1945 ᠣᠨ ᠤ 10 ᠰᠠᠷ᠎ᠠ ᠳᠤ᠂ ᠵᠡᠭᠦᠨ ᠮᠣᠩᠭᠤᠯ ᠤᠨ ᠬᠤᠪᠢᠰᠬᠠᠯᠴᠢ ᠲᠡᠮᠦᠷᠪᠠᠭᠠᠨ᠎ᠠ᠂ ᠬᠠᠹᠤᠩᠭ᠎ᠠ᠂ | ᠠᠰᠬᠠᠨ ᠵᠡᠷᠭᠡ ᠬᠥᠮᠥᠰ ᠤᠯᠠᠭᠠᠨᠪᠠᠭᠠᠲᠤᠷ ᠲᠤ ᠬᠦᠷᠴᠦ ︽ᠳᠣᠲᠣᠭᠠᠳᠤ ᠭᠠᠳᠠᠭᠠᠳᠤ ᠶᠢᠨ ᠮᠣᠩᠭᠤᠯ ᠢ ᠨᠡᠶᠢᠯᠡᠭᠦᠯᠬᠦ︾ | ᠪᠠᠷ ᠭᠤᠶᠤᠴᠢᠯᠠᠪᠠ᠃ ᠪᠥᠬᠦᠳᠡ ᠨᠠᠶᠢᠷᠠᠮᠳᠠᠬᠤ ᠮᠣᠩᠭᠤᠯ ᠠᠷᠠᠳ ᠤᠯᠤᠰ ᠤᠨ ᠰᠠᠶᠢᠳ ᠨᠠᠷ ᠤᠨ ᠵᠥᠪᠯᠡᠯ ᠤᠨ | ᠲᠡᠷᠢᠭᠦᠯᠡᠭᠴᠢ ᠴᠦᠢᠪᠠᠯᠰᠠᠩ᠄ ᠦᠪᠦᠷ ᠠᠷᠤ ᠢ ᠨᠡᠶᠢᠯᠡᠭᠦᠯᠵᠦ ᠪᠣᠯᠬᠤ ᠦᠭᠡᠢ᠂ ᠳᠤᠮᠳᠠᠳᠤ ᠤᠯᠤᠰ ᠤᠨ ᠡᠪ ᠬᠠᠮᠲᠤ | ᠨᠠᠮ ᠢ ᠡᠷᠢᠪᠡᠯ ᠰᠠᠶ᠋ᠢ ᠦᠨᠳᠦᠰᠦᠲᠡᠨ ᠤ ᠥᠪᠡᠷᠲᠡᠭᠡᠨ ᠵᠠᠰᠠᠬᠤ ᠶᠢ ᠪᠡᠶᠡᠯᠡᠭᠦᠯᠬᠦ ᠵᠥᠪ ᠴᠢᠭᠯᠡᠯ ᠮᠥᠨ ᠭᠡᠵᠦ | ᠲᠣᠳᠣᠷᠬᠠᠢ ᠬᠠᠷᠢᠭᠤᠯᠵᠠᠢ᠃ ᠲᠡᠳᠡ ᠵᠡᠭᠦᠨ ᠮᠣᠩᠭᠤᠯ ᠤᠨ ᠤᠯᠤᠰ ᠲᠦᠷᠦ ᠶᠢᠨ ᠲᠥᠪ ᠸᠠᠩ ᠤᠨ ᠰᠦᠮ᠎ᠡ | ᠵᠡᠭᠡᠯᠢ ᠳᠤ ᠪᠤᠴᠠᠵᠤ᠂ ᠦᠪᠦᠷ ᠠᠷᠤ ᠮᠣᠩᠭᠤᠯ ᠢ ᠨᠡᠶᠢᠯᠡᠭᠦᠯᠬᠦ ᠵᠣᠷᠢᠯᠲᠠ ᠪᠠᠨ ᠲᠠᠶᠠᠭᠳᠠᠵᠤ᠂ ᠥᠪᠥᠷ ᠮᠣᠩᠭᠤᠯ ᠤᠨ | ᠠᠷᠠᠳ ᠤᠨ ᠬᠤᠪᠢᠰᠬᠠᠯᠲᠤ ᠨᠠᠮ ᠢᠶᠠᠷ ᠦᠨᠳᠦᠰᠦᠲᠡᠨ ᠤ ᠥᠪᠡᠷᠲᠡᠭᠡᠨ ᠵᠠᠰᠠᠬᠤ ᠠᠵᠢᠯ ᠢ ᠤᠳᠤᠷᠢᠳᠤᠭᠤᠯᠬᠤ ᠶᠢᠨ | ᠬᠠᠮᠲᠤ ᠳᠤᠮᠳᠠᠳᠤ ᠤᠯᠤᠰ ᠤᠨ ᠡᠪ ᠬᠠᠮᠲᠤ ᠨᠠᠮ ᠢ ᠮᠣᠩᠭᠤᠯ ᠦᠨᠳᠦᠰᠦᠲᠡᠨ ᠤ ᠨᠠᠶᠢᠵᠢ ᠪᠠᠨ ᠪᠣᠯᠭᠠᠬᠤ ᠪᠠᠷ | ᠳᠤᠷᠠᠳᠴᠠᠢ᠃11 ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠵᠡᠭᠦᠨ | ᠬᠤᠶᠢᠲᠤ ᠶᠢᠨ ᠲᠣᠪᠴᠢᠶ᠎ᠠ ᠠᠴᠠ ᠵᠡᠭᠦᠨ ᠮᠣᠩᠭᠤᠯ ᠣᠷᠣᠨ ᠤ ᠲᠥᠯᠥᠭᠡᠯᠡᠭᠴᠢ ᠶᠢ ᠣᠨᠴᠠᠭᠠᠶᠢᠯᠠᠨ ᠤᠷᠢᠵᠤ ᠵᠡᠭᠦᠨ | ᠬᠤᠶᠢᠲᠤ ᠶᠢᠨ ᠠᠷᠠᠳ ᠤᠨ ᠡᠯ᠎ᠡ ᠡᠲᠡᠭᠡᠳ ᠤᠨ ᠲᠥᠯᠥᠭᠡᠯᠡᠭᠴᠢᠳ ᠤᠨ ᠬᠤᠷᠠᠯ ᠳᠤ ᠣᠷᠣᠯᠴᠠᠭᠤᠯᠪᠠ᠂ ᠡᠨᠡ | ᠬᠤᠭᠤᠴᠠᠭᠠᠨ ᠳᠤ ᠵᠡᠭᠦᠨ ᠮᠣᠩᠭᠤᠯ ᠤᠨ ︽ᠦᠪᠦᠷ ᠠᠷᠤ ᠮᠣᠩᠭᠤᠯ ᠢ ᠨᠡᠶᠢᠯᠡᠭᠦᠯᠬᠦ︾ ᠵᠣᠷᠢᠯᠲᠠ ᠶᠢ ᠬᠦᠯᠢᠴᠡᠩᠭᠦᠢ ᠪᠠᠷ | ᠰᠢᠭᠦᠮᠵᠢᠯᠡᠨ ᠰᠤᠷᠭᠠᠵᠤ᠂ ᠲᠡᠳᠡᠨ ᠢ ᠶᠦᠨ ᠽᠧ ︵ᠳᠠᠷᠤᠢ ᠤᠯᠠᠭᠠᠨᠬᠦᠦ︶ ᠲᠠᠢ ᠬᠤᠯᠪᠣᠭ᠎ᠠ ᠠᠪᠴᠤ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠬᠠᠪᠰᠤᠷᠤᠯᠭ᠎ᠠ ᠪᠠ ᠤᠳᠤᠷᠢᠳᠤᠯᠭ᠎ᠠ ᠶᠢᠨ ᠳᠣᠣᠷ᠎ᠠ ᠥᠪᠡᠷᠲᠡᠭᠡᠨ ᠵᠠᠰᠠᠬᠤ | ᠬᠥᠳᠡᠯᠭᠡᠭᠡᠨ ᠥᠷᠨᠢᠭᠦᠯᠬᠦ ᠶᠢ ᠰᠠᠨᠠᠭᠤᠯᠪᠠ᠃ | ᠵᠡᠭᠦᠨ ᠮᠣᠩᠭᠤᠯ ᠤᠨ ᠪᠤᠳᠤᠯᠢᠶᠠᠨᠲᠠᠢ ᠪᠠᠶᠢᠳᠠᠯ ᠤᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ | ᠴᠠᠭ ᠢ ᠦᠵᠡᠨ ᠪᠠᠶᠢᠳᠠᠯ ᠢ ᠰᠢᠨᠵᠢᠵᠦ᠂ ᠡᠨᠡ ᠬᠦ ᠭᠠᠵᠠᠷ ᠣᠷᠣᠨ ᠤ ᠦᠨᠳᠦᠰᠦᠲᠡᠨ ᠤ ᠠᠵᠢᠯ ᠢ ᠢᠳᠡᠪᠬᠢᠲᠡᠢ | ᠡᠬᠢᠯᠡᠭᠦᠯᠪᠡ᠃12 ᠰᠠᠷ᠎ᠠ ᠶᠢᠨ 6 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠵᠡᠭᠦᠨ ᠬᠤᠶᠢᠲᠤ ᠣᠷᠣᠨ ᠤ ᠲᠣᠪᠴᠢᠶ᠎ᠠ ᠶᠢᠨ ᠪᠠᠷᠠᠭᠤᠨ ᠮᠠᠨᠵᠤ ᠶᠢᠨ ᠬᠤᠪᠢᠶᠠᠷᠢ ᠲᠣᠪᠴᠢᠶ᠎ᠠ ᠶᠢ ᠪᠠᠶᠢᠭᠤᠯᠵᠤ᠂ ᠯᠢ | ᠹᠦ᠋ ᠴᠦᠨ ᠱᠦᠵᠢ ᠶᠢᠨ ᠲᠤᠰᠢᠶᠠᠯ ᠢ ᠬᠠᠷᠢᠭᠤᠴᠠᠵᠤ᠂ ᠵᠡᠭᠦᠨ ᠮᠣᠩᠭᠤᠯ ᠣᠷᠣᠨ ᠤ ᠠᠵᠢᠯ ᠢ ᠤᠳᠤᠷᠢᠳᠪᠠ᠃ | ᠪᠠᠷᠠᠭᠤᠨ ᠮᠠᠨᠵᠤ ᠶᠢᠨ ᠬᠤᠪᠢᠶᠠᠷᠢ ᠲᠣᠪᠴᠢᠶ᠎ᠠ ᠡᠯ᠎ᠡ ᠵᠦᠢᠯ ᠤᠨ ᠠᠷᠭ᠎ᠠ ᠪᠠᠷ ᠵᠡᠭᠦᠨ ᠮᠣᠩᠭᠤᠯ ᠤᠨ ᠡᠯ᠎ᠡ | ᠳᠠᠪᠬᠤᠷᠭ᠎ᠠ ᠶᠢᠨ ᠬᠥᠮᠥᠰ ᠲᠠᠢ ᠬᠠᠷᠢᠯᠴᠠᠵᠤ᠂ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠤᠬᠠᠭᠤᠯᠪᠠ᠃ | | 1946 ᠣᠨ ᠤ 1 ᠰᠠᠷ᠎ᠠ ᠳᠤ᠂ ᠵᠡᠭᠦᠨ ᠬᠤᠶᠢᠲᠤ ᠶᠢᠨ ᠠᠷᠠᠳᠴᠢᠯᠠᠭᠰᠠᠨ ᠬᠤᠯᠪᠣᠭᠠᠲᠤ ᠴᠡᠷᠢᠭ ᠤᠨ | ᠪᠠᠷᠠᠭᠤᠨ ᠮᠠᠨᠵᠤ ᠶᠢᠨ ᠴᠡᠷᠢᠭ ᠤᠨ ᠲᠣᠭᠤᠷᠢᠭ ᠪᠠᠶᠢᠭᠤᠯᠤᠭᠳᠠᠵᠤ᠂ ᠯᠢᠦᠢ ᠵᠧᠩ ᠼᠤᠤ ᠰᠧᠯᠢᠩᠶᠤᠸᠠᠨ ᠤ | ᠲᠤᠰᠢᠶᠠᠯ ᠢ ᠬᠠᠷᠢᠭᠤᠴᠠᠵᠤ᠂ ᠯᠢ ᠹᠦ᠋ ᠴᠦᠨ ᠤᠯᠤᠰ ᠳᠣᠷᠣ ᠶᠢᠨ ᠭᠡᠰᠢᠭᠦᠨ ᠤ ᠲᠤᠰᠢᠶᠠᠯ ᠢ ᠬᠠᠷᠢᠭᠤᠴᠠᠵᠤ᠂ ᠵᠠᠩ | ᠫᠢᠩ ᠬᠤᠸᠠ ᠤᠯᠤᠰ ᠲᠦᠷᠦ ᠶᠢᠨ ᠬᠡᠯᠲᠡᠰ ᠤᠨ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠪᠠ᠃1 ᠰᠠᠷ᠎ᠠ ᠶᠢᠨ | 16 ᠤ ᠡᠳᠦᠷ᠂ ᠵᠡᠭᠦᠨ ᠮᠣᠩᠭᠤᠯ ᠤᠨ ᠠᠷᠠᠳ ᠤᠨ ᠲᠥᠯᠥᠭᠡᠯᠡᠭᠴᠢᠳ ᠤᠨ ᠬᠤᠷᠠᠯ ᠪᠠᠷᠠᠭᠤᠨ ᠭᠠᠷᠤᠨ ᠬᠤᠷᠴᠢᠨ ᠤ | ᠡᠮᠦᠨᠡᠲᠦ ᠬᠤᠰᠢᠭᠤᠨ ᠤ ᠭᠡᠭᠡᠨ ᠰᠦᠮ᠎ᠡ ᠳᠤ ᠬᠤᠷᠠᠯᠳᠤᠵᠤ᠂ ᠥᠪᠥᠷ ᠮᠣᠩᠭᠤᠯ ᠤᠨ ᠵᠡᠭᠦᠨ ᠬᠡᠰᠡᠭ ᠤᠨ 36 | ᠬᠤᠰᠢᠭᠤᠨ ᠤ ᠲᠥᠯᠥᠭᠡᠯᠡᠭᠴᠢᠳ ᠬᠤᠷᠠᠯ ᠳᠤ ᠣᠷᠣᠯᠴᠠᠪᠠ᠃ ᠶᠡᠭᠡ ᠬᠤᠷᠠᠯ ᠠᠴᠠ ︽ᠵᠡᠭᠦᠨ ᠮᠣᠩᠭᠤᠯ ᠤᠨ | ᠠᠷᠠᠳ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ ᠵᠠᠰᠠᠭ ᠶᠠᠪᠤᠭᠤᠯᠬᠤ ᠬᠥᠲᠥᠯᠪᠦᠷᠢ︾᠂ ︽ᠵᠡᠭᠦᠨ | ᠮᠣᠩᠭᠤᠯ ᠤᠨ ᠠᠷᠠᠳ ᠤᠨ ᠥᠪᠡᠷᠲᠡᠭᠡᠨ ᠵᠠᠰᠠᠬᠤ ᠬᠠᠤᠯᠢ︾ ᠶᠢ ᠲᠣᠭᠲᠠᠭᠠᠨ ᠪᠠᠲᠤᠯᠠᠪᠠ᠃19 ᠤ ᠡᠳᠦᠷ ︽ᠥᠪᠥᠷ | ᠮᠣᠩᠭᠤᠯ ᠤᠨ ᠠᠷᠠᠳ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠪᠠᠶᠢᠭᠤᠯᠬᠤ ᠲᠤᠩᠬᠠᠭ︾ ᠢ ᠨᠡᠶᠢᠲᠡᠯᠡᠵᠦ᠂ | ᠵᠡᠭᠦᠨ ᠮᠣᠩᠭᠤᠯ ᠤᠨ ᠠᠷᠠᠳ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠪᠠᠶᠢᠭᠤᠯᠤᠭᠳᠠᠭᠰᠠᠨ ᠢ | ᠲᠤᠩᠬᠠᠭᠯᠠᠭᠰᠠᠨ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠵᠡᠭᠦᠨ ᠬᠤᠶᠢᠲᠤ | ᠣᠷᠣᠨ ᠤ ᠲᠣᠪᠴᠢᠶ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠮᠠᠨᠵᠤ ᠶᠢᠨ ᠬᠤᠪᠢᠶᠠᠷᠢ | ᠲᠣᠪᠴᠢᠶ᠎ᠠ ᠪᠠᠶᠠᠷ ᠤᠨ ᠴᠠᠬᠢᠯᠭᠠᠨ ᠢᠯᠡᠭᠡᠵᠦ ᠪᠠᠶᠠᠷ ᠬᠦᠷᠭᠡᠪᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠭᠡᠰᠢᠭᠦᠨ ᠬᠤ᠋ ᠪᠢᠩ ᠴᠢᠤᠸᠠᠨ᠂ ᠵᠤ᠋ ᠵᠢᠢ ᠭᠤᠸᠠᠩ᠂ ᠬᠤᠸᠠᠩ ᠸᠧᠨ ᠹᠧᠢ ᠤᠷᠢᠯᠭ᠎ᠠ ᠪᠠᠷ ᠵᠡᠭᠦᠨ ᠮᠣᠩᠭᠤᠯ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠡᠢ᠃ ᠵᠡᠭᠦᠨ | ᠮᠣᠩᠭᠤᠯ ᠤᠨ ᠠᠷᠠᠳ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠪᠣᠯ ᠵᠡᠭᠦᠨ ᠮᠣᠩᠭᠤᠯ ᠣᠷᠣᠨ ᠤ ᠬᠡᠰᠡᠭ | ᠦᠨᠳᠦᠰᠦᠲᠡᠨ ᠤ ᠳᠡᠭᠡᠳᠦ ᠳᠠᠪᠬᠤᠷᠭᠠᠲᠠᠨ ᠪᠠ ᠰᠡᠬᠡᠭᠡᠲᠡᠨ ᠪᠣᠯᠣᠨ᠎ᠠ᠃ ᠣᠯᠠᠩᠬᠢ ᠲᠣᠭᠠᠨ ᠤ ᠳᠤᠮᠳᠠ ᠳᠣᠣᠷᠠᠳᠤ | ᠳᠠᠪᠬᠤᠷᠭ᠎ᠠ ᠶᠢᠨ ᠬᠤᠪᠢᠰᠬᠠᠯᠲᠤ ᠵᠠᠯᠠᠭᠤᠴᠤᠳ ᠤᠨ ᠠᠬᠢᠭᠤᠯᠤᠯ ᠢᠶᠠᠷ ᠵᠣᠬᠢᠶᠠᠨ ᠪᠠᠶᠢᠭᠤᠯᠤᠭᠳᠠᠵᠤ᠂ | ᠦᠨᠳᠦᠰᠦᠲᠡᠨ ᠤ ᠴᠢᠯᠦᠭᠡᠯᠡᠯᠲᠡ ᠶᠢ ᠲᠡᠮᠡᠴᠡᠨ ᠤᠯᠵᠤ᠂ ᠦᠨᠳᠦᠰᠦᠲᠡᠨ ᠤ ᠥᠪᠡᠷᠲᠡᠭᠡᠨ ᠵᠠᠰᠠᠬᠤ ᠶᠢ ᠪᠡᠶᠡᠯᠡᠭᠦᠯᠵᠦ | ᠂ ᠮᠣᠩᠭᠤᠯ ᠦᠨᠳᠦᠰᠦᠲᠡᠨ ᠤ ᠠᠵᠤ ᠠᠬᠤᠢ᠂ ᠰᠣᠶᠣᠯ ᠢ ᠰᠡᠷᠭᠦᠭᠡᠨ ᠮᠠᠨᠳᠤᠭᠤᠯᠬᠤ ᠪᠠ ᠮᠣᠩᠭᠤᠯ ᠦᠨᠳᠦᠰᠦᠲᠡᠨ ᠤ | ᠠᠮᠢᠳᠤᠷᠠᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠪᠠᠷ ᠵᠣᠷᠢᠯᠭ᠎ᠠ ᠪᠣᠯᠭᠠᠭᠰᠠᠨ ᠳᠡᠭᠡᠳᠦ ᠬᠡᠮᠵᠢᠶᠡᠨ ᠤ ᠥᠪᠡᠷᠲᠡᠭᠡᠨ | ᠵᠠᠰᠠᠬᠤ ᠰᠢᠨᠵᠢ ᠴᠢᠨᠠᠷ ᠲᠠᠢ᠂ ︽ᠪᠡᠶ᠎ᠡ ᠪᠠᠨ ᠳᠠᠭᠠᠭᠠᠵᠤ ᠥᠪᠡᠷᠲᠡᠭᠡᠨ ᠵᠠᠰᠠᠬᠤ︾ ᠬᠡᠯᠪᠡᠷᠢᠯ ᠲᠠᠢ ᠵᠠᠰᠠᠭ ᠤᠨ ᠣᠷᠳᠣᠨ | ᠪᠣᠯᠵᠠᠢ᠃ |