ᠵᠡᠭᠦᠨ ᠮᠣᠩᠭᠤᠯ  ᠤᠨ ᠠᠷᠠᠳ  ᠤᠨ ᠥᠪᠡᠷᠲᠡᠭᠡᠨ ᠵᠠᠰᠠᠬᠤ ᠵᠠᠰᠠᠭ  ᠤᠨ ᠣᠷᠳᠣᠨ
ᠨᠡᠶᠢᠲᠡᠯᠡᠭᠰᠡᠨ ᠴᠠᠭ᠄
2023/2/8
     1945 ᠣᠨ ᠤ 10 ᠰᠠᠷ᠎ᠠ ᠳᠤ᠂ ᠵᠡᠭᠦᠨ ᠮᠣᠩᠭᠤᠯ ᠤᠨ ᠬᠤᠪᠢᠰᠬᠠᠯᠴᠢ ᠲᠡᠮᠦᠷᠪᠠᠭᠠᠨ᠎ᠠ᠂ ᠬᠠᠹᠤᠩᠭ᠎ᠠ᠂ ᠠᠰᠬᠠᠨ ᠵᠡᠷᠭᠡ ᠬᠥᠮᠥᠰ ᠤᠯᠠᠭᠠᠨᠪᠠᠭᠠᠲᠤᠷ ᠲᠤ ᠬᠦᠷᠴᠦ ︽ᠳᠣᠲᠣᠭᠠᠳᠤ ᠭᠠᠳᠠᠭᠠᠳᠤ ᠶᠢᠨ ᠮᠣᠩᠭᠤᠯ ᠢ ᠨᠡᠶᠢᠯᠡᠭᠦᠯᠬᠦ︾  ᠪᠠᠷ ᠭᠤᠶᠤᠴᠢᠯᠠᠪᠠ᠃ ᠪᠥᠬᠦᠳᠡ ᠨᠠᠶᠢᠷᠠᠮᠳᠠᠬᠤ ᠮᠣᠩᠭᠤᠯ ᠠᠷᠠᠳ ᠤᠯᠤᠰ ᠤᠨ ᠰᠠᠶᠢᠳ ᠨᠠᠷ ᠤᠨ ᠵᠥᠪᠯᠡᠯ ᠤᠨ ᠲᠡᠷᠢᠭᠦᠯᠡᠭᠴᠢ  ᠴᠦᠢᠪᠠᠯᠰᠠᠩ᠄ ᠦᠪᠦᠷ ᠠᠷᠤ ᠢ ᠨᠡᠶᠢᠯᠡᠭᠦᠯᠵᠦ ᠪᠣᠯᠬᠤ ᠦᠭᠡᠢ᠂ ᠳᠤᠮᠳᠠᠳᠤ ᠤᠯᠤᠰ ᠤᠨ ᠡᠪ ᠬᠠᠮᠲᠤ ᠨᠠᠮ ᠢ ᠡᠷᠢᠪᠡᠯ ᠰᠠᠶ᠋ᠢ ᠦᠨᠳᠦᠰᠦᠲᠡᠨ ᠤ ᠥᠪᠡᠷᠲᠡᠭᠡᠨ ᠵᠠᠰᠠᠬᠤ ᠶᠢ ᠪᠡᠶᠡᠯᠡᠭᠦᠯᠬᠦ ᠵᠥᠪ ᠴᠢᠭᠯᠡᠯ ᠮᠥᠨ ᠭᠡᠵᠦ ᠲᠣᠳᠣᠷᠬᠠᠢ ᠬᠠᠷᠢᠭᠤᠯᠵᠠᠢ᠃ ᠲᠡᠳᠡ ᠵᠡᠭᠦᠨ ᠮᠣᠩᠭᠤᠯ ᠤᠨ ᠤᠯᠤᠰ ᠲᠦᠷᠦ ᠶᠢᠨ ᠲᠥᠪ ᠸᠠᠩ ᠤᠨ ᠰᠦᠮ᠎ᠡ ᠵᠡᠭᠡᠯᠢ ᠳᠤ ᠪᠤᠴᠠᠵᠤ᠂ ᠦᠪᠦᠷ ᠠᠷᠤ ᠮᠣᠩᠭᠤᠯ ᠢ ᠨᠡᠶᠢᠯᠡᠭᠦᠯᠬᠦ ᠵᠣᠷᠢᠯᠲᠠ ᠪᠠᠨ ᠲᠠᠶᠠᠭᠳᠠᠵᠤ᠂ ᠥᠪᠥᠷ ᠮᠣᠩᠭᠤᠯ ᠤᠨ ᠠᠷᠠᠳ ᠤᠨ ᠬᠤᠪᠢᠰᠬᠠᠯᠲᠤ ᠨᠠᠮ ᠢᠶᠠᠷ ᠦᠨᠳᠦᠰᠦᠲᠡᠨ ᠤ ᠥᠪᠡᠷᠲᠡᠭᠡᠨ ᠵᠠᠰᠠᠬᠤ ᠠᠵᠢᠯ ᠢ ᠤᠳᠤᠷᠢᠳᠤᠭᠤᠯᠬᠤ ᠶᠢᠨ ᠬᠠᠮᠲᠤ ᠳᠤᠮᠳᠠᠳᠤ ᠤᠯᠤᠰ ᠤᠨ ᠡᠪ ᠬᠠᠮᠲᠤ ᠨᠠᠮ ᠢ ᠮᠣᠩᠭᠤᠯ ᠦᠨᠳᠦᠰᠦᠲᠡᠨ ᠤ ᠨᠠᠶᠢᠵᠢ ᠪᠠᠨ ᠪᠣᠯᠭᠠᠬᠤ ᠪᠠᠷ ᠳᠤᠷᠠᠳᠴᠠᠢ᠃11 ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠵᠡᠭᠦᠨ ᠬᠤᠶᠢᠲᠤ ᠶᠢᠨ ᠲᠣᠪᠴᠢᠶ᠎ᠠ ᠠᠴᠠ ᠵᠡᠭᠦᠨ ᠮᠣᠩᠭᠤᠯ ᠣᠷᠣᠨ ᠤ ᠲᠥᠯᠥᠭᠡᠯᠡᠭᠴᠢ ᠶᠢ ᠣᠨᠴᠠᠭᠠᠶᠢᠯᠠᠨ ᠤᠷᠢᠵᠤ ᠵᠡᠭᠦᠨ ᠬᠤᠶᠢᠲᠤ ᠶᠢᠨ ᠠᠷᠠᠳ ᠤᠨ ᠡᠯ᠎ᠡ ᠡᠲᠡᠭᠡᠳ ᠤᠨ ᠲᠥᠯᠥᠭᠡᠯᠡᠭᠴᠢᠳ ᠤᠨ ᠬᠤᠷᠠᠯ ᠳᠤ ᠣᠷᠣᠯᠴᠠᠭᠤᠯᠪᠠ᠂ ᠡᠨᠡ ᠬᠤᠭᠤᠴᠠᠭᠠᠨ ᠳᠤ ᠵᠡᠭᠦᠨ ᠮᠣᠩᠭᠤᠯ ᠤᠨ ︽ᠦᠪᠦᠷ ᠠᠷᠤ ᠮᠣᠩᠭᠤᠯ ᠢ ᠨᠡᠶᠢᠯᠡᠭᠦᠯᠬᠦ︾ ᠵᠣᠷᠢᠯᠲᠠ ᠶᠢ ᠬᠦᠯᠢᠴᠡᠩᠭᠦᠢ ᠪᠠᠷ ᠰᠢᠭᠦᠮᠵᠢᠯᠡᠨ ᠰᠤᠷᠭᠠᠵᠤ᠂ ᠲᠡᠳᠡᠨ ᠢ ᠶᠦᠨ ᠽᠧ ︵ᠳᠠᠷᠤᠢ ᠤᠯᠠᠭᠠᠨᠬᠦᠦ︶ ᠲᠠᠢ ᠬᠤᠯᠪᠣᠭ᠎ᠠ ᠠᠪᠴᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠪᠰᠤᠷᠤᠯᠭ᠎ᠠ ᠪᠠ ᠤᠳᠤᠷᠢᠳᠤᠯᠭ᠎ᠠ ᠶᠢᠨ ᠳᠣᠣᠷ᠎ᠠ ᠥᠪᠡᠷᠲᠡᠭᠡᠨ ᠵᠠᠰᠠᠬᠤ ᠬᠥᠳᠡᠯᠭᠡᠭᠡᠨ ᠥᠷᠨᠢᠭᠦᠯᠬᠦ ᠶᠢ ᠰᠠᠨᠠᠭᠤᠯᠪᠠ᠃      ᠵᠡᠭᠦᠨ ᠮᠣᠩᠭᠤᠯ ᠤᠨ ᠪᠤᠳᠤᠯᠢᠶᠠᠨᠲᠠᠢ ᠪᠠᠶᠢᠳᠠᠯ ᠤᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠴᠠᠭ ᠢ ᠦᠵᠡᠨ ᠪᠠᠶᠢᠳᠠᠯ ᠢ ᠰᠢᠨᠵᠢᠵᠦ᠂ ᠡᠨᠡ ᠬᠦ ᠭᠠᠵᠠᠷ ᠣᠷᠣᠨ ᠤ ᠦᠨᠳᠦᠰᠦᠲᠡᠨ ᠤ ᠠᠵᠢᠯ ᠢ ᠢᠳᠡᠪᠬᠢᠲᠡᠢ ᠡᠬᠢᠯᠡᠭᠦᠯᠪᠡ᠃12 ᠰᠠᠷ᠎ᠠ ᠶᠢᠨ 6 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠵᠡᠭᠦᠨ ᠬᠤᠶᠢᠲᠤ ᠣᠷᠣᠨ ᠤ ᠲᠣᠪᠴᠢᠶ᠎ᠠ ᠶᠢᠨ ᠪᠠᠷᠠᠭᠤᠨ ᠮᠠᠨᠵᠤ ᠶᠢᠨ ᠬᠤᠪᠢᠶᠠᠷᠢ ᠲᠣᠪᠴᠢᠶ᠎ᠠ ᠶᠢ ᠪᠠᠶᠢᠭᠤᠯᠵᠤ᠂ ᠯᠢ ᠹᠦ᠋ ᠴᠦᠨ ᠱᠦᠵᠢ ᠶᠢᠨ ᠲᠤᠰᠢᠶᠠᠯ ᠢ ᠬᠠᠷᠢᠭᠤᠴᠠᠵᠤ᠂ ᠵᠡᠭᠦᠨ ᠮᠣᠩᠭᠤᠯ ᠣᠷᠣᠨ ᠤ ᠠᠵᠢᠯ ᠢ ᠤᠳᠤᠷᠢᠳᠪᠠ᠃ ᠪᠠᠷᠠᠭᠤᠨ ᠮᠠᠨᠵᠤ ᠶᠢᠨ ᠬᠤᠪᠢᠶᠠᠷᠢ ᠲᠣᠪᠴᠢᠶ᠎ᠠ ᠡᠯ᠎ᠡ ᠵᠦᠢᠯ ᠤᠨ ᠠᠷᠭ᠎ᠠ ᠪᠠᠷ ᠵᠡᠭᠦᠨ ᠮᠣᠩᠭᠤᠯ ᠤᠨ ᠡᠯ᠎ᠡ ᠳᠠᠪᠬᠤᠷᠭ᠎ᠠ ᠶᠢᠨ ᠬᠥᠮᠥᠰ ᠲᠠᠢ ᠬᠠᠷᠢᠯᠴᠠᠵᠤ᠂ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠤᠬᠠᠭᠤᠯᠪᠠ᠃      1946 ᠣᠨ ᠤ 1 ᠰᠠᠷ᠎ᠠ ᠳᠤ᠂ ᠵᠡᠭᠦᠨ ᠬᠤᠶᠢᠲᠤ ᠶᠢᠨ ᠠᠷᠠᠳᠴᠢᠯᠠᠭᠰᠠᠨ ᠬᠤᠯᠪᠣᠭᠠᠲᠤ ᠴᠡᠷᠢᠭ ᠤᠨ ᠪᠠᠷᠠᠭᠤᠨ ᠮᠠᠨᠵᠤ ᠶᠢᠨ ᠴᠡᠷᠢᠭ ᠤᠨ ᠲᠣᠭᠤᠷᠢᠭ ᠪᠠᠶᠢᠭᠤᠯᠤᠭᠳᠠᠵᠤ᠂ ᠯᠢᠦᠢ ᠵᠧᠩ ᠼᠤᠤ ᠰᠧᠯᠢᠩᠶᠤᠸᠠᠨ ᠤ ᠲᠤᠰᠢᠶᠠᠯ ᠢ ᠬᠠᠷᠢᠭᠤᠴᠠᠵᠤ᠂ ᠯᠢ ᠹᠦ᠋ ᠴᠦᠨ ᠤᠯᠤᠰ ᠳᠣᠷᠣ ᠶᠢᠨ ᠭᠡᠰᠢᠭᠦᠨ ᠤ ᠲᠤᠰᠢᠶᠠᠯ ᠢ ᠬᠠᠷᠢᠭᠤᠴᠠᠵᠤ᠂ ᠵᠠᠩ ᠫᠢᠩ ᠬᠤᠸᠠ ᠤᠯᠤᠰ ᠲᠦᠷᠦ ᠶᠢᠨ ᠬᠡᠯᠲᠡᠰ ᠤᠨ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠪᠠ᠃1 ᠰᠠᠷ᠎ᠠ ᠶᠢᠨ 16 ᠤ ᠡᠳᠦᠷ᠂ ᠵᠡᠭᠦᠨ ᠮᠣᠩᠭᠤᠯ ᠤᠨ ᠠᠷᠠᠳ ᠤᠨ ᠲᠥᠯᠥᠭᠡᠯᠡᠭᠴᠢᠳ ᠤᠨ ᠬᠤᠷᠠᠯ ᠪᠠᠷᠠᠭᠤᠨ ᠭᠠᠷᠤᠨ ᠬᠤᠷᠴᠢᠨ ᠤ ᠡᠮᠦᠨᠡᠲᠦ ᠬᠤᠰᠢᠭᠤᠨ ᠤ ᠭᠡᠭᠡᠨ ᠰᠦᠮ᠎ᠡ ᠳᠤ ᠬᠤᠷᠠᠯᠳᠤᠵᠤ᠂ ᠥᠪᠥᠷ ᠮᠣᠩᠭᠤᠯ ᠤᠨ ᠵᠡᠭᠦᠨ ᠬᠡᠰᠡᠭ ᠤᠨ 36 ᠬᠤᠰᠢᠭᠤᠨ ᠤ ᠲᠥᠯᠥᠭᠡᠯᠡᠭᠴᠢᠳ ᠬᠤᠷᠠᠯ ᠳᠤ ᠣᠷᠣᠯᠴᠠᠪᠠ᠃ ᠶᠡᠭᠡ ᠬᠤᠷᠠᠯ ᠠᠴᠠ ︽ᠵᠡᠭᠦᠨ ᠮᠣᠩᠭᠤᠯ ᠤᠨ ᠠᠷᠠᠳ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ ᠵᠠᠰᠠᠭ ᠶᠠᠪᠤᠭᠤᠯᠬᠤ ᠬᠥᠲᠥᠯᠪᠦᠷᠢ︾᠂ ︽ᠵᠡᠭᠦᠨ ᠮᠣᠩᠭᠤᠯ ᠤᠨ ᠠᠷᠠᠳ ᠤᠨ ᠥᠪᠡᠷᠲᠡᠭᠡᠨ ᠵᠠᠰᠠᠬᠤ ᠬᠠᠤᠯᠢ︾ ᠶᠢ ᠲᠣᠭᠲᠠᠭᠠᠨ ᠪᠠᠲᠤᠯᠠᠪᠠ᠃19 ᠤ ᠡᠳᠦᠷ ︽ᠥᠪᠥᠷ ᠮᠣᠩᠭᠤᠯ ᠤᠨ ᠠᠷᠠᠳ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠪᠠᠶᠢᠭᠤᠯᠬᠤ ᠲᠤᠩᠬᠠᠭ︾ ᠢ ᠨᠡᠶᠢᠲᠡᠯᠡᠵᠦ᠂ ᠵᠡᠭᠦᠨ ᠮᠣᠩᠭᠤᠯ ᠤᠨ ᠠᠷᠠᠳ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠪᠠᠶᠢᠭᠤᠯᠤᠭᠳᠠᠭᠰᠠᠨ ᠢ ᠲᠤᠩᠬᠠᠭᠯᠠᠭᠰᠠᠨ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠵᠡᠭᠦᠨ ᠬᠤᠶᠢᠲᠤ ᠣᠷᠣᠨ ᠤ ᠲᠣᠪᠴᠢᠶ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠮᠠᠨᠵᠤ ᠶᠢᠨ ᠬᠤᠪᠢᠶᠠᠷᠢ ᠲᠣᠪᠴᠢᠶ᠎ᠠ ᠪᠠᠶᠠᠷ ᠤᠨ ᠴᠠᠬᠢᠯᠭᠠᠨ ᠢᠯᠡᠭᠡᠵᠦ ᠪᠠᠶᠠᠷ ᠬᠦᠷᠭᠡᠪᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠬᠤ᠋ ᠪᠢᠩ ᠴᠢᠤᠸᠠᠨ᠂ ᠵᠤ᠋ ᠵᠢᠢ ᠭᠤᠸᠠᠩ᠂ ᠬᠤᠸᠠᠩ ᠸᠧᠨ ᠹᠧᠢ ᠤᠷᠢᠯᠭ᠎ᠠ ᠪᠠᠷ ᠵᠡᠭᠦᠨ ᠮᠣᠩᠭᠤᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠡᠢ᠃ ᠵᠡᠭᠦᠨ ᠮᠣᠩᠭᠤᠯ ᠤᠨ ᠠᠷᠠᠳ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠪᠣᠯ ᠵᠡᠭᠦᠨ ᠮᠣᠩᠭᠤᠯ ᠣᠷᠣᠨ ᠤ ᠬᠡᠰᠡᠭ ᠦᠨᠳᠦᠰᠦᠲᠡᠨ ᠤ ᠳᠡᠭᠡᠳᠦ ᠳᠠᠪᠬᠤᠷᠭᠠᠲᠠᠨ ᠪᠠ ᠰᠡᠬᠡᠭᠡᠲᠡᠨ ᠪᠣᠯᠣᠨ᠎ᠠ᠃ ᠣᠯᠠᠩᠬᠢ ᠲᠣᠭᠠᠨ ᠤ ᠳᠤᠮᠳᠠ ᠳᠣᠣᠷᠠᠳᠤ ᠳᠠᠪᠬᠤᠷᠭ᠎ᠠ ᠶᠢᠨ ᠬᠤᠪᠢᠰᠬᠠᠯᠲᠤ ᠵᠠᠯᠠᠭᠤᠴᠤᠳ ᠤᠨ ᠠᠬᠢᠭᠤᠯᠤᠯ ᠢᠶᠠᠷ ᠵᠣᠬᠢᠶᠠᠨ ᠪᠠᠶᠢᠭᠤᠯᠤᠭᠳᠠᠵᠤ᠂ ᠦᠨᠳᠦᠰᠦᠲᠡᠨ ᠤ ᠴᠢᠯᠦᠭᠡᠯᠡᠯᠲᠡ ᠶᠢ ᠲᠡᠮᠡᠴᠡᠨ ᠤᠯᠵᠤ᠂ ᠦᠨᠳᠦᠰᠦᠲᠡᠨ ᠤ ᠥᠪᠡᠷᠲᠡᠭᠡᠨ ᠵᠠᠰᠠᠬᠤ ᠶᠢ  ᠪᠡᠶᠡᠯᠡᠭᠦᠯᠵᠦ ᠂ ᠮᠣᠩᠭᠤᠯ ᠦᠨᠳᠦᠰᠦᠲᠡᠨ ᠤ ᠠᠵᠤ ᠠᠬᠤᠢ᠂ ᠰᠣᠶᠣᠯ ᠢ ᠰᠡᠷᠭᠦᠭᠡᠨ ᠮᠠᠨᠳᠤᠭᠤᠯᠬᠤ ᠪᠠ ᠮᠣᠩᠭᠤᠯ ᠦᠨᠳᠦᠰᠦᠲᠡᠨ ᠤ ᠠᠮᠢᠳᠤᠷᠠᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠪᠠᠷ ᠵᠣᠷᠢᠯᠭ᠎ᠠ ᠪᠣᠯᠭᠠᠭᠰᠠᠨ ᠳᠡᠭᠡᠳᠦ ᠬᠡᠮᠵᠢᠶᠡᠨ ᠤ ᠥᠪᠡᠷᠲᠡᠭᠡᠨ ᠵᠠᠰᠠᠬᠤ ᠰᠢᠨᠵᠢ ᠴᠢᠨᠠᠷ ᠲᠠᠢ᠂ ︽ᠪᠡᠶ᠎ᠡ ᠪᠠᠨ ᠳᠠᠭᠠᠭᠠᠵᠤ ᠥᠪᠡᠷᠲᠡᠭᠡᠨ ᠵᠠᠰᠠᠬᠤ︾ ᠬᠡᠯᠪᠡᠷᠢᠯ ᠲᠠᠢ ᠵᠠᠰᠠᠭ ᠤᠨ ᠣᠷᠳᠣᠨ ᠪᠣᠯᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号