ᠵᠠᠰᠠᠭ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ
ᠨᠡᠶᠢᠲᠡᠯᠡᠭᠰᠡᠨ ᠴᠠᠭ᠄
2023/2/8
     ᠵᠡᠭᠦᠨ ᠮᠣᠩᠭᠤᠯ ᠤᠨ ᠠᠷᠠᠳ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠪᠠᠶᠢᠭᠤᠯᠤᠭᠳᠠᠬᠤ ᠶᠢᠨ ᠤᠷᠢᠳ ᠬᠤᠵᠢᠳ ᠢᠶᠠᠷ ᠬᠢᠩᠭᠠᠨ ᠮᠤᠵᠢ ᠳᠤ ᠬᠠᠷᠢᠶᠠᠯᠠᠭᠳᠠᠬᠤ ᠡᠯ᠎ᠡ ᠬᠤᠰᠢᠭᠤ ᠰᠢᠶᠠᠨ ᠵᠡᠭᠡᠯᠢ ᠳᠤ ᠵᠠᠯᠭᠠᠭ᠎ᠠ ᠪᠠᠷ ᠬᠤᠰᠢᠭᠤ ᠰᠢᠶᠠᠨ ᠵᠡᠭᠡᠯᠢ ᠶᠢᠨ ᠵᠠᠰᠠᠭ ᠤᠨ ᠣᠷᠳᠣᠨ ᠪᠠᠶᠢᠭᠤᠯᠤᠭᠳᠠᠪᠠ᠃1946 ᠣᠨ ᠤ 2 ᠰᠠᠷ᠎ᠠ ᠳᠤ᠂ ᠪᠠᠷᠠᠭᠤᠨ ᠭᠠᠷᠣᠨ ᠬᠤᠷᠴᠢᠨ ᠤ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠪᠠᠶᠢᠭᠤᠯᠤᠭᠳᠠᠵᠤ᠂ ᠸᠠᠩ  ‍ᠤᠨ‌‍ᠰᠦ᠋ᠮ᠎ᠡ ᠵᠡᠭᠡᠯᠢ ᠰᠠᠭᠤᠭ᠎ᠠ ᠭᠠᠵᠠᠷ ᠪᠤᠯᠵᠤ ᠵᠢᠷᠭᠠᠯ ᠬᠤᠰᠢᠭᠤᠨ ᠳᠠᠷᠤᠭ᠎ᠠ ᠪᠤᠯᠵᠤ᠂ ᠤᠯᠠᠭᠠᠨᠮᠣᠳᠤ᠂ ᠠᠯᠳᠠᠷᠠᠭᠤᠤᠯ᠂ ᠬᠠᠯᠭᠠᠢ᠂ ᠪᠤᠷᠭᠠᠰᠤᠲᠠᠢ᠂ ᠵᠢᠷᠦᠬᠡᠨ ᠵᠢᠯᠠᠭ᠎ᠠ  ᠢᠯᠲᠡ᠂ ᠢᠯᠡᠯᠲᠡ᠂ ᠤᠯᠠᠭᠠᠨᠬᠠᠳᠠ᠂  ᠰᠡᠷᠢᠬᠡᠨᠵᠢᠯᠠᠭ᠎ᠠ᠂ ᠪᠠᠶᠢᠰᠢᠩᠵᠢᠯᠠᠭ᠎ᠠ᠂ ᠲᠠᠪᠢᠨ ᠥᠷᠲᠡᠭᠡ ᠵᠡᠷᠭᠡ 11 ᠨᠤᠲᠤᠭ ᠢ  ᠬᠠᠮᠢᠶᠠᠷᠤᠵᠠᠢ᠃ ᠲᠤᠰ ᠰᠠᠷ᠎ᠠ ᠳᠤ ᠪᠠᠷᠠᠭᠤᠨ ᠭᠠᠷᠤᠨ ᠬᠤᠷᠴᠢᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠪᠠᠶᠢᠭᠤᠯᠤᠭᠳᠠᠵᠤ᠂ ᠴᠠᠷᠠᠰᠤᠨ ᠳᠤ ᠰᠠᠭᠤᠭ᠎ᠠ ᠭᠠᠵᠠᠷ ᠪᠤᠯᠵᠤ  ᠂ᠴᠢᠩ ᠣᠰᠣᠭᠲᠣ ᠬᠤᠰᠢᠭᠤᠨ ᠲᠠᠷᠤᠭ᠎ᠠ ᠪᠤᠯᠵᠤ ᠂ ᠴᠠᠷᠠᠰᠤᠨ᠂ ᠬᠤᠷᠢᠨ᠂ ᠡᠷᠭᠢᠲᠦ᠂ ᠲᠡᠮᠡᠭᠡᠵᠢ ᠵᠡᠷᠭᠡ 4  ᠨᠤᠲᠤᠭ ᠢ ᠬᠠᠮᠢᠶᠠᠷᠤᠵᠠᠢ᠃ ᠲᠤᠰ ᠰᠠᠷ᠎ᠠ ᠳᠤ᠂ ᠬᠢᠵᠠᠭᠠᠷ ᠬᠤᠰᠢᠭᠤᠨ ᠤ ᠵᠠᠰᠠᠭ ᠤᠨ ᠣᠷᠳᠣᠨ ᠪᠠᠶᠢᠭᠤᠯᠤᠭᠳᠠᠵᠤ᠂ ᠰᠣᠯᠣᠨ ᠳᠤ ᠰᠠᠭᠤᠭ᠎ᠠ ᠭᠠᠵᠠᠷ ᠪᠤᠯᠵᠤ᠂ ᠲᠠᠩ ᠶᠦᠩ ᠽᠦᠸᠧ ᠬᠤᠰᠢᠭᠤᠨ ᠳᠠᠷᠤᠭ᠎ᠠ ᠪᠤᠯᠵᠤ  ᠂  ᠣᠳᠣᠨᠨᠣᠲᠤᠭ᠂  ᠬᠢᠩᠭᠠᠨᠨᠤᠲᠤᠭ ᠪᠠ ᠰᠣᠯᠣᠨ ᠵᠡᠭᠡᠯᠢ ᠶᠢ ᠬᠠᠷᠢᠶᠠᠯᠠᠵᠤ ᠪᠠᠶᠢᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号