ᠰᠦᠨ ᠱᠤ᠋ ᠲᠤᠸ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ 52 ᠳ᠋ᠤᠭᠠᠷ ᠤᠳᠠᠭᠠᠨ ᠤ ᠪᠠᠶᠢᠩᠭᠤ ᠶᠢᠨ ᠭᠡᠰᠢᠭᠦᠳ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/6
      2 ᠰᠠᠷ᠎ᠠ ᠶᠢᠨ 4 ᠤ ᠡᠳᠦᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠸ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠶᠠᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ 52 ᠳ᠋ᠤᠭᠠᠷ ᠤᠳᠠᠭᠠᠨ ᠤ ᠪᠠᠶᠢᠩᠭᠤ ᠶᠢᠨ ᠭᠡᠰᠢᠭᠦᠳ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠪᠦᠷᠢᠯᠳᠦᠭᠦᠨ ᠬᠤᠷᠠᠯ ᠳᠤ ᠣᠷᠣᠯᠴᠠᠵᠤ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ ᠱᠠᠨ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠰᠤᠯᠠ ᠣᠷᠣᠯᠴᠠᠵᠠᠢ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾  ᠤᠨ ᠬᠤᠭᠤᠴᠠᠭᠠᠨ ᠳᠤ ᠰᠦᠨ ᠱᠤᠤ ᠴᠧᠩ ᠱᠦᠵᠢ ᠶᠢᠨ ᠬᠢᠩᠭᠠᠨ ᠠᠶᠢᠮᠠᠭ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠤᠯᠴᠠᠬᠤ ᠳᠠᠭᠠᠨ ᠬᠡᠯᠡᠭᠰᠡᠨ ᠦᠭᠡ᠂ ᠰᠦᠨ ᠱᠤᠤ ᠴᠧᠩ ᠱᠦᠵᠢ ᠶᠢᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠡᠭᠦᠰᠬᠦ ᠬᠤᠷᠠᠯ ᠳᠡᠭᠡᠷ᠎ᠡ ᠬᠡᠯᠡᠭᠰᠡᠨ ᠦᠭᠡ ᠪᠣᠯᠣᠨ ᠸᠠᠩ ᠯᠢ ᠰᠢᠶᠠ ᠲᠡᠷᠢᠭᠦᠯᠡᠭᠴᠢ ᠶᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠦᠨ᠎ᠡ ᠠᠴᠠ ᠬᠢᠭᠰᠡᠨ ᠠᠵᠢᠯ ᠤᠨ ᠮᠡᠳᠡᠭᠦᠯᠦᠯᠲᠡ ᠶᠢ ᠤᠯᠠᠮᠵᠢᠯᠠᠨ ᠰᠤᠷᠤᠯᠴᠠᠪᠠ ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠤᠶᠠᠳᠤᠭᠠᠷ ᠤᠳᠠᠭ᠎ᠠ ᠶᠢᠨ ᠪᠦᠬᠦᠳᠠ ᠬᠤᠷᠠᠯ ᠤᠨ ᠵᠣᠷᠢᠭ ᠰᠠᠨᠠᠭ᠎ᠠ᠂ ᠯᠢ ᠰᠢ ᠱᠦᠵᠢ ᠶᠢᠨ ᠶᠠᠷᠢᠶᠠᠨ ᠤ ᠭᠤᠣᠯ ᠠᠭᠤᠯᠭ᠎ᠠ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠤᠳᠠᠭ᠎ᠠ ᠶᠢᠨ ᠪᠦᠬᠦᠳᠠ ᠬᠤᠷᠠᠯ ᠤᠨ ᠵᠣᠷᠢᠭ ᠰᠠᠨᠠᠭ᠎ᠠ ᠵᠢᠴᠢ ᠰᠦᠨ ᠱᠤᠤ ᠴᠧᠩ ᠱᠦᠵᠢ᠂ ᠯᠢᠦ ᠱᠤᠸᠠᠩ ᠱᠦᠵᠢ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠦᠬᠦᠳᠠ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠠᠮᠢᠶ᠎ᠠ ᠪᠦᠬᠦᠢ ᠬᠤᠷᠠᠯ ᠪᠣᠯᠣᠨ ᠶᠠᠷᠢᠶᠠᠨ ᠤ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠣᠶᠢᠯᠠᠭᠠᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠠᠵᠢᠯ ᠤᠨ ᠬᠠᠷᠠᠯᠲᠠ ᠪᠠᠨ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠵᠤ᠂ ᠬᠥᠭᠵᠢᠯᠲᠡ ᠶᠢᠨ ᠬᠦᠳᠡᠯᠭᠡᠬᠦ  ᠬᠦᠴᠦᠨ ᠢ ᠲᠠᠰᠤᠷᠠᠯᠲᠠ ᠦᠭᠡᠢ ᠵᠤᠵᠠᠭᠠᠳᠬᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ  ᠠᠴᠠ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠳᠤ ᠲᠣᠬᠢᠷᠠᠭᠤᠯᠤᠯᠲᠠ ᠬᠢᠬᠦ ᠬᠤᠯᠪᠣᠭᠳᠠᠯ ᠪᠦᠬᠦᠢ ᠶᠠᠪᠤᠳᠠᠯ  ᠢ ᠪᠥᠬᠦ ᠬᠤᠰᠢᠭᠤᠨ ᠤ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠤᠨ ᠬᠠᠷᠢᠭᠤ ᠮᠡᠳᠡᠭᠦᠯᠦᠯᠲᠡ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠵᠢᠴᠢ ︽ᠲᠠᠪᠤᠨ ᠶᠡᠭᠡ ᠡᠬᠢᠯᠡᠯᠲᠡ︾  ᠶᠢᠨ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠪᠠ᠃ ᠬᠤᠷᠠᠯ  ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠪᠥᠬᠦ ᠬᠤᠰᠢᠭᠤᠨ ᠤ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠤᠨ ᠬᠦᠨᠳᠦ ᠨᠣᠴᠢᠲᠠᠢ ᠪᠠᠶᠢᠳᠠᠯ ᠢ ᠭᠦᠢᠴᠡᠳ ᠲᠠᠨᠢᠵᠤ᠂ ᠠᠵᠢᠯ ᠤᠨ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠰᠡᠷᠭᠡᠶᠢᠯᠡᠬᠦ ᠪᠠᠷ ᠭᠤᠣᠯ ᠪᠣᠯᠭᠠᠵᠤ᠂ ᠬᠠᠮᠢᠶᠠᠷᠤᠨ ᠡᠵᠡᠮᠳᠡᠬᠦ ᠪᠠᠨ ᠴᠢᠩᠭᠠᠳᠬᠠᠨ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠤᠬᠠᠭᠤᠯᠭ᠎ᠠ ᠪᠠᠨ ᠴᠢᠩᠭᠠᠳᠬᠠᠬᠤ ᠬᠡᠷᠡᠭᠲᠡᠢ᠃ ᠪᠦᠬᠦ ᠣᠷᠣᠨ ᠪᠦᠰᠡ ᠶᠢᠨ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠵᠣᠭᠰᠣᠴᠠ ᠪᠠᠨ ᠳᠡᠭᠡᠭᠰᠢᠯᠡᠭᠦᠯᠵᠦ᠂ ᠦᠳᠲᠡᠷ ᠲᠦᠷᠭᠡᠨ ᠬᠥᠳᠡᠯᠦᠯᠴᠡᠵᠦ᠂ ᠥᠪᠡᠷ ᠢ ᠪᠠᠨ ᠰᠢᠯᠭᠠᠨ ᠦᠨᠡᠯᠡᠬᠦ ᠶᠢ ᠪᠦᠬᠦ ᠬᠦᠴᠦᠨ ᠢᠶᠠᠷ ᠢᠶᠠᠨ ᠥᠷᠨᠢᠭᠦᠯᠵᠦ᠂ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠦᠷᠢᠯᠡᠵᠦ᠂ ᠪᠦᠬᠦ ᠣᠷᠣᠨ ᠪᠦᠰᠡ ᠶᠢᠨ ᠨᠡᠶᠢᠭᠡᠮ ᠤᠨ ᠵᠠᠰᠠᠯᠲᠠ ᠶᠢᠨ ᠲᠦᠪᠰᠢᠨ ᠪᠣᠯᠣᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠲᠠᠪᠤᠨ ᠦᠨᠳᠦᠰᠦᠨ ᠵᠦᠢᠯ ᠢ ᠶᠡᠭᠡ ᠪᠠᠷ ᠡᠬᠢᠯᠡᠭᠦᠯᠬᠦ︾ ᠠᠵᠢᠯ ᠤᠨ ᠪᠦᠬᠦ ᠲᠠᠯ᠎ᠠ ᠪᠠᠷ ᠲᠤᠶᠢᠯᠪᠤᠷᠢᠲᠠᠢ ᠪᠠᠶᠢᠬᠤ ᠶᠢ ᠪᠠᠲᠤᠯᠠᠵᠤ᠂ ᠡᠬᠡ ᠳᠠᠩᠰᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠨᠢᠭᠡ ᠨᠢᠭᠡ ᠵᠦᠢᠯ ᠢᠶᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠨ᠂ ᠨᠢᠭᠡ ᠨᠢᠭᠡ ᠵᠦᠢᠯ ᠢᠶᠠᠷ ᠳᠠᠩᠰᠠ ᠶᠢ ᠬᠠᠷᠭᠤᠭᠤᠯᠵᠤ ᠳᠠᠩᠰᠠ ᠶᠢ ᠦᠭᠡᠶᠢᠰᠬᠡᠵᠦ᠂ ᠡᠯ᠎ᠡ ᠰᠠᠯᠠᠭ᠎ᠠ ᠮᠥᠴᠢᠷ ᠬᠤᠯᠪᠤᠭᠠᠯᠠᠨ ᠬᠥᠳᠡᠯᠦᠯᠴᠡᠬᠦ ᠶᠢ ᠪᠡᠶᠡᠯᠡᠭᠦᠯᠵᠦ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠰᠠᠭᠤᠷᠢ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠶᠢ ᠪᠠᠲᠤᠯᠠᠬᠤ ᠬᠡᠷᠡᠭᠲᠡᠢ  ᠭᠡᠵᠡᠢ᠃      ᠬᠤᠷᠠᠯ ᠠᠴᠠ ︽ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠠᠵᠢᠯ ᠤᠨ ᠲᠥᠰᠥᠯ ︵ᠶᠠᠷᠢᠯᠴᠠᠬᠤ ᠨᠣᠣᠷᠠᠭ︶︾ ︽ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠬᠤ ᠠᠵᠢᠯ ᠤᠨ ᠲᠥᠰᠥᠯ ︵ᠶᠠᠷᠢᠯᠴᠠᠬᠤ ᠨᠣᠣᠷᠠᠭ︶︾ ︽ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠥᠰᠥᠯ ︵ᠶᠠᠷᠢᠯᠴᠠᠬᠤ ᠨᠣᠣᠷᠠᠭ︶ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠲᠤᠬᠠᠢ︾ ︽ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠲᠤᠬᠠᠢ ᠠᠵᠢᠯ ᠤᠨ ᠲᠥᠰᠥᠯ ︵ᠶᠠᠷᠢᠯᠴᠠᠬᠤ ᠨᠣᠣᠷᠠᠭ︶︾ ︽ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠲᠤᠬᠠᠢ ᠠᠵᠢᠯ ᠤᠨ ᠲᠥᠰᠥᠯ ︵ᠶᠠᠷᠢᠯᠴᠠᠬᠤ ᠨᠣᠣᠷᠠᠭ︶︾ ᠢ ᠬᠢᠨᠠᠨ ᠵᠥᠪᠯᠡᠪᠡ᠃ ᠬᠤᠷᠠᠯ ᠠᠴᠠ᠂ ᠰᠢ ᠶᠢᠨ ᠫᠢᠩ ᠶᠡᠷᠦᠩᠬᠡᠢ ᠱᠦᠵᠢ ᠪᠣᠯᠣᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠩ ᠥᠨᠳᠥᠷ ᠵᠣᠭᠰᠣᠴᠠ᠂ ᠨᠡᠩ ᠥᠷᠭᠡᠨ ᠬᠠᠷᠠᠭᠠᠰᠤ᠂ ᠨᠡᠩ ᠶᠡᠭᠡ ᠡᠷᠴᠢᠮ ᠢᠶᠠᠷ ᠤᠮᠠᠷᠠᠰᠢ ᠨᠡᠭᠡᠭᠡᠯᠲᠡ ᠬᠢᠬᠦ ᠶᠢ ᠲᠥᠰᠥᠪᠯᠡᠨ ᠠᠬᠢᠭᠤᠯᠬᠤ ᠬᠡᠷᠡᠭᠲᠡᠢ ᠭᠡᠪᠡ᠃ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠣ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠠᠶᠢᠭᠠᠯᠢ ᠶᠢᠨ ᠰᠢᠲᠠᠮᠠᠬᠠᠢ ᠬᠡᠢ᠂ ᠰᠠᠯᠬᠢᠨ ᠤ ᠡᠨᠧᠷᠭᠢ ᠵᠢᠴᠢ ᠨᠡᠷᠡᠨ ᠤ ᠡᠨᠧᠷᠭᠢ ᠵᠡᠷᠭᠡ ᠡᠬᠢ ᠪᠠᠶᠠᠯᠢᠭ ᠢ ᠲᠥᠯᠥᠪᠵᠢᠭᠦᠯᠵᠦ᠂ ᠰᠠᠶᠢᠲᠤᠷ ᠠᠬᠢᠭᠤᠯᠵᠤ᠂ ᠵᠦᠢ ᠵᠣᠬᠢᠰᠲᠠᠢ ᠪᠦᠲᠦᠮᠵᠢᠲᠡᠶ ᠡᠬᠢ ᠪᠠᠶᠠᠯᠢᠭ ᠢ ᠨᠡᠭᠡᠭᠡᠨ ᠠᠰᠢᠭᠯᠠᠬᠤ ᠵᠠᠭᠪᠤᠷ ᠢᠶᠠᠷ ᠳᠠᠮᠵᠢᠭᠤᠯᠤᠨ᠂ ᠣᠲᠣ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠬᠡᠷᠡᠭᠲᠡᠢ ᠭᠡᠵᠡᠢ᠃ ᠬᠤᠷᠠᠯ ᠠᠴᠠ ᠪᠠᠰᠠ ᠬᠡᠰᠡᠭ ᠵᠥᠪᠯᠡᠬᠦ ᠰᠡᠳᠦᠪ ᠤᠨ ᠠᠭᠤᠯᠭ᠎ᠠ ᠶᠢ  ᠲᠡᠭᠦᠯᠳᠡᠷᠵᠢᠭᠦᠯᠵᠦ᠂ ᠲᠡᠭᠦᠨ ᠳᠤ ᠵᠠᠰᠠᠪᠤᠷᠢ ᠣᠷᠣᠭᠤᠯᠬᠤ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠠᠢ᠃  
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号