ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠠᠷᠠᠳ  ᠠᠴᠠ ᠡᠵᠡᠩᠨᠡᠭᠰᠡᠨ ᠠᠵᠤ ᠠᠬᠤᠶᠢᠯᠠᠯ ᠤᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠶᠠᠷᠢᠯᠴᠠᠬᠤ ᠬᠤᠷᠠᠯ  ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/1
    2 ᠰᠠᠷ᠎ᠠ ᠶᠢᠨ 23 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ᠶᠠᠷᠢᠯᠴᠠᠬᠤ ᠬᠤᠷᠠᠯ ᠬᠢᠵᠦ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠮᠠ ᠨᠢᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠦᠬᠦᠢ ᠤᠳᠤᠷᠢᠳᠤᠯᠭ᠎ᠠ ᠨᠠᠷ ᠶᠠᠷᠢᠯᠴᠠᠬᠤ ᠬᠤᠷᠠᠯ ᠳᠤ ᠣᠷᠣᠯᠴᠠᠵᠠᠢ᠃      ᠶᠠᠷᠢᠯᠴᠠᠬᠤ ᠬᠤᠷᠠᠯ ᠳᠡᠭᠡᠷ᠎ᠡ᠂ ᠠᠵᠤ ᠠᠬᠤᠶᠢᠯᠠᠯᠲᠠᠨ ᠤ ᠲᠥᠯᠥᠭᠡᠯᠡᠭᠴᠢᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ  ᠢ ᠬᠡᠷᠬᠢᠨ ᠰᠢᠯᠢᠳᠡᠭᠵᠢᠭᠦᠯᠬᠦ  ᠶᠢᠨ ᠲᠣᠭᠤᠷᠢᠨ ᠳᠤ ᠰᠠᠨᠠᠭᠰᠠᠨ ᠢᠶᠠᠨ ᠰᠠᠶᠢᠳᠦᠷ ᠶᠠᠷᠢᠯᠴᠠᠵᠤ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ ᠂ ᠠᠰᠠᠭᠤᠳᠠᠯ ᠤᠨ ᠳᠤᠲᠠᠭᠤᠳᠠᠯ  ᠢ ᠰᠢᠭᠤᠳ ᠵᠢᠭᠠᠵᠤ᠂ ᠠᠷᠭᠠᠴᠠᠬᠤ ᠪᠣᠳᠣᠯᠭ᠎ᠠ ᠪᠠ ᠰᠠᠨᠠᠭᠤᠯᠭ᠎ᠠ ᠳᠤᠷᠠᠳᠴᠠᠢ᠃    ᠬᠤᠷᠠᠯ ᠠᠴᠠ᠂ ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯ ᠣᠷᠣᠨ ᠪᠦᠰᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠦᠳᠡᠯᠭᠡᠬᠦ ᠬᠦᠴᠦᠨ ᠤ ᠡᠬᠢ ᠰᠤᠷᠪᠤᠯᠵᠢ ᠪᠠ ᠰᠢᠨ᠎ᠡ ᠬᠦᠴᠦᠨ ᠮᠥᠨ᠂ ᠰᠠᠶᠢᠨ ᠰᠠᠶᠢᠬᠠᠨ ᠡᠵᠡᠩᠨᠡᠯᠲᠡ ᠶᠢᠨ ᠣᠷᠴᠢᠨ ᠲᠣᠭᠤᠷᠢᠨ ᠪᠣᠯ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢᠨ ᠲᠣᠭᠲᠠᠪᠤᠷᠢᠵᠢᠭᠤᠯᠤᠭᠴᠢ ᠪᠠ ᠬᠤᠷᠳᠤᠳᠬᠠᠭᠤᠷ ᠮᠥᠨ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠳᠤ ᠬᠤᠯᠪᠣᠭᠳᠠᠭᠰᠠᠨ ᠰᠠᠨᠠᠯ ᠪᠠ ᠱᠠᠭᠠᠷᠳᠠᠯᠭ᠎ᠠ ᠶᠢ ᠰᠣᠨᠣᠰᠬᠤ ᠶᠢᠨ ᠬᠠᠮᠲᠤ ᠴᠠᠭ ᠲᠤᠬᠠᠢ ᠳᠤᠨᠢ ᠬᠠᠷᠢᠭᠤ ᠲᠤᠰᠬᠠᠵᠤ᠂ ᠠᠵᠤ ᠠᠬᠤᠶᠢᠯᠠᠯᠲᠠᠨ ᠢ ᠬᠠᠪᠰᠤᠷᠤᠨ ᠰᠠᠨᠠᠭ᠎ᠠ ᠠᠮᠤᠷ ᠪᠡᠯᠡ ᠣᠷᠣᠭᠤᠯᠵᠤ᠂ ᠰᠠᠨᠠᠭ᠎ᠠ ᠠᠮᠤᠷ ᠡᠵᠡᠩᠨᠡᠯᠲᠡ ᠬᠢᠯᠭᠡᠵᠦ᠂ ᠮᠠᠨ ᠤ ᠬᠤᠰᠢᠭᠤᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠴᠢᠨᠠᠷ ᠰᠠᠶᠢᠲᠠᠢ ᠲᠦᠷᠭᠡᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃    ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭᠠᠨ ᠤ ᠬᠠᠮᠲᠤ ᠶᠢᠨ ᠲᠠᠨᠢᠯᠲᠠ᠂ ᠠᠵᠢᠯᠯᠠᠭ᠎ᠠ ᠶᠢᠨ ᠬᠠᠮᠲᠤ ᠶᠢᠨ ᠲᠠᠨᠢᠯᠲᠠ ᠪᠠᠨ ᠴᠢᠨᠠᠭᠰᠢᠳᠠ ᠨᠢᠭᠲᠠᠷᠠᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠦᠨᠡᠨᠴᠢ ᠪᠠᠷ ᠰᠠᠶᠢᠲᠤᠷ ᠦᠢᠯᠡᠴᠢᠯᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠬᠦ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ︽ᠡᠴᠦᠰ ᠤᠨ ᠨᠢᠭᠡ ᠺᠢᠯᠣᠮᠧᠲᠷ︾ ᠢ ᠬᠦᠴᠦᠯᠡᠨ ᠨᠠᠪᠲᠠᠷᠡᠭᠦᠯᠵᠦ᠂ ᠠᠵᠤ ᠠᠬᠤᠶᠢᠯᠠᠯ ᠳᠤ ᠠᠰᠢᠭ ᠬᠦᠷᠲᠡᠭᠡᠵᠦ ᠬᠦᠴᠢᠷᠳᠡᠯ ᠢ ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢ ᠲᠦᠷᠭᠡᠨ ᠪᠥᠭᠡᠳ ᠣᠨᠣᠪᠴᠢᠲᠠᠶ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠬᠠᠤᠯᠢ ᠬᠡᠷᠡᠭᠵᠢᠭᠦᠯᠬᠦ ᠣᠶᠢᠯᠠᠭᠠᠭᠳᠠᠬᠤᠨ ᠢᠶᠠᠨ ᠬᠤᠪᠢᠷᠠᠭᠤᠯᠵᠤ᠂ ᠦᠢᠯᠡᠴᠢᠯᠡᠭᠡᠨ ᠤ ᠤᠬᠠᠮᠰᠠᠷ ᠢᠶᠠᠨ ᠳᠡᠭᠡᠭᠰᠢᠯᠡᠭᠦᠯᠦᠨ᠂ ᠦᠢᠯᠡᠴᠢᠯᠡᠭᠡ ᠶᠢ ᠬᠠᠯᠠᠭᠤᠨ ᠲᠠᠢ᠂ ᠬᠢᠨᠠᠯᠲᠠ ᠬᠠᠮᠢᠶᠠᠷᠤᠯᠲᠠ ᠶᠢ ᠨᠠᠷᠢᠯᠢᠭ᠂ ᠬᠠᠤᠯᠢ ᠬᠡᠷᠡᠭᠵᠢᠭᠦᠯᠦᠯᠲᠡ ᠶᠢ ᠣᠨᠣᠪᠴᠢᠲᠠᠶ ᠪᠣᠯᠭᠠᠵᠤ᠂ ᠳᠥᠭᠦᠮ ᠳᠥᠲᠡ ᠥᠨᠳᠥᠷ ᠪᠦᠲᠦᠮᠵᠢᠲᠡᠶ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠪᠣᠶ ᠪᠣᠯᠭᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠠᠬᠤᠢ ᠶᠢᠨ ᠲᠣᠭᠲᠠᠭᠤᠨ ᠢᠶᠠᠷ ᠬᠥᠭᠵᠢᠬᠦ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠡᠢ᠃    
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号