2022 ᠣᠨ ᠳᠤ᠂ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠠᠵᠤ ᠠᠬᠤᠢ ᠶᠢᠨ ᠪᠠᠶᠢᠳᠠᠯ ᠪᠣᠯᠣᠨ ᠲᠣᠰ | ᠭᠠᠵᠠᠷ ᠣᠷᠣᠨ ᠤ ᠬᠢᠵᠢᠭ ᠤᠨ ᠪᠠᠶᠢᠳᠠᠯ ᠤᠨ ᠠᠶᠤᠯ ᠲᠦᠭᠰᠢᠭᠦᠷᠢ ᠶᠢᠨ ᠰᠢᠯᠭᠠᠯᠲᠠ ᠶᠢᠨ ᠡᠮᠦᠨ᠎ᠡ᠂ ᠬᠤᠰᠢᠭᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠥᠬᠦ ᠬᠤᠰᠢᠭᠤᠨ ᠤ ᠬᠢᠨ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠷᠢᠰ ᠴᠢᠬᠤᠯᠠ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠶ ᠪᠠᠷ ᠨᠢᠭᠡᠳᠦᠯᠲᠡᠢ | ᠲᠥᠯᠥᠪᠯᠡᠵᠦ᠂ ᠪᠥᠬᠦ ᠬᠤᠰᠢᠭᠤᠨ ᠤ ᠠᠵᠤ ᠠᠬᠤᠢ ᠶᠢᠨ ᠨᠡᠮᠡᠭᠳᠡᠯ ᠢ ᠲᠣᠭᠲᠠᠭᠤᠨ ᠪᠠᠶᠢᠯᠭᠠᠬᠤ ᠶᠢᠨ ᠵᠡᠷᠭᠡ ᠳᠤ | ᠰᠠᠶᠢᠵᠢᠷᠠᠭᠤᠯᠵᠠᠢ᠃ | ᠠᠶᠢᠮᠠᠭ ᠬᠤᠲᠠ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠢᠭᠡᠳᠦᠯᠲᠡᠢ ᠲᠣᠭᠠᠴᠠᠭ᠎ᠠ ᠬᠢᠭᠰᠡᠨ ᠦᠷ᠎ᠡ | ᠳ᠋ᠦᠩ ᠢ ᠦᠨᠳᠦᠰᠦᠯᠡᠪᠡᠯ᠂ 2022 ᠣᠨ ᠳᠤ ᠮᠠᠨ ᠤ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠢ ᠥᠷᠲᠡᠭ 128.8 ᠳ᠋ᠦᠩᠰᠢᠭᠤᠷ ᠲᠥᠭᠦᠷᠢᠭ ᠲᠤ ᠬᠦᠷᠴᠦ᠂ ᠥᠯᠥ ᠬᠤᠪᠢᠰᠬᠤ ᠦᠨ᠎ᠡ ᠪᠠᠷ ᠪᠤᠳᠤᠪᠠᠯ᠂ | ᠠᠳᠠᠯᠢ ᠬᠤᠭᠤᠴᠠᠭᠠᠨ ᠤ ᠬᠢ ᠠᠴᠠ 2.9% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠲᠦᠷᠦᠭᠦᠸ ᠭᠤᠷᠪᠠᠨ | ᠤᠯᠠᠷᠢᠯ ᠤᠨ ᠬᠢ ᠠᠴᠠ 1.9 ᠵᠠᠭᠤᠨ ᠤ ᠨᠢᠭᠡᠴᠢ ᠪᠠᠭᠤᠷᠠᠪᠠ᠃ | ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 75.21 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.7% ᠪᠠᠷ ᠨᠡᠮᠡᠭᠳᠡᠨ᠂ ᠠᠵᠤ | ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 90.09% ᠪᠠᠶᠢᠵᠤ᠂ ᠠᠵᠤ | ᠠᠬᠤᠢ ᠶᠢᠨ ᠨᠡᠮᠡᠭᠳᠡᠯ ᠢ 2.61 ᠵᠠᠭᠤᠨ ᠤ ᠨᠢᠭᠡᠴᠢ ᠳᠠᠶᠢᠴᠢᠯᠠᠪᠠ ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ | ᠥᠷᠲᠡᠭ 18.17 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.7% ᠪᠠᠷ | ᠪᠠᠭᠤᠷᠠᠵᠤ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ -6.27% | ᠪᠠᠶᠢᠵᠤ᠂ ᠠᠵᠤ ᠠᠬᠤᠢ ᠶᠢᠨ ᠨᠡᠮᠡᠭᠳᠡᠯ ᠢ -0.18 ᠵᠠᠭᠤᠨ ᠤ ᠨᠢᠭᠡᠴᠢ ᠳᠠᠶᠢᠴᠢᠯᠠᠪᠠ ᠃ ᠭᠤᠷᠪᠠᠳᠤᠭᠠᠷ ᠠᠵᠤ | ᠦᠢᠯᠡᠰ ᠤᠨ ᠨᠡᠮᠡᠭᠳᠡᠯ ᠥᠷᠲᠡᠭ 35.41 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 3.6% ᠪᠠᠷ ᠨᠡᠮᠡᠭᠳᠡᠨ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ | 16.18% ᠪᠠᠶᠢᠵᠤ᠂ ᠠᠵᠤ ᠠᠬᠤᠢ ᠶᠢᠨ ᠨᠡᠮᠡᠭᠳᠡᠯ ᠢ 0.47 ᠵᠠᠭᠤᠨ ᠤ ᠨᠢᠭᠡᠴᠢ ᠳᠠᠶᠢᠴᠢᠯᠠᠪᠠ᠃ |