ᠪᠡᠭᠡᠵᠢᠩ ᠬᠤᠲᠠ ᠶᠢᠨ ᠬᠠᠶᠢᠳᠢᠶᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠯᠣᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠠᠵᠢᠯ ᠤᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/2/28
     2 ᠰᠠᠷ᠎ᠠ ᠶᠢᠨ 22 ᠤᠨ ᠡᠳᠦᠷ᠂ ᠪᠡᠭᠡᠵᠢᠩ ᠬᠤᠲᠠ ᠶᠢᠨ ᠬᠠᠶᠢᠳᠢᠶᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠯᠣᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠠᠵᠢᠯ ᠤᠨ ᠶᠠᠷᠢᠯᠴᠠᠬᠤ ᠬᠤᠷᠠᠯ ᠬᠤᠷᠠᠯᠳᠤᠪᠠ᠃ ᠬᠠᠶᠢᠳᠢᠶᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠵᠥᠪᠯᠡᠯ ᠤᠨ ᠱᠦᠵᠢ᠂ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠯᠢ ᠶᠢᠨ ᠲᠤᠸ᠂ ᠬᠢᠩᠭᠠᠨ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ᠂ ᠠᠶᠢᠮᠠᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠨᠠᠮ ᠤᠨ ᠬᠤᠷᠢᠶ᠎ᠠ ᠶᠢᠨ ᠱᠦᠵᠢ ᠵᠧᠦ ᠲᠤᠸ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠸᠠᠩ ᠵᠢᠶᠠ ᠪᠥᠸᠧ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠳᠡᠳ᠋ ᠳᠠᠷᠤᠭ᠎ᠠ ᠶᠦᠨ ᠹᠧᠩ ᠵᠢᠴᠢ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ ᠨᠠᠷ ᠶᠠᠷᠢᠯᠴᠠᠬᠤ ᠬᠤᠷᠠᠯ ᠳᠤ ᠣᠷᠣᠯᠴᠠᠵᠠᠢ᠃       ᠶᠠᠷᠢᠯᠴᠠᠬᠤ ᠬᠤᠷᠠᠯ ᠳᠡᠭᠡᠷ᠎ᠡ᠂ ᠵᠧᠦ ᠲᠤᠤ ᠬᠠᠶᠢᠳᠢᠶᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠴᠢᠩ ᠰᠡᠳᠬᠢᠯ ᠠᠴᠠ ᠪᠠᠨ ᠬᠠᠪᠰᠤᠷᠤᠨ ᠲᠡᠳᠬᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠵᠧᠦ ᠲᠤᠸ ᠵᠢᠭᠠᠵᠤ ᠭᠠᠷᠭᠠᠭᠰᠠᠨ ᠨᠢ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠮ ᠡᠮᠨᠡᠯᠭᠡ ᠶᠢᠨ ᠰᠠᠭᠤᠷᠢ ᠨᠢᠮᠭᠡᠨ᠂ ᠬᠠᠶᠢᠳᠢᠶᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠪᠰᠤᠷᠤᠯᠭ᠎ᠠ ᠳᠣᠣᠷ᠎ᠠ᠂ ᠲᠠᠰ ᠬᠤᠪᠢᠶᠠᠨ ᠣᠨᠣᠰᠢᠯᠠᠨ ᠡᠮᠨᠡᠬᠦ ᠪᠦᠷᠢᠨ ᠲᠡᠭᠦᠯᠳᠡᠷ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠲᠤᠬᠠᠢ ᠶᠢᠨ ᠭᠠᠵᠠᠷ ᠤᠨ ᠠᠷᠠᠳ ᠣᠯᠠᠨ ᠳᠤ ᠨᠠᠩ ᠴᠢᠨᠠᠷ ᠰᠠᠶᠢᠲᠠᠢ ᠥᠨᠳᠥᠷ ᠪᠦᠲᠦᠮᠵᠢᠲᠡᠶ ᠡᠷᠡᠭᠦᠯ ᠮᠡᠨᠳᠦ ᠶᠢᠨ ᠦᠢᠯᠡᠴᠢᠯᠡᠭᠡ ᠬᠦᠷᠲᠡᠭᠡᠬᠦ ᠶᠢ ᠬᠦᠰᠡᠵᠦ ᠪᠠᠶᠢᠨ᠎ᠠ ᠭᠡᠪᠡ᠃    ᠯᠢ ᠶᠢᠨ ᠲᠤᠤ᠂ ᠬᠤᠶᠠᠷ ᠲᠠᠯ᠎ᠠ ᠶᠢᠨ ᠡᠷᠡᠭᠦᠯ ᠬᠠᠮᠠᠭᠠᠯᠠᠯ ᠡᠷᠡᠭᠦᠯ ᠬᠠᠮᠠᠭᠠᠯᠠᠯ ᠤᠨ ᠰᠢᠰᠲ᠋ᠧᠮ ᠤᠨ ᠬᠢᠨ ᠤᠯᠠᠮ ᠴᠢᠨᠠᠭᠰᠢᠳᠠ ᠣᠯᠣᠯᠴᠠᠵᠤ᠂ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠠᠵᠢᠯ ᠢ ᠵᠥᠪᠳᠡᠯᠴᠡᠵᠦ᠂ ᠬᠠᠮᠵᠢᠯᠴᠠᠨ ᠲᠡᠳᠬᠦᠬᠦ ᠠᠵᠢᠯ ᠤᠨ ᠬᠡᠷᠡᠭᠴᠡᠭᠡ ᠪᠣᠯᠣᠨ ᠬᠤᠶᠢᠰᠢᠳᠠ ᠶᠢᠨ ᠠᠵᠢᠯ ᠤᠨ ᠴᠢᠭᠯᠡᠯ ᠢ ᠲᠣᠳᠣᠷᠬᠠᠶᠢᠯᠠᠬᠤ ᠬᠡᠷᠡᠭᠲᠡᠢ ᠭᠡᠵᠦ ᠢᠯᠡᠳᠬᠡᠪᠡ᠃ ᠬᠠᠶᠢᠳᠢᠶᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠢᠨ ᠪᠦᠬᠦ ᠲᠠᠯ᠎ᠠ ᠪᠠᠷ ᠬᠠᠪᠰᠤᠷᠤᠨ ᠲᠡᠳᠬᠦᠬᠦ ᠲᠦᠷᠦ ᠶᠢᠨ ᠪᠣᠳᠣᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠡᠷᠴᠢᠮ ᠢᠶᠠᠨ ᠰᠤᠯᠠᠷᠠᠭᠤᠯᠬᠤ ᠦᠭᠡᠢ᠂ ᠴᠢᠭᠯᠡᠯ ᠢᠶᠠᠨ ᠬᠤᠪᠢᠷᠠᠭᠤᠯᠬᠤ ᠦᠭᠡᠢ᠂ ᠠᠷᠭ᠎ᠠ ᠬᠡᠮᠵᠢᠶ᠎ᠡ ᠪᠠᠨ ᠲᠠᠰᠤᠷᠠᠯᠲᠠ ᠦᠭᠡᠢ ᠬᠡᠷᠡᠭᠵᠢᠭᠦᠯᠬᠦ ᠶᠢ ᠪᠠᠲᠤᠯᠠᠵᠤ᠂ ᠵᠡᠭᠦᠨ ᠪᠠᠷᠠᠭᠤᠨ ᠣᠷᠣᠨ ᠤ ᠬᠠᠮᠵᠢᠯᠴᠠᠬᠤ ᠠᠵᠢᠯ ᠢ ᠦᠨᠡᠨᠬᠦ ᠪᠣᠳᠠᠲᠠᠢ ᠪᠥᠭᠡᠳ ᠨᠠᠷᠢᠯᠢᠭ ᠬᠢᠨ᠎ᠡ᠃ ᠨᠠᠷᠢᠯᠢᠭ ᠣᠨᠣᠴᠠᠲᠠᠢ ᠪᠠᠷ ᠬᠠᠪᠰᠤᠷᠤᠨ ᠲᠡᠳᠬᠦᠬᠦ ᠳᠤ ᠪᠥᠬᠦ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠬᠦ ᠶᠢᠨ ᠬᠠᠮᠲᠤ ᠬᠠᠪᠰᠤᠷᠤᠨ ᠲᠡᠳᠬᠦᠬᠦ ᠠᠵᠢᠯ ᠢ ᠬᠤᠰᠢᠭᠤ᠂ ᠰᠢᠶᠠᠩ᠂ ᠪᠠᠯᠭᠠᠰᠤ ᠳᠠᠰᠢ ᠥᠷᠭᠡᠳᠬᠡᠵᠦ ᠂ ᠦᠨᠳᠦᠰᠦᠨ ᠱᠠᠲᠤᠨ ᠤ ᠱᠠᠲᠤ ᠬᠤᠪᠢᠶᠠᠨ ᠣᠨᠣᠰᠢᠯᠠᠨ ᠡᠮᠨᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠬᠤ ᠬᠡᠷᠡᠭᠲᠡᠢ ᠭᠡᠵᠡᠢ᠃ ᠡᠭᠦᠨ ᠤ ᠬᠠᠮᠲᠤ᠂ ᠬᠠᠪᠰᠤᠷᠤᠨ ᠲᠡᠳᠬᠦᠬᠦ ᠠᠵᠢᠯ ᠤᠨ ᠲᠣᠭᠲᠠᠴᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠮᠵᠢᠯᠴᠠᠨ ᠬᠠᠪᠰᠤᠷᠤᠨ ᠲᠡᠳᠬᠦᠬᠦ ᠠᠵᠢᠯ ᠤᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠩ ᠥᠨᠳᠥᠷ ᠲᠠᠰ ᠳᠠᠪᠬᠤᠷᠭ᠎ᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨ᠎ᠡ ᠪᠠᠶᠢᠷᠢᠰᠢᠯ ᠢ ᠪᠣᠶ ᠪᠣᠯᠭᠠᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠡᠢ᠃    ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠲᠤᠰ ᠲᠤᠰ ᠬᠠᠮᠢᠶ᠎ᠠ ᠪᠦᠬᠦᠢ ᠠᠵᠢᠯ ᠤᠨ ᠲᠤᠬᠠᠢ ᠰᠠᠨᠠᠯ ᠢᠶᠠᠨ ᠰᠣᠯᠢᠯᠴᠠᠪᠠ᠃   
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号