ᠣᠪᠣᠭ᠎ᠠ ᠳᠠᠬᠢᠬᠤ ᠶᠣᠰᠣ
ᠨᠡᠶᠢᠲᠡᠯᠡᠭᠰᠡᠨ ᠴᠠᠭ᠄
2023/2/4
    ᠣᠪᠣᠭ᠎ᠠ ᠳᠠᠬᠢᠬᠤ ᠶᠣᠰᠣᠨ ᠢ ᠳᠠᠬᠢᠯᠭ᠎ᠠ ᠶᠢᠨ ᠵᠦᠢᠯ ᠢᠶᠠᠷ ᠨᠢ ᠬᠤᠶᠠᠷ ᠬᠤᠪᠢᠶᠠᠵᠤ ᠪᠣᠯᠣᠨ᠎ᠠ᠃ ᠨᠢᠭᠡ ᠨᠢ ᠵᠠᠷᠢᠮ ᠣᠪᠣᠭ᠎ᠠ ᠶᠢ ᠦᠬᠡᠷ᠂ ᠬᠤᠨᠢᠨ ᠤ ᠰᠢᠭᠦᠰᠦ ᠪᠠᠷ ᠳᠠᠬᠢᠳᠠᠭ᠃ ᠨᠦᠬᠦᠭᠡ ᠨᠢᠭᠡ ᠨᠢ ᠤᠯᠠᠭᠠᠨ ᠢᠳᠡᠭᠡᠨ ᠢ ᠬᠡᠷᠡᠭᠯᠡᠬᠦ ᠦᠭᠡᠢ ᠴᠠᠭᠠᠨ ᠢᠳᠡᠭᠡᠨ ᠢᠶᠠᠷ ᠳᠠᠬᠢᠳᠠᠭ ᠪᠠᠶᠢᠨ᠎ᠠ᠃ ᠣᠪᠣᠭ᠎ᠠ ᠶᠢ ᠡᠷᠲᠡ ᠳᠤ ᠪᠠᠨ ᠴᠤᠯ ᠮᠣᠩᠭᠤᠯ ᠶᠣᠰᠣ ᠵᠠᠩᠰᠢᠯ ᠢᠶᠠᠷ ᠳᠠᠬᠢᠳᠠᠭ ᠪᠠᠶᠢᠭᠰᠠᠨ ᠪᠠᠶᠢᠵᠠᠢ᠃ ᠰᠡᠭᠦᠯᠳᠡᠵᠦ ᠰᠢᠷ᠎ᠠ ᠶᠢᠨ ᠱᠠᠰᠢᠨ ᠮᠣᠩᠭᠤᠯ ᠣᠷᠣᠨ ᠳᠤ ᠳᠡᠯᠭᠡᠷᠡᠭᠰᠡᠨ ᠤ ᠳᠠᠷᠠᠭ᠎ᠠ ᠣᠪᠣᠭ᠎ᠠ ᠳᠠᠬᠢᠬᠤ ᠦᠢᠯᠡ ᠶᠠᠪᠤᠳᠠᠯ ᠳᠤ ᠰᠢᠷ᠎ᠠ ᠶᠢᠨ ᠱᠠᠰᠢᠨ ᠤ ᠨᠥᠯᠥᠭᠡ ᠨᠡᠪᠴᠢᠨ ᠣᠷᠣᠵᠤ ᠢᠷᠡᠭᠡᠳ ᠯᠠᠮᠠ ᠵᠠᠯᠠᠵᠤ ᠨᠣᠮ ᠤᠩᠰᠢᠭᠤᠯᠬᠤ᠂ ᠪᠦᠲᠦᠭᠡᠯᠭᠡ ᠪᠦᠲᠦᠭᠡᠬᠦ ᠵᠡᠷᠭᠡ ᠶᠢᠨ ᠦᠢᠯᠡ ᠠᠵᠢᠯᠯᠠᠭ᠎ᠠ ᠶᠢ ᠨᠡᠮᠡᠭᠳᠡᠭᠦᠯᠵᠦ᠂ ᠡᠮᠦᠨ᠎ᠡ ᠬᠡᠳᠦᠨ ᠡᠳᠦᠷ ᠠᠴᠠ ᠨᠢ ᠤᠷᠢᠳᠴᠢᠯᠠᠨ ᠡᠳᠦᠷ ᠰᠥᠨᠢ ᠦᠭᠡᠢ ᠬᠦᠵᠢ ᠰᠢᠲᠠᠭᠠᠵᠤ ᠵᠤᠯᠠ ᠠᠰᠠᠭᠠᠳᠠᠭ ᠪᠣᠯᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号