ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠳᠡᠯᠡᠬᠡᠢ ᠶᠢᠨ ᠥᠮᠡᠨ ᠡᠪᠡᠳᠴᠢᠨ ᠤ ᠡᠳᠦᠷᠯᠢᠭ ᠠᠯᠪᠠᠨ ᠵᠢᠷᠤᠮ ᠤᠨ ᠡᠮᠴᠢᠯᠡᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ  ᠦᠷᠨᠢᠭᠦᠯᠪᠡ
ᠨᠡᠶᠢᠲᠡᠯᠡᠭᠰᠡᠨ ᠴᠠᠭ᠄
2023/2/7
     2 ᠰᠠᠷ᠎ᠠ ᠶᠢᠨ 4 ᠤ ᠡᠳᠦᠷ ᠪᠣᠯ 24  ᠳ᠋ᠣᠭᠡᠷ  ︽ᠳᠡᠯᠡᠬᠡᠢ ᠶᠢᠨ ᠥᠮᠡᠨ ᠡᠪᠡᠳᠴᠢᠨ ᠤ ᠡᠳᠦᠷᠯᠢᠭ︾ ᠪᠣᠯᠣᠨ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠯᠣᠨ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠬᠠᠮᠲᠤ ᠪᠠᠷ 2023 ᠣᠨ ᠤ ᠳᠡᠯᠡᠬᠡᠢ ᠶᠢᠨ ᠥᠮᠡᠨ ᠡᠪᠡᠳᠴᠢᠨ ᠤ ᠡᠳᠦᠷᠯᠢᠭ ‍ᠤᠨ‌ᠠᠯᠪᠠᠨ ᠵᠢᠷᠤᠮ ᠤᠨ ᠡᠮᠴᠢᠯᠡᠭᠡᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ︽ᠬᠤᠶᠠᠷ ᠥᠮᠡᠨ︾ ᠢ ᠰᠡᠷᠭᠡᠶᠢᠯᠡᠨ ᠵᠠᠰᠠᠬᠤ ᠮᠡᠳᠡᠯᠭᠡ ᠶᠢ ᠲᠦᠭᠡᠮᠡᠯᠵᠢᠭᠦᠯᠦᠨ᠂ ᠥᠷᠭᠡᠨ ᠣᠯᠠᠨ ᠮᠠᠯᠴᠢᠨ ᠲᠠᠷᠢᠶᠠᠴᠢᠨ ᠢ ᠬᠠᠪᠰᠤᠷᠤᠨ ᠥᠮᠡᠨ ᠡᠪᠡᠳᠴᠢᠨ ᠢ ᠪᠦᠲᠦᠮᠵᠢᠲᠡᠶ ᠰᠡᠷᠭᠡᠶᠢᠯᠡᠵᠦ᠂  ᠪᠦᠲᠦᠮᠵᠢᠲᠡᠶ ᠡᠰᠡᠷᠭᠦᠴᠡᠵᠦ ᠪᠠᠶᠢᠨ᠎ᠠ᠃     ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠠᠵᠢᠯᠲᠠᠳ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠪᠠᠷ ᠳᠠᠮᠵᠢᠭᠤᠯᠤᠨ᠂ ᠡᠮᠨᠡᠭᠦᠯᠦᠭᠰᠡᠨ ᠣᠯᠠᠨ ᠲᠦᠮᠡᠨ ᠳᠤ ᠬᠥᠬᠦᠨ ᠪᠤᠯᠴᠢᠷᠬᠠᠢ ᠶᠢᠨ ᠥᠮᠡᠨ᠂ ᠰᠠᠪᠠ ᠶᠢᠨ ᠬᠦᠵᠦᠭᠦᠨ ᠤ ᠥᠮᠡᠨ ᠤ ᠰᠡᠷᠭᠡᠶᠢᠯᠡᠯᠲᠡ ᠶᠢᠨ ᠪᠠᠯᠠᠢ ᠭᠠᠵᠠᠷ ᠪᠠ ᠠᠳᠡᠭᠦᠷᠡᠯ ᠢ ᠲᠠᠶᠢᠯᠪᠤᠷᠢᠯᠠᠨ ᠥᠭᠴᠦ᠂ ᠪᠡᠶ᠎ᠡ ᠨᠢ ᠡᠪ ᠦᠭᠡᠢ ᠪᠠᠶᠢᠬᠤ ᠶᠢ ᠣᠯᠵᠤ ᠮᠡᠳᠡᠪᠡᠯ ᠴᠠᠭ ᠲᠤᠬᠠᠢ ᠳᠤᠨᠢ ᠡᠮᠨᠡᠯᠭᠡ ᠶᠢᠨ ᠪᠠᠶᠢᠴᠠᠭᠠᠯᠲᠠ ᠬᠢᠵᠦ᠂ ᠪᠤᠷᠤᠭᠤ ᠣᠨᠣᠰᠢᠯᠠᠬᠤ ᠶᠢ ᠤᠳᠠᠭᠠᠰᠢᠷᠠᠭᠤᠯᠬᠤ ᠠᠴᠠ ᠵᠠᠶᠢᠯᠠᠰᠬᠢᠬᠦ ᠶᠢ ᠣᠯᠠᠨ ᠳᠤ ᠰᠠᠨᠠᠭᠤᠯᠵᠤ ᠦᠭᠪᠡ᠃ ᠡᠭᠦᠨ ᠤ ᠬᠠᠮᠲᠤ᠂ ︽ᠬᠤᠶᠠᠷ ᠥᠮᠡᠨ︾ ᠢ ᠰᠢᠭᠰᠢᠨ ᠪᠠᠶᠢᠴᠠᠭᠠᠬᠤ ᠠᠵᠢᠯᠯᠠᠭ᠎ᠠ ᠲᠠᠢ ᠤᠶᠠᠯᠳᠤᠭᠤᠯᠤᠨ᠂ ᠠᠮᠢᠳᠤᠷᠠᠯ ᠤᠨ ᠳᠤᠮᠳᠠᠬᠢ ᠠᠩᠬᠠᠷᠬᠤ ᠵᠦᠢᠯᠡᠰ ᠢ ᠲᠤᠬᠠᠢ ᠶᠢᠨ ᠲᠠᠯᠠᠪᠤᠷ ᠲᠤ ᠲᠦᠭᠡᠮᠡᠯᠵᠢᠭᠦᠯᠵᠦ᠂ ᠣᠯᠠᠨ ᠢᠶᠠᠷ ᠢᠶᠠᠨ ᠢᠳᠡᠭᠡᠨ ᠤᠮᠳᠠᠭᠠᠨ ᠢᠶᠠᠨ ᠵᠣᠬᠢᠰᠲᠠᠢ ᠪᠠᠶᠢᠯᠭᠠᠵᠤ᠂ ᠵᠣᠬᠢᠰᠲᠠᠢ ᠬᠥᠳᠡᠯᠭᠡᠭᠡᠨ ᠬᠢᠵᠦ᠂ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠲᠠᠢ ᠪᠣᠯᠬᠤ ᠶᠢ  ᠰᠠᠨᠠᠭᠠᠴᠢᠯᠠᠪᠠ᠃     ︽ᠥᠨᠥᠳᠥᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠬᠡ ᠨᠢᠯᠬᠠᠰ ᠤᠨ ᠡᠷᠡᠭᠦᠯ ᠮᠡᠨᠳᠦ  ᠶᠢ ᠬᠠᠮᠠᠭᠠᠯᠠᠬᠤ ᠬᠤᠷᠢᠶᠠᠨ ᠳᠤ ᠠᠯᠪᠠᠨ ᠵᠢᠷᠤᠮ ᠤᠨ ᠡᠮᠴᠢᠯᠡᠭᠡᠨ ᠤ ᠰᠠᠶᠢᠨ ᠳᠤᠷ᠎ᠠ  ᠶᠢᠨ ᠦᠢᠯᠡᠴᠢᠯᠡᠭᠡᠨ ᠤ ᠠᠵᠢᠯᠯᠠᠭ᠎ᠠ   ᠶᠢ ᠬᠢᠵᠦ ᠠᠮᠵᠢᠭᠰᠠᠨ ᠪᠣᠯᠬᠤᠷ ᠪᠢ ︿ᠬᠤᠶᠠᠷ ᠥᠮᠡᠨ﹀  ᠢ ᠰᠢᠭᠰᠢᠨ ᠪᠠᠶᠢᠴᠠᠭᠠᠬᠤ  ᠶᠢᠨ ᠴᠢᠬᠤᠯᠠ ᠴᠢᠨᠠᠷ  ᠢ ᠣᠶᠢᠯᠠᠭᠠᠵᠤ ᠮᠡᠳᠡᠭᠰᠡᠨ ᠶᠤᠮ᠂ ᠡᠷᠲᠡ ᠰᠡᠷᠭᠡᠶᠢᠯᠡᠬᠦ᠂ ᠡᠷᠲᠡ ᠢᠯᠡᠷᠡᠭᠦᠯᠬᠦ᠂ ᠡᠷᠲᠡ ᠡᠮᠨᠡᠨ ᠵᠠᠰᠠᠬᠤ ᠪᠣᠯ ᠲᠤᠶᠢᠯ ᠤᠨ ᠵᠠᠩᠭᠢᠯᠠᠭ᠎ᠠ ᠮᠥᠨ᠂ ᠡᠷᠬᠡᠪᠰᠢ ᠥᠪᠡᠷ ᠤᠨ ᠪᠡᠶ᠎ᠡ  ᠶᠢᠨ ᠡᠷᠡᠭᠦᠯ ᠮᠡᠨᠳᠦ ᠳᠡᠭᠡᠨ ᠬᠠᠷᠢᠭᠤᠴᠠᠬᠤ ᠬᠡᠷᠡᠭᠲᠡᠢ︾᠃ ᠭᠡᠵᠦ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠠᠭᠤᠭᠠᠯᠢ ᠠᠷᠠᠳ ᠯᠥᠸᠧ ᠮᠧᠢ ᠯᠢᠩ ᠬᠡᠯᠡᠪᠡ᠃  
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号