ᠨᠠᠰᠤᠵᠢᠯ ᠤᠨ ᠮᠥᠩᠭᠦ ᠠᠪᠬᠤ ᠬᠢᠷᠢ ᠬᠡᠮ ᠤᠨ ᠭᠡᠷᠡᠴᠢᠯᠡᠭᠡ ᠳᠤ ᠬᠤᠯᠪᠣᠭᠳᠠᠨ᠎ᠠ︕ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠬᠢᠭᠰᠡᠨ ᠬᠠᠮᠤᠭ ᠤᠨ ᠰᠢᠨ᠎ᠡ ᠲᠣᠳᠣᠷᠬᠠᠶᠢᠯᠠᠯ
ᠨᠡᠶᠢᠲᠡᠯᠡᠭᠰᠡᠨ ᠴᠠᠭ᠄
2023/2/7
      ᠰᠤᠷᠪᠤᠯᠵᠢᠯᠠᠭᠴᠢ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠠᠴᠠ ᠣᠶᠢᠯᠠᠭᠠᠭᠰᠠᠨ ᠢᠶᠠᠷ᠂ ᠣᠳᠣᠬᠠᠨ ᠳᠤ᠂ ᠡᠯ᠎ᠡ ᠭᠠᠵᠠᠷ ᠤᠨ ᠬᠢᠨ ᠶᠠᠭ 2023 ᠣᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠭᠥᠷᠳᠡᠬᠦ ᠬᠢᠷᠢ ᠬᠡᠮ ᠢ ᠭᠡᠷᠡᠴᠢᠯᠡᠭᠡ ᠶᠢᠨ ᠠᠵᠢᠯ ᠢ ᠡᠮᠬᠢ ᠵᠢᠷᠤᠮ ᠲᠠᠢ ᠥᠷᠨᠢᠭᠦᠯᠵᠦ ᠪᠠᠶᠢᠨ᠎ᠠ᠃ ᠥᠩᠭᠡᠷᠡᠭᠰᠡᠨ ᠵᠢᠯ ᠤᠳ ᠲᠠᠢ ᠠᠳᠠᠯᠢ ᠪᠠᠷ᠂ ᠳᠠᠭᠠᠳᠬᠠᠯ ᠳᠤ ᠣᠷᠣᠯᠴᠠᠭᠰᠠᠳ ᠳᠡᠭᠡᠷ᠎ᠡ ᠤᠳᠠᠭ᠎ᠠ ᠭᠡᠷᠡᠴᠢᠯᠡᠭᠡ ᠬᠢᠯᠭᠡᠭᠰᠡᠨ ᠠᠴᠠ ᠬᠤᠶᠢᠰᠢᠬᠢ 12 ᠰᠠᠷ᠎ᠠ ᠶᠢᠨ ᠳᠣᠲᠣᠷ᠎ᠠ ᠠᠯᠢ ᠨᠢᠭᠡ ᠴᠠᠭ ᠬᠤᠭᠤᠴᠠᠭ᠎ᠠ ᠶᠢ ᠰᠣᠩᠭᠤᠨ ᠭᠡᠷᠡᠴᠢᠯᠡᠭᠡ ᠬᠢᠯᠭᠡᠵᠦ ᠪᠣᠯᠣᠨ᠎ᠠ᠃ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠤᠷᠭᠠᠨ ᠤ ᠳᠡᠳ᠋ ᠳᠠᠷᠤᠭ᠎ᠠ ᠴᠢ ᠲᠤᠤ ᠲᠠᠨᠢᠯᠴᠠᠭᠤᠯᠤᠨ ᠬᠡᠯᠡᠬᠦ ᠳᠡᠭᠡᠨ᠂ ᠨᠠᠰᠤᠲᠠᠶᠢᠴᠤᠳ ᠤᠯᠤᠰ ᠤᠨ ᠨᠡᠶᠢᠭᠡᠮ ᠤᠨ ᠳᠠᠭᠠᠳᠬᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠰᠦᠯᠵᠢᠶ᠎ᠡ ᠪᠤᠶᠤ ︽ᠭᠠᠷ ᠤᠲᠠᠰᠤᠨ ᠤ 12333︾ ᠵᠡᠷᠭᠡ ᠠᠯᠪᠠᠨ ᠲᠠᠯ᠎ᠠ ᠶᠢᠨ ᠭᠠᠷ ᠤᠲᠠᠰᠤᠨ ᠤ ᠬᠡᠷᠡᠭᠯᠡᠯᠲᠡ ᠪᠠᠷ ᠳᠠᠮᠵᠢᠨ ᠬᠥᠮᠥᠨ ᠤ ᠵᠢᠰᠦ ᠶᠢ ᠢᠯᠭᠠᠨ ᠲᠠᠨᠢᠬᠤ ᠭᠡᠷᠡᠴᠢᠯᠡᠭᠡ ᠬᠢᠯᠭᠡᠵᠦ ᠪᠣᠯᠣᠨ᠎ᠠ ︔ ᠬᠢᠯᠢ ᠶᠢᠨ ᠭᠠᠳᠠᠨ᠎ᠠ ᠣᠷᠣᠰᠢᠨ ᠰᠠᠭᠤᠵᠤ ᠪᠠᠶᠢᠪᠠᠯ᠂ ᠪᠠᠰᠠ ᠭᠠᠳᠠᠭᠠᠳᠤ ᠶᠠᠪᠤᠳᠠᠯ ᠤᠨ ᠶᠠᠮᠤᠨ ᠤ ︽ᠳᠤᠮᠳᠠᠳᠤ ᠤᠯᠤᠰ ᠤᠨ ᠺᠤᠨᠰᠦ᠋ᠯ︾ ᠭᠠᠷ ᠤᠲᠠᠰᠤᠨ ᠤ ᠬᠡᠷᠡᠭᠯᠡᠯᠲᠡ ᠪᠠᠷ ᠳᠠᠮᠵᠢᠨ ᠭᠡᠷᠡᠴᠢᠯᠡᠭᠡ ᠬᠢᠯᠭᠡᠵᠦ ᠪᠣᠯᠣᠨ᠎ᠠ︔ ᠥᠨᠳᠥᠷ ᠨᠠᠰᠤᠲᠠᠢ ᠨᠠᠰᠤᠲᠠᠨ ᠪᠠ ᠬᠥᠳᠡᠯᠵᠦ ᠪᠠᠷᠢᠬᠤ ᠳᠤ ᠳᠥᠭᠦᠮ ᠦᠭᠡᠢ ᠣᠨᠴᠠᠭᠠᠶ ᠬᠥᠮᠥᠰ ᠭᠡᠷ ᠲᠤᠨᠢ ᠬᠦᠷᠴᠦ ᠭᠡᠷᠡᠴᠢᠯᠡᠭᠡ ᠬᠢᠯᠭᠡᠬᠦ ᠭᠤᠶᠤᠴᠢᠯᠠᠯ ᠭᠠᠷᠭᠠᠵᠤ ᠪᠣᠯᠣᠨ᠎ᠠ᠂ ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠭᠡᠷ ᠲᠤᠨᠢ ᠬᠦᠷᠴᠦ ᠦᠢᠯᠡᠴᠢᠯᠡᠭᠡ ᠬᠠᠩᠭᠠᠨ᠎ᠠ ᠭᠡᠪᠡ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号