ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ︽ᠭᠤᠷᠪᠠ ᠶᠢ ᠬᠠᠷᠢᠯᠴᠠᠨ ᠨᠢᠭᠡ ᠶᠢ ᠠᠬᠢᠭᠤᠯᠬᠤ︾ ᠲᠤᠷᠰᠢᠯᠭ᠎ᠠ ᠪᠠᠨ ᠰᠣᠯᠢᠯᠴᠠᠬᠤ ᠵᠢᠴᠢ ᠠᠮᠤᠷ ᠲᠦᠪᠰᠢᠨ ᠤ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/1
    2 ᠰᠠᠷ᠎ᠠ ᠶᠢᠨ 24 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ︽ᠭᠤᠷᠪᠠ ᠶᠢ ᠬᠠᠷᠢᠯᠴᠠᠨ ᠨᠢᠭᠡ ᠶᠢ ᠠᠬᠢᠭᠤᠯᠬᠤ︾ ᠲᠤᠷᠰᠢᠯᠭ᠎ᠠ ᠪᠠᠨ ᠰᠣᠯᠢᠯᠴᠠᠬᠤ ᠵᠢᠴᠢ ᠠᠮᠤᠷ ᠲᠦᠪᠰᠢᠨ ᠤ ᠪᠠᠶᠢᠭᠤᠯᠤᠯᠲᠠ ᠶᠢ ᠠᠬᠢᠭᠤᠯᠬᠤ ᠬᠤᠷᠠᠯ ᠬᠢᠵᠦ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠳ᠋ᠢᠩ ᠪᠥᠸᠧ ᠬᠤᠷᠠᠯ ᠳᠤ ᠣᠷᠣᠯᠴᠠᠵᠤ ᠬᠤᠷᠠᠯ ᠡᠷᠭᠢᠯᠡᠪᠡ᠃ ᠡᠯ᠎ᠡ ᠰᠤᠮᠤ ᠰᠢᠶᠠᠩ ᠪᠠᠯᠭᠠᠰᠤ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠵᠢᠴᠢ ᠭᠠᠴᠠᠭ᠎ᠠ ᠲᠣᠰᠬᠤᠨ ᠤ ᠬᠠᠮᠢᠶ᠎ᠠ ᠪᠦᠬᠦᠢ ᠠᠵᠢᠯᠲᠠᠳ ᠬᠤᠷᠠᠯ ᠳᠤ ᠣᠷᠣᠯᠴᠠᠵᠠᠢ᠃      ᠬᠤᠷᠠᠯ ᠳᠡᠭᠡᠷ᠎ᠡ᠂ ᠡᠯ᠎ᠡ ᠰᠤᠮᠤ ᠰᠢᠶᠠᠩ ᠪᠠᠯᠭᠠᠰᠤ ᠵᠢᠴᠢ ᠭᠠᠴᠠᠭ᠎ᠠ ᠲᠣᠰᠬᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠠᠮᠤᠷ ᠲᠦᠪᠰᠢᠨ ᠤ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠤᠷᠰᠢᠯᠭ᠎ᠠ᠂ ᠠᠷᠭ᠎ᠠ ᠬᠢᠳᠡᠯ᠂ ᠣᠷᠣᠰᠢᠵᠤ ᠪᠠᠶᠢᠭ᠎ᠠ ᠠᠰᠠᠭᠤᠳᠠᠯ ᠤᠨ ᠲᠣᠭᠤᠷᠢᠨ ᠳᠤ ᠬᠠᠷᠢᠭᠤ ᠮᠡᠳᠡᠭᠦᠯᠦᠯᠲᠡ ᠬᠢᠪᠡ᠃ ᠲᠠᠷᠠᠭᠠᠴᠢ ᠶᠢᠨ ᠱᠠᠲᠤᠨ ᠤ ᠠᠮᠤᠷ ᠲᠦᠪᠰᠢᠨ ᠤ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠲᠤᠬᠠᠢ ᠳ᠋ᠢᠩ ᠪᠥᠸᠧ ᠴᠢᠬᠤᠯᠠᠴᠢᠯᠠᠬᠤ ᠳᠠᠭᠠᠨ᠂ ᠡᠯ᠎ᠡ ᠰᠤᠮᠤ ᠰᠢᠶᠠᠩ ᠪᠠᠯᠭᠠᠰᠤ ᠵᠢᠴᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠠᠵᠢᠯ ᠤᠨ ᠬᠦᠷᠦᠯᠴᠡᠬᠦ ᠦᠭᠡᠢ ᠲᠠᠯ᠎ᠠ ᠪᠠᠨ ᠴᠠᠭ ᠲᠤᠬᠠᠢ ᠳᠤᠨᠢ ᠡᠷᠢᠬᠦ ᠶᠢᠨ ᠬᠠᠮᠲᠤ ᠢᠳᠡᠪᠬᠢᠲᠡᠢ ᠪᠠᠷ ᠲᠣᠬᠢᠷᠠᠭᠤᠯᠤᠨ ᠰᠠᠶᠢᠵᠢᠷᠠᠭᠤᠯᠵᠤ᠂ ᠪᠢᠴᠢᠭ ᠮᠠᠲ᠋ᠧᠷᠢᠶᠠᠯ ᠢ ᠦᠨᠡᠨ ᠬᠦ ᠰᠤᠷᠴᠤ᠂ ᠰᠤᠷᠴᠤ ᠣᠶᠢᠯᠠᠭᠠᠭᠰᠠᠨ ᠤ ᠳᠠᠷᠠᠭ᠎ᠠ ᠳᠠᠬᠢᠨ ᠬᠢᠵᠦ᠂ ᠳᠤᠲᠠᠭᠤ ᠶᠢ ᠨᠢ ᠪᠠᠶᠢᠴᠠᠭᠠᠵᠤ  ᠬᠦᠷᠦᠯᠴᠡᠬᠦ ᠦᠭᠡᠢ ᠨᠢ ᠨᠥᠬᠦᠪᠦᠷᠢᠯᠡᠬᠦ ᠬᠡᠷᠡᠭᠲᠡᠢ ᠭᠡᠵᠡᠢ᠃ ᠠᠵᠢᠯ ᠢᠶᠠᠨ ᠨᠢᠭᠡᠳᠦᠯᠲᠡᠢ ᠲᠥᠯᠥᠪᠵᠢᠭᠦᠯᠬᠦ ᠶᠢ ᠰᠤᠷᠴᠤ᠂ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠡᠯ᠎ᠡ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠨ ᠬᠢᠨ ᠡᠩᠨᠡᠭᠡᠨ ᠤ ᠲᠣᠭᠲᠠᠴᠠ ᠶᠢᠨ ᠪᠠᠶᠢᠭᠤᠯᠤᠮᠵᠢ ᠪᠠᠨ ᠪᠦᠷᠢᠨᠰᠢᠭᠦᠯᠵᠦ᠂ ᠠᠮᠤᠷ ᠲᠦᠪᠰᠢᠨ ᠤ ᠪᠠᠶᠢᠭᠤᠯᠤᠯᠲᠠ ᠪᠣᠯᠣᠨ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠶᠢ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠵᠥᠷᠢᠴᠡᠯ ᠤᠨ ᠵᠠᠩᠭᠢᠯᠠᠭ᠎ᠠ ᠶᠢᠨ ᠴᠡᠭ ᠲᠤ ᠭᠦᠨᠵᠡᠭᠡᠶᠢᠷᠡᠵᠦ᠂ ᠡᠯ᠎ᠡ ᠵᠦᠢᠯ ᠤᠨ ᠠᠵᠢᠯ ᠢᠶᠠᠨ ᠨᠠᠷᠢᠨ ᠨᠢᠭᠲᠠ ᠬᠢᠬᠦ ᠬᠡᠷᠡᠭᠲᠡᠢ᠃ ᠭᠤᠣᠯᠳᠠᠯᠭ᠎ᠠ ᠲᠠᠢ ᠬᠥᠮᠥᠰ ᠤᠨ ᠬᠠᠮᠢᠶᠠᠷᠤᠯᠲᠠ ᠶᠢ ᠰᠠᠶᠢᠲᠤᠷ ᠠᠳᠬᠤᠵᠤ᠂ ᠵᠠᠩᠭᠢᠯᠠᠭ᠎ᠠ ᠶᠢᠨ ᠴᠠᠭ ᠵᠠᠩᠭᠢᠯᠠᠭ᠎ᠠ ᠶᠢᠨ ᠴᠡᠭ ᠢ ᠠᠩᠬᠠᠷᠴᠤ᠂ ᠰᠦᠯᠵᠢᠶᠡᠨ ᠤ ᠠᠵᠢᠯᠲᠠᠨ ᠤ ᠡᠩᠨᠡᠭᠡᠨ ᠤ ᠪᠠᠶᠢᠭᠤᠯᠤᠯᠲᠠ ᠪᠣᠯᠪᠠᠰᠤᠷᠠᠯ ᠢ ᠴᠢᠩᠭᠠᠳᠬᠠᠵᠤ᠂ ᠡᠩᠨᠡᠭᠡᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠡᠯ᠎ᠡ ᠰᠤᠮᠤ ᠰᠢᠶᠠᠩ ᠪᠠᠯᠭᠠᠰᠤ ᠠᠮᠤᠷ ᠲᠦᠪᠰᠢᠨ ᠤ ᠠᠯᠪᠠᠨ ᠭᠡᠷ ᠢ ᠲᠣᠭᠤᠷᠢᠨ ᠵᠣᠬᠢᠶᠠᠨ ᠪᠠᠶᠢᠭᠤᠯᠵᠤ᠂ ᠰᠦᠯᠵᠢᠶᠡᠨ ᠤ ᠠᠵᠢᠯᠲᠠᠨ ᠢ ᠪᠥᠬᠦ ᠬᠦᠴᠦᠨ ᠢᠶᠠᠷ ᠢᠶᠠᠨ ᠪᠣᠯᠪᠠᠰᠤᠷᠠᠭᠤᠯᠵᠤ᠂ ᠠᠮᠤᠷ ᠲᠦᠪᠰᠢᠨ ᠤ ᠪᠠᠶᠢᠭᠤᠯᠤᠯᠲᠠ ᠪᠣᠯᠣᠨ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠶᠡᠭᠡ ᠪᠠᠶᠢᠴᠠᠭᠠᠯᠲᠠ ᠶᠡᠭᠡ ᠡᠬᠢᠯᠡᠯᠲᠡ ᠶᠢᠨ ᠠᠵᠢᠯ ᠢ ᠪᠥᠬᠦ ᠲᠠᠯ᠎ᠠ ᠪᠠᠷ ᠬᠢᠵᠦ᠂ ᠴᠢᠨᠠᠷ ᠰᠠᠶᠢᠲᠠᠢ ᠬᠥᠭᠵᠢᠯᠲᠡ ᠶᠢᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠶᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠢ᠃     
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号