ᠬᠤᠷᠴᠢᠨ ᠪᠠᠷᠠᠭᠤᠨ ᠡᠮᠦᠨᠡᠲᠦ ᠬᠤᠰᠢᠭᠤᠨ ᠤ ᠰᠢᠩ ᠺᠧ ᠨᠡᠶᠢᠭᠡᠮ ᠲᠣᠭᠤᠷᠢᠭ ᠲᠤ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ  ᠪᠠᠶᠠᠷ ᠤᠨ  ᠦᠳᠡᠰᠢᠯᠡᠭᠡ ᠬᠢᠪᠡ
ᠨᠡᠶᠢᠲᠡᠯᠡᠭᠰᠡᠨ ᠴᠠᠭ᠄
2023/2/7
    ᠣᠨᠢᠰᠤᠭ᠎ᠠ ᠲᠠᠭᠠᠬᠤ᠂ ᠬᠠᠮᠲᠤ ᠶᠢᠨ ᠰᠡᠭᠦᠳᠡᠷ ᠲᠠᠲᠠᠬᠤ᠂ ᠰᠣᠨᠢᠷᠬᠠᠯᠲᠠᠢ ᠲᠣᠭᠯᠠᠭᠠᠮ ᠢ ᠪᠡᠶᠡᠴᠢᠯᠡᠨ ᠣᠶᠢᠯᠠᠭᠠᠬᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠩ  ᠺᠧ ᠨᠡᠶᠢᠭᠡᠮ ᠲᠣᠭᠤᠷᠢᠭ ᠤᠨ ᠡᠷᠬᠢᠯᠡᠭᠰᠡᠨ ᠥᠯᠵᠡᠶᠢᠲᠦ ᠡᠳᠦᠷ ᠤᠨ ᠪᠠᠶᠠᠷ ᠤᠨ ᠦᠳᠡᠰᠢᠯᠡᠭᠡ ᠳᠡᠭᠡᠷ᠎ᠡ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠨᠢᠭᠡ ᠲᠠᠩᠬᠢᠮ ᠳᠤ ᠴᠤᠭᠯᠠᠷᠠᠨ ᠪᠠᠶᠠᠷ ᠬᠦᠷ ᠲᠠᠢ ᠪᠠᠷ ᠳᠠᠭᠤᠯᠠᠨ ᠪᠥᠵᠢᠭᠯᠡᠵᠦ᠂ ᠪᠠᠶᠠᠷ ᠪᠠᠶᠠᠰᠬᠤᠯᠠᠩ ᠲᠠᠢ ᠪᠠᠷ ᠤᠯᠠᠮᠵᠢᠯᠠᠯᠲᠤ ᠰᠣᠶᠣᠯ ᠢᠶᠠᠨ ᠪᠠᠳᠠᠷᠠᠭᠤᠯᠵᠤ᠂ ᠥᠯᠵᠡᠶᠢᠲᠦ ᠡᠳᠦᠷ ᠤᠨ ᠪᠠᠶᠠᠷ ᠢ ᠬᠠᠮᠲᠤᠪᠠᠷ ᠥᠩᠭᠡᠷᠡᠭᠦᠯᠪᠡ᠃    ᠪᠠᠶᠠᠷ ᠤᠨ ᠪᠥᠵᠢᠭ ᠪᠥᠵᠢᠭᠯᠡᠵᠦ᠂ ᠪᠠᠶᠠᠷ ᠤᠨ ᠳᠠᠭᠤᠤ ᠳᠠᠭᠤᠯᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠦᠨᠳᠦᠰᠦᠲᠡᠨ ᠤ ᠬᠤᠪᠴᠠᠰᠤ ᠵᠠᠰᠠᠯ ᠢᠶᠠᠨ ᠡᠮᠦᠰᠦᠨ ᠨᠡᠶᠢᠭᠡᠮ ᠲᠣᠭᠤᠷᠢᠭ ᠤᠨ ᠠᠵᠢᠯᠲᠠᠳ ᠲᠠᠢ ᠬᠠᠮᠲᠤ ᠪᠠᠷ ᠠᠨᠳᠠᠢ ᠪᠥᠵᠢᠭ ᠪᠥᠵᠢᠭᠯᠡᠵᠦ᠂ ᠥᠯᠵᠡᠶᠢᠲᠦ ᠡᠳᠦᠷ ᠤᠨ ᠪᠠᠶᠠᠷ ᠢ ᠪᠠᠶᠠᠷᠯᠠᠨ ᠪᠡᠯᠭᠡᠯᠡᠪᠡ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠬᠦᠷ ᠬᠥᠭᠵᠢᠶᠡᠨ ᠢᠶᠠᠷ ᠪᠢᠯᠬᠠᠵᠤ᠂ ᠨᠡᠶᠢᠭᠡᠮ ᠲᠣᠭᠤᠷᠢᠭ ᠤᠨ ᠠᠵᠢᠯᠲᠠᠳ ᠵᠠᠭᠤ ᠭᠠᠷᠤᠢ ᠣᠨᠢᠰᠤᠭ᠎ᠠ ᠪᠡᠯᠡᠳᠭᠡᠵᠦ᠂ ᠣᠨᠢᠰᠤᠭ᠎ᠠ ᠶᠢᠨ ᠠᠭᠤᠯᠭ᠎ᠠ ᠳᠤ ᠬᠢᠯᠪᠠᠷ ᠣᠶᠢᠯᠠᠭᠠᠮᠵᠢᠲᠠᠢ ᠲᠠᠭᠠᠪᠤᠷᠢᠯᠠᠯ ᠪᠠᠶᠢᠬᠤ ᠪᠥᠭᠡᠳ ᠪᠠᠰᠠ ᠨᠡᠯᠢᠶᠡᠳ ᠪᠤᠳᠤᠯᠢᠶᠠᠨᠲᠠᠢ ᠬᠡᠶᠢᠰᠪᠦᠷᠢ ᠣᠨᠢᠰᠤᠭ᠎ᠠ ᠪᠠᠶᠢᠨ᠎ᠠ᠃ ᠨᠡᠶᠢᠭᠡᠮ ᠲᠣᠭᠤᠷᠢᠭ ᠤᠨ ᠠᠵᠢᠯᠲᠠᠳ ᠤᠨ ᠳᠠᠭᠠᠭᠤᠯᠭ᠎ᠠ ᠪᠠᠷ ᠰᠠᠭᠤᠭᠠᠯᠢ ᠠᠷᠠᠳ ᠤᠳ ᠢᠳᠡᠪᠬᠢᠲᠡᠢ ᠣᠷᠣᠯᠴᠠᠵᠤ᠂ ᠬᠦᠮᠦᠨ ᠪᠦᠷᠢ ᠲᠤᠷᠰᠢᠵᠤ ᠦᠵᠡᠨ᠂ ᠬᠠᠷᠢᠯᠴᠠᠨ ᠰᠤᠯᠢᠯᠴᠠᠬᠤ᠂  ᠬᠠᠮᠵᠢᠯᠴᠠᠨ ᠳᠠᠭᠠᠬᠤ᠂ ᠲᠠᠷᠢᠬᠢ ᠪᠠᠨ ᠰᠢᠪᠬᠠᠨ ᠰᠡᠳᠭᠢᠬᠦ ᠂ ᠭᠠᠭᠴᠠᠭᠠᠷ ᠲᠠᠭᠠᠬᠤ᠂ ᠬᠥᠷ ᠨᠠᠷᠭᠢᠶᠠᠨ ᠲᠠᠢ ᠪᠠᠶᠢᠳᠠᠯ ᠪᠢᠯᠬᠠᠵᠤ ᠪᠠᠶᠢᠬᠤ ᠶᠢ ᠣᠯᠵᠤ ᠬᠠᠷᠠᠨ᠎ᠠ᠂ ᠨᠡᠶᠢᠭᠡᠮ ᠲᠣᠭᠤᠷᠢᠭ ᠤᠨ ᠠᠵᠢᠯᠲᠠᠳ ᠤᠨ ᠳᠠᠭᠠᠭᠤᠯᠭ᠎ᠠ ᠪᠠᠷ ᠰᠠᠭᠤᠭᠠᠯᠢ ᠠᠷᠠᠳ ᠤᠳ ᠢᠳᠡᠪᠬᠢᠲᠡᠢ ᠣᠷᠣᠯᠴᠠᠨ᠂  ᠦᠷᠨᠢᠭᠦᠨ ᠬᠦᠭᠵᠢᠶᠠᠨ ᠲᠠᠢ ᠪᠠᠶᠢᠪᠠ᠃    ᠫᠢᠩᠫᠠᠩ ᠪᠥᠮᠪᠦᠭᠡ ᠶᠢ ᠤᠷᠠᠨ ᠢᠶᠠᠷ ᠬᠠᠪᠴᠢᠬᠤ᠂ ︽ᠪᠤᠤᠯᠢᠩ ᠪᠥᠮᠪᠦᠭᠡ︾ ᠨᠠᠭᠠᠳᠬᠤ ᠵᠡᠷᠭᠡ ᠬᠥᠭᠰᠢᠳ ᠵᠠᠯᠠᠭᠤᠴᠤᠳ ᠤᠨ ᠳᠤᠷ᠎ᠠ ᠰᠣᠨᠢᠷᠬᠠᠯ ᠤᠨ ᠠᠵᠢᠯᠯᠠᠭ᠎ᠠ ᠨᠢ ᠨᠡᠩ ᠴᠤ ᠰᠠᠭᠤᠭᠠᠯᠢ ᠠᠷᠠᠳ ᠤᠨ ᠣᠷᠤᠯᠴᠠᠬᠤ ᠤᠷᠮ᠎ᠠ ᠵᠣᠷᠢᠭ ᠢ ᠬᠥᠭᠵᠢᠭᠡᠵᠦ᠂ ᠪᠠᠶᠠᠷ ᠪᠠᠶᠠᠰᠬᠤᠯᠠᠩᠲᠤ ᠢᠨᠢᠶᠡᠮᠰᠦᠭᠯᠡᠯ ᠨᠢ ᠰᠠᠭᠤᠭᠠᠯᠢ ᠠᠷᠠᠳ ᠨᠢᠭᠡᠪᠦᠷᠢ ᠶᠢᠨ ᠴᠢᠷᠠᠢ ᠳᠤ ᠲᠣᠳᠣᠷᠠᠵᠤ᠂ ᠣᠯᠠᠨ ᠢᠶᠠᠷ ᠢᠶᠠᠨ ᠪᠠᠶᠠᠷ ᠬᠥᠷ ᠲᠠᠢ ᠥᠯᠵᠡᠢ ᠪᠡᠯᠭᠡ ᠲᠠᠢ ᠠᠭᠤᠷ ᠠᠮᠢᠰᠬᠤᠯ ᠤᠨ ᠳᠤᠮᠳᠠ ᠨᠡᠶᠢᠭᠡᠮ ᠲᠣᠭᠤᠷᠢᠭ ᠤᠨ ᠶᠡᠭᠡ ᠭᠡᠷ ᠪᠦᠯᠢ  ᠶᠢᠨ ᠬᠠᠯᠠᠭᠤᠨ ᠳᠤᠯᠠᠭᠠᠨ  ᠢ ᠭᠦᠢᠴᠡᠳ ᠮᠡᠳᠡᠷᠡᠵᠦ ᠪᠠᠶᠢᠨ᠎ᠠ᠃    ︽ᠪᠢᠳᠡ ᠣᠨᠢᠰᠤᠭ᠎ᠠ ᠳᠠᠭᠠᠬᠤ᠂ ᠠᠷᠠᠳ ᠤᠨ ᠵᠠᠩ ᠦᠢᠯᠡ  ᠶᠢ ᠰᠣᠨᠢᠷᠬᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠰᠠᠭᠤᠭᠠᠯᠢ ᠠᠷᠠᠳ ᠲᠠᠢ ᠴᠠᠭᠠᠨ ᠰᠠᠷ᠎ᠠ  ᠶᠢᠨ ᠠᠷᠪᠠᠨ ᠲᠠᠪᠤᠨ ᠤ ᠥᠯᠵᠡᠶᠢᠲᠦ ᠪᠠᠶᠠᠷ ᠢ ᠬᠠᠮᠲᠤ ᠪᠠᠷ ᠪᠡᠯᠭᠡᠯᠡᠵᠦ ᠪᠠᠶᠢᠭ᠎ᠠ ᠨᠢ ᠳᠤᠮᠳᠠᠳᠤ  ᠶᠢᠨ ᠤᠯᠠᠮᠵᠢᠯᠠᠯᠲᠤ ᠰᠣᠶᠣᠯ  ᠢ ᠪᠠᠳᠠᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠤᠨ ᠬᠤᠭᠤᠷᠣᠨᠳᠣᠬᠢ ᠬᠠᠶᠢᠷ᠎ᠠ ᠰᠡᠳᠬᠢᠯᠭᠡ ᠶᠢ ᠵᠤᠵᠠᠭᠠᠳᠬᠠᠵᠠᠢ᠃︾ ᠭᠡᠵᠦ ᠰᠢᠩ ᠺᠧ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠡᠷᠬᠢᠯᠡᠭᠴᠢ ᠶᠤᠸᠠᠨ ᠱᠢ ᠶᠢᠩ ᠬᠡᠯᠡᠪᠡ᠃   
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号