ᠥᠪᠥᠷ ᠮᠣᠩᠭᠤᠯ ᠤᠨ ᠠᠷᠠᠳ ᠤᠨ ᠬᠤᠪᠢᠰᠬᠠᠯᠲᠤ ᠵᠠᠯᠠᠭᠤᠴᠤᠳ ᠤᠨ ᠡᠪᠯᠡᠯ
ᠨᠡᠶᠢᠲᠡᠯᠡᠭᠰᠡᠨ ᠴᠠᠭ᠄
2023/2/9
     ᠶᠠᠫᠤᠨ ᠢ ᠡᠰᠡᠷᠭᠦᠴᠡᠬᠦ ᠳᠠᠶᠢᠨ ᠢᠯᠠᠯᠲᠠ ᠣᠯᠣᠭᠰᠠᠨ ᠤ ᠡᠬᠢᠨ ᠤ ᠦᠶ᠎ᠡ ᠳᠤ᠂ ᠵᠡᠭᠦᠨ ᠮᠣᠩᠭᠤᠯ ᠤᠨ ᠦᠨᠳᠦᠰᠦᠲᠡᠨ ᠤ ᠴᠢᠯᠦᠭᠡᠯᠡᠯᠲᠡ ᠶᠢᠨ ᠬᠥᠳᠡᠯᠭᠡᠭᠡᠨ ᠤ ᠶᠠᠪᠤᠴᠠ ᠳᠤ᠂ ᠵᠡᠭᠦᠨ ᠮᠣᠩᠭᠤᠯ  ‍ᠤᠨ‌ᠦᠨᠳᠦᠰᠦᠲᠡᠨ ᠤ ᠳᠠᠪᠰᠢᠯᠲᠤ ᠵᠠᠯᠠᠭᠤᠴᠤᠳ ᠬᠤᠪᠢᠰᠬᠠᠯᠲᠤ ᠡᠲᠡᠭᠡᠳ ᠤᠨ ᠳᠦᠷᠢ ᠪᠠᠷ ᠵᠡᠭᠦᠨ ᠮᠣᠩᠭᠤᠯ ᠤᠨ ᠲᠡᠦᠬᠡ ᠶᠢᠨ ᠲᠠᠪᠴᠠᠩ ᠳᠤ ᠢᠳᠡᠪᠬᠢᠯᠡᠨ ᠠᠵᠢᠯᠯᠠᠵᠤ᠂ ᠬᠢᠩᠭᠠᠨ ᠣᠷᠣᠨ ᠤ ᠦᠨᠳᠦᠰᠦᠲᠡᠨ ᠤ ᠠᠷᠠᠳᠴᠢᠯᠠᠭᠰᠠᠨ ᠬᠤᠪᠢᠰᠬᠠᠯ ᠤᠨ ᠲᠤᠯᠭᠠᠭᠤᠷᠢ ᠬᠦᠴᠦᠨ ᠪᠣᠯᠪᠠ᠃1945 ᠣᠨ ᠤ 10 ᠰᠠᠷ᠎ᠠ ᠳᠤ᠂ ᠥᠪᠥᠷ ᠮᠣᠩᠭᠤᠯ ᠤᠨ ᠠᠷᠠᠳ ᠤᠨ ᠬᠤᠪᠢᠰᠬᠠᠯᠲᠤ ᠵᠠᠯᠠᠭᠤᠴᠤᠳ ᠤᠨ ᠡᠪᠯᠡᠯ ᠤᠨ ᠪᠠᠷᠠᠭᠤᠨ ᠭᠠᠷᠤᠨ ᠬᠤᠷᠴᠢᠨ ᠡᠮᠦᠨᠡᠲᠦ ᠬᠤᠰᠢᠭᠤᠨ ᠤ ᠡᠪᠯᠡᠯ ᠤᠨ ᠵᠠᠬᠢᠷᠭ᠎ᠠ ᠪᠠᠶᠢᠭᠤᠯᠤᠭᠳᠠᠵᠤ᠂ ᠵᠢᠷᠭᠠᠯ᠂ ᠪᠠᠶᠠᠨᠮᠠᠨᠳᠡᠬᠤ᠂ ᠲᠦᠪᠰᠢᠨ᠂ ᠰᠤᠳᠤᠨᠵᠠᠪ᠂ ᠬᠠᠰᠠᠭᠤᠯᠠ᠂ ᠡᠷᠳᠡᠨᠢᠪᠠᠶᠠᠷ᠂ ᠭᠤᠮᠪᠣᠵᠠᠪ᠂ ᠪᠤᠶᠠᠨᠪᠠᠲᠦ ᠵᠡᠷᠭᠡ ᠨᠦᠭᠦᠳ ᠢ ᠭᠦᠢᠴᠡᠳᠬᠡᠬᠦ ᠭᠡᠰᠢᠭᠦᠨ ᠢᠶᠠᠷ ᠰᠣᠩᠭᠤᠵᠤ᠂ ᠵᠢᠷᠭᠠᠯ ᠠᠵᠢᠯᠯᠠᠭᠴᠢ ᠶᠢᠨ ᠳᠠᠷᠤᠭ᠎ᠠ ᠪᠠᠷ ᠲᠣᠮᠢᠯᠠᠵᠠᠢ᠃ ᠥᠪᠥᠷ ᠮᠣᠩᠭᠤᠯ ᠤᠨ ᠠᠷᠠᠳ ᠤᠨ ᠬᠤᠪᠢᠰᠬᠠᠯᠲᠤ ᠵᠠᠯᠠᠭᠤᠴᠤᠳ ᠤᠨ ᠡᠪᠯᠡᠯ ᠤᠨ ᠪᠠᠷᠠᠭᠤᠨ ᠬᠤᠷᠴᠢᠨ ᠬᠤᠶᠢᠲᠤ ᠬᠤᠰᠢᠭᠤᠨ ᠤ ᠵᠠᠬᠢᠷᠭ᠎ᠠ ᠪᠠᠶᠢᠭᠤᠯᠤᠭᠳᠠᠵᠤ᠂ ᠯᠢᠨ ᠲᠢᠶᠠᠨ ᠰᠢᠶᠠᠩ ᠠᠵᠢᠯᠯᠠᠭᠴᠢ ᠶᠢᠨ ᠳᠠᠷᠤᠭ᠎ᠠ ᠶᠢᠨ ᠲᠤᠰᠢᠶᠠᠯ ᠢ ᠬᠠᠷᠢᠭᠤᠴᠠᠪᠠ᠃1946 ᠣᠨ ᠤ ᠴᠧᠩᠳᠧ ᠶᠢᠨ ︽ᠲᠥᠷᠪᠡᠨ ᠰᠠᠷ᠎ᠠ ᠶᠢᠨ ᠭᠤᠷᠪᠠᠨ ᠤ ᠬᠤᠷᠠᠯ︾ ᠤᠨ ᠲᠠᠷᠠᠭ᠎ᠠ᠂ ᠥᠪᠥᠷ ᠮᠣᠩᠭᠤᠯ ᠤᠨ ᠠᠷᠠᠳ ᠤᠨ ᠬᠤᠪᠢᠰᠬᠠᠯᠲᠤ ᠵᠠᠯᠠᠭᠤᠴᠤᠳ ᠤᠨ ᠡᠪᠯᠡᠯ ᠤᠨ ᠵᠠᠬᠢᠷᠭ᠎ᠠ ᠠᠴᠠ ᠥᠪᠥᠷ ᠮᠣᠩᠭᠤᠯ ᠤᠨ ᠠᠷᠠᠳ ᠤᠨ ᠬᠤᠪᠢᠰᠬᠠᠯᠲᠤ ᠨᠠᠮ ᠤᠨ ᠤᠳᠤᠷᠢᠳᠤᠯᠭ᠎ᠠ ᠪᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠤ ᠬᠤᠯᠪᠣᠭᠠᠲᠤ ᠬᠤᠷᠠᠯ ᠤᠨ ᠨᠢᠭᠡᠳᠦᠯᠲᠡᠢ ᠤᠳᠤᠷᠢᠳᠤᠯᠭ᠎ᠠ ᠶᠢ ᠬᠦᠯᠢᠶᠡᠯᠭᠡᠬᠦ ᠪᠠᠷ ᠲᠣᠭᠲᠠᠪᠠ᠃ ᠡᠭᠦᠨ ᠠᠴᠠ ᠡᠬᠢᠯᠡᠨ᠂ ᠵᠡᠭᠦᠨ ᠮᠣᠩᠭᠤᠯ ᠤᠨ ᠥᠷᠭᠡᠨ ᠤᠯᠠᠨ ᠮᠣᠩᠭᠤᠯ ᠵᠠᠯᠠᠭᠤᠴᠤᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠤ ᠬᠤᠯᠪᠣᠭᠠᠲᠤ ᠬᠤᠷᠠᠯ ᠤᠨ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠦᠨᠳᠦᠰᠦᠲᠡᠨ ᠤ ᠠᠷᠠᠳᠴᠢᠯᠠᠭᠰᠠᠨ ᠬᠤᠪᠢᠰᠬᠠᠯ ᠤᠨ ᠵᠠᠮ ᠢᠶᠠᠷ ᠵᠠᠮᠨᠠᠵᠤ᠂ ᠬᠦᠦ ᠲᠦᠷᠢᠶᠡᠰᠦ ᠶᠢ ᠬᠥᠩᠭᠡᠯᠡᠬᠦ᠂  ᠬᠠᠷᠭᠢᠰᠴᠤᠳ ᠢ ᠠᠷᠢᠯᠭᠠᠨ ᠡᠰᠡᠷᠭᠦᠴᠡᠬᠦ ᠲᠡᠮᠡᠴᠡᠯ᠂ ᠨᠠᠮ ᠵᠠᠰᠠᠭ ᠪᠠᠶᠢᠭᠤᠯᠬᠤ᠂ ᠣᠷᠣᠨ ᠨᠤᠲᠤᠭ ᠤᠨ ᠵᠡᠪᠰᠡᠭᠲᠦ ᠬᠦᠴᠦᠨ ᠢ ᠵᠣᠬᠢᠶᠠᠨ ᠪᠠᠶᠢᠭᠤᠯᠬᠤ᠂ ᠬᠥᠳᠡᠭᠡ ᠲᠣᠰᠬᠤᠨ ᠤ ᠭᠠᠵᠠᠷ ᠰᠢᠷᠣᠢ ᠶᠢᠨ ᠥᠭᠡᠷᠡᠴᠢᠯᠡᠯᠲᠡ᠂ ᠮᠠᠯᠵᠢᠬᠤ ᠣᠷᠣᠨ ᠤ ᠠᠷᠠᠳᠴᠢᠯᠠᠭᠰᠠᠨ ᠥᠭᠡᠷᠡᠴᠢᠯᠡᠯᠲᠡ ᠵᠡᠷᠭᠡ ᠬᠤᠪᠢᠰᠬᠠᠯ ᠤᠨ ᠠᠵᠢᠯ ᠢ ᠥᠷᠨᠢᠭᠦᠯᠬᠦ ᠳᠤ ᠴᠢᠬᠤᠯᠠ ᠦᠢᠯᠡᠳᠦᠯ ᠢᠶᠠᠨ ᠪᠠᠳᠠᠷᠠᠭᠤᠯᠤᠭᠰᠠᠨ ᠪᠠᠶᠢᠨ᠎ᠠ᠃1948 ᠣᠨ ᠤ 11 ᠰᠠᠷ᠎ᠠ ᠳᠤ᠂ ᠬᠢᠩᠭᠠᠨ ᠠᠶᠢᠮᠠᠭ ᠤᠨ ᠡᠯ᠎ᠡ ᠬᠤᠰᠢᠭᠤ ᠰᠢᠶᠠᠨ ᠬᠤᠳᠠ ᠨᠤᠭᠤᠳ ᠥᠪᠥᠷ ᠮᠣᠩᠭᠤᠯ ᠤᠨ ᠠᠷᠠᠳ ᠤᠨ ᠬᠤᠪᠢᠰᠬᠠᠯᠲᠤ ᠵᠠᠯᠠᠭᠤᠴᠤᠳ ᠤᠨ ᠡᠪᠯᠡᠯ ᠤᠨ ᠬᠡᠯᠲᠡᠰ ᠤᠨ ᠰᠠᠭᠤᠷᠢᠨ ᠳᠡᠭᠡᠷ᠎ᠡ ᠥᠪᠥᠷ ᠮᠣᠩᠭᠤᠯ ᠤᠨ ᠠᠷᠠᠳ ᠤᠨ ᠬᠤᠪᠢᠰᠬᠠᠯᠲᠤ ᠵᠠᠯᠠᠭᠤᠴᠤᠳ ᠤᠨ ᠡᠪᠯᠡᠯ ᠤᠨ ᠡᠯ᠎ᠡ ᠬᠤᠰᠢᠭᠤ ᠰᠢᠶᠠᠨ ᠬᠤᠳᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠵᠠᠯᠭᠠᠭ᠎ᠠ ᠪᠠᠷ ᠪᠠᠶᠢᠭᠤᠯᠪᠠ᠃1948 ᠣᠨ ᠤ 12 ᠰᠠᠷ᠎ᠠ ᠳᠤ᠂ ᠥᠪᠥᠷ ᠮᠣᠩᠭᠤᠯ ᠤᠨ ᠠᠷᠠᠳ ᠤᠨ ᠬᠤᠪᠢᠰᠬᠠᠯᠲᠤ ᠵᠠᠯᠠᠭᠤᠴᠤᠳ ᠤᠨ ᠡᠪᠯᠡᠯ ᠤᠨ ᠪᠠᠷᠠᠭᠤᠨ ᠭᠠᠷᠤᠨ ᠬᠤᠷᠴᠢᠨ ᠡᠮᠦᠨᠡᠲᠦ ᠬᠤᠰᠢᠭᠤ᠂ ᠪᠠᠷᠠᠭᠤᠨ ᠭᠠᠷᠤᠨ ᠬᠤᠷᠴᠢᠨ ᠬᠤᠶᠢᠲᠤ ᠬᠤᠰᠢᠭᠤᠨ ᠤ ᠡᠪᠯᠡᠯ ᠤᠨ ᠵᠠᠬᠢᠷᠭ᠎ᠠ ᠨᠢ ᠳᠤᠮᠳᠠᠳᠤ ᠤᠯᠤᠰ ᠤᠨ ᠰᠢᠨ᠎ᠡ ᠠᠷᠠᠳᠴᠢᠯᠠᠭᠰᠠᠨ ᠶᠣᠰᠣᠨ ᠤ ᠵᠠᠯᠠᠭᠤᠴᠤᠳ ᠤᠨ ᠡᠪᠯᠡᠯ ᠳᠤ ᠰᠢᠯᠵᠢᠵᠦ᠂ ᠳᠤᠮᠳᠠᠳᠤ ᠤᠯᠤᠰ ᠤᠨ ᠰᠢᠨ᠎ᠡ ᠠᠷᠠᠳᠴᠢᠯᠠᠭᠰᠠᠨ ᠶᠣᠰᠣᠨ ᠤ ᠵᠠᠯᠠᠭᠤᠴᠤᠳ ᠤᠨ ᠡᠪᠯᠡᠯ ᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠪᠣᠯᠣᠨ ᠳᠤᠮᠳᠠᠳᠤ ᠤᠯᠤᠰ ᠤᠨ ᠰᠢᠨ᠎ᠡ ᠠᠷᠠᠳᠴᠢᠯᠠᠭᠰᠠᠨ ᠶᠣᠰᠣᠨ ᠤ ᠵᠠᠯᠠᠭᠤᠴᠤᠳ ᠤᠨ ᠡᠪᠯᠡᠯ ᠤᠨ ᠪᠠᠷᠠᠭᠤᠨ ᠭᠠᠷᠤᠨ ᠬᠤᠷᠴᠢᠨ ᠬᠤᠶᠢᠲᠤ  ᠬᠤᠰᠢᠭᠤᠨ ᠤ ᠨᠠᠮ ᠤᠨ ᠬᠤᠷᠢᠶ᠎ᠠ ᠶᠢ ᠪᠠᠶᠢᠭᠤᠯᠵᠤ᠂ ᠳ᠋ᠦ᠋ ᠰᠢᠩ ᠯᠢᠶᠠᠩ ᠪᠣᠯᠣᠨ ᠯᠢᠨ ᠲᠢᠶᠠᠨ ᠰᠢᠶᠠᠩ ᠲᠤᠰ ᠲᠤᠰ ᠱᠦᠵᠢ ᠪᠤᠯᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号