ᠸᠠᠩ ᠯᠢ ᠳ᠋ᠦᠩ ᠮᠦᠭᠳᠡᠨ ᠤ ᠹᠥ᠋ᠩ ᠰᠢᠶᠠᠩ ᠪᠦᠯᠦᠭᠯᠡᠯ ᠳᠤ ᠬᠦᠷᠴᠦ ᠠᠵᠤ ᠦᠢᠯᠡᠰ ᠤᠨ ᠲᠦᠷᠦᠯ ᠵᠦᠢᠯ ᠢ ᠵᠣᠯᠭᠠᠭᠤᠯᠬᠤ ᠪᠠᠷ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/2/28
     2 ᠰᠠᠷ᠎ᠠ ᠶᠢᠨ 25 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ ᠮᠦᠭᠲᠡᠨ ᠤ ᠹᠧᠩ ᠰᠢᠶᠠᠩ ᠪᠦᠯᠦᠭᠯᠡᠯ ᠳᠤ ᠬᠦᠷᠴᠦ ᠠᠵᠤ ᠦᠢᠯᠡᠰ ᠤᠨ ᠲᠥᠷᠥᠯ ᠵᠦᠢᠯ ᠢ ᠵᠣᠯᠭᠠᠭᠤᠯᠬᠤ ᠲᠤᠬᠠᠢ ᠪᠠᠶᠢᠴᠠᠭᠠᠨ ᠰᠤᠳᠤᠯᠤᠯᠲᠠ ᠬᠢᠪᠡ᠃ ᠰᠢᠨ᠎ᠡ ᠡᠨᠧᠷᠭᠢ ᠶᠢᠨ ᠠᠵᠤ ᠦᠢᠯᠡᠰ᠂ ᠭᠤᠯᠢᠷ ᠢᠳᠡᠭᠡᠨ ᠡᠳ᠋ᠰᠢᠭᠦᠯᠬᠦ ᠠᠵᠤ ᠦᠢᠯᠡᠰ᠂  ᠠᠭᠠᠯᠢᠭ ᠵᠢᠮᠢᠰ ᠤᠨ ᠠᠵᠤ ᠦᠢᠯᠡᠰ᠂ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ᠂  ᠬᠤ᠋ ᠳ᠋ᠢᠶᠧ ᠯᠠᠨ ᠠᠵᠤ ᠦᠢᠯᠡᠰ᠂ ᠴᠠᠬᠢᠯᠭᠠᠨ ᠢᠶᠠᠷ ᠳᠤᠯᠠᠭᠠᠯᠠᠵᠤ ᠤᠭᠰᠠᠷᠠᠬᠤ ᠠᠵᠤ ᠦᠢᠯᠡᠰ᠂ ᠣᠶ ᠰᠢᠭᠤᠢ ᠡᠪᠡᠰᠦ ᠪᠡᠯᠴᠢᠭᠡᠷ ᠨᠡᠭᠦᠷᠡᠰᠦᠲᠥ᠋ᠷᠥᠭᠴᠢ ᠶᠢ ᠬᠤᠷᠠᠭᠤᠯᠬᠤ ᠠᠵᠤ ᠦᠢᠯᠡᠰ ᠵᠡᠷᠭᠡ ᠲᠤᠯᠤᠭᠠᠨ ᠠᠵᠤ ᠦᠢᠯᠡᠰ ᠤᠨ ᠲᠠᠯ᠎ᠠ ᠪᠠᠷ ᠨᠡᠪᠲᠡᠷᠡᠯᠴᠡᠨ ᠵᠤᠯᠭᠠᠯᠳᠣᠭᠤᠯᠪᠠ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠸᠠᠩ ᠯᠢ ᠳ᠋ᠦᠩ ᠮᠦᠭᠳᠡᠨ ᠤ ᠹᠧᠩ ᠰᠢᠶᠠᠩ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠰᠦᠨ ᠹᠧᠩ ᠰᠢᠶᠠᠩ ᠲᠠᠢ ᠶᠠᠷᠢᠯᠴᠠᠵᠤ ᠰᠣᠯᠢᠯᠴᠠᠬᠤ ᠬᠤᠷᠠᠯ ᠬᠢᠭᠰᠡᠨ ᠪᠥᠭᠡᠳ ︽ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠬᠡᠯᠡᠯᠴᠡᠭᠡᠷ ᠤᠨ ᠪᠢᠴᠢᠭ︾ ᠲᠤ ᠭᠠᠷ ᠤᠨ ᠦᠰᠦᠭ ᠵᠢᠷᠤᠪᠠ᠃ ᠸᠠᠩ ᠯᠢ ᠳ᠋ᠦᠩ ᠨᠠᠷ ᠤᠷᠢᠳ ᠬᠤᠵᠢᠳ ᠰᠢᠤᠸᠠᠨ ᠹᠦ᠋ ᠪᠦᠯᠦᠭᠯᠡᠯ᠂ ᠬᠤ᠋ ᠳ᠋ᠢᠶᠧ ᠯᠠᠨ ᠲᠠᠷᠢᠮᠠᠯ ᠤᠨ ᠰᠠᠭᠤᠷᠢᠨ ᠭᠠᠵᠠᠷ᠂ ᠺᠠᠩ ᠹᠦ᠋ ᠢᠳᠡᠭᠡᠨ ᠵᠡᠷᠭᠡ ᠭᠠᠵᠠᠷ ᠲᠤ ᠪᠠᠶᠢᠴᠠᠭᠠᠨ ᠰᠤᠳᠤᠯᠤᠯᠲᠠ ᠬᠢᠵᠡᠢ᠃ ᠬᠦᠷᠦᠭᠰᠡᠨ ᠭᠠᠵᠠᠷ ᠪᠣᠯᠭᠠᠨ ᠳᠤ᠂ ᠸᠠᠩ ᠯᠢ ᠳ᠋ᠦᠩ ᠴᠥᠮ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠠᠵᠤ ᠦᠢᠯᠡᠰ ᠤᠨ ᠰᠠᠭᠤᠷᠢᠨ ᠭᠠᠵᠠᠷ ᠤᠨ ᠡᠵᠡᠩᠨᠡᠯᠲᠡ ᠶᠢᠨ ᠵᠠᠭᠪᠤᠷ᠂ ᠬᠥᠭᠵᠢᠯᠲᠡ ᠶᠢᠨ ᠲᠥᠯᠦᠪᠵᠢᠭᠦᠯᠭᠡ  ᠠᠵᠤ ᠠᠬᠤᠢ ᠶᠢᠨ ᠦᠷ᠎ᠡ ᠠᠰᠢᠭ ᠵᠡᠷᠭᠡ ᠪᠠᠶᠢᠳᠠᠯ ᠢ ᠨᠠᠷᠢᠨ ᠣᠶᠢᠯᠠᠭᠠᠪᠠ᠃     ᠸᠠᠩ ᠯᠢ ᠳ᠋ᠦᠩ᠂ ᠬᠢᠩᠭᠠᠨ ᠠᠶᠢᠮᠠᠭ ᠡᠬᠡ ᠤᠯᠤᠰ ᠤᠨ ᠤᠮᠠᠷᠠᠲᠤ ᠬᠢᠯᠢ ᠳᠤ ᠪᠠᠶᠢᠷᠢᠯᠠᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠣᠨ᠎ᠠ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠣᠨᠴᠠᠯᠢᠭᠲᠤ ᠠᠵᠤ ᠦᠢᠯᠡᠰ ᠤᠨ ᠰᠦᠷᠦᠭᠵᠢᠯ ᠤᠨ ᠪᠠᠶᠢᠷᠢᠰᠢᠯ ᠵᠣᠬᠢᠰᠲᠠᠢ᠂ ᠬᠥᠭᠵᠢᠯᠲᠡ ᠶᠢᠨ ᠪᠠᠶᠢᠳᠠᠯ ᠮᠠᠰᠢ ᠰᠠᠶᠢᠨ ᠪᠠᠶᠢᠨ᠎ᠠ᠂ ᠡᠯ᠎ᠡ ᠰᠠᠯᠠᠭ᠎ᠠ ᠮᠥᠴᠢᠷ ᠤᠨ ᠬᠢᠨ ᠭᠠᠵᠠᠷ ᠣᠷᠣᠨ ᠤ ᠳᠠᠪᠠᠭᠤᠯᠢᠭ ᠢᠶᠠᠨ ᠠᠰᠢᠭᠯᠠᠵᠤ᠂ ᠠᠵᠢᠯ ᠤᠨ ᠲᠤᠰᠬᠠᠢ ᠠᠩᠭᠢ ᠶᠢ ᠦᠳᠲᠡᠷ ᠲᠦᠷᠭᠡᠨ ᠪᠠᠶᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠵᠤ ᠠᠬᠤᠶᠢᠯᠠᠯᠲᠠᠨ ᠢ ᠰᠠᠨᠠᠭ᠎ᠠ ᠠᠮᠤᠷ ᠡᠵᠡᠩᠨᠡᠯᠲᠡ ᠬᠢᠯᠭᠡᠵᠦ᠂ ᠰᠠᠨᠠᠭ᠎ᠠ ᠠᠮᠤᠷ ᠠᠵᠤ ᠠᠬᠤᠶᠢᠯᠠᠯ ᠡᠷᠬᠢᠯᠡᠵᠦ᠂ ᠠᠵᠤ ᠠᠬᠤᠶᠢᠯᠠᠯ ᠢ ᠬᠠᠪᠰᠤᠷᠤᠨ ᠪᠣᠳᠠᠲᠠᠢ ᠬᠦᠴᠢᠷᠳᠡᠯ ᠪᠣᠯᠣᠨ ᠠᠰᠠᠭᠤᠳᠠᠯ ᠢ ᠨᠢ ᠰᠢᠢᠳᠪᠦᠷᠢᠯᠡᠵᠦ᠂ ᠲᠦᠷᠦᠯ ᠵᠦᠢᠯ ᠢ ᠠᠬᠢᠭᠤᠯᠬᠤ ᠡᠷᠴᠢᠮ ᠪᠣᠯᠣᠨ ᠬᠤᠷᠳᠤᠴᠠ ᠶᠢ ᠲᠦᠷᠭᠡᠳᠬᠡᠵᠦ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠠᠰᠤ ᠴᠢᠨᠠᠷ ᠢ ᠳᠡᠭᠡᠭᠰᠢᠯᠡᠭᠦᠯᠵᠦ᠂ ᠪᠣᠳᠠᠲᠠᠢ ᠳᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠲᠠᠯ᠎ᠠ ᠪᠠᠷ ᠬᠤᠶᠠᠷ ᠲᠠᠯ᠎ᠠ ᠪᠠᠷ ᠢᠶᠠᠨ ᠠᠰᠢᠭ ᠬᠦᠷᠳᠡᠬᠦ ᠶᠢ ᠪᠡᠶᠡᠯᠡᠭᠦᠯᠬᠦ ᠬᠡᠷᠡᠭᠲᠡᠢ᠃ ᠰᠢᠨ᠎ᠡ ᠬᠥᠭᠵᠢᠯᠲᠡ ᠶᠢᠨ ᠴᠠᠭ ᠦᠶ᠎ᠡ ᠳᠤ᠂ ᠹᠧᠩ ᠰᠢᠶᠠᠩ ᠪᠦᠯᠦᠭᠯᠡᠯ ᠤᠨ  ᠬᠢᠨ ᠡᠮᠦᠨᠡᠲᠦ ᠬᠤᠰᠢᠭᠤ ᠲᠠᠢ ᠭᠦᠨ ᠭᠦᠨᠵᠡᠭᠡᠢ ᠥᠷᠭᠡᠨ ᠳᠡᠯᠭᠡᠷ ᠬᠠᠮᠲᠤᠷᠠᠯᠴᠠᠭ᠎ᠠ ᠥᠷᠨᠢᠭᠦᠯᠵᠦ᠂ ᠡᠮᠦᠨᠡᠲᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠡᠢ᠃     ᠰᠦᠨ ᠹᠧᠩ ᠰᠢᠶᠠᠩ᠂ ᠹᠧᠩ ᠰᠢᠶᠠᠩ ᠪᠦᠯᠦᠭᠯᠡᠯ ᠲᠤᠰ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠲᠠᠢ ᠨᠡᠩ ᠭᠦᠨ ᠳᠠᠪᠬᠤᠷᠭ᠎ᠠ ᠶᠢᠨ ᠬᠠᠮᠲᠤᠷᠠᠯᠴᠠᠭ᠎ᠠ ᠥᠷᠨᠢᠭᠦᠯᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠠᠵᠠᠷ ᠣᠷᠣᠨ ᠤ ᠳᠠᠪᠠᠭᠤᠯᠢᠭ ᠢ ᠭᠦᠢᠴᠡᠳ ᠠᠰᠢᠭᠯᠠᠵᠤ᠂ ᠥᠨᠳᠥᠷ ᠪᠠᠷᠢᠮᠵᠢᠶ᠎ᠠ᠂ ᠥᠨᠳᠥᠷ ᠶᠠᠰᠤ ᠴᠢᠨᠠᠷᠲᠠᠢ ᠪᠠᠷ ᠬᠠᠮᠲᠤᠪᠠᠷ ᠬᠠᠮᠲᠤᠷᠠᠯᠴᠠᠬᠤ ᠲᠦᠷᠦᠯ ᠵᠦᠢᠯ ᠤᠨ ᠨᠡᠭᠡᠭᠡᠨ ᠬᠥᠭᠵᠢᠭᠦᠯᠦᠯᠲᠡ᠂ ᠲᠥᠯᠦᠪᠵᠢᠭᠦᠯᠭᠡ᠂ ᠬᠡᠷᠡᠭᠵᠢᠭᠦᠯᠦᠯᠲᠡ ᠶᠢ ᠰᠠᠶᠢᠲᠤᠷ ᠬᠢᠵᠦ᠂ ᠡᠴᠦᠰ ᠲᠡᠭᠡᠨ ᠠᠵᠤ ᠦᠢᠯᠡᠰ ᠤᠨ ᠰᠠᠭᠤᠷᠢᠰᠢᠯᠲᠠ ᠶᠢ ᠪᠡᠶᠡᠯᠡᠭᠦᠯᠵᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢ ᠭᠠᠷ ᠬᠤᠯᠪᠣᠨ ᠪᠡᠶᠡᠯᠡᠭᠦᠯᠦᠨ᠎ᠡ ᠭᠡᠵᠦ ᠢᠯᠡᠳᠬᠡᠪᠡ᠃     ᠬᠤᠰᠢᠭᠤᠨ ᠤ ᠤᠳᠤᠷᠢᠳᠤᠯᠭ᠎ᠠ ᠵᠠᠩ ᠵᠢᠶᠦ᠋ᠨ ᠢᠦᠢ᠂ ᠸᠠᠩ ᡁᠢ ᠪᠢᠶᠣᠣ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃   
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号