2022 ᠣᠨ ᠤ 12 ᠳ᠋ᠤᠭᠠᠷ ᠰᠠᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 12345 | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠪᠣᠯᠣᠨ 110 | ᠴᠠᠭᠳᠠᠭ᠎ᠠ ᠳᠤ ᠮᠡᠳᠡᠭᠦᠯᠬᠦ ᠦᠢᠯᠡᠴᠢᠯᠡᠭᠡᠨ ᠤ ᠲᠠᠪᠴᠠᠩ ᠢ ᠥᠨᠳᠥᠷ ᠪᠦᠲᠦᠮᠵᠢᠲᠡᠶ ᠪᠠᠷ ᠵᠣᠯᠭᠠᠭᠤᠯᠵᠤ ᠬᠤᠯᠪᠣᠭᠠᠯᠠᠨ | ᠬᠥᠳᠡᠯᠦᠯᠴᠡᠬᠦ ᠶᠢ ᠠᠬᠢᠭᠤᠯᠬᠤ ᠬᠡᠷᠡᠭᠵᠢᠭᠦᠯᠬᠦ ᠲᠥᠰᠥᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 89 | ᠳ᠋ᠦ᠋ᠭᠡᠷ ᠲᠣᠭᠠᠲᠤ︶ ᠢ ᠳᠠᠷᠤᠮᠠᠯᠯᠠᠨ ᠲᠠᠷᠬᠠᠭᠠᠪᠠ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ | ᠲᠥᠬᠦᠮ ᠦᠵᠡᠭᠦᠯᠬᠦ ᠬᠠᠯᠠᠮᠰᠢᠯ ᠤᠲᠠᠰᠤ ︵ᠳᠣᠷᠣᠭᠰᠢ 12345 ᠭᠡᠵᠦ ᠲᠣᠪᠴᠢᠯᠠᠨ᠎ᠠ︶ ᠪᠠ 110 ᠴᠠᠭᠳᠠᠭ᠎ᠠ ᠳᠤ | ᠮᠡᠳᠡᠭᠦᠯᠬᠦ ᠦᠢᠯᠡᠴᠢᠯᠡᠭᠡᠨ ᠤ ᠲᠠᠪᠴᠠᠩ ︵ᠳᠣᠷᠣᠭᠰᠢ 110 ᠭᠡᠵᠦ ᠲᠣᠪᠴᠢᠯᠠᠨ᠎ᠠ︶ ᠤᠨ ᠬᠠᠮᠵᠢᠯᠴᠠᠨ ᠦᠢᠯᠡᠴᠢᠯᠡᠬᠦ | ᠦᠢᠯᠡᠳᠦᠯ ᠴᠢᠳᠠᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠥᠯᠢᠶᠡᠨ ᠠᠪᠴᠤ ᠰᠢᠢᠳᠪᠦᠷᠢᠯᠡᠬᠦ ᠬᠦᠷᠢᠶ᠎ᠡ | ᠬᠡᠪᠴᠢᠶ᠎ᠡ ᠶᠢ ᠲᠣᠳᠣᠷᠬᠠᠶᠢᠯᠠᠨ᠂ ᠵᠣᠯᠭᠠᠭᠤᠯᠵᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ | ᠰᠢᠰᠲ᠋ᠧᠮ ᠤᠨ ᠲᠤᠯᠭᠠᠭᠤᠷᠢᠯᠠᠯ ᠪᠠ ᠲᠤᠭ᠎ᠠ ᠪᠠᠷᠢᠮᠲᠠ ᠶᠢ ᠬᠠᠮᠲᠤ ᠪᠠᠷ ᠬᠦᠷᠲᠡᠵᠦ ᠬᠡᠷᠡᠭᠯᠡᠬᠦ ᠶᠢ ᠴᠢᠩᠭᠠᠳᠬᠠᠬᠤ ᠵᠡᠷᠭᠡ | ᠠᠭᠤᠯᠭ᠎ᠠ ᠶᠢ ᠲᠣᠳᠣᠷᠬᠠᠶᠢᠯᠠᠪᠠ᠃ ᠡᠳᠦᠭᠡ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠤᠬᠠᠢ ᠳᠣᠣᠷᠠᠬᠢ ᠮᠡᠲᠦ | ᠲᠠᠶᠢᠯᠤᠮᠵᠢ ᠬᠢᠪᠡ᠄ | ᠨᠢᠭᠡ᠂ 12345 ᠨᠢ ᠶᠠᠭᠠᠬᠢᠭᠠᠳ 110 ᠲᠠᠢ ᠬᠤᠯᠪᠤᠭᠠᠯᠠᠨ ᠬᠥᠳᠡᠯᠦᠯᠴᠡᠬᠦ ᠬᠡᠷᠡᠭᠲᠡᠢ ᠪᠤᠢ︖ | ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠵᠠᠭᠠᠭ ᠬᠢᠵᠠᠭᠠᠷ ᠢ ᠤᠯᠠᠮ ᠨᠢᠭᠡ ᠠᠯᠬᠤᠮ ᠢᠯᠭᠠᠨ ᠲᠣᠳᠣᠷᠬᠠᠶᠢᠯᠠᠵᠤ᠂ | ᠲᠤᠰ ᠲᠤᠰ ᠤᠨ ᠡᠭᠦᠷᠭᠡ ᠬᠠᠷᠢᠭᠤᠴᠠᠯᠭ᠎ᠠ᠂ ᠰᠢᠰᠲ᠋ᠧᠮ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠠᠴᠢᠮ ᠪᠤᠰᠤ | ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠤᠮᠣᠳᠠᠯ ᠱᠠᠭᠠᠷᠳᠠᠯᠭ᠎ᠠ ᠪᠠ ᠴᠠᠭᠳᠠᠭᠠᠨ ᠤ ᠶᠠᠪᠤᠳᠠᠯ ᠤᠨ | ᠵᠦᠢᠯᠡᠰ ᠢ ᠰᠢᠰᠲ᠋ᠧᠮᠵᠢᠭᠦᠯᠦᠨ ᠬᠠᠮᠢᠶᠠᠷᠴᠤ᠂ ᠪᠠᠴᠢᠮ ᠲᠦᠷᠦᠯ ᠳᠤ ᠪᠠᠭᠲᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠭᠤᠮᠣᠳᠠᠯ ᠱᠠᠭᠠᠷᠳᠠᠯᠭ᠎ᠠ ᠶᠢ ᠬᠤᠯᠪᠤᠭᠠᠯᠠᠨ ᠬᠥᠳᠡᠯᠦᠯᠴᠡᠵᠦ ᠰᠢᠢᠳᠪᠦᠷᠢᠯᠡᠬᠦ ᠶᠢ ᠠᠬᠢᠭᠤᠯᠵᠤ᠂ ᠤᠯᠠᠨ ᠲᠦᠮᠡᠨ ᠳᠤ ᠨᠡᠩ | ᠲᠤᠰᠬᠠᠶᠢᠵᠢᠭᠰᠠᠨ ᠪᠥᠭᠡᠳ ᠲᠦᠷᠭᠡᠨ ᠰᠢᠭᠤᠷᠬᠠᠢ ᠦᠢᠯᠡᠴᠢᠯᠡᠭᠡ ᠦᠵᠡᠭᠦᠯᠬᠦ ᠶᠢ ᠪᠠᠲᠤᠯᠠᠵᠤ᠂ ᠵᠠᠰᠠᠭ ᠤᠨ ᠣᠷᠳᠣᠨ ᠤ | ᠬᠠᠮᠢᠶᠠᠷᠤᠯᠲᠠ ᠪᠠ ᠦᠢᠯᠡᠴᠢᠯᠡᠭᠡ ᠳᠤ ᠬᠤᠯᠪᠣᠭᠳᠠᠭᠰᠠᠨ ᠪᠠᠴᠢᠮ ᠪᠤᠰᠤ ᠭᠤᠮᠣᠳᠠᠯ ᠱᠠᠭᠠᠷᠳᠠᠯᠭ᠎ᠠ ᠶᠢ ᠨᠢᠭᠡᠳᠦᠯᠲᠡᠢ | ᠲᠥᠯᠥᠪᠯᠡᠨ ᠰᠢᠢᠳᠪᠦᠷᠢᠯᠡᠬᠦ ᠶᠢ ᠠᠬᠢᠭᠤᠯᠵᠤ᠂ ᠰᠠᠯᠠᠭ᠎ᠠ ᠮᠥᠴᠢᠷ ᠤᠳ ᠤᠨ ᠥᠨᠳᠥᠷ ᠪᠦᠲᠦᠮᠵᠢᠲᠡᠶ ᠪᠠᠷ ᠬᠠᠮᠵᠢᠯᠴᠠᠨ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠵᠤ᠂ 110 ᠠᠴᠠ ᠬᠠᠤᠯᠢ ᠶᠢ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠲᠤᠯᠭᠠᠮ᠎ᠠ ᠪᠥᠭᠡᠳ ᠠᠶᠤᠯ ᠲᠠᠢ ᠰᠡᠷᠡᠮᠵᠢ ᠶᠢᠨ ᠪᠠᠶᠢᠳᠠᠯ ᠢ ᠴᠠᠭ | ᠲᠤᠬᠠᠢ ᠳᠤ ᠨᠢ ᠰᠢᠢᠳᠪᠦᠷᠢᠯᠡᠵᠦ᠂ ᠨᠡᠶᠢᠭᠡᠮ ᠤᠨ ᠠᠮᠤᠷ ᠲᠦᠪᠰᠢᠨ ᠤ ᠡᠮᠬᠢ ᠵᠢᠷᠤᠮ ᠢ ᠨᠡᠩ ᠰᠠᠶᠢᠲᠤᠷ ᠬᠠᠮᠠᠭᠠᠯᠠᠬᠤ ᠶᠢᠨ | ᠲᠤᠰᠠᠳᠠ ᠶᠤᠮ᠃ | ᠬᠤᠶᠠᠷ᠂ 12345 ᠬᠠᠯᠠᠮᠰᠢᠯ ᠤᠲᠠᠰᠤ ᠨᠢ ᠶᠠᠮᠠᠷ ᠬᠡᠷᠡᠭ ᠶᠠᠪᠤᠳᠠᠯ ᠢ ᠬᠠᠮᠢᠶᠠᠷᠳᠠᠭ ᠪᠤᠢ︖ | 12345 ᠬᠠᠯᠠᠮᠰᠢᠯ ᠤᠲᠠᠰᠤ ᠨᠢ ᠠᠵᠤ ᠠᠬᠤᠶᠢᠯᠠᠯ ᠪᠠ ᠣᠯᠠᠨ ᠲᠦᠮᠡᠨ ᠤ ᠠᠵᠤ ᠠᠬᠤᠢ ᠶᠢᠨ ᠲᠣᠬᠢᠷᠠᠭᠤᠯᠤᠯᠲᠠ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠬᠠᠮᠢᠶᠠᠷᠤᠯᠲᠠ᠂ ᠣᠯᠠᠨ ᠨᠡᠶᠢᠲᠡ ᠶᠢᠨ ᠦᠢᠯᠡᠴᠢᠯᠡᠭᠡ ᠂ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶᠡᠨ ᠳᠠᠬᠢ ᠠᠰᠠᠭᠤᠨ ᠯᠠᠪᠯᠠᠭ᠎ᠠ᠂ ᠪᠠᠴᠢᠮ ᠪᠤᠰᠤ | ᠲᠤᠰᠠᠯᠠᠮᠵᠢ ᠭᠤᠶᠤᠴᠢᠯᠠᠯᠲᠠ᠂ ᠭᠤᠮᠣᠳᠠᠯ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ ᠪᠠ ᠰᠠᠨᠠᠯ ᠰᠠᠨᠠᠭᠤᠯᠭ᠎ᠠ ᠵᠡᠷᠭᠡ ᠶᠢ | ᠭᠥᠯᠢᠶᠡᠨ ᠠᠪᠴᠤ ᠰᠢᠢᠳᠪᠦᠷᠢᠯᠡᠨ᠎ᠡ᠃ | ᠵᠠᠭᠠᠯᠳᠤᠬᠤ᠂ ᠬᠥᠨᠳᠡᠯᠡᠨ ᠠᠴᠠ ᠲᠠᠰᠤᠯᠬᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠵᠠᠰᠠᠭ | ᠵᠠᠬᠢᠷᠭᠠᠨ ᠢᠶᠠᠷ ᠳᠠᠬᠢᠨ ᠵᠥᠪᠯᠡᠭᠦᠯᠬᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠡᠷᠭᠡ ᠵᠢᠷᠤᠮ ᠢᠶᠠᠷ | ᠰᠢᠢᠳᠪᠦᠷᠢᠯᠡᠬᠦ ᠵᠦᠢᠯᠡᠰ᠂ ᠨᠢᠭᠡᠨᠲᠡ ᠵᠠᠬᠢᠳᠠᠯ ᠰᠣᠷᠪᠤᠯᠵᠢᠯᠠᠭ᠎ᠠ ᠶᠢᠨ ᠵᠠᠮ ᠳᠤ ᠣᠷᠣᠭᠰᠠᠨ ᠵᠦᠢᠯᠡᠰ ᠵᠢᠴᠢ ᠤᠯᠤᠰ ᠤᠨ | ᠨᠢᠭᠤᠴᠠ᠂ ᠬᠤᠳᠠᠯᠳᠤᠭᠠᠨ ᠤ ᠨᠢᠭᠤᠴᠠ᠂ ᠬᠤᠪᠢ ᠬᠥᠮᠥᠨ ᠤ ᠨᠢᠭᠤᠴᠠ ᠪᠠ ᠨᠡᠶᠢᠭᠡᠮ ᠨᠡᠶᠢᠲᠡ ᠶᠢᠨ ᠡᠮᠬᠢ ᠵᠢᠷᠤᠮ ᠪᠠ | ᠰᠠᠶᠢᠨ ᠰᠠᠶᠢᠬᠠᠨ ᠬᠡᠪ ᠵᠠᠩᠰᠢᠯ ᠢ ᠵᠥᠷᠢᠴᠡᠭᠰᠡᠨ ᠵᠦᠢᠯᠡᠰ ᠵᠡᠷᠭᠡ ᠨᠢ 12345 ᠬᠠᠯᠠᠮᠰᠢᠯ ᠤᠲᠠᠰᠤᠨ ᠤ ᠭᠥᠯᠢᠶᠡᠨ ᠠᠪᠴᠤ | ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ᠃ | ᠭᠤᠷᠪᠠ᠂ 110 ᠨᠢ ᠶᠠᠮᠠᠷ ᠬᠡᠷᠡᠭ ᠶᠠᠪᠤᠳᠠᠯ ᠢ ᠬᠠᠮᠢᠶᠠᠷᠳᠠᠭ ᠪᠤᠢ︖ | ᠡᠷᠡᠭᠦᠦ ᠶᠢᠨ ᠬᠡᠷᠡᠭ ᠤᠨ ᠲᠦᠷᠦᠯ ᠤᠨ ᠰᠡᠷᠡᠮᠵᠢ ᠶᠢᠨ ᠪᠠᠶᠢᠳᠠᠯ᠂ ᠠᠮᠤᠷ ᠢ ᠬᠠᠮᠠᠭᠠᠯᠠᠬᠤ ᠲᠦᠷᠦᠯ ᠤᠨ ᠰᠡᠷᠡᠮᠵᠢ ᠶᠢᠨ | ᠪᠠᠶᠢᠳᠠᠯ᠂ ᠵᠠᠮ ᠬᠠᠷᠢᠯᠴᠠᠭᠠᠨ ᠤ ᠲᠦᠷᠦᠯ ᠤᠨ ᠰᠡᠷᠡᠮᠵᠢ ᠶᠢᠨ ᠪᠠᠶᠢᠳᠠᠯ᠂ ᠬᠥᠮᠥᠨ ᠤ ᠪᠡᠶ᠎ᠡ ᠪᠠ ᠡᠳ᠋ ᠬᠥᠷᠥᠩᠭᠡ ᠶᠢᠨ ᠠᠮᠤᠷ | ᠲᠦᠪᠰᠢᠨ ᠪᠤᠶᠤ ᠨᠡᠶᠢᠭᠡᠮ ᠤᠨ ᠠᠮᠤᠷ ᠲᠦᠪᠰᠢᠨ ᠤ ᠡᠮᠬᠢ ᠵᠢᠷᠤᠮ ᠳᠤ ᠠᠶᠤᠯ ᠬᠥᠨᠥᠭᠡᠯ ᠤᠴᠠᠷᠠᠭᠤᠯᠤᠭᠰᠠᠨ ᠣᠯᠠᠨ | ᠨᠠᠶᠢᠳᠠ ᠶᠢᠨ ᠴᠢᠨᠠᠷᠲᠠᠢ ᠬᠡᠷᠡᠭ ᠵᠢᠴᠢ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠤᠯᠪᠣᠭᠳᠠᠭᠰᠠᠨ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠠᠴᠠ ᠰᠢᠢᠳᠪᠦᠷᠢᠯᠡᠬᠦ ᠴᠢᠬᠤᠯᠠᠲᠠᠢ ᠪᠤᠰᠤᠳ ᠴᠠᠭᠳᠠᠭ᠎ᠠ ᠳᠤ ᠮᠡᠳᠡᠭᠦᠯᠦᠭᠰᠡᠨ ᠬᠡᠷᠡᠭ︔ ᠤᠯᠠᠨ | ᠨᠡᠶᠢᠲᠡ ᠶᠢᠨ ᠪᠡᠯᠡᠳᠬᠡᠮᠵᠢ ᠶᠢᠨ ᠲᠦᠭᠰᠢᠭᠦᠷᠢᠲᠦ ᠪᠠᠶᠢᠳᠠᠯ᠂ ᠭᠠᠢ ᠭᠠᠮᠰᠢᠭ ᠡ᠊ᠨᠳᠡᠯ ᠵᠢᠴᠢ ᠬᠥᠮᠥᠨ ᠤ ᠠᠮᠢ ᠨᠠᠰᠤ ᠪᠠ ᠡᠳ᠋ | ᠬᠥᠷᠥᠩᠭᠡ ᠶᠢᠨ ᠠᠮᠤᠷ ᠲᠦᠪᠰᠢᠨ᠂ ᠤᠯᠠᠨ ᠨᠡᠶᠢᠲᠡ ᠶᠢᠨ ᠠᠮᠤᠷ ᠲᠦᠪᠰᠢᠨ ᠳᠤ ᠠᠶᠤᠯ ᠬᠥᠨᠥᠭᠡᠯ ᠤᠴᠠᠷᠠᠭᠤᠯᠤᠭᠰᠠᠨ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠣᠷᠣᠯᠴᠠᠵᠤ ᠰᠢᠢᠳᠪᠦᠷᠢᠯᠡᠬᠦ ᠴᠢᠬᠤᠯᠠᠲᠠᠢ ᠪᠤᠰᠤᠳ ᠪᠠᠴᠢᠮ ᠲᠤᠰᠠᠯᠠᠮᠵᠢ | ᠭᠤᠶᠤᠴᠢᠯᠠᠯᠲᠠ︔ ᠶᠠᠭ ᠡᠭᠦᠰᠴᠦ ᠪᠠᠶᠢᠭ᠎ᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠢᠴᠢ ᠠᠷᠠᠳ ᠤᠨ ᠴᠠᠭᠳᠠᠭ᠎ᠠ ᠶᠢᠨ | ᠬᠠᠤᠯᠢ ᠰᠠᠬᠢᠯᠭ᠎ᠠ ᠶᠢ ᠵᠥᠷᠢᠴᠡᠭᠰᠡᠨ ᠪᠤᠶᠤ ᠬᠠᠷᠢᠭᠤᠴᠠᠯᠭ᠎ᠠ ᠠᠯᠳᠠᠭᠰᠠᠨ ᠠᠵᠢᠯᠯᠠᠭ᠎ᠠ ᠶᠢᠨ ᠲᠤᠬᠠᠢ ᠵᠠᠭᠠᠯᠳᠤᠯᠭ᠎ᠠ᠃ | ᠳᠥᠷᠪᠡ᠂ 12345 ᠪᠣᠯᠣᠨ 110 ᠬᠡᠷᠬᠢᠨ ᠬᠤᠯᠪᠤᠭᠠᠯᠠᠨ ᠬᠥᠳᠡᠯᠦᠯᠴᠡᠬᠦ ᠪᠤᠢ︖ | 12345 ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠤᠯᠪᠣᠭᠳᠠᠭᠰᠠᠨ ᠭᠤᠮᠣᠳᠠᠯ ᠵᠠᠭᠠᠯᠳᠤᠯᠭ᠎ᠠ ᠶᠢᠨ | ᠵᠦᠢᠯᠡᠰ ᠪᠤᠶᠤ ᠪᠠᠴᠢᠮ ᠲᠤᠰᠠᠯᠠᠮᠵᠢ ᠭᠤᠶᠤᠴᠢᠯᠠᠯᠲᠠ ᠶᠢ ᠭᠥᠯᠢᠶᠡᠨ ᠠᠪᠴᠤ᠂ 110 ᠨᠢ ᠵᠠᠰᠠᠭ ᠤᠨ ᠶᠠᠪᠤᠳᠠᠯ ᠤᠨ | ᠦᠢᠯᠡᠴᠢᠯᠡᠭᠡ ᠳᠤ ᠬᠤᠯᠪᠣᠭᠳᠠᠭᠰᠠᠨ ᠭᠤᠮᠣᠳᠠᠯ ᠵᠠᠭᠠᠯᠳᠤᠯᠭ᠎ᠠ ᠶᠢ ᠭᠥᠯᠢᠶᠡᠨ ᠠᠪᠴᠤ᠂ ᠬᠤᠯᠪᠤᠭᠠᠯᠠᠨ ᠬᠥᠳᠡᠯᠦᠯᠴᠡᠬᠦ | ᠠᠵᠢᠯᠯᠠᠭᠠᠨ ᠤ ᠲᠣᠭᠲᠠᠴᠠ ᠶᠢ ᠡᠬᠢᠯᠡᠭᠦᠯᠵᠦ᠂ ᠨᠢᠭᠡ ᠲᠣᠪᠴᠢ ᠪᠠᠷ ᠳᠠᠮᠵᠢᠭᠤᠯᠤᠨ ᠵᠠᠯᠭᠠᠬᠤ᠂ ᠭᠤᠷᠪᠠᠨ ᠲᠠᠯ᠎ᠠ ︵ᠭᠤᠮᠣᠳᠠᠯ | ᠵᠠᠭᠠᠯᠳᠤᠯᠭ᠎ᠠ ᠢᠷᠡᠭᠦᠯᠦᠭᠰᠡᠨ ᠲᠠᠯ᠎ᠠ᠂ 110᠂ 12345︶ ᠤᠲᠠᠰᠤ ᠪᠠᠷ ᠬᠤᠯᠪᠣᠭᠳᠠᠬᠤ᠂ ᠲᠤᠰᠬᠠᠢ ᠰᠠᠭᠤᠳᠠᠯ ᠢᠶᠠᠷ | ᠬᠤᠯᠪᠤᠭᠠᠯᠠᠨ ᠬᠥᠳᠡᠯᠦᠯᠴᠡᠬᠦ᠂ ᠰᠢᠰᠲ᠋ᠧᠮ ᠢᠶᠠᠷ ᠮᠡᠳᠡᠭᠡᠯᠡᠯ ᠬᠦᠷᠭᠡᠬᠦ ᠵᠡᠷᠭᠡ ᠬᠡᠯᠪᠡᠷᠢ ᠪᠠᠷ ᠭᠦᠢᠴᠡᠳᠬᠡᠨ᠎ᠡ᠃ | ᠲᠠᠪᠤ᠂ 12345 ᠨᠢ ᠠᠵᠤ ᠠᠬᠤᠶᠢᠯᠠᠯ ᠪᠠ ᠤᠯᠠᠨ ᠲᠦᠮᠡᠨ ᠳᠤ ᠬᠡᠷᠬᠢᠨ ᠨᠡᠩ ᠰᠠᠶᠢᠨ ᠦᠢᠯᠡᠴᠢᠯᠡᠬᠦ ᠪᠤᠢ︖ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠨᠡᠶᠢᠯᠡᠭᠦᠯᠦᠨ | ᠨᠢᠭᠡᠳᠬᠡᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠬᠤᠣᠰ ᠳ᠋ᠤᠭᠠᠷ ᠢ ᠵᠡᠷᠭᠡ ᠪᠠᠷ ᠬᠡᠷᠡᠭᠯᠡᠬᠦ᠂ ᠬᠤᠪᠢᠶᠠᠷᠢ | ᠲᠥᠪ ᠪᠠᠶᠢᠭᠤᠯᠬᠤ ᠬᠡᠯᠪᠡᠷᠢ ᠪᠠᠷ ᠨᠡᠶᠢᠯᠡᠭᠦᠯᠦᠨ ᠨᠢᠭᠡᠳᠬᠡᠬᠦ ᠶᠢ ᠨᠢᠭᠡᠨᠲᠡ ᠪᠡᠶᠡᠯᠡᠭᠦᠯᠦᠭᠰᠡᠨ ᠪᠣᠯᠪᠠᠴᠤ ᠤᠲᠠᠰᠤᠨ ᠤ | ᠦᠢᠯᠡᠴᠢᠯᠡᠭᠡᠨ ᠤ ᠰᠠᠭᠤᠳᠠᠯ ᠢ ᠦᠯᠡᠳᠡᠭᠡᠭᠰᠡᠭᠡᠷ ᠪᠠᠶᠢᠭ᠎ᠠ ᠬᠠᠯᠠᠮᠰᠢᠯ ᠤᠲᠠᠰᠤ ᠶᠢᠨ ᠨᠣᠮᠧᠷ᠂ ︽7 × 24 ᠴᠠᠭ︾ | ᠬᠥᠮᠥᠨ ᠤ ᠬᠦᠴᠦᠨ ᠤ ᠦᠢᠯᠡᠴᠢᠯᠡᠭᠡᠨ ᠤ ᠴᠢᠳᠠᠪᠤᠷᠢ ᠦᠭᠡᠢ ᠪᠤᠶᠤ ᠬᠥᠮᠥᠨ ᠤ ᠬᠦᠴᠦᠨ ᠤ ᠬᠤᠯᠪᠣᠭᠳᠠᠬᠤ ᠨᠣᠷᠮ᠎ᠠ ᠨᠢ | 60% ᠠᠴᠠ ᠳᠣᠣᠷ᠎ᠠ ᠪᠠᠶᠢᠪᠠᠯ᠂ ᠤᠲᠠᠰᠤᠨ ᠤ ᠦᠢᠯᠡᠴᠢᠯᠡᠭᠡᠨ ᠤ ᠰᠠᠭᠤᠳᠠᠯ ᠢ 12345 ᠳᠤ ᠨᠡᠶᠢᠯᠡᠭᠦᠯᠵᠦ ᠨᠢᠭᠡᠳᠦᠯᠲᠡᠢ | ᠬᠠᠮᠢᠶᠠᠷᠤᠨ᠎ᠠ᠃ 12345 ᠲᠠᠪᠴᠠᠩ ᠬᠢᠭᠡᠳ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠤᠨ | ᠬᠤᠯᠪᠣᠯᠳᠤᠨ ᠨᠡᠪᠲᠡᠷᠡᠯᠴᠡᠬᠦ ᠶᠢ ᠴᠢᠩᠭᠠᠳᠬᠠᠵᠤ᠂ ᠮᠡᠳᠡᠭᠡ ᠵᠠᠩᠭᠢ ᠶᠢ ᠴᠠᠭ ᠲᠤᠬᠠᠢ ᠳᠤ ᠨᠢ ᠪᠥᠬᠦ ᠬᠡᠮᠵᠢᠶ᠎ᠡ ᠪᠠᠷ ᠬᠠᠮᠲᠤ ᠪᠠᠷ | ᠬᠦᠷᠲᠡᠬᠦ ᠶᠢ ᠪᠡᠶᠡᠯᠡᠭᠦᠯᠦᠨ᠎ᠡ᠃ 12345 ᠨᠢ ᠲᠣᠭᠲᠠᠮᠠᠯ ᠬᠤᠭᠤᠴᠠᠭ᠎ᠠ ᠲᠠᠢ ᠪᠠᠷ ᠠᠵᠤ ᠠᠬᠤᠶᠢᠯᠠᠯ ᠪᠠ ᠣᠯᠠᠨ ᠲᠦᠮᠡᠨ ᠤ | ᠥᠨᠳᠥᠷ ᠳᠠᠪᠲᠠᠮᠵᠢᠲᠤ ᠠᠰᠠᠭᠤᠨ ᠯᠠᠪᠯᠠᠭ᠎ᠠ ᠶᠢᠨ ᠲᠥᠷᠥᠯ ᠤᠨ ᠠᠰᠠᠭᠤᠳᠠᠯ ᠢ ᠬᠤᠷᠢᠶᠠᠩᠭᠤᠶᠢᠯᠠᠵᠤ᠂ ᠬᠠᠮᠢᠶ᠎ᠠ ᠪᠦᠬᠦᠢ | ᠰᠠᠯᠠᠭ᠎ᠠ ᠮᠥᠴᠢᠷ ᠤᠨ ᠰᠠᠨᠠᠭᠠᠴᠢᠯᠠᠭ᠎ᠠ ᠠᠴᠠ ᠪᠠᠨ ᠮᠡᠳᠡᠭᠡ ᠵᠠᠩᠭᠢ ᠪᠠᠨ ᠨᠡᠶᠢᠲᠡᠯᠡᠬᠦ ᠶᠢ ᠱᠠᠭᠠᠷᠳᠠᠵᠤ᠂ 12345 ᠠᠵᠢᠯ ᠤᠨ | ᠬᠠᠭᠤᠳᠠᠰᠤ ᠶᠢ ᠳᠠᠭᠠᠭᠠᠨ ᠭᠦᠢᠴᠡᠳᠬᠡᠬᠦ ᠨᠢᠭᠡᠴᠢ ᠶᠢᠨ ᠠᠵᠢᠯ ᠢᠶᠠᠨ ᠭᠦᠢᠴᠡᠳᠬᠡᠬᠦ ᠶᠢ ᠰᠢᠮᠳᠠᠭᠤᠯᠤᠨ ᠪᠠᠶᠢᠴᠠᠭᠠᠵᠤ ᠬᠢᠨᠠᠨ | ᠰᠢᠯᠭᠠᠬᠤ ᠶᠢ ᠴᠢᠩᠭᠠᠳᠬᠠᠵᠤ᠂ ᠭᠦᠢᠴᠡᠳᠬᠡᠭᠰᠡᠨ ᠪᠠᠶᠢᠳᠠᠯ ᠢ ᠴᠠᠭ ᠲᠤᠬᠠᠢ ᠳᠤ ᠨᠢ ᠢᠯᠡ ᠪᠣᠯᠭᠠᠨ᠂ ᠴᠤᠤᠷᠢᠶᠠᠲᠤᠨ | ᠳᠠᠭᠠᠬᠤ ᠨᠣᠷᠮ᠎ᠠ᠂ ᠰᠢᠢᠳᠪᠦᠷᠢᠯᠡᠬᠦ ᠨᠣᠷᠮ᠎ᠠ ᠪᠠ ᠬᠠᠨᠤᠮᠵᠢᠲᠠᠶ ᠪᠠᠶᠢᠬᠤ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠠᠵᠤ ᠠᠬᠤᠶᠢᠯᠠᠯ ᠪᠠ ᠣᠯᠠᠨ ᠲᠦᠮᠡᠨ ᠤ ᠬᠦᠰᠡᠨ ᠱᠠᠭᠠᠷᠳᠠᠭᠰᠠᠨ ᠵᠦᠢᠯᠡᠰ ᠢ ᠠᠮᠵᠢᠯᠲᠠ ᠲᠠᠢ᠂ ᠲᠦᠷᠭᠡᠨ᠂ ᠰᠠᠶᠢᠨ | ᠭᠦᠢᠴᠡᠳᠬᠡᠬᠦ ᠶᠢ ᠪᠠᠲᠤᠯᠠᠬᠤ ᠬᠡᠷᠡᠭᠲᠡᠢ᠃ | ᠵᠢᠷᠭᠤᠭ᠎ᠠ᠂ 110 ᠨᠢ ᠴᠠᠭᠳᠠᠭᠠᠨ ᠤ ᠰᠢᠢᠳᠪᠦᠷᠢᠯᠡᠬᠦ ᠬᠡᠷᠡᠭ ᠶᠠᠪᠦᠳᠠᠯ ᠢ ᠭᠥᠯᠢᠶᠡᠨ ᠠᠪᠴᠤ ᠰᠢᠢᠳᠪᠦᠷᠢᠯᠡᠬᠦ | ᠠᠵᠢᠯ ᠤᠨ ᠦᠷ᠎ᠡ ᠪᠦᠲᠦᠮᠵᠢ ᠶᠢ ᠬᠡᠷᠬᠢᠨ ᠳᠡᠭᠡᠭᠰᠢᠯᠡᠭᠦᠯᠬᠦ ᠪᠣᠶ︖ | ᠡᠯ᠎ᠡ ᠭᠠᠵᠠᠷ ᠤᠨ ᠬᠢᠨ ᠲᠤᠰ ᠭᠠᠵᠠᠷ ᠣᠷᠣᠨ ᠤ ᠪᠠᠨ 110 ᠴᠠᠭᠳᠠᠭ᠎ᠠ ᠳᠤ ᠮᠡᠳᠡᠭᠦᠯᠬᠦ ᠬᠡᠷᠡᠭ ᠤᠨ ᠭᠥᠯᠢᠶᠡᠨ ᠠᠪᠬᠤ | ᠬᠡᠮᠵᠢᠶ᠎ᠡ ᠶᠢ ᠦᠨᠳᠦᠰᠦᠯᠡᠨ᠂ ᠭᠥᠯᠢᠶᠡᠨ ᠠᠪᠬᠤ ᠰᠠᠭᠤᠳᠠᠯ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠬᠢᠷᠠᠭᠤᠯᠵᠤ᠂ | ᠭᠥᠯᠢᠶᠡᠨ ᠠᠪᠬᠤ ᠠᠵᠢᠯᠲᠠᠨ ᠪᠣᠯᠣᠨ ᠲᠣᠬᠢᠷᠠᠭᠤᠯᠤᠨ ᠵᠢᠯᠣᠭᠤᠳᠬᠤ ᠴᠠᠭᠳᠠᠭ᠎ᠠ ᠶᠢ ᠪᠦᠷᠢᠨ ᠭᠦᠢᠴᠡᠳ ᠪᠥᠭᠡᠳ | ᠪᠦᠲᠦᠮᠵᠢᠲᠡᠢ ᠲᠣᠬᠢᠷᠠᠭᠤᠯᠵᠤ᠂ ᠲᠥᠬᠦᠭᠡᠷᠦᠮᠵᠢ ᠪᠣᠯᠣᠨ ᠰᠢᠰᠲ᠋ᠧᠮ ᠤᠨ ᠪᠠᠲᠤᠯᠠᠭ᠎ᠠ ᠶᠢ ᠴᠢᠩᠭᠠᠳᠬᠠᠨ᠂ 110 ᠤᠨ ︽ | ᠠᠮᠢ ᠨᠠᠰᠤᠨ ᠤ ᠤᠲᠠᠰᠤ︾ ᠶᠢᠨ ᠪᠦᠬᠦᠯᠢ ᠡᠳᠦᠷ ᠤᠨ ᠲᠤᠷᠰᠢ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠶᠢᠨ ᠬᠠᠮᠲᠤ | ᠢᠨᠲ᠋ᠧᠷ ᠰᠦᠯᠵᠢᠶ᠎ᠡ ᠪᠠᠷ ᠴᠠᠭᠳᠠᠭ᠎ᠠ ᠳᠤ ᠮᠡᠳᠡᠭᠦᠯᠬᠦ ᠠᠷᠭ᠎ᠠ ᠵᠠᠮ ᠢ ᠥᠷᠭᠡᠳᠬᠡᠵᠦ᠂ ᠠᠵᠤ ᠠᠬᠤᠶᠢᠯᠠᠯ ᠪᠣᠯᠣᠨ ᠣᠯᠠᠨ | ᠲᠦᠮᠡᠨ ᠤ ᠬᠡᠷᠡᠭᠴᠡᠭᠡ ᠶᠢ ᠬᠠᠩᠭᠠᠨ᠎ᠠ᠃ ᠡᠯ᠎ᠡ ᠴᠠᠭᠳᠠᠭᠠᠨ ᠲᠥᠷᠥᠯ ᠪᠠ ᠵᠢᠩᠬᠢᠨᠢ ᠪᠠᠶᠢᠯᠳᠤᠭᠠᠨ ᠤ ᠨᠢᠭᠡᠴᠢ ᠶᠢ 110 | ᠭᠥᠯᠢᠶᠡᠨ ᠠᠪᠴᠤ ᠰᠢᠢᠳᠪᠦᠷᠢᠯᠡᠬᠦ ᠠᠵᠢᠯ ᠲᠠᠢ ᠬᠠᠷᠢᠯᠴᠠᠨ ᠵᠣᠯᠭᠠᠭᠤᠯᠤᠨ ᠲᠦᠷᠭᠡᠨ ᠴᠤᠤᠷᠢᠶᠠᠲᠤᠨ ᠳᠠᠭᠠᠬᠤ | ᠲᠣᠭᠲᠠᠴᠠ ᠶᠢ ᠪᠠᠶᠢᠭᠤᠯᠵᠤ᠂ ᠡᠮᠦᠨ᠎ᠠ ᠹᠷᠣᠨᠲ ᠤᠨ ᠴᠠᠭᠳᠠᠭᠠᠨ ᠤ ᠰᠢᠢᠳᠪᠦᠷᠢᠯᠡᠬᠦ ᠠᠵᠢᠯ ᠤᠨ ᠲᠤᠭ᠎ᠠ ᠪᠠᠷᠢᠮᠲᠠ ᠶᠢᠨ | ᠴᠢᠳᠠᠪᠤᠷᠢ ᠣᠯᠭᠤᠬᠤ ᠪᠠ ᠠᠷᠤ ᠲᠠᠯ᠎ᠠ ᠶᠢᠨ ᠲᠤᠯᠭᠠᠭᠤᠷᠢᠯᠠᠯ ᠢ ᠴᠢᠩᠭᠠᠳᠬᠠᠨ᠂ ᠤᠷᠢᠳᠴᠢᠯᠠᠨ ᠰᠡᠷᠭᠡᠶᠢᠯᠡᠬᠦ ᠴᠠᠭᠳᠠᠭᠠᠨ ᠤ | ᠶᠠᠪᠤᠳᠠᠯ ᠢ ᠢᠳᠡᠪᠬᠢᠲᠡᠢ ᠰᠦᠪᠡᠭᠴᠢᠯᠡᠨ ᠬᠡᠷᠡᠭᠵᠢᠭᠦᠯᠵᠦ᠂ ᠴᠠᠭᠳᠠᠭᠠᠨ ᠤ ᠰᠢᠢᠳᠪᠦᠷᠢᠯᠡᠬᠦ ᠬᠡᠷᠡᠭ ᠶᠠᠪᠦᠳᠠᠯ ᠢ ᠭᠥᠯᠢᠶᠡᠨ | ᠠᠪᠴᠤ ᠰᠢᠢᠳᠪᠦᠷᠢᠯᠡᠬᠦ ᠠᠵᠢᠯ ᠤᠨ ᠦᠢᠯᠡᠳᠦᠯ ᠴᠢᠳᠠᠮᠵᠢ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃ | ᠡᠭᠦᠨ ᠠᠴᠠ ᠭᠠᠳᠠᠨ᠎ᠠ᠂ 12345 ᠪᠣᠯᠣᠨ 110 ᠨᠢ ᠬᠠᠮᠲᠤᠷᠠᠨ ᠡᠷᠬᠡ ᠰᠦᠷᠲᠦ ᠣᠨᠣᠪᠴᠢᠲᠠᠶ᠂ ᠪᠠᠷᠢᠮᠵᠢᠶ᠎ᠠ ᠨᠢ | ᠨᠢᠭᠡᠳᠦᠯᠲᠡᠢ᠂ ᠴᠠᠭ ᠲᠤᠬᠠᠢ ᠳᠤ ᠨᠢ ᠰᠢᠨᠡᠳᠬᠡᠬᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠬᠦᠷᠲᠡᠬᠦ ᠮᠡᠳᠡᠯᠭᠡ ᠶᠢᠨ | ᠬᠥᠮᠥᠷᠭᠡ ᠶᠢ ᠪᠠᠶᠢᠭᠤᠯᠵᠤ᠂ ᠥᠨᠳᠥᠷ ᠳᠠᠪᠲᠠᠮᠵᠢᠲᠤ ᠠᠰᠠᠭᠤᠳᠠᠯ ᠪᠠ ᠥᠨᠳᠥᠷ ᠳᠠᠪᠲᠠᠮᠵᠢᠲᠤ ᠰᠢᠯᠵᠢᠭᠦᠯᠦᠨ ᠭᠦᠢᠴᠡᠳᠬᠡᠬᠦ | ᠵᠦᠢᠯᠡᠰ ᠲᠤ ︽ᠨᠢᠭᠡ ᠠᠰᠠᠭᠤᠯᠲᠠ ᠳᠤ ᠨᠢᠭᠡ ᠬᠠᠷᠢᠭᠤᠯᠲᠠ ᠥᠭᠬᠦ︾ ᠪᠠᠷᠢᠮᠵᠢᠶ᠎ᠠ ᠶᠢ ᠲᠣᠭᠲᠠᠭᠠᠵᠤ᠂ ︽ᠠᠰᠠᠭᠤᠭᠰᠠᠨ | ᠳᠠᠷᠤᠢ ᠳᠤ ᠨᠢ ᠬᠠᠷᠢᠭᠤᠯᠬᠤ︾ ᠶᠢ ᠢᠳᠡᠪᠬᠢᠲᠡᠢ ᠬᠡᠷᠡᠭᠵᠢᠭᠦᠯᠦᠨ᠎ᠡ᠃ |