ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ︽ᠳᠥᠷᠪᠡᠨ ᠬᠤᠷᠠᠯ︾ ᠢ ᠵᠠᠯᠭᠠᠭ᠎ᠠ ᠪᠠᠷ ᠬᠤᠷᠠᠯᠳᠤᠪᠠ
ᠨᠡᠶᠢᠲᠡᠯᠡᠭᠰᠡᠨ ᠴᠠᠭ᠄
2023/3/1
    2 ᠰᠠᠷ᠎ᠠ ᠶᠢᠨ 24 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠤᠷᠢᠳ ᠬᠤᠵᠢᠳ ᠪᠥᠬᠦ ᠠᠭᠤᠷᠬᠠᠢ ᠶᠢᠨ ᠡᠷᠬᠡᠲᠦ ᠬᠥᠮᠥᠨ ᠤ ᠵᠠᠳᠠᠭᠠᠢ ᠨᠡᠭᠦᠷᠡᠰᠦᠨ ᠠᠭᠤᠷᠬᠠᠢ ᠨᠤᠷᠠᠭᠰᠠᠨ ᠠᠳᠡᠯ ᠤᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠡᠮᠬᠢ ᠳᠢᠭᠯᠢᠮ ᠢ ᠵᠢᠷᠤᠮᠵᠢᠭᠤᠯᠬᠤ ᠵᠢᠴᠢ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠵᠢᠴᠢ ᠶᠡᠭᠡ ᠪᠠᠶᠢᠴᠠᠭᠠᠯᠲᠠ ᠶᠡᠭᠡ ᠴᠡᠭᠴᠡᠯᠡᠯᠲᠡ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠵᠢᠴᠢ ᠭᠤᠣᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠵᠢᠴᠢ ︽ᠲᠠᠪᠤᠨ ᠶᠡᠭᠡ ᠡᠭᠦᠷᠭᠡ︾ ᠶᠢ ᠠᠬᠢᠭᠤᠯᠬᠤ ᠨᠠᠶᠢᠳᠠᠪᠤᠷᠢᠵᠢᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠠᠶᠤᠯᠭᠦᠢ ᠦᠢᠯᠡᠳᠪᠦᠷᠢᠯᠡᠯ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠠᠶᠢᠷᠢᠯᠠᠭᠤᠯᠬᠤ᠂ ᠠᠮᠢ ᠠᠬᠤᠢ ᠶᠢᠨ ᠪᠣᠬᠢᠷᠳᠤᠯ ᠦᠭᠡᠢ ᠪᠠᠶᠢᠬᠤ ᠶᠢ ᠴᠢᠩᠭᠠᠳᠬᠠᠬᠤ᠂ ᠨᠡᠮᠡᠭᠳᠡᠯ ᠬᠠᠰᠤᠭᠳᠠᠯ ᠢ ᠬᠤᠯᠪᠣᠯᠳᠤᠭᠤᠯᠬᠤ ᠪᠠᠶᠢᠭᠤᠯᠤᠯᠲᠠ ᠶᠢ ᠠᠬᠢᠭᠤᠯᠬᠤ᠂ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ᠂ ᠪᠦᠬᠦ ᠲᠠᠯ᠎ᠠ ᠶᠢᠨ ᠬᠦᠴᠦᠨ ᠢ ᠲᠠᠶᠢᠴᠢᠯᠠᠨ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠤ ᠡᠯ᠎ᠡ ᠵᠦᠢᠯ ᠤᠨ ᠠᠵᠢᠯ ᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠡᠢ᠃    
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号