ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/1
    2 ᠰᠠᠷ᠎ᠠ ᠶᠢᠨ 24 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠥᠰᠥᠯ ᠢ ᠰᠤᠳᠤᠯᠤᠨ ᠬᠢᠨᠠᠨ ᠵᠥᠪᠯᠡᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ᠂ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃       ᠬᠤᠷᠠᠯ  ᠠᠴᠠ ︽ᠤᠯᠤᠰ ᠠᠴᠠ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠠᠵᠢᠯ ᠤᠨ ᠲᠥᠰᠥᠯ︾ ᠢ ᠳᠠᠷᠤᠮᠠᠯᠯᠠᠨ ᠲᠠᠷᠬᠠᠭᠠᠵᠤ᠂ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠤᠰ ᠠᠴᠠ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠨᠠᠷᠢᠨ ᠲᠠᠩᠰᠠ︾ ᠶᠢ ᠰᠤᠳᠤᠯᠤᠨ ᠨᠠᠷᠢᠯᠢᠭᠵᠢᠭᠤᠯᠵᠤ᠂ ᠤᠯᠤᠰ  ᠠᠴᠠ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ ᠪᠠ ᠭᠤᠣᠯ ᠬᠠᠷᠠᠯᠲᠠ ᠶᠢ ᠲᠣᠳᠣᠷᠬᠠᠢ ᠲᠣᠭᠲᠠᠭᠠᠵᠠᠢ᠃     ᠬᠤᠷᠠᠯ ᠠᠴᠠ᠂ ︽ᠲᠠᠪᠤᠨ ᠶᠡᠭᠡ ᠡᠭᠦᠷᠭᠡ︾ ᠪᠣᠯ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠣᠭᠲᠠᠭᠠᠭᠰᠠᠨ ᠠᠵᠢᠯᠯᠠᠭᠠᠨ ᠤ ᠬᠥᠲᠥᠯᠪᠦᠷᠢ ᠪᠠ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠣᠯᠣᠨ᠎ᠠ᠂  ᠮᠦᠨ ᠴᠦ ᠪᠢᠳᠡᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠡᠷᠬᠡᠪᠰᠢ ᠡᠭᠦᠷᠭᠡᠯᠡᠬᠦ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠣᠯᠣᠨ᠎ᠠ᠃ ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠤᠬᠠᠮᠰᠠᠷ ᠠᠴᠠ ᠪᠠᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠶᠢ ᠪᠦᠬᠦ ᠠᠶᠢᠮᠠᠭ᠂ ᠪᠦᠬᠦ ᠣᠷᠣᠨ᠂ ᠪᠦᠬᠦ ᠤᠯᠤᠰ ᠴᠢᠨᠠᠭᠰᠢᠯᠠᠪᠠᠯ ᠪᠦᠬᠦ ᠪᠥᠮᠪᠥᠷᠴᠡᠭ ᠤᠨ ᠬᠠᠷᠠᠭᠠᠰᠤ ᠳᠤ ᠲᠠᠯᠪᠢᠵᠤ᠂ ᠳᠡᠭᠡᠳᠦ ᠬᠡᠮᠵᠢᠶ᠎ᠡ ᠪᠠᠷ ᠠᠰᠠᠭᠤᠳᠠᠯ ᠢ ᠪᠣᠳᠣᠯᠬᠢᠯᠠᠵᠤ᠂ ᠬᠥᠭᠵᠢᠯᠲᠡ ᠶᠢ ᠰᠦᠪᠡᠭᠴᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠨᠠᠩ ᠰᠠᠶᠢᠨ ᠦᠢᠯᠡᠴᠢᠯᠡᠬᠦ ᠪᠠ ᠲᠡᠭᠦᠨ ᠢ ᠪᠠᠲᠤᠯᠠᠬᠤ ᠳᠡᠭᠡᠳᠦ ᠬᠡᠮᠵᠢᠶᠡᠨ ᠠᠴᠠ ᠡᠭᠦᠰᠴᠦ᠂ ᠬᠡᠷᠡᠭᠵᠢᠭᠦᠯᠬᠦ ᠲᠥᠰᠥᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠨ᠎ᠠ᠃ ᠡᠯ᠎ᠡ ᠬᠠᠷᠢᠭᠤᠴᠠᠯᠭᠠᠲᠤ ᠨᠢᠭᠡᠴᠡ ᠨᠦᠭᠦᠳ ᠬᠡᠷᠡᠭᠵᠢᠭᠦᠯᠬᠦ ᠲᠥᠰᠥᠯ ᠲᠠᠢ ᠬᠠᠷᠢᠴᠠᠭᠤᠯᠤᠨ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠡᠭᠦᠷᠭᠡ ᠪᠠᠨ ᠲᠣᠳᠣᠷᠬᠠᠶᠢᠯᠠᠨ᠂ ᠴᠠᠭ ᠤᠨ ᠬᠢᠵᠠᠭᠠᠷ ᠢᠶᠠᠨ ᠲᠣᠳᠣᠷᠬᠠᠶᠢᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠣᠳᠠᠲᠠᠢ ᠠᠵᠢᠯᠯᠠᠭ᠎ᠠ ᠪᠠ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃    
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号