᠠᠭᠠᠷᠳᠠᠯᠭ᠎ᠠ᠂ ᠰᠢᠨ᠎ᠡ ᠪᠠᠶᠢᠳᠠᠯ᠂ ᠰᠢᠨ᠎ᠡ ᠠᠰᠠᠭᠤᠳᠠᠯ | ᠭᠠᠷᠴᠤ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶ᠎ᠠ ᠪᠦᠬᠦ ᠲᠠᠯ᠎ᠠ ᠶᠢᠨ ᠴᠢᠨᠠᠷᠲᠠᠢ ᠭᠠᠢ ᠭᠠᠮᠰᠢᠭ ᠠᠶᠤᠯ ᠲᠦᠭᠰᠢᠭᠦᠷᠢ ᠶᠢ ᠡᠷᠡᠰ | ᠰᠡᠷᠭᠡᠶᠢᠯᠡᠨ ᠡᠵᠡᠮᠳᠡᠬᠦ ᠶᠢ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠰᠠᠶᠢᠲᠤᠷ ᠬᠢᠬᠦ ᠶᠢᠨ ᠴᠢᠬᠤᠯᠠ ᠲᠠᠯ᠎ᠠ ᠪᠣᠯᠭᠠᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠪᠠ | ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠶᠠᠪᠤᠳᠠᠯ ᠢ ᠨᠡᠶᠢᠭᠡᠮ ᠤᠨ ᠵᠠᠰᠠᠯᠲᠠ ᠪᠠ ᠤᠯᠤᠰ ᠤᠨ ᠶᠡᠷᠦᠩᠬᠡᠢ | ᠠᠮᠤᠷ ᠲᠦᠪᠰᠢᠨ ᠤ ᠦᠵᠡᠯᠲᠡ ᠶᠢᠨ ᠲᠠᠯ᠎ᠠ ᠪᠠᠷ ᠰᠢᠨ᠎ᠡ ᠶᠢ ᠡᠭᠦᠳᠬᠦ ᠴᠢᠬᠤᠯᠠ ᠠᠭᠤᠯᠭ᠎ᠠ ᠪᠣᠯᠭᠠᠨ ᠪᠠᠶᠢᠷᠢᠯᠠᠭᠤᠯᠤᠭᠰᠠᠨ | ᠪᠥᠭᠡᠳ ᠬᠠᠤᠯᠢ ᠴᠠᠭᠠᠵᠠ᠂ ᠳᠦᠷᠢᠮ᠂ ᠲᠦᠷᠤ ᠶᠢᠨ ᠪᠣᠳᠣᠯᠭ᠎ᠠ᠂ ᠠᠵᠢᠯᠯᠠᠭ᠎ᠠ ᠶᠢᠨ ᠲᠠᠯ᠎ᠠ ᠪᠠᠷ ᠪᠣᠳᠠᠲᠠᠢ ᠲᠣᠬᠢᠷᠠᠭᠤᠯᠤᠯᠲᠠ | ᠬᠢᠭᠰᠡᠨ ᠪᠠᠶᠢᠨ᠎ᠠ᠃ ᠡᠭᠦᠨ ᠤ ᠬᠠᠮᠲᠤ᠂ ᠦᠢᠯᠡᠳᠦᠯᠭᠡ ᠶᠢᠨ ᠳᠤᠮᠳᠠ᠂ ᠤᠤᠯ ᠤᠨ ︽ᠶᠡᠷᠦᠩᠬᠡᠢ ᠲᠥᠰᠥᠯ︾ ᠳᠤ ᠪᠠᠰᠠ | ᠵᠢᠯᠤᠭᠤᠳᠬᠤ ᠴᠢᠨᠠᠷ᠂ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠴᠢᠩᠭ᠎ᠠ ᠪᠢᠰᠢ ᠪᠠᠶᠢᠬᠤ ᠶᠢ | ᠢᠯᠡᠷᠡᠭᠦᠯᠵᠦ᠂ ᠵᠣᠬᠢᠶᠠᠨ ᠪᠠᠶᠢᠭᠤᠯᠵᠤ ᠵᠢᠯᠤᠭᠤᠳᠬᠤ ᠰᠢᠰᠲ᠋ᠧᠮᠵᠢ ᠪᠣᠯᠣᠨ ᠶᠡᠷᠦᠩᠬᠡᠶᠢᠯᠡᠨ ᠵᠣᠬᠢᠴᠠᠭᠤᠯᠬᠤ ᠪᠠᠶᠢᠭᠤᠯᠤᠯ | ᠲᠡᠭᠦᠯᠳᠡᠷ ᠪᠤᠰᠤ᠂ ᠬᠡᠷᠡᠭ ᠤᠨ ᠲᠡᠰ ᠬᠤᠪᠢᠶᠠᠬᠤ ᠪᠠ ᠲᠠᠭᠠᠵᠦ ᠬᠢᠬᠦ ᠲᠡᠰ ᠬᠤᠪᠢᠶᠠᠬᠤ ᠨᠢ ᠲᠣᠳᠣᠷᠬᠠᠢ ᠦᠭᠡᠢ᠂ ᠰᠠᠯᠠᠭ᠎ᠠ | ᠮᠥᠴᠢᠷ ᠤᠨ ᠬᠠᠷᠢᠭᠤᠴᠠᠯᠭ᠎ᠠ ᠶᠢᠨ ᠬᠤᠪᠢᠶᠠᠷᠢᠯᠠᠯ ᠨᠢ ᠲᠣᠳᠣᠷᠬᠠᠢ ᠦᠭᠡᠢ᠂ ︽ᠰᠡᠷᠭᠡᠶᠢᠯᠡᠬᠦ︾ ᠪᠠ ︽ᠠᠪᠤᠷᠠᠬᠤ︾ ᠶᠢ ᠵᠠᠪᠰᠠᠷ | ᠦᠭᠡᠢ ᠵᠣᠯᠭᠠᠭᠤᠯᠬᠤ ᠬᠠᠷᠢᠭᠤᠴᠠᠯᠭ᠎ᠠ ᠶᠢᠨ ᠬᠡᠯᠬᠢᠶ᠎ᠡ ᠨᠢ ᠬᠤᠭᠤᠰᠤᠨ ᠬᠤᠷᠢᠭ᠎ᠠ ᠲᠠᠢ ᠪᠠᠶᠢᠬᠤ᠂ ᠪᠠᠴᠢᠮ ᠪᠠᠶᠢᠳᠠᠯ ᠢ | ᠠᠷᠭᠠᠴᠠᠬᠤ ᠪᠠᠲᠤᠯᠠᠭ᠎ᠠ ᠶᠢᠨ ᠴᠢᠳᠠᠪᠤᠷᠢ ᠬᠦᠷᠦᠯᠴᠡᠬᠦ ᠦᠭᠡᠢ ᠪᠠᠶᠢᠬᠤ ᠵᠡᠷᠭᠡ ᠠᠰᠠᠭᠤᠳᠠᠯ ᠨᠢ ︽ ᠶᠡᠷᠦᠩᠬᠡᠢ ᠪᠡᠯᠡᠳᠬᠡᠯ | ᠲᠥᠰᠥᠯ︾ ᠤᠨ ᠭᠡᠨᠡᠳᠲᠡ ᠶᠢᠨ ᠬᠡᠷᠡᠭ ᠢ ᠡᠮᠬᠢ ᠵᠢᠷᠤᠮ ᠲᠠᠢ ᠰᠡᠷᠭᠡᠶᠢᠯᠡᠬᠦ ᠪᠠ ᠥᠨᠳᠥᠷ ᠪᠦᠲᠦᠮᠵᠢᠲᠡᠶ ᠪᠠᠷ | ᠰᠢᠢᠳᠪᠦᠷᠢᠯᠡᠬᠦ ᠶᠢᠨ ᠲᠤᠯᠭᠠᠭᠤᠷᠢᠯᠠᠬᠤ ᠦᠢᠯᠡᠳᠦᠯ ᠢ ᠬᠢᠵᠠᠭᠠᠷᠯᠠᠵᠤ ᠪᠠᠶᠢᠨ᠎ᠠ᠃ | ᠳᠡᠭᠡᠷ᠎ᠡ ᠳᠤᠷᠠᠳᠤᠭᠰᠠᠨ ᠪᠠᠶᠢᠳᠠᠯ ᠠᠴᠠ ᠦᠵᠡᠪᠡᠯ᠂ 2021 ᠣᠨ ᠤ 10 ᠰᠠᠷ᠎ᠠ ᠳᠤ᠂ ᠬᠢᠩᠭᠠᠨ ᠠᠶᠢᠮᠠᠭ ᠤᠨ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠲᠤᠰᠬᠠᠢ ᠬᠥᠮᠥᠨ ᠢ ᠵᠣᠬᠢᠶᠠᠨ ᠪᠠᠶᠢᠭᠤᠯᠵᠤ ︽ ᠬᠢᠩᠭᠠᠨ | ᠠᠶᠢᠮᠠᠭ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ︾ ᠳᠤ ᠵᠠᠰᠠᠪᠤᠷᠢ ᠣᠷᠣᠭᠤᠯᠵᠤ᠂ | ᠮᠠᠨ ᠤ ᠠᠶᠢᠮᠠᠭ ᠤᠨ ᠪᠣᠳᠠᠲᠠᠢ ᠪᠠᠶᠢᠳᠠᠯ ᠳᠤ ᠰᠠᠭᠤᠷᠢᠯᠠᠨ᠂ ᠪᠠᠴᠢᠮ ᠪᠠᠶᠢᠳᠠᠯ ᠢ ᠠᠷᠭᠠᠴᠠᠬᠤ ᠲᠥᠰᠥᠯ ᠤᠨ ᠰᠢᠰᠲ᠋ᠧᠮᠵᠢ ᠶᠢ | ᠰᠢᠯᠢᠳᠡᠭᠵᠢᠭᠦᠯᠬᠦ᠂ ᠵᠣᠬᠢᠶᠠᠨ ᠪᠠᠶᠢᠭᠤᠯᠵᠤ ᠵᠢᠯᠤᠭᠤᠳᠬᠤ ᠰᠢᠰᠲ᠋ᠧᠮᠵᠢ ᠶᠢ ᠲᠡᠭᠦᠯᠳᠡᠷᠵᠢᠭᠦᠯᠬᠦ᠂ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠬᠤ᠂ ᠳᠠᠭᠠᠬᠤ ᠲᠣᠭᠲᠠᠴᠠ ᠶᠢ ᠴᠢᠩᠭᠠᠷᠠᠭᠤᠯᠬᠤ᠂ ᠡᠯ᠎ᠡ | ᠵᠠᠩᠭᠢᠯᠠᠭ᠎ᠠ ᠶᠢᠨ ᠬᠠᠷᠢᠭᠤᠴᠠᠯᠭ᠎ᠠ ᠶᠢᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠬᠤ ᠪᠠᠷ ᠭᠤᠣᠯᠳᠠᠯᠭ᠎ᠠ ᠪᠣᠯᠭᠠᠨ᠂ ᠮᠠᠨ ᠤ | ᠠᠶᠢᠮᠠᠭ ᠤᠨ ︽ᠶᠡᠷᠦᠩᠬᠡᠢ ᠲᠥᠰᠥᠯ︾ ᠳᠤ ᠵᠠᠰᠠᠪᠤᠷᠢ ᠣᠷᠣᠭᠤᠯᠬᠤ ᠠᠵᠢᠯ ᠢ ᠬᠢᠨᠠᠮᠠᠭᠠᠢ ᠵᠣᠬᠢᠶᠠᠨ ᠪᠠᠶᠢᠭᠤᠯᠪᠠ᠃ | ᠪᠡᠯᠡᠳᠬᠡᠯ ᠲᠥᠰᠥᠯ ᠢ ᠨᠠᠶᠢᠷᠠᠭᠤᠯᠤᠨ ᠵᠠᠰᠠᠬᠤ ᠠᠵᠢᠯ ᠤᠨ ᠲᠣᠭᠲᠠᠭᠠᠯ ᠪᠠ ᠵᠢᠷᠤᠮ ᠤᠨ ᠱᠠᠭᠠᠷᠳᠠᠯᠭ᠎ᠠ ᠶᠣᠰᠣᠭᠠᠷ᠂ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠠᠶᠢᠮᠠᠭ ᠤᠨ ᠰᠢᠭᠤᠳ ᠬᠠᠷᠢᠶ᠎ᠠ ᠡᠯ᠎ᠡ | ᠬᠤᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠣᠪᠴᠢᠶ᠎ᠠ ᠵᠢᠴᠢ ᠬᠤᠯᠪᠣᠭᠳᠠᠯ ᠪᠦᠬᠦᠢ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠢ᠂ ᠳᠤᠮᠳᠠ ᠣᠷᠣᠨ ᠤ ᠰᠢᠭᠤᠳ ᠬᠠᠷᠢᠶ᠎ᠠ ᠬᠠᠮᠢᠶᠠᠷᠤᠯᠲᠠ ᠶᠢᠨ ᠨᠢᠭᠡᠴᠢ ᠶᠢᠨ ᠰᠠᠨᠠᠯ ᠢ ᠬᠤᠷᠢᠶᠠᠵᠤ᠂ | ᠣᠯᠠᠨ ᠤᠳᠠᠭ᠎ᠠ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠭᠰᠡᠨ ᠤ ᠳᠠᠷᠠᠭ᠎ᠠ ︽ ᠬᠢᠩᠭᠠᠨ ᠠᠶᠢᠮᠠᠭ ᠤᠨ ᠭᠡᠨᠡᠳᠲᠡ ᠶᠢᠨ | ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ ︵ᠬᠦᠷᠭᠡᠨ ᠬᠢᠨᠠᠭᠤᠯᠬᠤ ᠨᠣᠣᠷᠠᠭ︶︾ ᠢ ᠪᠣᠶ ᠪᠣᠯᠭᠠᠵᠤ᠂ | ᠠᠶᠢᠮᠠᠭ ᠵᠠᠬᠢᠷᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠶᠠᠷᠢᠯᠴᠠᠭᠤᠯᠵᠤ ᠪᠠᠲᠤᠯᠠᠭᠤᠯᠤᠭᠰᠠᠨ ᠤ ᠳᠠᠷᠠᠭ᠎ᠠ ᠳᠠᠷᠤᠮᠠᠯᠯᠠᠨ | ᠲᠠᠷᠬᠠᠭᠠᠪᠠ᠃ | ᠬᠤᠶᠠᠷ᠂ ᠪᠡᠯᠡᠳᠬᠡᠯ ᠲᠥᠰᠥᠯ ᠳᠤ ᠵᠠᠰᠠᠪᠤᠷᠢ ᠣᠷᠣᠭᠤᠯᠬᠤ ᠶᠡᠷᠦᠩᠬᠡᠢ ᠰᠡᠳᠬᠢᠴᠡ ᠪᠠ ᠦᠨᠳᠦᠰᠦᠨ ᠪᠣᠷᠣ ᠲᠥᠯᠥᠪ | ᠪᠡᠯᠡᠳᠬᠡᠯ ᠲᠥᠰᠥᠯ ᠳᠤ ᠵᠠᠰᠠᠪᠤᠷᠢ ᠣᠷᠣᠭᠤᠯᠬᠤ ᠠᠵᠢᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ | ᠰᠢ ᠶᠢᠨ ᠫᠢᠩ ᠶᠡᠷᠦᠩᠬᠡᠢ ᠱᠦᠵᠢ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ | ᠠᠪᠤᠷᠠᠬᠤ ᠰᠢᠷᠢᠰ ᠴᠢᠬᠤᠯᠠ ᠥᠭᠦᠯᠡᠯᠲᠡ ᠪᠣᠯᠣᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶᠠᠨ ᠤ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠨᠢ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ | ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ︽ᠶᠡᠷᠦᠩᠬᠡᠢ ᠲᠥᠰᠥᠯ︾ | ᠳᠤ ᠵᠠᠰᠠᠪᠤᠷᠢ ᠣᠷᠣᠭᠤᠯᠬᠤ ᠶᠡᠷᠦᠩᠬᠡᠢ ᠰᠡᠳᠬᠢᠴᠡ ᠶᠢᠨ ᠲᠠᠯ᠎ᠠ ᠪᠠᠷ᠂ ᠳᠣᠣᠷᠠᠬᠢ ᠬᠡᠳᠦᠨ ᠲᠠᠯ᠎ᠠ ᠶᠢ ᠭᠤᠣᠯᠳᠠᠯᠭ᠎ᠠ ᠲᠠᠢ | ᠡᠵᠡᠮᠰᠢᠵᠡᠢ᠄ | ᠨᠢᠭᠡ ᠳᠤ ᠂ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠬᠤ ᠶᠢ ᠪᠠᠷᠢᠮᠲᠠᠯᠠᠨ᠎ᠠ᠃ ᠨᠠᠮ ᠤᠨ | ᠬᠤᠷᠢᠶᠠᠨ ᠤ ᠨᠢᠭᠡᠳᠦᠯᠲᠡᠢ ᠤᠳᠤᠷᠢᠳᠤᠯᠭ᠎ᠠ ᠳᠣᠣᠷ᠎ᠠ ᠡᠯ᠎ᠡ ᠱᠠᠲᠤᠨ ᠤ ᠵᠠᠰᠠᠭ ᠤᠨ ᠣᠷᠳᠣᠨ ᠤ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠲᠣᠳᠣᠷᠬᠠᠢ | ᠲᠣᠭᠲᠠᠭᠠᠵᠤ᠂ ᠡᠯ᠎ᠡ ᠱᠠᠲᠤᠨ ᠤ ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ ︽ᠨᠢᠭᠡ ᠲᠠᠯ᠎ᠠ ᠶᠢᠨ ᠬᠥᠭᠵᠢᠯᠲᠡ ᠶᠢ | ᠠᠬᠢᠭᠤᠯᠵᠤ᠂ ᠨᠢᠭᠡ ᠲᠠᠯ᠎ᠠ ᠶᠢᠨ ᠠᠮᠤᠷ ᠲᠦᠪᠰᠢᠨ ᠢ ᠪᠠᠲᠤᠯᠠᠬᠤ︾ ᠤᠯᠤᠰ ᠲᠥᠷᠥ ᠶᠢᠨ ᠬᠠᠷᠢᠭᠤᠴᠠᠯᠭ᠎ᠠ ᠶᠢ ᠴᠢᠩᠭᠠᠳᠬᠠᠨ᠂ | ᠠᠶᠤᠯ ᠠᠴᠠ ᠠᠪᠤᠷᠠᠨ ᠲᠤᠰᠠᠯᠠᠬᠤ ᠠᠵᠢᠯ ᠤᠨ ᠳᠤᠮᠳᠠᠬᠢ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ | ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ | ᠬᠤᠶᠠᠷ ᠲᠤ ᠂ ︽ᠠᠷᠠᠳ ᠲᠦᠮᠡᠨ ᠢᠶᠠᠷ ᠭᠤᠣᠯ ᠪᠣᠯᠭᠠᠵᠤ᠂ ᠠᠮᠢ ᠨᠠᠰᠤ ᠶᠢ ᠳᠡᠭᠡᠳᠦᠯᠡᠬᠦ︾ ᠦᠵᠡᠯ ᠰᠠᠨᠠᠭ᠎ᠠ ᠶᠢ | ᠪᠠᠷᠢᠮᠲᠠᠯᠠᠨ᠂ ᠬᠡᠷᠡᠭ ᠤᠨ ᠡᠮᠦᠨ᠎ᠡ ᠪᠠ ᠬᠡᠷᠡᠭ ᠤᠨ ᠳᠤᠮᠳᠠ ᠪᠠ ᠬᠡᠷᠡᠭ ᠤᠨ ᠳᠠᠷᠠᠭᠠᠬᠢ ᠡᠯ᠎ᠡ ᠱᠠᠲᠤᠨ ᠤ ᠠᠷᠭ᠎ᠠ ᠬᠡᠮᠵᠢᠶ᠎ᠡ ᠶᠢ | ᠴᠢᠩᠭᠠᠳᠬᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ᠂ ᠠᠪᠤᠷᠠᠨ ᠲᠤᠰᠠᠯᠠᠵᠤ | ᠰᠢᠢᠳᠪᠦᠷᠢᠯᠡᠬᠦ᠂ ᠰᠡᠷᠭᠦᠭᠡᠨ ᠲᠠᠬᠢᠨ ᠪᠠᠶᠢᠭᠤᠯᠬᠤ ᠵᠡᠷᠭᠡ ᠠᠵᠢᠯ ᠤᠨ ᠠᠷᠭ᠎ᠠ ᠬᠡᠮᠵᠢᠶ᠎ᠡ ᠶᠢᠨ ᠬᠠᠨᠳᠤᠯᠭᠠᠲᠤ ᠴᠢᠨᠠᠷ ᠪᠠ | ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠠᠶᠢᠬᠤ ᠶᠢ ᠦᠨᠡᠨ ᠬᠦ ᠪᠠᠲᠤᠯᠠᠨ᠎ᠠ ᠃ ᠨᠠᠰᠤᠲᠠᠨ᠂ ᠨᠢᠯᠬ᠎ᠠ᠂ ᠡᠪᠡᠳᠴᠢᠨ ᠲᠠᠢ᠂ | ᠵᠡᠮᠳᠡᠭ᠂ ᠵᠢᠷᠮᠦᠰᠦᠨ ᠵᠡᠷᠭᠡ ᠣᠨᠴᠣᠭᠤᠢ ᠬᠥᠮᠥᠰ ᠪᠠ ᠰᠤᠷᠭᠠᠭᠤᠯᠢ ᠵᠡᠷᠭᠡ ᠣᠨᠴᠣᠭᠤᠢ ᠲᠠᠯᠠᠪᠤᠷ ᠲᠤ ᠴᠢᠭᠯᠡᠭᠦᠯᠦᠨ᠂ | ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠪᠠ ᠠᠷᠭᠠᠴᠠᠬᠤ ᠠᠷᠭ᠎ᠠ ᠬᠡᠮᠵᠢᠶ᠎ᠡ ᠠᠪᠬᠤ ᠲᠠᠯ᠎ᠠ ᠪᠠᠷ ᠤᠷᠢᠳᠠᠪᠠᠷ | ᠲᠣᠬᠢᠷᠠᠭᠤᠯᠬᠤ ᠶᠢ ᠲᠣᠳᠣᠷᠬᠠᠶᠢᠯᠠᠵᠤ᠂ ᠪᠣᠳᠠᠲᠠᠢ ᠬᠦᠴᠢᠷᠳᠡᠯ ᠢ ᠤᠷᠢᠳᠠᠪᠠᠷ ᠰᠢᠢᠳᠪᠦᠷᠢᠯᠡᠨ᠎ᠡ᠃ | ᠭᠤᠷᠪᠠ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠣᠭᠲᠠᠴᠠ ᠶᠢᠨ ᠰᠢᠨ᠎ᠡ ᠶᠢ ᠡᠭᠦᠳᠦᠨ᠎ᠡ᠃ | ᠣᠶᠢᠷ᠎ᠠ ᠶᠢᠨ ᠵᠢᠯ ᠳᠤ ᠡᠭᠦᠰᠦᠭᠰᠡᠨ ᠬᠦᠨᠳᠦ ᠣᠨᠴᠠ ᠶᠡᠭᠡ ᠪᠠᠶᠢᠭᠠᠯᠢ ᠶᠢᠨ ᠭᠠᠮᠰᠢᠭ᠂ ᠦᠢᠯᠡᠳᠪᠦᠷᠢᠯᠡᠯ ᠤᠨ ᠠᠮᠤᠷ | ᠲᠦᠪᠰᠢᠨ ᠤ ᠠᠳᠡᠯ ᠬᠡᠷᠡᠭ ᠲᠤ ᠴᠢᠭᠯᠡᠭᠦᠯᠦᠨ᠂ ᠢᠯᠠᠩᠭᠤᠶ᠎ᠠ ᠠᠭᠤᠰᠬᠢᠨ ᠦᠷᠪᠢᠰᠦᠯ ᠤᠨ ᠰᠢᠨ᠎ᠡ ᠬᠢᠵᠢᠭ ᠡᠭᠦᠰᠦᠭᠰᠡᠨ ᠠᠴᠠ | ᠨᠠᠰᠢ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ᠂ | ᠦᠢᠯᠡᠳᠦᠯᠭᠡ ᠶᠢᠨ ᠲᠤᠷᠰᠢᠯᠭ᠎ᠠ ᠪᠠᠨ ᠳ᠋ᠦᠩᠨᠡᠵᠦ᠂ ᠭᠡᠨᠡᠳᠲᠡ ᠶᠢᠨ ᠬᠡᠷᠡᠭ ᠭᠠᠷᠪᠠᠯ ᠶᠠᠭᠠᠬᠢᠬᠤ᠂ ᠤᠷᠢᠳᠴᠢᠯᠠᠨ | ᠰᠡᠷᠡᠮᠵᠢᠯᠡᠭᠦᠯᠵᠦ ᠳᠠᠭᠠᠬᠤ ᠶᠢ ᠬᠡᠷᠬᠢᠨ ᠬᠢᠬᠦ᠂ ᠲᠣᠬᠢᠷᠠᠭᠤᠯᠤᠨ ᠵᠢᠯᠤᠭᠤᠳᠬᠤ ᠶᠢ ᠬᠡᠷᠬᠢᠨ ᠲᠣᠬᠢᠷᠠᠭᠤᠯᠬᠤ᠂ ᠬᠦᠴᠦᠨ ᠤ | ᠣᠷᠣᠭᠤᠯᠤᠯᠲᠠ ᠶᠢ ᠬᠡᠷᠬᠢᠨ ᠣᠷᠣᠭᠤᠯᠬᠤ᠂ ᠪᠠᠴᠢᠮ ᠪᠠᠶᠢᠳᠠᠯ ᠢ ᠬᠡᠷᠬᠢᠨ ᠰᠢᠢᠳᠪᠦᠷᠢᠯᠡᠬᠦ᠂ ᠠᠷᠤ ᠲᠠᠯ᠎ᠠ ᠶᠢᠨ | ᠦᠢᠯᠡᠴᠢᠯᠡᠭᠡᠨ ᠤ ᠪᠠᠲᠤᠯᠠᠭ᠎ᠠ ᠶᠢ ᠬᠡᠷᠬᠢᠨ ᠪᠠᠲᠤᠯᠠᠬᠤ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠪᠡ᠃ | ᠤᠤᠯ ᠤᠨ ︽ᠶᠡᠷᠦᠩᠬᠡᠢ ᠪᠡᠯᠡᠳᠬᠡᠯ ᠲᠥᠰᠥᠯ︾ ᠳᠤ ᠢᠯᠡᠷᠡᠭᠰᠡᠨ ᠪᠠᠭᠤᠷᠠᠢ ᠵᠠᠩᠭᠢᠯᠠᠭ᠎ᠠ ᠶᠢ ᠨᠥᠬᠦᠪᠦᠷᠢᠯᠡᠨ ᠴᠢᠩᠭᠠᠳᠬᠠᠪᠠ᠃ | ᠳᠥᠷᠪᠡ ᠳᠤ᠂ ᠱᠠᠲᠤ ᠬᠤᠪᠢᠶᠠᠨ ᠬᠠᠷᠢᠭᠤᠴᠠᠵᠤ᠂ ᠬᠠᠷᠢᠶ᠎ᠠ ᠣᠷᠣᠨ ᠤ ᠬᠠᠮᠢᠶᠠᠷᠤᠯᠲᠠ ᠪᠠᠷ ᠭᠤᠣᠯ ᠪᠣᠯᠭᠠᠬᠤ ᠶᠢ | ᠪᠠᠷᠢᠮᠲᠠᠯᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠶᠢᠮᠠᠭ᠂ ᠬᠤᠰᠢᠭᠤ ᠰᠢᠶᠠᠨ ᠬᠤᠲᠠ ᠶᠢᠨ | ᠪᠠᠴᠢᠮ ᠪᠠᠶᠢᠳᠠᠯ ᠢ ᠠᠷᠭᠠᠴᠠᠬᠤ ᠤᠳᠤᠷᠢᠳᠬᠤ ᠪᠠᠶᠢᠭᠤᠯᠤᠮᠵᠢ ᠪᠠ ᠵᠣᠬᠢᠶᠠᠨ ᠪᠠᠶᠢᠭᠤᠯᠤᠨ ᠵᠣᠬᠢᠴᠠᠭᠤᠯᠬᠤ ᠪᠠᠶᠢᠭᠤᠯᠤᠮᠵᠢ ᠶᠢ | ᠲᠣᠳᠣᠷᠬᠠᠢ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠰᠠᠯᠠᠭ᠎ᠠ ᠮᠥᠴᠢᠷ ᠪᠠ | ᠭᠡᠨᠡᠳᠲᠡ ᠶᠢᠨ ᠬᠡᠷᠡᠭ ᠢ ᠠᠷᠭᠠᠴᠠᠬᠤ ᠶᠢ ᠲᠦᠷᠦᠭᠦᠯᠡᠨ ᠬᠢᠬᠦ ᠰᠠᠯᠠᠭ᠎ᠠ ᠮᠥᠴᠢᠷ ᠤᠨ ᠨᠢᠭᠡᠳᠦᠯᠲᠡᠢ ᠲᠥᠯᠥᠪᠯᠡᠨ | ᠵᠣᠬᠢᠴᠠᠭᠤᠯᠬᠤ᠂ ᠶᠡᠷᠦᠩᠬᠡᠶᠢᠯᠡᠨ ᠵᠢᠯᠤᠭᠤᠳᠬᠤ᠂ ᠰᠢᠮᠳᠠᠭᠤᠯᠤᠨ ᠨᠠᠶᠢᠳᠠᠪᠤᠷᠢᠵᠢᠭᠤᠯᠬᠤ ᠵᠡᠷᠭᠡ ᠡᠭᠦᠷᠭᠡ ᠴᠢᠳᠠᠪᠤᠷᠢ ᠶᠢᠨ | ᠦᠢᠯᠡᠳᠦᠯ ᠢ ᠴᠢᠩᠭᠠᠷᠠᠭᠤᠯᠤᠨ᠂ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠬᠠᠷᠢᠭᠤᠴᠠᠯᠭ᠎ᠠ ᠪᠠᠨ ᠡᠭᠦᠷᠭᠡᠯᠡᠵᠦ᠂ | ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯ ᠬᠢᠬᠦ ᠶᠢ ᠦᠨᠡᠨᠬᠦ ᠪᠠᠲᠤᠯᠠᠬᠤ ᠬᠡᠷᠡᠭᠲᠡᠢ᠃ | ᠲᠠᠪᠤ ᠳᠤ ᠂ ᠬᠠᠤᠯᠢ ᠶᠣᠰᠣᠭᠠᠷ ᠦᠨᠳᠦᠰᠦᠨ ᠱᠠᠲᠤᠨ ᠤ ᠰᠠᠭᠤᠷᠢ ᠪᠣᠯᠬᠤ ᠦᠢᠯᠡᠳᠦᠯ ᠢ ᠲᠤᠪᠤᠶᠢᠯᠭᠠᠬᠤ ᠶᠢ | ᠪᠠᠷᠢᠮᠲᠠᠯᠠᠪᠠ᠃ ︽ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾ ︽ᠤᠯᠤᠰ ᠤᠨ ᠭᠡᠨᠡᠳᠲᠡ ᠶᠢᠨ ᠣᠯᠠᠨ ᠨᠡᠶᠢᠲᠡ ᠶᠢᠨ | ᠬᠡᠷᠡᠭ ᠤᠨ ᠶᠡᠷᠦᠩᠬᠡᠢ ᠪᠡᠯᠡᠳᠬᠡᠯ ᠲᠥᠰᠥᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ | ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠪᠡᠯᠡᠳᠬᠡᠯ ᠲᠥᠰᠥᠯ ︵ᠲᠤᠷᠰᠢᠨ ᠬᠡᠷᠡᠭᠵᠢᠭᠦᠯᠬᠦ︶︾ ︽ᠬᠢᠩᠭᠠᠨ | ᠠᠶᠢᠮᠠᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ | ᠲᠣᠭᠲᠠᠭᠠᠯ ᠪᠠ ᠪᠢᠴᠢᠭ ᠮᠠᠲ᠋ᠧᠷᠢᠶᠠᠯ ᠢᠶᠠᠷ ᠦᠨᠳᠦᠰᠦᠯᠡᠯ ᠪᠣᠯᠭᠠᠬᠤ ᠶᠢ ᠪᠠᠷᠢᠮᠲᠠᠯᠠᠵᠤ᠂ ᠪᠡᠯᠡᠳᠬᠡᠯ ᠲᠥᠰᠥᠯ ᠤᠨ | ᠠᠭᠤᠯᠭ᠎ᠠ ᠶᠢᠨ ᠬᠠᠤᠯᠢ ᠲᠣᠭᠲᠠᠭᠠᠯ ᠳᠤ ᠨᠡᠶᠢᠴᠡᠬᠦ ᠶᠢ ᠦᠨᠡᠨᠬᠦ ᠪᠠᠲᠤᠯᠠᠨ᠎ᠠ᠃ | ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠬᠢᠩᠭᠠᠨ ᠠᠶᠢᠮᠠᠭ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠬᠤ ᠶᠡᠷᠦᠩᠬᠡᠢ ᠲᠥᠰᠥᠯ ︵ᠲᠤᠷᠰᠢᠨ ᠬᠡᠷᠡᠭᠵᠢᠭᠦᠯᠬᠦ︶︾ ᠤᠨ ᠦᠨᠳᠦᠰᠦᠨ ᠪᠣᠷᠣ ᠲᠥᠯᠥᠪ ᠢ ᠲᠠᠪᠤᠨ ᠬᠡᠰᠡᠭ ᠲᠤ | ᠬᠤᠪᠢᠶᠠᠵᠤ᠂ 6 ᠪᠦᠯᠦᠭ ᠬᠡᠰᠡᠭ ᠢᠶᠠᠷ ᠪᠦᠷᠢᠯᠳᠦᠪᠡ᠃ | ᠨᠢᠭᠡᠳᠦᠭᠡᠷ ᠬᠡᠰᠡᠭ᠄ ᠲᠤᠬᠠᠶᠢᠯᠠᠪᠠᠯ ᠨᠢᠭᠡᠳᠦᠭᠡᠷ ᠪᠦᠯᠦᠭ ︽ᠶᠡᠷᠦᠩᠬᠡᠢ ᠳᠦᠷᠢᠮ︾ ᠳᠤ᠂ ᠪᠡᠯᠡᠳᠬᠡᠯ ᠲᠥᠰᠥᠯ ᠢ | ᠨᠠᠶᠢᠷᠠᠭᠤᠯᠤᠨ ᠵᠣᠬᠢᠶᠠᠬᠤ ᠶᠢᠨ ᠵᠢᠯᠤᠭᠤᠳᠬᠤ ᠦᠵᠡᠯ ᠰᠠᠨᠠᠭ᠎ᠠ᠂ ᠬᠠᠤᠯᠢ ᠴᠠᠭᠠᠵᠠ ᠶᠢᠨ ᠦᠨᠳᠦᠰᠦ ᠪᠠᠷᠢᠮᠲᠠ᠂ ᠬᠡᠷᠡᠭᠯᠡᠬᠦ | ᠬᠡᠪᠴᠢᠶ᠎ᠡ᠂ ᠠᠵᠢᠯ ᠤᠨ ᠵᠠᠷᠴᠢᠮ᠂ ᠭᠡᠨᠡᠳᠲᠡ ᠶᠢᠨ ᠬᠡᠷᠡᠭ ᠢ ᠲᠥᠷᠥᠯ ᠬᠤᠪᠢᠶᠠᠨ ᠲᠠᠰ ᠬᠤᠪᠢᠶᠠᠬᠤ᠂ ᠠᠷᠭᠠᠴᠠᠨ ᠳᠠᠭᠠᠬᠤ | ᠵᠢᠴᠢ ᠪᠡᠯᠡᠳᠬᠡᠯ ᠲᠥᠰᠥᠯ ᠤᠨ ᠰᠢᠰᠲ᠋ᠧᠮᠵᠢ᠂ ᠲᠤᠯᠭᠠᠭᠤᠷᠢᠯᠠᠬᠤ ᠴᠢᠨᠠᠷᠲᠠᠢ ᠪᠢᠴᠢᠭ ᠮᠠᠲ᠋ᠧᠷᠢᠶᠠᠯ ᠵᠡᠷᠭᠡ ᠪᠣᠳᠠᠲᠠᠢ | ᠠᠭᠤᠯᠭ᠎ᠠ ᠶᠢ ᠲᠣᠳᠣᠷᠬᠠᠢ ᠲᠣᠭᠲᠠᠭᠠᠪᠠ᠃ | ᠬᠤᠶᠠᠳᠤᠭᠠᠷ ᠬᠡᠰᠡᠭ᠄ ᠲᠤᠬᠠᠶᠢᠯᠠᠪᠠᠯ 2 ᠳ᠋ᠤᠭᠠᠷ ᠪᠦᠯᠦᠭ ︽ᠵᠣᠬᠢᠶᠠᠨ ᠪᠠᠶᠢᠭᠤᠯᠵᠤ ᠵᠢᠯᠤᠭᠤᠳᠬᠤ ᠰᠢᠰᠲ᠋ᠧᠮᠵᠢ ︾ ᠨᠢ | ᠠᠶᠢᠮᠠᠭ ᠤᠨ ᠱᠠᠲᠤᠨ ᠤ ᠵᠣᠬᠢᠶᠠᠨ ᠪᠠᠶᠢᠭᠤᠯᠵᠤ ᠵᠢᠯᠤᠭᠤᠳᠬᠤ ᠪᠠᠶᠢᠭᠤᠯᠤᠮᠵᠢ᠂ ᠬᠤᠰᠢᠭᠤ ᠰᠢᠶᠠᠨ ᠬᠤᠲᠠ ᠶᠢᠨ ᠱᠠᠲᠤᠨ ᠤ | ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠵᠡᠷᠭᠡ ᠶᠢ ᠵᠢᠷᠤᠮᠵᠢᠭᠤᠯᠵᠤ᠂ ᠰᠠᠯᠠᠭ᠎ᠠ | ᠮᠥᠴᠢᠷ ᠤᠨ ᠬᠠᠮᠵᠢᠯᠴᠠᠭ᠎ᠠ ᠪᠠ ᠣᠷᠣᠨ ᠨᠤᠲᠤᠭ ᠤᠨ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ | ᠴᠢᠩᠭᠠᠷᠠᠭᠤᠯᠤᠨ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢ ᠡᠮᠬᠢ ᠵᠢᠷᠤᠮ ᠲᠠᠢ ᠬᠦᠴᠦᠲᠡᠢ ᠪᠦᠲᠦᠮᠵᠢᠲᠡᠶ | ᠥᠷᠨᠢᠭᠦᠯᠬᠦ ᠳᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ᠃ | ᠭᠤᠷᠪᠠᠳᠤᠭᠠᠷ ᠪᠦᠯᠦᠭ᠄ ᠲᠤᠬᠠᠶᠢᠯᠠᠪᠠᠯ 3 ᠳ᠋ᠤᠭᠠᠷ ᠪᠦᠯᠦᠭ ︽ᠠᠵᠢᠯᠯᠠᠭᠠᠨ ᠤ ᠲᠣᠭᠲᠠᠴᠠ︾ ᠨᠢ ᠠᠶᠤᠯ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠬᠢᠨᠠᠨ ᠬᠡᠮᠵᠢᠬᠦ ᠪᠠ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠪᠠ ᠠᠪᠤᠷᠠᠨ ᠲᠤᠰᠠᠯᠠᠬᠤ ᠵᠡᠷᠭᠡ ᠠᠭᠤᠯᠭ᠎ᠠ ᠪᠠᠷ ᠪᠦᠷᠢᠯᠳᠦᠵᠡᠢ᠃ ᠭᠡᠨᠡᠳᠲᠡ ᠶᠢᠨ ᠬᠡᠷᠡᠭ ᠤᠨ ᠠᠵᠢᠯᠯᠠᠭᠠᠨ ᠤ | ᠲᠣᠭᠲᠠᠴᠠ᠂ ᠠᠵᠢᠯ ᠤᠨ ᠳᠡᠰ ᠳᠠᠷᠠᠭ᠎ᠠ ᠶᠢ ᠲᠣᠳᠣᠷᠬᠠᠶᠢᠯᠠᠵᠤ᠂ ᠮᠡᠳᠡᠭᠡ ᠵᠠᠩᠭᠢ ᠶᠢ ᠮᠡᠳᠡᠭᠦᠯᠬᠦ᠂ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠬᠦ ᠶᠢ ᠳᠠᠭᠠᠬᠤ᠂ ᠠᠶᠤᠯ ᠠᠴᠠ ᠠᠪᠤᠷᠠᠨ ᠲᠤᠰᠠᠯᠠᠬᠤ ᠵᠡᠷᠭᠡ ᠪᠣᠳᠠᠲᠠᠢ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ | ᠬᠤᠶᠢᠲᠤᠬᠢ ᠶᠠᠪᠤᠳᠠᠯ ᠢ ᠰᠢᠢᠳᠪᠦᠷᠢᠯᠡᠬᠦ ᠠᠵᠢᠯ᠂ ᠨᠡᠶᠢᠭᠡᠮ ᠤᠨ ᠠᠪᠤᠷᠠᠨ ᠲᠤᠰᠠᠯᠠᠬᠤ᠂ ᠪᠠᠶᠢᠴᠠᠭᠠᠨ ᠦᠨᠡᠯᠡᠬᠦ᠂ ᠰᠡᠷᠭᠦᠭᠡᠨ | ᠳᠠᠬᠢᠨ ᠪᠦᠲᠦᠭᠡᠨ ᠪᠠᠶᠢᠭᠤᠯᠬᠤ ᠵᠡᠷᠭᠡ ᠲᠠᠯ᠎ᠠ ᠶᠢᠨ ᠵᠠᠰᠠᠭ ᠤᠨ ᠣᠷᠳᠣᠨ ᠵᠢᠴᠢ ᠰᠠᠯᠠᠭ᠎ᠠ ᠮᠥᠴᠢᠷ ᠤᠨ ᠡᠭᠦᠷᠭᠡ | ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ᠪᠠ ᠥᠨᠳᠥᠷ ᠪᠦᠲᠦᠮᠵᠢᠲᠡᠶ ᠪᠠᠷ | ᠰᠢᠢᠳᠪᠦᠷᠢᠯᠡᠬᠦ ᠶᠢ ᠴᠠᠭ ᠲᠤᠬᠠᠢ ᠳᠤᠨᠢ ᠡᠬᠢᠯᠡᠭᠦᠯᠬᠦ ᠳᠤ ᠬᠦᠴᠦᠲᠡᠢ ᠭᠠᠷᠳᠠᠴᠠ ᠬᠠᠩᠭᠠᠵᠤ᠂ ᠬᠤᠶᠢᠲᠤᠬᠢ ᠶᠠᠪᠤᠳᠠᠯ ᠢ | ᠰᠢᠢᠳᠪᠦᠷᠢᠯᠡᠬᠦ ᠪᠠ ᠰᠡᠷᠭᠦᠭᠡᠨ ᠳᠠᠬᠢᠨ ᠪᠦᠲᠦᠭᠡᠨ ᠪᠠᠶᠢᠭᠤᠯᠬᠤ ᠠᠵᠢᠯ ᠤᠨ ᠬᠠᠷᠠᠯᠲᠠ ᠲᠣᠳᠣᠷᠬᠠᠢ᠂ ᠬᠠᠷᠠᠯᠲᠠ ᠲᠠᠢ ᠪᠠᠷ | ᠰᠤᠮᠤ ᠬᠠᠷᠪᠤᠬᠤ ᠶᠢ ᠦᠨᠡᠨ ᠬᠦ ᠪᠠᠲᠤᠯᠠᠪᠠ᠃ | ᠳᠥᠷᠪᠡᠳᠦᠭᠡᠷ ᠬᠡᠰᠡᠭ᠄ ᠳᠠᠷᠤᠢ 4 ᠳ᠋ᠦ᠋ᠭᠡᠷ ᠪᠦᠯᠦᠭ ︽ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠬᠢᠭᠡᠳ ᠳᠡᠮᠵᠢᠯᠭᠡ︾᠂ | ᠬᠥᠮᠥᠨ ᠤ ᠬᠦᠴᠦᠨ ᠤ ᠡᠬᠢ ᠪᠠᠶᠠᠯᠢᠭ᠂ ᠡᠳ᠋ ᠤᠨ ᠬᠦᠴᠦᠨ ᠤ ᠳᠡᠮᠵᠢᠯᠭᠡ᠂ ᠡᠳ᠋ ᠪᠣᠳᠠᠰ ᠤᠨ ᠲᠣᠨᠣᠭᠯᠠᠯ᠂ ᠵᠠᠮ ᠬᠠᠷᠢᠯᠴᠠᠭ᠎ᠠ | ᠲᠡᠭᠡᠭᠡᠪᠦᠷᠢ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠵᠡᠷᠭᠡ ᠲᠠᠯ᠎ᠠ ᠪᠠᠷ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠡᠭᠦᠷᠭᠡ ᠬᠠᠷᠢᠭᠤᠴᠠᠯᠭ᠎ᠠ ᠵᠢᠴᠢ ᠡᠭᠦᠷᠭᠡ ᠶᠢ ᠲᠣᠳᠣᠷᠬᠠᠶᠢᠯᠠᠵᠤ᠂ ᠪᠠᠴᠢᠮ ᠪᠠᠶᠢᠳᠠᠯ ᠢ ᠠᠷᠭᠠᠴᠠᠬᠤ | ᠪᠠᠲᠤᠯᠠᠭ᠎ᠠ ᠶᠢᠨ ᠴᠢᠳᠠᠪᠤᠷᠢ ᠶᠢ ᠪᠠᠲᠤᠳᠬᠠᠨ᠎ᠠ᠃ | ᠲᠠᠪᠤᠳᠤᠭᠠᠷ ᠬᠡᠰᠡᠭ᠄ ᠳᠠᠷᠤᠢ5 ᠳ᠋ᠤᠭᠠᠷ ᠪᠦᠯᠦᠭ ︽ᠪᠡᠯᠡᠳᠬᠡᠯ ᠲᠥᠰᠥᠯ ᠤᠨ ᠬᠠᠮᠢᠶᠠᠷᠤᠯᠲᠠ︾ ᠪᠠ 6 ᠳ᠋ᠤᠭᠠᠷ | ᠪᠦᠯᠦᠭ ᠤᠨ ᠳᠠᠭᠠᠯᠳᠤᠭᠤᠯᠤᠭᠰᠠᠨ ᠳᠦᠷᠢᠮ ᠢᠶᠠᠷ ᠪᠦᠷᠢᠯᠳᠦᠵᠦ᠂ ᠪᠡᠯᠡᠳᠬᠡᠯ ᠲᠥᠰᠥᠯ ᠢ ᠨᠠᠶᠢᠷᠠᠭᠤᠯᠤᠨ ᠵᠣᠬᠢᠶᠠᠬᠤ᠂ ᠬᠢᠨᠠᠨ | ᠵᠥᠪᠰᠢᠶᠡᠷᠡᠬᠦ ᠪᠠ ᠵᠣᠯᠭᠠᠭᠤᠯᠬᠤ᠂ ᠰᠣᠷᠢᠯᠲᠠ ᠬᠢᠬᠦ᠂ ᠤᠬᠠᠭᠤᠯᠬᠤ ᠪᠠ ᠪᠣᠯᠪᠠᠰᠤᠷᠠᠭᠤᠯᠬᠤ ᠵᠡᠷᠭᠡ ᠲᠠᠯ᠎ᠠ ᠪᠠᠷ | ᠭᠤᠣᠯᠳᠠᠯᠭ᠎ᠠ ᠲᠠᠢ ᠲᠣᠭᠲᠠᠭᠠᠯ ᠭᠠᠷᠭᠠᠨ᠎ᠠ᠃ | ᠭᠤᠷᠪᠠ᠂ ᠲᠣᠳᠣᠷᠬᠠᠶᠢᠯᠠᠬᠤ ᠴᠢᠬᠤᠯᠠᠲᠠᠢ ᠬᠡᠳᠦᠨ ᠭᠤᠣᠯᠳᠠᠯᠭ᠎ᠠ ᠲᠠᠢ ᠠᠰᠠᠭᠤᠳᠠᠯ | ︽ᠬᠢᠩᠭᠠᠨ ᠠᠶᠢᠮᠠᠭ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ︾ ᠪᠣᠯ | ᠪᠥᠬᠦ ᠠᠶᠢᠮᠠᠭ ᠤᠨ ᠡᠯ᠎ᠡ ᠲᠥᠷᠥᠯ ᠤᠨ ᠲᠥᠰᠥᠯ ᠤᠨ ᠶᠡᠷᠦᠩᠬᠡᠢ ᠬᠥᠲᠥᠯᠪᠦᠷᠢ ᠮᠥᠨ᠂ ᠳᠦᠷᠢᠮᠵᠢᠯ ᠤᠨ ᠴᠢᠨᠠᠷᠲᠠᠢ ᠪᠢᠴᠢᠭ | ᠮᠠᠲ᠋ᠧᠷᠢᠶᠠᠯ ᠳᠤ ᠬᠠᠷᠢᠶᠠᠯᠠᠭᠳᠠᠨ᠎ᠠ᠂ ᠲᠥᠷᠥ ᠶᠢᠨ ᠪᠣᠳᠣᠯᠭ᠎ᠠ ᠶᠢᠨ ᠵᠢᠯᠤᠭᠤᠳᠬᠤ ᠴᠢᠨᠠᠷ᠂ ᠬᠠᠤᠯᠢ ᠶᠣᠰᠣᠨ ᠤ ᠴᠢᠨᠠᠷ ᠪᠠ ᠡᠷᠬᠡ | ᠰᠦᠷᠲᠦ ᠴᠢᠨᠠᠷ ᠲᠠᠢ ᠪᠠᠶᠢᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠶᠡᠷᠦᠩᠬᠡᠢ ᠲᠥᠰᠥᠯ︾ ᠳᠤ ᠠᠶᠢᠮᠠᠭ ᠤᠨ ᠱᠠᠲᠤ᠂ | ᠬᠤᠰᠢᠭᠤ ᠰᠢᠶᠠᠨ ᠬᠤᠲᠠ ᠶᠢᠨ ᠱᠠᠲᠤᠨ ᠤ ᠵᠣᠬᠢᠶᠠᠨ ᠪᠠᠶᠢᠭᠤᠯᠵᠤ ᠵᠢᠯᠤᠭᠤᠳᠬᠤ ᠰᠢᠰᠲ᠋ᠧᠮ ᠢ ᠤᠯᠠᠮ ᠨᠢᠭᠡ ᠠᠯᠬᠤᠮ | ᠲᠣᠳᠣᠷᠬᠠᠶᠢᠯᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠡᠨᠡᠳᠲᠡ ᠶᠢᠨ ᠬᠡᠷᠡᠭ ᠢ ᠲᠥᠷᠥᠯ ᠬᠤᠪᠢᠶᠠᠨ ᠲᠠᠰ ᠬᠤᠪᠢᠶᠠᠬᠤ ᠪᠠ | ᠳᠠᠭᠠᠬᠤ ᠲᠠᠰ ᠢ ᠳᠠᠬᠢᠨ ᠵᠢᠷᠤᠮᠵᠢᠭᠤᠯᠵᠤ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠮᠡᠳᠡᠭᠡ ᠵᠠᠩᠭᠢ ᠶᠢ ᠮᠡᠳᠡᠭᠦᠯᠬᠦ᠂ | ᠵᠢᠯᠣᠭᠤᠳᠤᠨ ᠵᠣᠬᠢᠴᠠᠭᠤᠯᠬᠤ᠂ ᠲᠤᠬᠠᠢ ᠶᠢᠨ ᠲᠠᠯᠠᠪᠤᠷ ᠲᠤ ᠵᠢᠯᠤᠭᠤᠳᠬᠤ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠵᠡᠷᠭᠡ | ᠠᠭᠤᠯᠭ᠎ᠠ ᠶᠢ ᠨᠠᠷᠢᠯᠢᠭᠵᠢᠭᠤᠯᠤᠨ ᠲᠡᠭᠦᠯᠳᠡᠷᠵᠢᠭᠦᠯᠬᠦ ᠶᠢᠨ ᠵᠣᠷᠢᠯᠭ᠎ᠠ ᠨᠢ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠥᠰᠥᠯ ᠤᠨ ᠵᠢᠯᠤᠭᠤᠳᠬᠤ ᠴᠢᠨᠠᠷ᠂ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠬᠦᠴᠦᠯᠡᠨ | ᠳᠡᠭᠡᠭᠰᠢᠯᠡᠭᠦᠯᠬᠦ ᠶᠢᠨ ᠲᠥᠯᠥᠭᠡ ᠶᠤᠮ᠃ | ︽ᠶᠡᠷᠦᠩᠬᠡᠢ ᠪᠡᠯᠡᠳᠬᠡᠯ ᠲᠥᠰᠥᠯ︾ ᠤᠨ ᠪᠠᠶᠢᠷᠢ ᠲᠣᠭᠲᠠᠭᠠᠯᠲᠠ ᠶᠢᠨ ᠲᠤᠬᠠᠢ᠃ ᠭᠡᠨᠡᠳᠲᠡ ᠶᠢᠨ ᠬᠡᠷᠡᠭ ᠢ ᠰᠡᠷᠭᠡᠶᠢᠯᠡᠨ | ᠠᠷᠭᠠᠴᠠᠬᠤ ᠠᠵᠢᠯ ᠢ ᠬᠢᠩᠭᠠᠨ ᠠᠶᠢᠮᠠᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠬᠦᠷᠢᠶ᠎ᠡ᠂ ᠪᠦᠬᠦ | ᠶᠠᠪᠤᠴᠠ ᠳᠤ ᠲᠤᠭᠤᠰᠢᠯᠠᠭᠤᠯᠵᠤ᠂ ︽ᠶᠡᠷᠦᠩᠬᠡᠢ ᠲᠥᠰᠥᠯ︾ ᠨᠢ ᠪᠦᠬᠦ ᠠᠶᠢᠮᠠᠭ ᠤᠨ ᠭᠡᠨᠡᠳᠲᠡ ᠶᠢᠨ ᠬᠡᠷᠡᠭ ᠤᠨ ᠪᠠᠴᠢᠮ | ᠪᠠᠶᠢᠳᠠᠯ ᠢ ᠠᠷᠭᠠᠴᠠᠬᠤ ᠲᠥᠰᠥᠯ ᠤᠨ ᠰᠢᠰᠲ᠋ᠧᠮ ᠤᠨ ᠶᠡᠷᠦᠩᠬᠡᠢ ᠬᠥᠲᠥᠯᠪᠦᠷᠢ ᠪᠣᠯᠤᠭᠰᠠᠨ ᠤ ᠬᠤᠪᠢ ᠳᠤ᠂ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠪᠠᠶᠢᠭᠤᠯᠤᠮᠵᠢ ᠲᠣᠭᠲᠠᠴᠠ ᠶᠢᠨ ᠳᠠᠬᠢᠨ ᠴᠣᠭᠴᠠᠯᠠᠭᠰᠠᠨ ᠠᠴᠢᠶᠠᠯᠠᠪᠤᠷᠢ ᠮᠥᠨ᠂ | ᠭᠡᠨᠡᠳᠲᠡ ᠶᠢᠨ ᠬᠡᠷᠡᠭ ᠢ ᠰᠡᠷᠭᠡᠶᠢᠯᠡᠨ ᠠᠷᠭᠠᠴᠠᠬᠤ ᠪᠦᠬᠦ ᠲᠠᠯ᠎ᠠ ᠶᠢᠨ ᠴᠢᠨᠠᠷᠲᠠᠢ ᠳᠦᠷᠢᠮ ᠤᠨ ᠲᠣᠬᠢᠷᠠᠭᠤᠯᠤᠯᠲᠠ ᠮᠥᠨ᠂ | ᠰᠢᠨ᠎ᠡ ᠴᠠᠭ ᠦᠶ᠎ᠡ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠤᠨ ᠴᠢᠬᠤᠯᠠ ᠭᠠᠷᠳᠠᠴᠠ ᠮᠥᠨ | ᠪᠣᠯᠬᠤᠷ᠂ ᠡᠷᠬᠡᠪᠰᠢ ᠳᠡᠭᠡᠳᠦ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢ ᠴᠢᠩᠭᠠᠳᠬᠠᠵᠤ᠂ ᠡᠯ᠎ᠡ ᠵᠦᠢᠯ ᠤᠨ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠷᠢᠨ ᠨᠠᠶᠢᠳᠠᠪᠤᠷᠢᠵᠢᠭᠤᠯᠤᠨ᠂ ᠪᠠᠶᠢᠷᠢ ᠲᠣᠭᠲᠠᠭᠠᠯᠲᠠ ᠨᠢ ᠰᠢᠨᠵᠢᠯᠡᠬᠦ ᠤᠬᠠᠭᠠᠨᠴᠢ᠂ | ᠠᠵᠢᠯ ᠤᠨ ᠬᠤᠪᠢᠶᠠᠷᠢᠯᠠᠯ ᠨᠢ ᠵᠦᠢ ᠵᠣᠬᠢᠰᠲᠠᠢ᠂ ᠬᠠᠮᠵᠢᠯᠴᠠᠨ ᠨᠢᠭᠡ ᠴᠣᠭᠴᠠᠵᠢᠭᠰᠠᠨ ᠭᠡᠨᠡᠳᠲᠡ ᠶᠢᠨ ᠬᠡᠷᠡᠭ ᠢ ᠰᠡᠷᠭᠡᠶᠢᠯᠡᠨ | ᠠᠷᠭᠠᠴᠠᠬᠤ ᠰᠢᠰᠲ᠋ᠧᠮᠵᠢ ᠶᠢ ᠪᠦᠷᠢᠯᠳᠦᠭᠦᠯᠵᠦ᠂ ᠪᠥᠬᠦ ᠠᠶᠢᠮᠠᠭ ᠤᠨ ᠭᠡᠨᠡᠳᠲᠡ ᠶᠢᠨ ᠬᠡᠷᠡᠭ ᠤᠨ ᠲᠦᠭᠰᠢᠭᠦᠷᠢ ᠶᠢ ᠰᠡᠷᠭᠡᠶᠢᠯᠡᠬᠦ᠂ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠶᠢ ᠰᠢᠨᠵᠢᠯᠡᠬᠦ ᠤᠬᠠᠭᠠᠨᠴᠢ ᠪᠠᠷ ᠵᠢᠯᠤᠭᠤᠳᠬᠤ ᠬᠡᠷᠡᠭᠲᠡᠢ᠃ ᠰᠡᠷᠭᠦᠭᠡᠨ ᠲᠠᠬᠢᠨ ᠪᠠᠶᠢᠭᠤᠯᠬᠤ ᠵᠡᠷᠭᠡ ᠠᠵᠢᠯ᠃ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠰᠢᠰᠲ᠋ᠧᠮ ᠤᠨ ᠲᠤᠬᠠᠢ᠃ ︽ᠭᠡᠨᠡᠳᠲᠡ ᠶᠢᠨ ᠬᠡᠷᠡᠭ ᠤᠨ | ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ ᠤᠨ ᠬᠠᠮᠢᠶᠠᠷᠤᠯᠲᠠ ᠶᠢᠨ ᠠᠷᠭ᠎ᠠ︾ ︵ᠲᠥᠷᠥ ᠠᠯᠪᠠᠨ ᠲᠠᠷᠬᠠᠭᠠᠭᠰᠠᠨ | ﹇2013﹈ 101 ᠳ᠋ᠦᠭᠡᠷ ᠲᠣᠭᠠᠲᠤ︶ ᠶᠢᠨ ᠲᠥᠷᠥᠯ ᠠᠩᠭᠢᠯᠠᠯ ᠤᠨ ᠶᠣᠰᠣᠭᠠᠷ᠂ ᠪᠠᠴᠢᠮ ᠪᠠᠶᠢᠳᠠᠯ ᠢ ᠠᠷᠭᠠᠴᠠᠬᠤ ᠲᠥᠰᠥᠯ ᠢ | ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ᠂ ᠪᠠᠴᠢᠮ ᠪᠠᠶᠢᠳᠠᠯ ᠢ ᠠᠷᠭᠠᠴᠠᠬᠤ ᠲᠤᠰᠬᠠᠢ ᠲᠥᠰᠥᠯ᠂ ᠰᠠᠯᠠᠭ᠎ᠠ | ᠮᠥᠴᠢᠷ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ ᠵᠢᠴᠢ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠪᠠ | ᠨᠢᠭᠡᠴᠡ ᠶᠢᠨ ᠪᠠᠴᠢᠮ ᠪᠠᠶᠢᠳᠠᠯ ᠢ ᠠᠷᠭᠠᠴᠠᠬᠤ ᠲᠥᠰᠥᠯ ᠭᠡᠵᠦ ᠬᠤᠪᠢᠶᠠᠨ᠎ᠠ᠃ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠥᠰᠥᠯ ᠢ ᠨᠢᠭᠡᠨ ᠳᠦᠷᠢᠮ ᠤᠨ ᠰᠢᠰᠲ᠋ᠧᠮᠵᠢ ᠪᠣᠯᠭᠠᠵᠤ᠂ ᠪᠡᠯᠡᠳᠬᠡᠯ ᠲᠥᠰᠥᠯ ᠢ ᠨᠠᠶᠢᠳᠠᠪᠤᠷᠢᠵᠢᠭᠤᠯᠬᠤ ᠠᠵᠢᠯ ᠤᠨ ᠭᠠᠷ | ᠳᠡᠪᠲᠡᠷ ᠪᠠ ᠪᠣᠳᠠᠲᠠᠢ ᠡᠭᠦᠷᠭᠡ ᠶᠢ ᠭᠦᠢᠴᠡᠳᠬᠡᠬᠦ ᠠᠵᠢᠯᠯᠠᠭᠠᠨ ᠤ ᠲᠥᠰᠥᠯ ᠢ ᠨᠠᠷᠢᠯᠢᠭᠵᠢᠭᠤᠯᠤᠨ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠥᠯ ᠤᠨ ᠲᠤᠯᠭᠠᠭᠤᠷᠢᠯᠠᠬᠤ ᠴᠢᠨᠠᠷᠲᠠᠢ ᠪᠢᠴᠢᠭ ᠮᠠᠲ᠋ᠧᠷᠢᠶᠠᠯ ᠪᠣᠯᠭᠠᠬᠤ ᠶᠢᠨ ᠬᠠᠮᠲᠤ᠂ ᠪᠡᠯᠡᠳᠬᠡᠯ | ᠲᠥᠰᠥᠯ ᠤᠨ ᠰᠢᠰᠲ᠋ᠧᠮᠵᠢ ᠶᠢᠨ ᠶᠡᠷᠦᠩᠬᠡᠢ ᠠᠵᠢᠯ ᠤᠨ ᠲᠣᠬᠢᠷᠠᠭᠤᠯᠤᠯᠲᠠ ᠶᠢᠨ ᠲᠠᠯ᠎ᠠ ᠪᠠᠷ ᠲᠦᠷᠦᠭᠦᠯᠡᠨ ᠬᠢᠬᠦ ᠰᠠᠯᠠᠭ᠎ᠠ | ᠮᠥᠴᠢᠷ ᠤᠨ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠢ᠃ | ᠵᠣᠬᠢᠶᠠᠨ ᠪᠠᠶᠢᠭᠤᠯᠵᠤ ᠵᠢᠯᠤᠭᠤᠳᠬᠤ ᠰᠢᠰᠲ᠋ᠧᠮ ᠤᠨ ᠲᠤᠬᠠᠢ᠃ ᠠᠶᠢᠮᠠᠭ ᠤᠨ ᠱᠠᠲᠤᠨ ᠳᠤ᠂ ᠠᠶᠢᠮᠠᠭ ᠤᠨ ᠨᠠᠮ ᠤᠨ | ᠬᠤᠷᠢᠶ᠎ᠠ ᠶᠢᠨ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ᠂ ᠠᠶᠢᠮᠠᠭ ᠤᠨ ᠵᠠᠬᠢᠷᠭ᠎ᠠ ᠠᠴᠠ ᠭᠡᠨᠡᠳᠲᠡ ᠶᠢᠨ ᠬᠡᠷᠡᠭ ᠤᠨ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠪᠥᠬᠦ ᠬᠤᠰᠢᠭᠤ ᠰᠢᠶᠠᠨ ᠬᠤᠲᠠ ᠶᠢᠨ ᠱᠠᠲᠤ ᠨᠢ ᠠᠶᠢᠮᠠᠭ ᠤᠨ | ᠱᠠᠲᠤ ᠪᠠᠷ ᠯᠠᠪᠯᠠᠯᠲᠠ ᠪᠣᠯᠭᠠᠨ ᠬᠠᠮᠢᠶ᠎ᠠ ᠪᠦᠬᠦᠢ ᠪᠠᠶᠢᠭᠤᠯᠤᠮᠵᠢ ᠲᠣᠬᠢᠷᠠᠭᠤᠯᠵᠤ᠂ ᠬᠠᠮᠢᠶ᠎ᠠ ᠪᠦᠬᠦᠢ ᠲᠥᠷᠥᠯ ᠢᠯᠭᠠᠯ ᠤᠨ | ᠭᠡᠨᠡᠳᠲᠡ ᠶᠢᠨ ᠬᠡᠷᠡᠭ ᠢ ᠰᠡᠷᠭᠡᠶᠢᠯᠡᠬᠦ ᠪᠠ ᠠᠷᠭᠠᠴᠠᠬᠤ ᠠᠵᠢᠯ ᠢ ᠪᠣᠳᠠᠲᠠᠢ ᠡᠭᠦᠷᠭᠡᠯᠡᠭᠰᠡᠨ ᠵᠣᠬᠢᠶᠠᠨ ᠪᠠᠶᠢᠭᠤᠯᠵᠤ | ᠵᠢᠯᠤᠭᠤᠳᠬᠤ ᠰᠢᠰᠲ᠋ᠧᠮᠵᠢ ᠶᠢ ᠪᠠᠶᠢᠭᠤᠯᠬᠤ ᠬᠡᠷᠡᠭᠲᠡᠢ᠃ | ᠲᠤᠬᠠᠢ ᠶᠢᠨ ᠭᠠᠵᠠᠷ ᠲᠤᠨᠢ ᠵᠢᠯᠤᠭᠤᠳᠬᠤ ᠲᠤᠬᠠᠢ᠃ ᠭᠡᠨᠡᠳᠲᠡ ᠶᠢᠨ ᠬᠡᠷᠡᠭ ᠡᠭᠦᠰᠦᠭᠰᠡᠨ ᠤ ᠳᠠᠷᠠᠭ᠎ᠠ᠂ ᠲᠤᠬᠠᠢ ᠶᠢᠨ | ᠲᠠᠯᠠᠪᠠᠶ ᠶᠢᠨ ᠡᠮᠬᠢ ᠵᠢᠷᠤᠮ ᠪᠠ ᠰᠢᠨᠵᠢᠯᠡᠬᠦ ᠤᠬᠠᠭᠠᠨᠴᠢ ᠡᠮᠬᠢ ᠳᠢᠭᠯᠢᠮ ᠲᠠᠢ ᠵᠢᠯᠤᠭᠤᠳᠬᠤ ᠲᠠᠯ᠎ᠠ ᠳᠤ ᠴᠢᠭᠯᠡᠭᠦᠯᠦᠨ | ᠲᠣᠳᠣᠷᠬᠠᠢ ᠱᠠᠭᠠᠷᠳᠠᠯᠭ᠎ᠠ ᠳᠤᠷᠠᠳᠴᠤ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠲᠤᠬᠠᠢ ᠶᠢᠨ | ᠲᠠᠯᠠᠪᠤᠷ ᠤᠨ ᠵᠢᠯᠤᠭᠤᠳᠬᠤ ᠪᠠᠶᠢᠭᠤᠯᠤᠮᠵᠢ ᠭᠠᠷᠭᠠᠬᠤ ᠪᠠᠷ ᠲᠣᠭᠲᠠᠭᠠᠭᠰᠠᠨ ᠪᠠᠶᠢᠪᠠᠯ᠂ ᠳᠣᠣᠷᠠᠳᠤ ᠱᠠᠲᠤᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠲᠤᠬᠠᠢ ᠶᠢᠨ ᠲᠠᠯᠠᠪᠤᠷ ᠤᠨ ᠵᠢᠯᠤᠭᠤᠳᠬᠤ ᠪᠠᠶᠢᠭᠤᠯᠤᠮᠵᠢ ᠶᠢ ᠳᠡᠭᠡᠳᠦ ᠱᠠᠲᠤᠨ ᠤ | ᠲᠤᠬᠠᠢ ᠶᠢᠨ ᠲᠠᠯᠠᠪᠤᠷ ᠤᠨ ᠵᠢᠯᠤᠭᠤᠳᠬᠤ ᠳᠡᠭᠡᠳᠦ ᠱᠠᠲᠤᠨ ᠤ ᠲᠤᠬᠠᠢ ᠶᠢᠨ ᠲᠠᠯᠠᠪᠤᠷ ᠤᠨ ᠵᠢᠯᠤᠭᠤᠳᠬᠤ ᠪᠠᠶᠢᠭᠤᠯᠤᠮᠵᠢ ᠶᠢᠨ | ᠨᠢᠭᠡᠳᠦᠯᠲᠡᠢ ᠤᠳᠤᠷᠢᠳᠤᠯᠭ᠎ᠠ ᠳᠣᠣᠷ᠎ᠠ ᠠᠷᠭᠠᠴᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠲᠤᠬᠠᠢ ᠶᠢᠨ | ᠲᠠᠯᠠᠪᠤᠷ ᠤᠨ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠬᠦᠴᠦᠨ ᠨᠢ ᠲᠤᠬᠠᠢ ᠶᠢᠨ ᠲᠠᠯᠠᠪᠤᠷ ᠤᠨ ᠵᠢᠯᠤᠭᠤᠳᠬᠤ | ᠪᠠᠶᠢᠭᠤᠯᠤᠮᠵᠢ ᠶᠢᠨ ᠨᠢᠭᠡᠳᠦᠯᠲᠡᠢ ᠵᠢᠯᠣᠭᠤᠳᠤᠯᠭ᠎ᠠ ᠵᠣᠬᠢᠴᠠᠭᠤᠯᠭ᠎ᠠ ᠳᠣᠣᠷ᠎ᠠ ᠠᠵᠢᠯ ᠢᠶᠠᠨ ᠥᠷᠨᠢᠭᠦᠯᠵᠦ᠂ ᠲᠤᠬᠠᠢ ᠶᠢᠨ | ᠲᠠᠯᠠᠪᠤᠷ ᠤᠨ ᠵᠢᠯᠤᠭᠤᠳᠬᠤ ᠪᠠᠶᠢᠭᠤᠯᠤᠮᠵᠢ ᠶᠢᠨ ᠵᠢᠯᠣᠭᠤᠳᠤᠯᠭ᠎ᠠ ᠲᠣᠬᠢᠷᠠᠭᠤᠯᠤᠯᠲᠠ ᠪᠠ ᠬᠠᠮᠢᠶᠠᠷᠤᠯᠲᠠ ᠶᠢ ᠳᠠᠭᠠᠵᠤ᠂ | ᠲᠤᠬᠠᠢ ᠶᠢᠨ ᠲᠠᠯᠠᠪᠤᠷ ᠤᠨ ᠵᠠᠮ ᠬᠠᠷᠢᠯᠴᠠᠭ᠎ᠠ ᠶᠢᠨ ᠡᠮᠬᠢ ᠵᠢᠷᠤᠮ ᠲᠠᠢ ᠰᠠᠭᠠᠳ ᠦᠭᠡᠢ ᠨᠡᠪᠲᠡᠷᠡᠬᠦ᠂ ᠬᠡᠷᠡᠭ ᠤᠨ ᠮᠡᠳᠡᠭᠡ | ᠵᠠᠩᠭᠢ ᠶᠢ ᠨᠡᠶᠢᠲᠡᠯᠡᠬᠦ ᠨᠢ ᠬᠠᠤᠯᠢ ᠶᠣᠰᠣᠨ ᠤ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠵᠤ᠂ ᠠᠷᠤ ᠲᠠᠯ᠎ᠠ ᠶᠢᠨ | ᠪᠠᠲᠤᠯᠠᠭ᠎ᠠ ᠶᠢ ᠴᠠᠭ ᠲᠤᠬᠠᠢ ᠳᠤᠨᠢ ᠪᠣᠳᠠᠲᠠᠶᠢᠵᠢᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ | ᠱᠠᠲᠤᠨ ᠤ ᠠᠵᠢᠯᠯᠠᠬᠤ ᠳᠤᠭᠤᠶᠢᠯᠠᠩ ᠪᠤᠶᠤ ᠰᠠᠯᠠᠭ᠎ᠠ ᠮᠥᠴᠢᠷ ᠤᠨ ᠠᠵᠢᠯᠯᠠᠬᠤ ᠳᠤᠭᠤᠶᠢᠯᠠᠩ ᠲᠤᠬᠠᠢ ᠶᠢᠨ ᠲᠠᠯᠠᠪᠤᠷ ᠲᠤ | ᠪᠠᠶᠢᠬᠤ ᠦᠶᠡᠰ᠂ ᠲᠤᠬᠠᠢ ᠶᠢᠨ ᠲᠠᠯᠠᠪᠤᠷ ᠤᠨ ᠵᠢᠯᠤᠭᠤᠳᠬᠤ ᠪᠠᠶᠢᠭᠤᠯᠤᠮᠵᠢ ᠨᠢ ᠲᠡᠭᠦᠨ ᠯᠦᠭᠡ ᠵᠣᠯᠭᠠᠭᠤᠯᠵᠤ᠂ | ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢ ᠬᠦᠯᠢᠶᠡᠬᠦ ᠶᠢᠨ ᠬᠠᠮᠲᠤ ᠵᠣᠬᠢᠬᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ | ᠬᠡᠷᠡᠭᠲᠡᠢ᠃ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠤᠬᠠᠢ᠃ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ | ᠴᠢᠩᠭᠠᠳᠬᠠᠬᠤ ᠪᠣᠯ ᠰᠢ ᠶᠢᠨ ᠫᠢᠩ ᠶᠡᠷᠦᠩᠬᠡᠢ ᠱᠦᠵᠢ ᠶᠢᠨ ︽ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ | ᠰᠡᠷᠭᠡᠶᠢᠯᠡᠬᠦ ᠡᠰᠡᠷᠭᠦᠴᠡᠬᠦ ᠠᠪᠤᠷᠠᠬᠤ ᠶᠢ ᠤᠶᠠᠯᠳᠤᠭᠤᠯᠵᠤ᠂ ᠬᠡᠪ ᠤᠨ ᠪᠠᠶᠢᠳᠠᠯ ᠢᠶᠠᠷ ᠭᠠᠮᠰᠢᠭ ᠢ ᠪᠠᠭᠠᠰᠬᠠᠬᠤ ᠪᠠ ᠬᠡᠪ ᠤᠨ | ᠪᠤᠰᠤ ᠪᠠᠶᠢᠳᠠᠯ ᠢᠶᠠᠷ ᠭᠠᠮᠰᠢᠭ ᠠᠴᠠ ᠠᠪᠤᠷᠠᠬᠤ ᠶᠢ ᠭᠠᠮᠰᠢᠭ ᠤᠨ ᠳᠠᠷᠠᠭᠠᠬᠢ ᠠᠪᠤᠷᠠᠨ ᠲᠤᠰᠠᠯᠠᠯᠲᠠ ᠶᠢ ᠴᠢᠬᠤᠯᠠᠴᠢᠯᠠᠵᠤ | ᠪᠠᠶᠢᠭᠰᠠᠨ ᠠᠴᠠ ᠪᠠᠨ ᠭᠠᠮᠰᠢᠭ ᠠᠴᠠ ᠡᠮᠦᠨᠡᠬᠢ ᠰᠡᠷᠭᠡᠶᠢᠯᠡᠯᠲᠡ ᠶᠢ ᠴᠢᠬᠤᠯᠠᠴᠢᠯᠠᠬᠤ ᠲᠡᠶᠢᠰᠢ ᠬᠤᠪᠢᠷᠠᠭᠤᠯᠬᠤ ᠶᠢ ᠴᠢᠷᠮᠠᠶᠢᠨ | ᠪᠡᠶᠡᠯᠡᠭᠦᠯᠵᠦ᠂ ᠲᠠᠩ ᠭᠠᠭᠴᠠ ᠭᠠᠮᠰᠢᠭ ᠤᠨ ᠲᠦᠷᠦᠯ ᠢ ᠠᠷᠭᠠᠴᠠᠬᠤ ᠠᠴᠠ ᠭᠠᠮᠰᠢᠭ ᠢ ᠶᠡᠷᠦᠩᠬᠡᠶᠢᠯᠡᠨ ᠪᠠᠭᠠᠰᠬᠠᠬᠤ ᠲᠡᠶᠢᠰᠢ | ᠬᠤᠪᠢᠷᠠᠭᠤᠯᠬᠤ᠂ ᠭᠠᠮᠰᠢᠭ ᠤᠨ ᠬᠤᠬᠢᠷᠠᠯ ᠢ ᠪᠠᠭᠠᠰᠬᠠᠬᠤ ᠠᠴᠠ ᠭᠠᠮᠰᠢᠭ ᠤᠨ ᠠᠶᠤᠯ ᠲᠦᠭᠰᠢᠭᠦᠷᠢ ᠶᠢ ᠪᠠᠭᠠᠰᠬᠠᠬᠤ ᠲᠡᠶᠢᠰᠢ | ᠬᠤᠪᠢᠷᠠᠭᠤᠯᠬᠤ︾ ᠪᠠ ︽ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ | ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ | ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠵᠡᠷᠭᠡ ᠴᠢᠬᠤᠯᠠ ᠥᠭᠦᠯᠡᠯᠲᠡ ᠶᠢᠨ ᠪᠦᠲᠦᠮᠵᠢᠲᠡᠶ ᠠᠷᠭ᠎ᠠ ᠬᠡᠮᠵᠢᠶ᠎ᠡ ᠪᠣᠯ ᠪᠠᠰᠠ | ᠴᠤ ᠭᠡᠨᠡᠳᠲᠡ ᠶᠢᠨ ᠬᠡᠷᠡᠭ ᠢ ᠰᠡᠷᠭᠡᠶᠢᠯᠡᠨ ᠠᠷᠭᠠᠴᠠᠬᠤ ᠠᠵᠢᠯ ᠢ ᠰᠠᠶᠢᠲᠤᠷ ᠬᠢᠬᠦ ᠶᠢᠨ ᠵᠠᠩᠭᠢᠯᠠᠭ᠎ᠠ ᠶᠢᠨ ᠭᠤᠭᠴᠤᠭ᠎ᠠ ᠮᠥᠨ᠃ | ︽ ᠶᠡᠷᠦᠩᠬᠡᠢ ᠪᠡᠯᠡᠳᠬᠡᠯ ᠲᠥᠰᠥᠯ︾ ᠳᠤ ᠡᠯ᠎ᠡ ᠱᠠᠲᠤᠨ ᠤ ᠵᠠᠰᠠᠭ ᠤᠨ ᠣᠷᠳᠣᠨ ᠭᠡᠨᠡᠳᠲᠡ ᠶᠢᠨ ᠬᠡᠷᠡᠭ ᠤᠨ ᠲᠦᠭᠰᠢᠭᠦᠷᠢ ᠶᠢ | ᠪᠠᠶᠢᠴᠠᠭᠠᠬᠤ ᠪᠠ ᠦᠨᠡᠯᠡᠨ ᠵᠢᠱᠢᠬᠦ ᠳᠦᠷᠢᠮ ᠢ ᠪᠠᠶᠢᠭᠤᠯᠵᠤ᠂ ᠬᠠᠤᠯᠢ ᠶᠣᠰᠣᠭᠠᠷ ᠡᠯ᠎ᠡ ᠲᠥᠷᠥᠯ ᠤᠨ ᠲᠦᠭᠰᠢᠭᠦᠷᠢ ᠶᠢᠨ ᠡᠬᠢ | ᠰᠤᠷᠪᠤᠯᠵᠢ᠂ ᠠᠶᠤᠯᠲᠠᠢ ᠣᠷᠣᠨ ᠪᠦᠰᠡ ᠳᠤ ᠪᠠᠶᠢᠴᠠᠭᠠᠯᠲᠠ᠂ ᠢᠯᠭᠠᠨ ᠲᠠᠨᠢᠯᠲᠠ᠂ ᠦᠨᠡᠯᠡᠨ ᠵᠢᠱᠢᠯᠲᠡ᠂ ᠲᠠᠰ ᠬᠤᠪᠢᠶᠠᠬᠤ᠂ | ᠳᠠᠩᠰᠠᠯᠠᠯᠲᠠ ᠬᠢᠵᠦ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠯᠲᠠ᠂ ᠬᠢᠨᠠᠨ ᠡᠵᠡᠮᠳᠡᠯ ᠬᠢᠵᠦ᠂ ᠮᠡᠳᠡᠭᠡ ᠵᠠᠩᠭᠢ ᠶᠢ | ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠤᠨ᠂ ᠤᠯᠤᠰ ᠤᠨ ᠲᠣᠭᠲᠠᠭᠠᠯ ᠶᠣᠰᠣᠭᠠᠷ ᠴᠠᠭ ᠲᠤᠬᠠᠢ ᠳᠤᠨᠢ ᠨᠡᠶᠢᠭᠡᠮ ᠳᠤ | ᠨᠡᠶᠢᠲᠡᠯᠡᠬᠦ ᠵᠡᠷᠭᠡ ᠠᠭᠤᠯᠭ᠎ᠠ ᠶᠢ ᠲᠣᠳᠣᠷᠬᠠᠢ ᠲᠤᠭᠲᠠᠭᠠᠪᠠ ᠃ | ᠬᠡᠷᠡᠭ ᠶᠠᠪᠤᠳᠠᠯ ᠤᠨ ᠲᠡᠰ ᠬᠤᠪᠢᠶᠠᠬᠤ ᠪᠠ ᠴᠤᠤᠷᠢᠶᠠᠲᠤᠨ ᠲᠠᠭᠠᠬᠤ ᠶᠢᠨ ᠲᠡᠰ ᠬᠤᠪᠢᠶᠠᠬᠤ ᠲᠤᠬᠠᠢ᠃ ︽ ᠶᠡᠷᠦᠩᠬᠡᠢ | ᠪᠡᠯᠡᠳᠬᠡᠯ ᠲᠥᠰᠥᠯ︾ ᠳᠤ ᠬᠡᠷᠡᠭ ᠤᠨ ᠲᠠᠰ ᠬᠤᠪᠢᠶᠠᠬᠤ ᠪᠠ ᠳᠠᠭᠠᠵᠤ ᠬᠢᠬᠦ ᠶᠢ ᠲᠠᠰ ᠬᠤᠪᠢᠶᠠᠨ ᠰᠠᠯᠭᠠᠵᠤ᠂ ᠡᠯ᠎ᠡ | ᠲᠥᠷᠥᠯ ᠤᠨ ᠭᠡᠨᠡᠳᠲᠡ ᠶᠢᠨ ᠬᠡᠷᠡᠭ ᠤᠨ ᠲᠠᠰ ᠬᠤᠪᠢᠶᠠᠬᠤ ᠪᠠᠷᠢᠮᠵᠢᠶ᠎ᠠ ᠶᠢ ᠤᠯᠤᠰ ᠤᠨ ᠣᠲᠣ ᠶᠢᠨ ᠬᠡᠷᠡᠭᠵᠢᠭᠦᠯᠵᠦ ᠪᠠᠶᠢᠭ᠎ᠠ | ᠪᠠᠷᠢᠮᠵᠢᠶ᠎ᠠ ᠪᠠᠷ ᠲᠦᠷ ᠬᠡᠷᠡᠭᠵᠢᠭᠦᠯᠬᠦ ᠶᠢ ᠨᠢᠭᠡᠳᠬᠡᠪᠡ᠃ ᠪᠠᠶᠢᠭᠠᠯᠢ ᠶᠢᠨ ᠭᠠᠮᠰᠢᠭ ᠪᠣᠯᠣᠨ ᠦᠢᠯᠡᠳᠪᠦᠷᠢᠯᠡᠯ ᠤᠨ ᠠᠮᠤᠷ | ᠲᠦᠪᠰᠢᠨ ᠤ ᠠᠳᠡᠯ ᠳᠤ ᠴᠢᠭᠯᠡᠭᠦᠯᠦᠨ᠂ ᠬᠢᠩᠭᠠᠨ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ ᠵᠠᠬᠢᠷᠭ᠎ᠠ ᠪᠠᠨ ᠲᠥᠯᠥᠭᠡᠯᠡᠨ ᠨᠢᠭᠡᠳᠦᠯᠲᠡᠢ ᠴᠤᠤᠷᠢᠶᠠᠲᠤᠨ ᠲᠤᠰᠠᠯᠠᠪᠠ︔ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠬᠡᠷᠡᠭ᠂ ᠨᠡᠶᠢᠭᠡᠮ ᠤᠨ ᠠᠮᠤᠷ ᠲᠦᠪᠰᠢᠨ ᠤ ᠬᠡᠷᠡᠭ ᠵᠡᠷᠭᠡ ᠪᠤᠰᠤᠳ ᠲᠥᠷᠥᠯ ᠤᠨ ᠭᠡᠨᠡᠳᠲᠡ ᠶᠢᠨ ᠬᠡᠷᠡᠭ ᠢ | ᠲᠦᠷᠦᠭᠦᠯᠡᠨ ᠳᠠᠭᠠᠵᠤ ᠲᠤᠰᠠᠯᠠᠬᠤ ᠰᠠᠯᠠᠭ᠎ᠠ ᠮᠥᠴᠢᠷ ᠠᠴᠠ ᠵᠠᠬᠢᠷᠭ᠎ᠠ ᠶᠢᠨ ᠲᠤᠰᠬᠠᠢ ᠵᠦᠢᠯ ᠤᠨ ᠪᠡᠯᠡᠳᠬᠡᠯ ᠲᠥᠰᠥᠯ ᠳᠤ | ᠲᠣᠳᠣᠷᠬᠠᠢ ᠲᠣᠭᠲᠠᠭᠠᠪᠠ᠃ ᠡᠭᠦᠨ ᠤ ᠬᠠᠮᠲᠤ᠂ ᠭᠡᠨᠡᠳᠲᠡ ᠶᠢᠨ ᠬᠡᠷᠡᠭ ᠤᠨ ᠪᠠᠶᠢᠳᠠᠯ ᠤᠨ ᠬᠥᠭᠵᠢᠯᠲᠡ ᠶᠢᠨ ᠪᠠᠶᠢᠳᠠᠯ ᠳᠤ | ᠴᠢᠭᠯᠡᠭᠦᠯᠦᠨ᠂ ᠳᠠᠭᠠᠬᠤ ᠲᠠᠰ ᠲᠤ ᠴᠠᠭ ᠲᠤᠬᠠᠢ ᠳᠤᠨᠢ ᠲᠣᠬᠢᠷᠠᠭᠤᠯᠤᠯᠲᠠ ᠬᠢᠵᠦ ᠪᠣᠯᠣᠨ᠎ᠠ᠃ | ᠠᠶᠢᠮᠠᠭ ᠤᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ ᠲᠤᠬᠠᠢ᠃ ᠠᠶᠢᠮᠠᠭ ᠤᠨ ᠱᠠᠲᠤᠨ ᠤ ᠲᠠᠰ | ᠳᠠᠪᠬᠤᠷᠭ᠎ᠠ ᠨᠢ ᠭᠤᠣᠯᠳᠠᠭᠤ ᠣᠨᠴᠣᠭᠤᠢ ᠬᠦᠨᠳᠦ ᠶᠡᠭᠡ᠂ ᠨᠡᠯᠢᠶᠡᠳ ᠶᠡᠭᠡ ᠭᠡᠨᠡᠳᠲᠡ ᠶᠢᠨ ᠬᠡᠷᠡᠭ ᠲᠤ ᠴᠢᠭᠯᠡᠭᠦᠯᠦᠨ ᠪᠠᠴᠢᠮ | ᠪᠠᠶᠢᠳᠠᠯ ᠢ ᠠᠷᠭᠠᠴᠠᠬᠤ ᠶᠢ ᠳᠠᠭᠠᠵᠤ᠂ ᠡᠩ ᠤᠨ ᠪᠠᠶᠢᠳᠠᠯ ᠳᠤ ᠥᠨᠳᠥᠷ ᠠᠴᠠ ᠳᠣᠣᠷ᠎ᠠ ᠬᠦᠷᠲᠡᠯ᠎ᠡ ᠨᠢᠭᠡᠳᠦᠭᠡᠷ ᠳᠡᠰ᠂ | ᠬᠤᠶᠠᠳᠤᠭᠠᠷ ᠳᠡᠰ᠂ ᠭᠤᠷᠪᠠᠳᠤᠭᠠᠷ ᠳᠡᠰ ᠬᠤᠪᠢᠶᠠᠨ᠎ᠠ᠃ ᠬᠤᠯᠪᠣᠭᠳᠠᠬᠤ ᠬᠡᠪᠴᠢᠶ᠎ᠡ ᠪᠠᠷ ᠥᠷᠭᠡᠨ᠂ ᠰᠡᠷᠭᠡᠭ ᠪᠥᠭᠡᠳ | ᠪᠤᠳᠤᠯᠢᠶᠠᠨᠲᠠᠢ ᠪᠤᠶᠤ ᠵᠦᠢ ᠵᠣᠬᠢᠰ ᠦᠭᠡᠢ ᠰᠢᠢᠳᠪᠦᠷᠢᠯᠡᠭᠰᠡᠨ ᠦᠷ᠎ᠡ ᠳ᠋ᠦᠩ ᠨᠢ ᠬᠦᠨᠳᠦ ᠨᠣᠴᠢᠲᠠᠢ ᠡᠩ ᠤᠨ | ᠭᠡᠨᠡᠳᠲᠡ ᠶᠢᠨ ᠬᠡᠷᠡᠭ ᠲᠤ᠂ ᠠᠷᠭᠠᠴᠠᠬᠤ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠠᠶᠢᠮᠠᠭ ᠤᠨ ᠲᠠᠰ ᠤᠨ ᠵᠣᠬᠢᠬᠤ | ᠲᠠᠰ ᠤᠨ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ ᠶᠢ ᠡᠬᠢᠯᠡᠭᠦᠯᠦᠨ᠎ᠡ᠃ Ⅰ ᠳᠡᠰ ᠤᠨ ᠴᠤᠤᠷᠢᠶᠠᠲᠤᠯ ᠢ | ᠠᠶᠢᠮᠠᠭ ᠤᠨ ᠨᠠᠮ ᠤᠨ ᠬᠤᠷᠢᠶ᠎ᠠ ᠪᠠ ᠵᠠᠬᠢᠷᠭ᠎ᠠ ᠠᠴᠠ ᠡᠬᠢᠯᠡᠭᠦᠯᠬᠦ ᠪᠠᠷ ᠲᠣᠭᠲᠠᠭᠠᠨ᠎ᠠ᠃ ᠡᠩ ᠤᠨ ᠪᠠᠶᠢᠳᠠᠯ ᠳᠤ ᠣᠨᠴᠣᠭᠤᠢ | ᠴᠢᠬᠤᠯᠠ ᠶᠡᠭᠡ ᠵᠢᠴᠢ ᠴᠢᠬᠤᠯᠠ ᠶᠡᠭᠡ ᠬᠡᠷᠡᠭ ᠶᠠᠪᠤᠳᠠᠯ᠂ ᠡᠰᠡᠬᠦᠯ᠎ᠡ ᠠᠶᠢᠮᠠᠭ ᠬᠤᠲᠠ ᠶᠢᠨ ᠵᠠᠰᠠᠭ ᠵᠠᠬᠢᠷᠭᠠᠨ ᠤ ᠣᠷᠣᠨ ᠢ | ᠠᠯᠤᠰᠯᠠᠭᠰᠠᠨ᠂ ᠠᠶᠢᠮᠠᠭ ᠬᠤᠲᠠ ᠶᠢᠨ ᠠᠷᠭᠠᠴᠠᠬᠤ ᠴᠢᠳᠠᠪᠤᠷᠢ ᠠᠴᠠ ᠳᠠᠪᠠᠭᠰᠠᠨ ᠨᠡᠯᠢᠶᠡᠳ ᠶᠡᠭᠡ ᠬᠡᠷᠡᠭ ᠶᠠᠪᠤᠳᠠᠯ ᠢ | ᠠᠷᠭᠠᠴᠠᠨ᠎ᠠ᠃ ᠭᠡᠨᠡᠳᠲᠡ ᠶᠢᠨ ᠬᠡᠷᠡᠭ ᠤᠨ ᠡᠮᠦᠨᠡᠬᠢ ᠬᠤᠭᠤᠴᠠᠭᠠᠨ ᠤ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠶᠢᠨ ᠬᠠᠮᠲᠤ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠤᠶᠤ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ | ᠰᠠᠯᠠᠭ᠎ᠠ ᠮᠥᠴᠢᠷ ᠲᠤ ᠮᠡᠳᠡᠭᠦᠯᠦᠨ ᠵᠣᠬᠢᠶᠠᠨ ᠪᠠᠶᠢᠭᠤᠯᠤᠨ ᠠᠷᠭᠠᠴᠠᠬᠤ ᠶᠢ ᠵᠣᠬᠢᠶᠠᠨ ᠪᠠᠶᠢᠭᠤᠯᠵᠤ᠂ ᠴᠢᠬᠤᠯᠠ ᠲᠠᠢ ᠦᠶ᠎ᠡ ᠳᠤ | ᠲᠥᠷᠥ ᠶᠢᠨ ᠶᠠᠪᠤᠳᠠᠯ ᠤᠨ ᠬᠤᠷᠢᠶ᠎ᠠ ᠪᠤᠶᠤ ᠤᠯᠤᠰ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠮᠡᠳᠡᠭᠦᠯᠦᠨ | ᠵᠢᠯᠣᠭᠤᠳᠤᠭᠤᠯᠵᠤ ᠬᠠᠮᠵᠢᠯᠴᠠᠭᠤᠯᠤᠨ᠎ᠠ᠃ ᠶᠡᠷᠦᠩᠬᠡᠢ ᠵᠢᠯᠣᠭᠤᠳᠤᠭᠴᠢ ᠶᠢᠨ ᠲᠤᠰᠢᠶᠠᠯ ᠢ ᠠᠶᠢᠮᠠᠭ ᠤᠨ ᠨᠠᠮ ᠤᠨ ᠬᠤᠷᠢᠶ᠎ᠠ᠂ | ᠵᠠᠬᠢᠷᠭ᠎ᠠ ᠶᠢᠨ ᠭᠤᠣᠯ ᠬᠠᠷᠢᠭᠤᠴᠠᠯᠭᠠᠲᠠᠨ ᠪᠤᠶᠤ ᠵᠢᠭᠠᠨ ᠲᠣᠭᠲᠠᠭᠠᠭᠰᠠᠨ ᠬᠤᠯᠪᠣᠭᠳᠠᠯ ᠪᠦᠬᠦᠢ ᠬᠠᠷᠢᠭᠤᠴᠠᠯᠭᠠᠲᠠᠨ | ᠡᠭᠦᠷᠭᠡᠯᠡᠨ᠎ᠡ᠃ Ⅱ ᠳᠡᠰ ᠤᠨ ᠳᠠᠭᠠᠬᠤ ᠶᠢ ᠵᠠᠰᠠᠭ ᠵᠠᠬᠢᠷᠭᠠᠨ ᠤ ᠵᠠᠬᠢᠷᠭ᠎ᠠ ᠠᠴᠠ ᠡᠬᠢᠯᠡᠭᠦᠯᠬᠦ ᠪᠠᠷ ᠲᠣᠭᠲᠠᠭᠠᠨ᠎ᠠ᠃ ᠡᠩ ᠤᠨ | ᠪᠠᠶᠢᠳᠠᠯ ᠳᠤ ᠨᠥᠯᠥᠭᠡᠯᠡᠬᠦ ᠬᠡᠪᠴᠢᠶ᠎ᠡ ᠪᠠᠷ ᠥᠷᠭᠡᠨ᠂ ᠬᠤᠰᠢᠭᠤ ᠰᠢᠶᠠᠨ ᠬᠤᠲᠠ ᠶᠢᠨ ᠠᠷᠭᠠᠴᠠᠬᠤ ᠳᠤ ᠬᠦᠴᠢᠷᠲᠡᠢ ᠨᠡᠯᠢᠶᠡᠳ | ᠶᠡᠭᠡ ᠭᠡᠨᠡᠳᠲᠡ ᠶᠢᠨ ᠬᠡᠷᠡᠭ ᠢ ᠠᠷᠭᠠᠴᠠᠨ᠎ᠠ᠃ ᠡᠩ ᠤᠨ ᠪᠠᠶᠢᠳᠠᠯ ᠳᠤ ᠡᠯ᠎ᠡ ᠲᠤᠰᠬᠠᠢ ᠵᠦᠢᠯ ᠤᠨ ᠪᠠᠴᠢᠮ ᠪᠠᠶᠢᠳᠠᠯ ᠢ | ᠠᠷᠭᠠᠴᠠᠬᠤ ᠵᠢᠯᠤᠭᠤᠳᠬᠤ ᠭᠠᠵᠠᠷ ᠪᠤᠶᠤ ᠲᠦᠷᠦᠭᠦᠯᠡᠨ ᠬᠢᠬᠦ ᠰᠠᠯᠠᠭ᠎ᠠ ᠮᠥᠴᠢᠷ ᠠᠴᠠ ᠠᠵᠢᠯᠯᠠᠬᠤ ᠳᠤᠭᠤᠶᠢᠯᠠᠩ ᠲᠣᠮᠢᠯᠠᠵᠤ | ᠬᠡᠷᠡᠭ ᠶᠠᠪᠤᠳᠠᠯ ᠤᠨ ᠰᠢᠨᠵᠢ ᠴᠢᠨᠠᠷ᠂ ᠨᠥᠯᠥᠭᠡᠯᠡᠬᠦ ᠬᠡᠪᠴᠢᠶ᠎ᠡ᠂ ᠡᠵᠡᠮᠳᠡᠬᠦ ᠴᠢᠳᠠᠪᠤᠷᠢ᠂ ᠬᠥᠭᠵᠢᠯᠲᠡ ᠶᠢᠨ ᠪᠠᠶᠢᠳᠠᠯ ᠵᠡᠷᠭᠡ ᠶᠢ | ᠦᠨᠳᠦᠰᠦᠯᠡᠨ ᠶᠡᠷᠦᠩᠬᠡᠶᠢᠯᠡᠨ ᠵᠠᠳᠠᠯᠵᠤ ᠰᠤᠳᠤᠯᠤᠨ ᠮᠠᠭᠠᠳᠯᠠᠭᠰᠠᠨ ᠤ ᠳᠠᠷᠠᠭ᠎ᠠ᠂ ᠠᠶᠢᠮᠠᠭ ᠤᠨ ᠵᠠᠬᠢᠷᠭ᠎ᠠ ᠳᠤ ᠳᠡᠪᠰᠢᠭᠦᠯᠵᠦ | ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠡᠬᠢᠯᠡᠭᠦᠯᠦᠨ᠎ᠡ᠃ ᠶᠡᠷᠦᠩᠬᠡᠢ ᠵᠢᠯᠣᠭᠤᠳᠤᠭᠴᠢ ᠶᠢᠨ ᠲᠤᠰᠢᠶᠠᠯ ᠢ ᠠᠶᠢᠮᠠᠭ ᠤᠨ | ᠳᠠᠷᠤᠭ᠎ᠠ ᠪᠤᠶᠤ ᠭᠤᠣᠯ ᠬᠠᠷᠢᠭᠤᠴᠠᠯᠭᠠᠲᠠᠨ ᠨᠥᠬᠦᠷ ᠡᠭᠦᠷᠭᠡᠯᠡᠨ᠎ᠡ᠃ Ⅲ ᠲᠠᠰ ᠤᠨ ᠳᠠᠭᠠᠬᠤ ᠶᠢ ᠠᠶᠢᠮᠠᠭ ᠤᠨ | ᠵᠠᠬᠢᠷᠭ᠎ᠠ ᠠᠴᠠ ᠡᠬᠢᠯᠡᠭᠦᠯᠬᠦ ᠪᠠᠷ ᠲᠣᠭᠲᠠᠭᠠᠨ᠎ᠠ᠃ ᠭᠤᠣᠯᠳᠠᠭᠤ ᠲᠤᠰ ᠠᠶᠢᠮᠠᠭ ᠤᠨ ᠬᠤᠰᠢᠭᠤ ᠰᠢᠶᠠᠨ ᠬᠤᠳᠠ ᠶᠢᠨ ᠵᠠᠰᠠᠭ | ᠵᠠᠬᠢᠷᠭᠠᠨ ᠤ ᠣᠷᠣᠨ ᠠᠯᠤᠰᠯᠠᠭᠰᠠᠨ ᠪᠤᠶᠤ ᠬᠤᠰᠢᠭᠤ ᠰᠢᠶᠠᠨ ᠬᠤᠳᠠ ᠶᠢᠨ ᠠᠷᠭᠠᠴᠠᠬᠤ ᠴᠢᠳᠠᠪᠤᠷᠢ ᠠᠴᠠ ᠳᠠᠪᠠᠭᠰᠠᠨ | ᠡᠩ ᠤᠨ ᠲᠡᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠳᠤ ᠶᠡᠷᠦᠳᠡᠭᠡᠨ ᠡᠯ᠎ᠡ ᠬᠤᠰᠢᠭᠤ ᠰᠢᠶᠠᠨ ᠬᠤᠳᠠ ᠶᠢᠨ ᠠᠷᠠᠳ | ᠤᠨ ᠵᠠᠰᠠᠭ ᠤᠨ ᠣᠷᠳᠣᠨ ᠠᠴᠠ ᠱᠠᠭᠠᠷᠳᠠᠯᠭ᠎ᠠ ᠳᠤᠷᠠᠳᠬᠤ ᠬᠡᠷᠡᠭᠲᠡᠢ᠃ ᠠᠶᠢᠮᠠᠭ ᠤᠨ ᠱᠠᠲᠤᠨ ᠤ ᠪᠠᠴᠢᠮ ᠪᠠᠶᠢᠳᠠᠯ ᠢ | ᠠᠷᠭᠠᠴᠠᠬᠤ ᠲᠤᠰᠬᠠᠢ ᠵᠢᠯᠤᠭᠤᠳᠬᠤ ᠭᠠᠵᠠᠷ ᠪᠤᠶᠤ ᠲᠦᠷᠦᠭᠦᠯᠡᠬᠦ ᠰᠠᠯᠠᠭ᠎ᠠ ᠮᠥᠴᠢᠷ ᠨᠢ ᠪᠠᠶᠢᠳᠠᠯ ᠢ ᠦᠵᠡᠵᠦ ᠪᠠᠶᠢᠭᠠᠳ | ᠵᠢᠯᠤᠭᠤᠳᠬᠤ ᠳᠤᠭᠤᠶᠢᠯᠠᠩ ᠲᠣᠮᠢᠯᠠᠵᠤ᠂ ᠶᠡᠷᠦᠩᠬᠡᠶᠢᠯᠡᠨ ᠵᠠᠳᠠᠯᠵᠤ ᠰᠤᠳᠤᠯᠤᠨ ᠮᠠᠭᠠᠳᠯᠠᠭᠰᠠᠨ ᠤ ᠳᠠᠷᠠᠭ᠎ᠠ᠂ ᠠᠶᠢᠮᠠᠭ ᠤᠨ | ᠵᠠᠬᠢᠷᠭ᠎ᠠ ᠳᠤ ᠳᠡᠪᠰᠢᠭᠦᠯᠵᠦ ᠪᠠᠴᠢᠮ ᠪᠠᠶᠢᠳᠠᠯ ᠢ ᠠᠷᠭᠠᠴᠠᠬᠤ ᠶᠢ ᠳᠠᠭᠠᠵᠤ ᠬᠢᠬᠦ ᠠᠵᠢᠯ ᠢ ᠡᠬᠢᠯᠡᠭᠦᠯᠦᠨ᠎ᠡ᠃ ᠠᠶᠢᠮᠠᠭ ᠤᠨ | ᠪᠠᠴᠢᠮ ᠪᠠᠶᠢᠳᠠᠯ ᠢ ᠠᠷᠭᠠᠴᠠᠬᠤ ᠲᠤᠰᠬᠠᠢ ᠲᠥᠰᠥᠯ ᠳᠤ ᠬᠠᠷᠢᠶ᠎ᠠ ᠭᠠᠵᠠᠷ ᠢᠶᠠᠷ ᠭᠤᠣᠯ ᠪᠣᠯᠭᠠᠬᠤ ᠵᠠᠷᠴᠢᠮ ᠶᠣᠰᠣᠭᠠᠷ᠂ | ᠭᠡᠨᠡᠳᠲᠡ ᠶᠢᠨ ᠬᠡᠷᠡᠭ ᠢ ᠠᠷᠭᠠᠴᠠᠬᠤ ᠠᠵᠢᠯ ᠢ ᠨᠢᠭᠡᠳᠦᠯᠲᠡᠢ ᠤᠳᠤᠷᠢᠳᠴᠤ᠂ ᠵᠣᠬᠢᠶᠠᠨ ᠪᠠᠶᠢᠭᠤᠯᠤᠨ ᠵᠢᠯᠣᠭᠤᠳᠤᠨ᠎ᠠ ᠭᠡᠵᠦ | ᠲᠣᠳᠣᠷᠬᠠᠢ ᠲᠣᠭᠲᠠᠭᠠᠪᠠ᠃ | ᠣᠷᠣᠨ ᠨᠤᠲᠤᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠲᠤᠬᠠᠢ᠃ | ᠶᠡᠷᠦᠩᠬᠡᠢ ᠱᠦᠵᠢ ᠰᠢ ᠶᠢᠨ ᠫᠢᠩ ᠣᠯᠠᠨ ᠤᠳᠠᠭ᠎ᠠ ᠴᠢᠬᠤᠯᠠᠴᠢᠯᠠᠬᠤ ᠳᠠᠭᠠᠨ᠂ ᠣᠷᠣᠨ ᠨᠤᠲᠤᠭ ᠤᠨ ᠨᠠᠮ ᠤᠨ ᠬᠤᠷᠢᠶ᠎ᠠ᠂ | ᠵᠠᠰᠠᠭ ᠤᠨ ᠣᠷᠳᠣᠨ ︽ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ︾ ︽ ᠨᠢᠭᠡ ᠲᠠᠯ᠎ᠠ ᠶᠢᠨ | ᠬᠥᠭᠵᠢᠯᠲᠡ ᠶᠢ ᠠᠬᠢᠭᠤᠯᠵᠤ᠂ ᠨᠢᠭᠡ ᠲᠠᠯ᠎ᠠ ᠶᠢᠨ ᠠᠮᠤᠷ ᠲᠦᠪᠰᠢᠨ ᠢ ᠪᠠᠲᠤᠯᠠᠬᠤ︾ ᠤᠯᠤᠰ ᠲᠥᠷᠥ ᠶᠢᠨ ᠬᠠᠷᠢᠭᠤᠴᠠᠯᠭ᠎ᠠ ᠶᠢ | ᠡᠭᠦᠷᠭᠡᠯᠡᠵᠦ᠂ ︽ᠰᠢᠨ᠎ᠡ ᠪᠠᠶᠢᠳᠠᠯ ᠤᠨ ᠳᠣᠣᠷᠠᠬᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠤᠬᠠᠢ | ᠪᠠᠷᠢᠮᠵᠢᠶ᠎ᠠ ᠨᠤᠭᠤᠳ︾ ᠵᠡᠷᠭᠡ ᠨᠠᠮ ᠤᠨ ᠳᠣᠲᠣᠭᠠᠳᠤ ᠶᠢᠨ ᠳᠦᠷᠢᠮ ᠲᠣᠭᠲᠠᠭᠠᠯ ᠵᠢᠴᠢ ᠭᠠᠮᠰᠢᠭ ᠢ ᠰᠡᠷᠭᠡᠶᠢᠯᠡᠬᠦ ᠭᠠᠮᠰᠢᠭ ᠢ | ᠪᠠᠭᠠᠰᠬᠠᠬᠤ ᠭᠠᠮᠰᠢᠭ ᠠᠴᠠ ᠠᠪᠤᠷᠠᠬᠤ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ᠂ ᠠᠶᠤᠯᠭᠦᠢ ᠦᠢᠯᠡᠳᠪᠦᠷᠢᠯᠡᠯ ᠤᠨ | ᠬᠦᠷᠢᠶᠡᠨ ᠤ ᠥᠭᠡᠷᠡᠴᠢᠯᠡᠯᠲᠡ ᠬᠥᠭᠵᠢᠯᠲᠡ᠂ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠵᠡᠷᠭᠡ ᠲᠠᠯ᠎ᠠ ᠶᠢᠨ | ᠪᠢᠴᠢᠭ ᠮᠠᠲ᠋ᠧᠷᠢᠶᠠᠯ ᠳᠤ ᠣᠷᠣᠨ ᠨᠤᠲᠤᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠷᠢᠭᠤᠴᠠᠯᠭ᠎ᠠ ᠳᠤ ᠴᠥᠮ | ᠪᠣᠳᠠᠲᠠᠢ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠡᠭᠦᠨ ᠢ ᠦᠨᠳᠦᠰᠦᠯᠡᠨ᠂ ︽ᠶᠡᠷᠦᠩᠬᠡᠢ ᠪᠡᠯᠡᠳᠬᠡᠯ ᠲᠥᠰᠥᠯ︾ ᠳᠤ ᠣᠷᠣᠨ | ᠨᠤᠲᠤᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠡᠯ᠎ᠡ ᠲᠦᠷᠦᠯ ᠤᠨ ᠭᠡᠨᠡᠳᠲᠡ ᠶᠢᠨ ᠬᠡᠷᠡᠭ ᠢ ᠠᠷᠭᠠᠴᠠᠬᠤ | ᠠᠵᠢᠯ ᠢ ᠪᠦᠬᠦ ᠲᠠᠯ᠎ᠠ ᠪᠠᠷ ᠬᠠᠷᠢᠭᠤᠴᠠᠬᠤ ᠪᠠ ᠭᠠᠵᠠᠷ ᠣᠷᠣᠨ ᠤ ᠬᠠᠮᠢᠶᠠᠷᠤᠯᠲᠠ ᠶᠢ ᠪᠣᠳᠠᠲᠠᠢ ᠪᠠᠷ ᠪᠠᠲᠤᠯᠠᠬᠤ | ᠬᠠᠷᠢᠭᠤᠴᠠᠯᠭ᠎ᠠ ᠶᠢᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠣᠳᠣᠷᠬᠠᠶᠢᠯᠠᠪᠠ᠃ | ᠮᠡᠳᠡᠭᠡ ᠵᠠᠩᠭᠢ ᠶᠢᠨ ᠮᠡᠳᠡᠭᠦᠯᠦᠯᠲᠡ ᠶᠢᠨ ᠲᠤᠬᠠᠢ᠃ ᠮᠡᠳᠡᠭᠡ ᠵᠠᠩᠭᠢ ᠶᠢᠨ ᠮᠡᠳᠡᠭᠦᠯᠦᠯᠲᠡ ᠪᠣᠯ ᠭᠡᠨᠡᠳᠲᠡ ᠶᠢᠨ ᠬᠡᠷᠡᠭ ᠢ | ᠠᠷᠭᠠᠴᠠᠬᠤ ᠠᠵᠢᠯ ᠤᠨ ᠨᠢᠭᠡᠳᠦᠭᠡᠷ ᠵᠠᠷᠯᠢᠭ ᠮᠥᠨ᠂ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ | ᠵᠢᠯᠤᠭᠤᠳᠬᠤ ᠪᠠᠶᠢᠭᠤᠯᠤᠮᠵᠢ ᠶᠢᠨ ᠭᠠᠷᠭᠠᠭᠰᠠᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ | ᠴᠢᠬᠤᠯᠠ ᠦᠨᠳᠦᠰᠦᠯᠡᠯ ᠮᠥᠨ᠂ ᠮᠡᠳᠡᠭᠡ ᠵᠠᠩᠭᠢ ᠶᠢᠨ ᠮᠡᠳᠡᠭᠦᠯᠦᠯᠲᠡ ᠳᠤ ᠡᠷᠬᠡᠪᠰᠢ ᠴᠠᠭᠴᠢ ᠴᠢᠨᠠᠷ ᠪᠠ ᠣᠨᠣᠪᠴᠢᠲᠤ | ᠴᠢᠨᠠᠷ ᠢ ᠡᠷᠬᠢᠮᠯᠡᠬᠦ ᠬᠡᠷᠡᠭᠲᠡᠢ᠃ ᠮᠡᠳᠡᠭᠡ ᠵᠠᠩᠭᠢ ᠶᠢᠨ ᠮᠡᠳᠡᠭᠦᠯᠦᠯᠲᠡ ᠶᠢᠨ ᠠᠵᠢᠯ ᠢ ᠴᠢᠩᠭᠠᠳᠬᠠᠬᠤ ᠶᠢᠨ ᠲᠥᠯᠥᠭᠡ᠂ | ︽ᠶᠡᠷᠦᠩᠬᠡᠢ ᠲᠥᠰᠥᠯ︾ ᠳᠤ ᠦᠨᠳᠦᠰᠦᠨ ᠱᠠᠲᠤᠨ ᠤ ᠰᠦᠯᠵᠢᠶᠡᠨ ᠤ ᠠᠵᠢᠯᠲᠠᠨ ᠤ ᠬᠠᠮᠢᠶᠠᠷᠤᠯᠲᠠ ᠶᠢᠨ ᠪᠠᠶᠢᠭᠤᠯᠤᠮᠵᠢ | ᠲᠣᠭᠲᠠᠴᠠ ᠶᠢᠨ ᠰᠢᠨ᠎ᠡ ᠶᠢ ᠡᠭᠦᠳᠴᠦ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠨᠢᠭᠡᠳᠦᠯᠲᠡᠢ ᠵᠢᠷᠤᠮᠵᠢᠭᠰᠠᠨ ᠦᠨᠳᠦᠰᠦᠨ | ᠱᠠᠲᠤᠨ ᠤ ᠰᠦᠯᠵᠢᠶᠡᠨ ᠤ ᠠᠵᠢᠯᠲᠠᠨ ᠢ ᠬᠠᠮᠢᠶᠠᠷᠬᠤ ᠪᠠ ᠤᠷᠮᠠᠰᠢᠭᠤᠯᠬᠤ ᠳᠦᠷᠢᠮ ᠢ ᠪᠠᠶᠢᠭᠤᠯᠵᠤ᠂ ᠲᠦᠭᠰᠢᠭᠦᠷᠢ ᠶᠢᠨ | ᠲᠠᠯᠳᠠ ᠭᠡᠮ ᠢ ᠲᠣᠭᠤᠷᠢᠨ ᠪᠠᠶᠢᠴᠠᠭᠠᠭᠰᠠᠨ ᠮᠡᠳᠡᠭᠦᠯᠦᠯᠲᠡ᠂ ᠭᠡᠨᠡᠳᠲᠡ ᠶᠢᠨ ᠬᠡᠷᠡᠭ ᠢ ᠡᠭᠦᠷᠭᠡᠯᠡᠭᠰᠡᠨ ᠢ ᠡᠩ ᠲᠡᠷᠢᠭᠦᠨ | ᠳᠤ ᠮᠡᠳᠡᠭᠦᠯᠬᠦ᠂ ᠡᠩ ᠲᠡᠷᠢᠭᠦᠨ ᠳᠤ ᠤᠷᠢᠳᠴᠢᠯᠠᠨ ᠰᠢᠢᠳᠪᠦᠷᠢᠯᠡᠬᠦ ᠵᠡᠷᠭᠡ ᠶᠢ ᠣᠷᠣᠨ ᠨᠤᠲᠤᠭ ᠤᠨ ᠡᠯ᠎ᠡ ᠱᠠᠲᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠭᠡᠨᠡᠳᠲᠡ ᠶᠢᠨ ᠬᠡᠷᠡᠭ ᠢ | ᠭᠥᠯᠢᠶᠡᠨ ᠠᠪᠤᠭᠰᠠᠨ ᠤ ᠲᠠᠷᠠᠭ᠎ᠠ᠂ ᠳᠠᠷᠤᠶᠢᠬᠠᠨ ᠦᠨᠡᠨ ᠮᠥᠨ ᠢᠶᠠᠷ ᠨᠢ ᠳᠡᠭᠡᠳᠦ ᠱᠠᠲᠤᠨ ᠳᠤ ᠮᠡᠳᠡᠭᠦᠯᠬᠦ ᠬᠡᠷᠡᠭᠲᠡᠢ᠂ | ᠪᠢᠴᠢᠭ ᠢ ᠬᠠᠮᠤᠭ ᠤᠨ ᠣᠷᠣᠢ ᠳᠠᠭᠠᠨ 1 ᠴᠠᠭ ᠠᠴᠠ ᠬᠡᠲᠦᠷᠡᠭᠦᠯᠵᠦ ᠪᠣᠯᠬᠤ ᠦᠭᠡᠢ ︵ᠤᠯᠤᠰ ᠤᠨ ᠶᠡᠷᠦᠩᠬᠡᠢ ᠲᠥᠰᠥᠯ | ᠤᠨ ᠲᠣᠭᠲᠠᠭᠠᠯ ᠳᠤ 1 ᠴᠠᠭ ᠠᠴᠠ ᠬᠡᠲᠦᠷᠡᠭᠦᠯᠵᠦ ᠪᠣᠯᠬᠤ ᠦᠭᠡᠢ︶᠂ ᠤᠳᠠᠭᠠᠰᠢᠷᠠᠭᠤᠯᠤᠨ ᠮᠡᠳᠡᠭᠦᠯᠬᠦ᠂ ᠣᠷᠬᠢᠭᠳᠠᠭᠤᠯᠤᠨ | ᠮᠡᠳᠡᠭᠦᠯᠬᠦ᠂ ᠬᠤᠳᠠᠯ ᠢᠶᠠᠷ ᠮᠡᠳᠡᠭᠦᠯᠬᠦ᠂ ᠨᠢᠭᠤᠨ ᠳᠠᠯᠳᠠᠯᠠᠭᠠᠳ ᠮᠡᠳᠡᠭᠦᠯᠬᠦ ᠦᠭᠡᠢ ᠪᠠᠶᠢᠬᠤ ᠶᠢ ᠴᠢᠩᠭ᠎ᠠ ᠴᠠᠭᠠᠵᠠᠯᠠᠬᠤ | ᠬᠡᠷᠡᠭᠲᠡᠢ᠃ ᠣᠨᠴᠣᠭᠤᠢ ᠬᠦᠨᠳᠦ ᠶᠡᠭᠡ ᠭᠡᠨᠡᠳᠲᠡ ᠶᠢᠨ ᠬᠡᠷᠡᠭ ᠭᠠᠷᠤᠭᠰᠠᠨ ᠤ ᠳᠠᠷᠠᠭ᠎ᠠ ᠪᠤᠶᠤ ᠣᠨᠴᠣᠭᠤᠢ ᠪᠠᠶᠢᠳᠠᠯ ᠤᠨ | ᠳᠣᠣᠷ᠎ᠠ᠂ ᠬᠡᠷᠡᠭ ᠭᠠᠷᠤᠭᠰᠠᠨ ᠭᠠᠵᠠᠷ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ | ᠠᠶᠢᠮᠠᠭ ᠤᠨ ᠨᠠᠮ ᠤᠨ ᠬᠤᠷᠢᠶ᠎ᠠ᠂ ᠵᠠᠰᠠᠭ ᠵᠠᠬᠢᠷᠭᠠᠨ ᠤ ᠵᠠᠬᠢᠷᠭ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ | ᠰᠢᠭᠤᠳ ᠮᠡᠳᠡᠭᠦᠯᠬᠦ ᠶᠢᠨ ᠬᠠᠮᠲᠤ ᠳᠡᠭᠡᠷ᠎ᠡ ᠨᠢᠭᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ ᠃ | ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠲᠤᠬᠠᠢ᠃ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠪᠣᠯ ᠡᠯ᠎ᠡ | ᠲᠥᠷᠥᠯ ᠤᠨ ᠭᠡᠨᠡᠳᠲᠡ ᠶᠢᠨ ᠬᠡᠷᠡᠭ ᠢ ᠴᠠᠭ ᠲᠤᠬᠠᠢ ᠳᠤᠨᠢ ᠥᠨᠳᠥᠷ ᠦᠷ᠎ᠡ ᠪᠦᠲᠦᠮᠵᠢᠲᠡᠶ ᠪᠠᠷ ᠰᠢᠢᠳᠪᠦᠷᠢᠯᠡᠬᠦ ᠶᠢᠨ | ᠤᠷᠢᠲᠠᠯ ᠪᠠ ᠰᠠᠭᠤᠷᠢ ᠪᠣᠯᠣᠨ᠎ᠠ᠃ ᠰᠢ ᠶᠢᠨ ᠫᠢᠩ ᠶᠡᠷᠦᠩᠬᠡᠢ ᠱᠦᠵᠢ ᠵᠢᠭᠠᠵᠤ ᠭᠠᠷᠭᠠᠬᠤ ᠳᠠᠭᠠᠨ᠄ ᠪᠡᠯᠡᠳᠬᠡᠬᠦ ᠠᠴᠠ ᠪᠢᠰᠢ | ᠬᠡᠷᠡᠭᠯᠡᠬᠦ ᠦᠭᠡᠢ ᠪᠠᠶᠢᠵᠤ᠂ ᠬᠡᠷᠡᠭᠯᠡᠬᠦ ᠦᠶᠡᠰ ᠪᠡᠯᠡᠳᠬᠡᠯ ᠦᠭᠡᠢ ᠪᠠᠶᠢᠵᠤ ᠪᠣᠯᠬᠤ ᠦᠭᠡᠢ᠃ ᠲᠣᠰ ᠤᠳᠠᠭ᠎ᠠ ᠲᠥᠰᠥᠯ ᠳᠤ | ᠵᠠᠰᠠᠪᠤᠷᠢ ᠣᠷᠣᠭᠤᠯᠬᠤ ᠳᠠᠭᠠᠨ᠂ ᠥᠩᠭᠡᠷᠡᠭᠰᠡᠨ ᠤ ᠲᠤᠷᠰᠢᠯᠭ᠎ᠠ ᠰᠤᠷᠭᠠᠮᠵᠢ ᠪᠠᠨ ᠳ᠋ᠦᠩᠨᠡᠭᠰᠡᠨ ᠰᠠᠭᠤᠷᠢᠨ ᠳᠡᠭᠡᠷ᠎ᠡ᠂ | ᠡᠩᠨᠡᠭᠡ ᠶᠢᠨ ᠪᠠᠲᠤᠯᠠᠭ᠎ᠠ᠂ ᠪᠡᠯᠡ ᠮᠥᠩᠭᠦ ᠶᠢᠨ ᠪᠠᠲᠤᠯᠠᠭ᠎ᠠ᠂ ᠡᠳ᠋ ᠪᠣᠳᠠᠰ ᠤᠨ ᠪᠠᠲᠤᠯᠠᠭ᠎ᠠ᠂ ᠵᠠᠮ ᠲᠡᠭᠡᠭᠡᠪᠦᠷᠢ ᠶᠢᠨ ᠪᠠᠲᠤᠯᠠᠭ᠎ᠠ᠂ | ᠵᠢᠯᠣᠭᠤᠳᠤᠯᠭ᠎ᠠ ᠪᠠ ᠴᠢᠮᠡᠭᠡ ᠬᠤᠯᠪᠣᠭ᠎ᠠ ᠶᠢᠨ ᠪᠠᠲᠤᠯᠠᠭ᠎ᠠ ᠵᠡᠷᠭᠡ ᠲᠠᠯ᠎ᠠ ᠪᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠡᠭᠦᠷᠭᠡ ᠬᠠᠷᠢᠭᠤᠴᠠᠯᠭ᠎ᠠ ᠪᠠ ᠡᠭᠦᠷᠭᠡ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠪᠠᠴᠢᠮ ᠪᠠᠶᠢᠳᠠᠯ ᠢ ᠠᠷᠭᠠᠴᠠᠬᠤ | ᠪᠠᠲᠤᠯᠠᠭ᠎ᠠ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠪᠠᠴᠢᠮ ᠪᠠᠶᠢᠳᠠᠯ ᠢ | ᠠᠷᠭᠠᠴᠠᠬᠤ ᠪᠠᠲᠤᠯᠠᠭ᠎ᠠ ᠶᠢᠨ ᠰᠠᠭᠤᠷᠢ ᠶᠢ ᠪᠠᠬᠢᠵᠢᠭᠦᠯᠦᠨ᠎ᠡ᠃ |