ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠵᠠᠬ᠎ᠠ ᠳᠡᠯᠭᠡᠭᠦᠷ ᠤᠨ ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠨ᠎ᠠ
ᠨᠡᠶᠢᠲᠡᠯᠡᠭᠰᠡᠨ ᠴᠠᠭ᠄
2023/3/15
【ᠰᠤᠷᠪᠤᠯᠵᠢᠯᠠᠨ ᠶᠠᠷᠢᠯᠴᠠᠭᠰᠠᠨ ᠴᠠᠭ】 2023 ᠣᠨ ᠤ 3 ᠰᠠᠷ᠎ᠠ ᠶᠢᠨ 15 ᠤ ᠡᠳᠦᠷ【ᠰᠣᠷᠪᠤᠯᠵᠢᠯᠠᠭ᠎ᠠ ᠶᠢᠨ ᠬᠦᠨᠳᠦᠲᠦ ᠵᠣᠴᠢᠨ】 ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠲᠠᠰᠤᠭ ᠤᠨ ᠳᠠᠷᠤᠭ᠎ᠠ ᠰᠢᠦᠢ ᠴᠧᠩ ᠰᠢ【ᠭᠤᠣᠯ ᠰᠠᠨᠠᠭᠤᠯᠤᠮᠵᠢ】  ᠣᠷᠳᠣ ᠬᠤᠭᠤᠴᠠᠭᠠᠨ ᠤ ᠲᠤᠷᠰᠢ᠂ ᠢᠯᠠᠩᠭᠤᠶ᠎ᠠ 2022 ᠣᠨ  ᠠᠴᠠ ᠨᠠᠰᠢ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠣᠷᠴᠢᠨ ᠲᠣᠭᠤᠷᠢᠨ  ᠢ ᠦᠷᠭᠦᠯᠵᠢᠯᠡᠨ ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠠᠷᠭ᠎ᠠ ᠮᠠᠶ᠋ᠢᠭ᠂ ᠦᠢᠯᠡᠴᠢᠯᠡᠭᠡᠨ ᠤ ᠠᠷᠭ᠎ᠠ ᠮᠠᠶ᠋ᠢᠭ  ᠢ ᠥᠭᠡᠷᠡᠴᠢᠯᠡᠨ᠂ ᠥᠨᠳᠥᠷ ᠪᠠᠷᠢᠮᠵᠢᠶ᠎ᠠ ᠪᠠᠷ ᠪᠠᠶᠢᠷᠢ ᠲᠣᠭᠲᠠᠭᠠᠵᠤ᠂ ᠥᠨᠳᠥᠷ ᠪᠦᠲᠦᠮᠵᠢᠲᠡᠢ ᠪᠠᠷ ᠲᠦᠯᠬᠢᠨ ᠠᠬᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ   ᠢ ᠰᠢᠯᠢᠳᠡᠭᠵᠢᠭᠦᠯᠬᠦ ᠠᠵᠢᠯ ᠤᠨ ᠳᠥᠷᠪᠡᠨ ᠬᠤᠪᠢᠷᠠᠯᠲᠠ ᠶᠢ ᠪᠡᠶᠡᠯᠡᠭᠦᠯᠵᠡᠢ᠃ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠠᠷᠭ᠎ᠠ ᠮᠠᠶ᠋ᠢᠭ ᠢ ᠬᠤᠪᠢᠷᠠᠭᠤᠯᠬᠤ ᠳᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠬᠤᠷᠳᠤᠴᠠ ᠨᠢ ᠨᠡᠩ ᠥᠷᠭᠡᠴᠡ ᠲᠠᠢ ᠪᠣᠯᠵᠤ᠂ ᠠᠵᠤ ᠠᠬᠤᠶᠢᠯᠠᠯ ᠤᠨ ᠲᠣᠭᠤᠷᠢᠨ ᠳᠤ ᠰᠢᠯᠵᠢᠬᠦ᠂ ᠦᠢᠯᠡᠴᠢᠯᠡᠭᠡ ᠶᠢ ᠠᠵᠤ ᠠᠬᠤᠶᠢᠯᠠᠯ ᠤᠨ ᠲᠣᠭᠤᠷᠢᠨ ᠳᠤ ᠡᠷᠬᠢᠯᠡᠬᠦ ᠶᠢ ᠢᠮᠠᠭᠲᠠ ᠪᠠᠷᠢᠮᠲᠠᠯᠠᠵᠤ᠂ ᠡᠷᠬᠢᠯᠡᠭᠰᠡᠨ ᠠᠵᠤ ᠠᠬᠤᠶᠢᠯᠠᠯ ᠤᠨ ᠬᠡᠪᠴᠢᠶ᠎ᠡ᠂ ᠭᠦᠢᠴᠡᠳᠬᠡᠬᠦ ᠠᠷᠭ᠎ᠠ ᠵᠠᠮ᠂ ᠬᠢᠨᠠᠨ ᠬᠠᠷᠭᠤᠭᠤᠯᠬᠤ ᠭᠤᠣᠯᠳᠠᠯᠭ᠎ᠠ ᠵᠡᠷᠭᠡ ᠠᠭᠤᠯᠭ᠎ᠠ ᠶᠢᠨ ᠲᠠᠯ᠎ᠠ ᠪᠠᠷ ᠪᠠᠷᠢᠮᠵᠢᠶᠠᠵᠢᠭᠤᠯᠬᠤ᠂ ᠳᠦᠷᠢᠮᠵᠢᠭᠦᠯᠬᠦ ᠲᠣᠭᠲᠠᠭᠠᠯ ᠭᠠᠷᠭᠠᠪᠠ᠃ ᠡᠭᠦᠨ ᠤ ᠬᠠᠮᠲᠤ ᠪᠥᠬᠦ ᠶᠠᠪᠤᠴᠠ ᠳᠤ ᠣᠷᠣᠯᠠᠨ ᠭᠦᠢᠴᠡᠳᠬᠡᠬᠦ ᠳᠦᠷᠢᠮ ᠢ ᠤᠷᠢᠳ ᠢᠶᠠᠷ ᠬᠡᠷᠡᠭᠵᠢᠭᠦᠯᠵᠦ᠂ ᠠᠵᠤ ᠠᠬᠤᠶᠢᠯᠠᠯ ᠳᠤ ᠲᠤᠬᠠᠶᠢᠯᠠᠭᠰᠠᠨ ᠠᠵᠢᠯ ᠤᠨ ᠵᠥᠪᠯᠡᠯᠭᠡ ᠥᠭᠬᠦ᠂ ᠠᠩᠬᠠᠨ ᠤ ᠬᠢᠨᠠᠯᠲᠠ ᠶᠢ ᠭᠥᠯᠢᠶᠡᠨ ᠠᠪᠴᠤ ᠰᠢᠢᠳᠪᠦᠷᠢᠯᠡᠬᠦ᠂ ᠦᠨᠡᠮᠯᠡᠯ ᠣᠯᠭᠤᠬᠤ ᠵᠡᠷᠭᠡ ᠪᠥᠬᠦ ᠶᠠᠪᠤᠴᠠ ᠶᠢᠨ᠂ ᠠᠰᠠᠷᠠᠭᠴᠢ ᠮᠠᠶ᠋ᠢᠭ ᠤᠨ ᠦᠢᠯᠡᠴᠢᠯᠡᠭᠡ ᠬᠠᠩᠭᠠᠵᠤ᠂ ᠡᠵᠡᠩᠨᠡᠯᠲᠡ ᠶᠢᠨ ᠦᠨᠡᠮᠯᠡᠯ ᠢ ︽ᠣᠶᠢᠷ᠎ᠠ ᠬᠠᠪᠢ ᠳᠤᠨᠢ ᠭᠦᠢᠴᠡᠳᠬᠡᠬᠦ︾᠂ ︽ᠣᠶᠤᠨᠴᠢ ᠪᠠᠷ ᠭᠦᠢᠴᠡᠳᠬᠡᠬᠦ︾᠂ ︽ᠲᠤᠬᠠᠢ ᠶᠢᠨ ᠲᠠᠯᠠᠪᠤᠷ ᠲᠤᠨᠢ ᠭᠦᠢᠴᠡᠳᠬᠡᠬᠦ︾ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠨ᠎ᠡ᠃【ᠰᠣᠷᠪᠤᠯᠵᠢᠯᠠᠭ᠎ᠠ ᠶᠢᠨ ᠠᠭᠤᠯᠭ᠎ᠠ】  ᠠᠰᠠᠭᠤᠯᠲᠠ᠄ ᠪᠢ ᠨᠢᠭᠡ ᠺᠣᠮᠫᠠᠨᠢ ᠪᠠᠶᠢᠭᠤᠯᠬᠤ ᠰᠠᠨᠠᠭ᠎ᠠ ᠲᠠᠢ᠂ ᠰᠣᠨᠤᠰᠬᠤᠯᠠᠷ ︽ᠠᠵᠤ ᠠᠬᠤᠶᠢᠯᠠᠯ ᠨᠢᠭᠡ ᠰᠦᠯᠵᠢᠶ᠎ᠡ ᠪᠠᠷ ᠨᠡᠪᠲᠡᠷᠡᠬᠦ︾ ᠨᠢ ᠮᠠᠰᠢ ᠲᠥᠬᠦᠮ ᠭᠡᠨ᠎ᠡ᠂ ᠡᠷᠬᠡᠪᠰᠢ ᠰᠦᠯᠵᠢᠶᠡᠨ ᠳᠡᠭᠡᠷᠡᠬᠢ ᠪᠥᠬᠦ ᠶᠠᠪᠤᠴᠠ ᠪᠠᠷ ᠳᠠᠮᠵᠢᠭᠤᠯᠤᠨ ᠭᠦᠢᠴᠡᠳᠬᠡᠬᠦ ᠬᠡᠷᠡᠭᠲᠡᠢ ᠦᠸ ᠦᠭᠡᠢ ᠦᠸ ᠭᠡᠳᠡᠭ ᠢ ᠣᠶᠢᠯᠠᠭᠠᠬᠤ ᠰᠠᠨᠠᠭ᠎ᠠ ᠲᠠᠢ ᠪᠠᠶᠢᠨ᠎ᠠ᠃ ᠲᠤᠬᠠᠢ ᠶᠢᠨ ᠭᠠᠵᠠᠷ ᠲᠤᠨᠢ ᠭᠦᠢᠴᠡᠳᠬᠡᠵᠦ ᠪᠣᠯᠬᠤ ᠤᠣ︖  ᠬᠠᠷᠢᠭᠤᠯᠲᠠ᠄ ᠠᠵᠤ ᠠᠬᠤᠶᠢᠯᠠᠯ ᠤᠨ ᠨᠡᠭᠡᠭᠡᠨ ᠬᠥᠭᠵᠢᠭᠦᠯᠦᠯᠲᠡ ᠪᠣᠯ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠠᠢ ᠬᠠᠮᠲᠤᠷᠠᠨ ᠬᠠᠮᠲᠤ ᠪᠠᠷ ᠨᠡᠭᠡᠭᠡᠨ ᠬᠥᠭᠵᠢᠭᠦᠯᠬᠦ ᠰᠢᠰᠲ᠋ᠧᠮ ᠮᠥᠨ᠂ ᠪᠠᠶᠢᠭᠤᠯᠬᠤ ᠳᠠᠩᠰᠠᠯᠠᠯᠲᠠ᠂ ᠠᠯᠪᠠᠨ ᠲᠠᠮᠠᠭ᠎ᠠ ᠰᠡᠶᠢᠯᠬᠦ᠂ ᠪᠠᠷᠢᠮᠲᠠ ᠭᠤᠶᠤᠴᠢᠯᠠᠨ ᠠᠪᠬᠤ᠂ ᠠᠵᠢᠯᠲᠠᠨ ᠠᠵᠢᠯᠴᠢᠨ ᠤ ᠨᠡᠶᠢᠭᠡᠮ ᠤᠨ ᠳᠠᠭᠠᠳᠬᠠᠯ ᠤᠨ ᠳᠠᠩᠰᠠᠯᠠᠯᠲᠠ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠠᠩᠰᠠ ᠪᠠᠶᠢᠭᠤᠯᠬᠤ ᠳᠠᠩᠰᠠᠯᠠᠯᠲᠠ ᠵᠡᠷᠭᠡ 5 ᠵᠠᠩᠭᠢᠯᠠᠭ᠎ᠠ ᠶᠢ ᠨᠡᠶᠢᠯᠡᠭᠦᠯᠦᠭᠡᠳ ︽ᠠᠵᠤ ᠠᠬᠤᠶᠢᠯᠠᠯ ᠨᠡᠭᠡᠭᠡᠨ ᠬᠥᠭᠵᠢᠭᠦᠯᠬᠦ︾ ᠨᠢᠭᠡ ᠵᠠᠩᠭᠢᠯᠠᠭ᠎ᠠ ᠪᠣᠯᠭᠠᠪᠠ᠃ ᠥᠩᠭᠡᠷᠡᠭᠰᠡᠨ ᠳᠤ ᠭᠤᠶᠤᠴᠢᠯᠠᠭᠴᠢ ᠬᠡᠷᠡᠭ ᠶᠠᠪᠤᠳᠠᠯ ᠰᠢᠢᠳᠪᠦᠷᠢᠯᠡᠬᠦ ᠲᠠᠪᠴᠠᠩ ᠳᠤ ᠭᠠᠷᠴᠤ ᠬᠡᠷᠡᠭ ᠶᠠᠪᠤᠳᠠᠯ ᠰᠢᠢᠳᠪᠦᠷᠢᠯᠡᠬᠦ ᠭᠡᠵᠦ ᠪᠠᠶᠢᠭᠰᠠᠨ ᠪᠣᠯ ᠣᠲᠣ ᠵᠥᠪᠬᠡᠨ ᠨᠢᠭᠡ ᠲᠠᠪᠴᠠᠩ ᠳᠤ ᠭᠠᠷᠴᠤ᠂ ᠨᠢᠭᠡ ᠯᠡ ᠤᠳᠠᠭ᠎ᠠ ᠮᠡᠳᠡᠭᠡ ᠵᠠᠩᠭᠢ ᠲᠠᠭᠯᠠᠨ ᠮᠡᠳᠡᠭᠦᠯᠪᠡᠯ ᠪᠣᠯᠴᠢᠬᠠᠨ᠎ᠠ᠂ ᠢᠩᠭᠢᠪᠡᠯ ᠠᠵᠤ ᠠᠬᠤᠶᠢᠯᠠᠯ ᠤᠨ ᠡᠷᠭᠢᠯᠡᠭᠰᠡᠨ ᠪᠥᠬᠦ ᠤᠴᠢᠷ ᠶᠠᠪᠤᠳᠠᠯ ᠢ 0.5 ᠡᠳᠦᠷ ᠤᠨ ᠳᠣᠲᠣᠷ᠎ᠠ ᠬᠢᠵᠦ ᠳᠠᠭᠤᠰᠬᠠᠵᠤ ᠪᠣᠯᠬᠤ ᠪᠥᠭᠡᠳ ᠪᠠᠰᠠ ᠰᠦᠢᠳᠬᠡᠯ ᠬᠤᠷᠢᠶᠠᠬᠤ ᠦᠭᠡᠢ ᠪᠠᠷ ᠲᠠᠷᠬᠠᠭᠠᠬᠤ ᠡᠵᠡᠩᠨᠡᠯᠲᠡ ᠶᠢᠨ ᠦᠨᠡᠮᠯᠡᠯ᠂ ᠠᠯᠪᠠᠨ ᠲᠠᠮᠠᠭ᠎ᠠ᠂ ᠭᠠᠶᠢᠯᠢ ᠡᠵᠡᠮᠳᠡᠬᠦ ᠲᠥᠬᠦᠭᠡᠷᠦᠮᠵᠢ ᠶᠢ ᠣᠯᠵᠤ ᠪᠣᠯᠣᠨ᠎ᠠ᠂ ᠡᠨᠡ ᠨᠢ ᠮᠠᠰᠢ ᠲᠥᠬᠦᠮ ᠶᠤᠮ᠃ ᠠᠵᠤ ᠠᠬᠤᠶᠢᠯᠠᠯ ᠤᠳ ᠰᠦᠯᠵᠢᠶᠡᠨ ᠳᠡᠭᠡᠷ᠎ᠡ ᠭᠦᠢᠴᠡᠳᠬᠡᠬᠦ ᠶᠢ ᠰᠣᠩᠭᠤᠵᠤ ᠪᠣᠯᠬᠤ ᠮᠥᠷᠲᠡᠭᠡᠨ ᠪᠠᠰᠠ ᠲᠤᠬᠠᠢ ᠶᠢᠨ ᠲᠠᠯᠠᠪᠤᠷ ᠤᠨ ᠴᠣᠩᠬᠤ ᠪᠠᠷ ᠭᠦᠢᠴᠡᠳᠬᠡᠬᠦ ᠶᠢ ᠰᠣᠩᠭᠤᠵᠤ ᠪᠣᠯᠣᠨ᠎ᠠ ᠃ ᠰᠦᠯᠵᠢᠶᠡᠨ ᠳᠡᠭᠡᠷ᠎ᠡ ᠭᠦᠢᠴᠡᠳᠬᠡᠬᠦ ᠶᠢ ᠰᠣᠩᠭᠤᠭᠰᠠᠨ ᠪᠠᠶᠢᠪᠠᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠰᠦᠯᠵᠢᠶᠡᠨ ᠳᠡᠭᠡᠷ᠎ᠡ ᠭᠤᠶᠤᠴᠢᠯᠠᠨ ᠭᠦᠢᠴᠡᠳᠬᠡᠬᠦ ᠲᠠᠪᠴᠠᠩ ᠳᠤ ᠭᠠᠷᠴᠤ᠂ ᠰᠦᠯᠵᠢᠶᠡᠨ ᠳᠡᠭᠡᠷ᠎ᠡ ᠮᠡᠳᠡᠭᠡ ᠵᠠᠩᠭᠢ ᠶᠢ ᠲᠠᠭᠯᠠᠨ ᠮᠡᠳᠡᠭᠦᠯᠵᠦ ᠪᠣᠯᠣᠨ᠎ᠠ ᠃  ᠴᠣᠩᠬᠤ ᠶᠢ ᠰᠣᠩᠭᠤᠵᠤ ᠭᠦᠢᠴᠡᠳᠬᠡᠪᠡᠯ᠂ ᠭᠤᠶᠤᠴᠢᠯᠠᠭᠴᠢ ᠰᠦᠯᠵᠢᠶᠡᠨ ᠳᠡᠭᠡᠷ᠎ᠡ ᠠᠵᠤ ᠠᠬᠤᠶᠢᠯᠠᠯ ᠤᠨ ᠮᠡᠳᠡᠭᠦᠯᠦᠭᠰᠡᠨ ᠮᠡᠳᠡᠭᠡ ᠵᠠᠩᠭᠢ ᠶᠢ ᠲᠠᠭᠯᠠᠨ ᠮᠡᠳᠡᠭᠦᠯᠬᠦ ᠶᠢᠨ ᠬᠠᠮᠲᠤ ᠤᠷᠢᠳᠴᠢᠯᠠᠨ ᠪᠣᠯᠵᠣᠭᠰᠠᠨ ᠤ ᠳᠠᠷᠠᠭ᠎ᠠ᠂ ᠴᠠᠭᠠᠰᠤᠨ ᠭᠤᠶᠤᠴᠢᠯᠠᠯ ᠤᠨ ᠮᠠᠲ᠋ᠧᠷᠢᠶᠠᠯ ᠢᠶᠠᠨ ᠠᠪᠴᠤ ᠠᠵᠢᠯ ᠶᠠᠪᠤᠳᠠᠯ ᠭᠦᠢᠴᠡᠳᠬᠡᠬᠦ ᠴᠣᠩᠬᠤᠨ ᠳᠤ ᠬᠦᠷᠴᠦ ᠭᠦᠢᠴᠡᠳᠬᠡᠪᠡᠯ ᠪᠣᠯᠴᠢᠬᠠᠨ᠎ᠠ᠃  ᠠᠰᠠᠭᠤᠭᠰᠠᠨ ᠨᠢ᠄ ᠡᠮᠦᠨ᠎ᠡ ᠬᠡᠳᠦᠨ ᠵᠢᠯ ᠳᠤ ᠪᠢ ᠬᠤᠭᠤᠯᠠᠨ ᠭᠡᠷ ᠡᠷᠬᠢᠯᠡᠬᠦ ᠦᠶ᠎ᠡ ᠳᠤ ᠢᠳᠡᠭᠡᠨ ᠤ ᠵᠥᠪᠰᠢᠶᠡᠷᠡᠯ ᠤᠨ ᠦᠨᠡᠮᠯᠡᠯ ᠢ 20 ᠭᠠᠷᠤᠢ ᠡᠳᠦᠷ ᠭᠦᠢᠴᠡᠳᠬᠡᠭᠡᠳ ᠰᠠᠶ᠋ᠢ ᠬᠢᠵᠦ ᠳᠠᠭᠤᠰᠬᠠᠵᠠᠢ᠂ ᠤᠳᠤ ᠪᠢ ᠪᠠᠰᠠ ᠨᠢᠭᠡ ᠬᠤᠭᠤᠯᠠᠨ ᠭᠡᠷ ᠨᠡᠭᠡᠭᠡᠶ᠎ᠡ ᠭᠡᠵᠦ ᠪᠤᠳᠤᠵᠤ ᠪᠠᠶᠢᠨ᠎ᠠ᠂ ᠪᠠᠰᠠ 20 ᠡᠳᠦᠷ ᠣᠷᠴᠢᠮ ᠬᠡᠷᠡᠭᠰᠡᠨ᠎ᠡ ᠦᠸ︖  ᠬᠠᠷᠢᠭᠤᠯᠲᠠ᠄ ᠨᠢᠳᠤᠨᠤᠨ ᠵᠢᠯ ᠤᠨ ᠰᠡᠭᠦᠯᠴᠢ ᠪᠠᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠶᠠᠷ ᠰᠢᠯᠢᠳᠡᠭ ᠦᠢᠯᠡᠴᠢᠯᠡᠭᠡᠨ ᠤ ᠲᠥᠰᠥᠯ ᠲᠣᠭᠲᠠᠭᠠᠵᠤ᠂ ᠢᠳᠡᠭᠡᠨ ᠤ ᠵᠥᠪᠰᠢᠶᠡᠷᠡᠯ ᠤᠨ ᠦᠨᠡᠮᠯᠡᠯ ᠢ ᠭᠦᠢᠴᠡᠳᠬᠡᠬᠦ ᠴᠠᠭ ᠤᠨ ᠬᠢᠵᠠᠭᠠᠷ ᠢ ᠪᠠᠭᠠᠰᠬᠠᠵᠤ᠂ ᠪᠠᠭᠠᠰᠬᠠᠬᠤ ᠬᠠᠷᠢᠴᠠᠯ ᠢ 60% ᠠᠴᠠ ᠳᠡᠭᠡᠭᠰᠢ ᠪᠣᠯᠭᠠᠵᠤ᠂ ᠢᠳᠡᠭᠡᠨ ᠤ ᠵᠥᠪᠰᠢᠶᠡᠷᠡᠯ ᠤᠨ ᠦᠨᠡᠮᠯᠡᠯ ᠢ ᠬᠠᠮᠤᠭ ᠤᠨ ᠬᠤᠷᠳᠤᠨ ᠳᠠᠭᠠᠨ 3 ᠡᠳᠦᠷ ᠲᠤ ᠣᠯᠭᠤᠵᠤ ᠪᠣᠯᠣᠨ᠎ᠠ᠃  ᠠᠰᠠᠭᠤᠯᠲᠠ᠄ ᠡᠵᠡᠩᠨᠡᠯᠲᠡ ᠶᠢᠨ ᠦᠨᠡᠮᠯᠡᠯ ᠢᠶᠠᠨ ᠭᠡᠭᠡᠴᠢᠪᠡᠯ᠂ ᠪᠠᠰᠠ ᠰᠣᠨᠢᠨ ᠳᠤ ᠨᠡᠶᠢᠲᠡᠯᠡᠵᠦ ᠵᠠᠷᠯᠠᠬᠤ ᠴᠢᠬᠤᠯᠠ ᠲᠠᠢ ᠤᠣ︖   ᠬᠠᠷᠢᠭᠤᠯᠲᠠ᠄ ᠠᠵᠤ ᠠᠬᠤᠶᠢᠯᠠᠯ ᠡᠵᠡᠩᠨᠡᠯᠲᠡ ᠶᠢᠨ ᠦᠨᠡᠮᠯᠡᠯ ᠢᠶᠠᠨ ᠭᠡᠭᠡᠭᠰᠡᠨ ᠪᠤᠶᠤ ᠡᠪᠳᠡᠨ ᠰᠦᠢᠳᠬᠡᠭᠰᠡᠨ ᠠᠴᠠ ᠪᠣᠯᠵᠤ᠂ ᠡᠵᠡᠩᠨᠡᠯᠲᠡ ᠶᠢᠨ ᠦᠨᠡᠮᠯᠡᠯ ᠢᠶᠠᠨ ᠨᠥᠬᠦᠵᠦ ᠠᠪᠬᠤ ᠪᠠᠷ ᠭᠤᠶᠤᠴᠢᠯᠠᠭᠰᠠᠨ ᠪᠠᠶᠢᠪᠠᠯ ᠂ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ  ᠶᠢ ᠵᠠᠷᠯᠠᠨ ᠨᠡᠶᠢᠲᠡᠯᠡᠬᠦ ᠰᠢᠰᠲ᠋ᠧᠮ ᠳᠡᠭᠡᠷ᠎ᠡ ︽ᠡᠵᠡᠩᠨᠡᠯᠲᠡ ᠶᠢᠨ ᠦᠨᠡᠮᠯᠡᠯ ᠢ ᠬᠦᠴᠦᠨ ᠦᠭᠡᠢ ᠪᠣᠯᠭᠠᠬᠤ ᠢᠯᠡᠷᠬᠡᠶᠢᠯᠡᠯᠲᠡ︾ ᠶᠢ ᠦᠨ᠎ᠡ ᠲᠥᠯᠥᠪᠦᠷᠢ ᠦᠭᠡᠢ ᠪᠠᠷ ᠵᠠᠷᠯᠠᠨ ᠨᠡᠶᠢᠲᠡᠯᠡᠵᠦ ᠪᠣᠯᠣᠨ᠎ᠠ᠂ ᠡᠨᠡ ᠨᠢ ᠠᠵᠤ ᠠᠬᠤᠶᠢᠯᠠᠯ ᠤᠨ ᠴᠠᠭ ᠢ ᠠᠷᠪᠢᠯᠠᠵᠤ᠂ ᠥᠪᠡᠷ ᠤᠨ ᠥᠷᠲᠡᠭ ᠢ ᠠᠷᠪᠢᠯᠠᠬᠤ ᠳᠤ ᠳᠥᠭᠦᠮ ᠪᠣᠯᠣᠨ᠎ᠠ᠃   ᠠᠰᠠᠭᠤᠭᠰᠠᠨ ᠨᠢ᠄ ᠲᠦᠷᠦᠭᠦᠦ ᠬᠤᠶᠠᠷ ᠡᠳᠦᠷ ᠨᠢᠭᠡ ᠳᠡᠯᠭᠡᠭᠦᠷ ᠨᠡᠭᠡᠭᠡᠭᠡᠳ ᠡᠵᠡᠩᠨᠡᠯᠲᠡ ᠶᠢᠨ ᠦᠨᠡᠮᠯᠡᠯ ᠣᠯᠴᠢᠪᠠᠯ᠂ ᠶᠠᠭᠤ ᠡᠵᠡᠩᠨᠡᠶ᠎ᠡ ᠭᠡᠪᠡᠯ ᠶᠠᠭᠤ ᠪᠠᠨ ᠡᠵᠡᠩᠨᠡᠵᠦ ᠪᠣᠯᠣᠨ᠎ᠠ ᠤᠣ ᠦᠭᠡᠢ ᠦᠸ ︖ ᠦᠨᠡᠬᠡᠷ ᠬᠠᠤᠯᠢ ᠳᠤ ᠴᠠᠭᠠᠵᠠᠯᠠᠯ ᠦᠭᠡᠢ ᠪᠣᠯ ᠪᠣᠯᠴᠢᠨ᠎ᠠ ᠤᠣ︖   ᠬᠠᠷᠢᠭᠤᠯᠲᠠ᠄ ᠲᠡᠶᠢᠮᠦ ᠪᠢᠰᠢ᠂ ᠬᠡᠷᠪᠡ ᠴᠢᠨᠦ ᠡᠵᠡᠩᠨᠡᠯᠲᠡ ᠶᠢᠨ ᠬᠡᠪᠴᠢᠶᠡᠨ ᠳᠤ ᠪᠦᠷ ᠡᠩ ᠤᠨ ᠡᠵᠡᠩᠨᠡᠯᠲᠡ ᠶᠢᠨ ᠵᠦᠢᠯ ᠪᠠᠶᠢᠪᠠᠯ᠂ ᠡᠵᠡᠩᠨᠡᠯᠲᠡ ᠶᠢᠨ ᠦᠨᠡᠮᠯᠡᠯ ᠢᠶᠠᠨ ᠣᠯᠣᠮᠠᠭᠴᠠ ᠰᠢᠭᠤᠳ ᠡᠵᠡᠩᠨᠡᠵᠦ ᠪᠣᠯᠣᠨ᠎ᠠ᠃ ᠭᠡᠪᠡᠴᠦ ᠲᠠᠨ ᠤ ᠡᠵᠡᠩᠨᠡᠯᠲᠡ ᠶᠢᠨ ᠵᠦᠢᠯᠡᠰ ᠴᠢᠨᠢ ᠬᠡᠷᠪᠡ ᠢᠳᠡᠭᠡᠨ ᠤᠮᠳᠠᠭᠠᠨ ᠳᠤ ᠬᠡᠷᠡᠭᠰᠡᠬᠦ ᠭᠠᠯ ᠤᠨᠲᠠᠷᠠᠭᠠᠬᠤ᠂ ᠢᠳᠡᠭᠡᠨ ᠤ ᠵᠥᠪᠰᠢᠶᠡᠷᠡᠯ ᠵᠡᠷᠭᠡ ᠬᠢᠨᠠᠨ ᠵᠥᠪᠰᠢᠶᠡᠷᠡᠬᠦ ᠵᠦᠢᠯ ᠲᠠᠢ ᠬᠤᠯᠪᠣᠭᠳᠠᠪᠠᠯ᠂ ᠡᠵᠡᠩᠨᠡᠯᠲᠡ ᠶᠢᠨ ᠦᠨᠡᠮᠯᠡᠯ ᠢᠶᠠᠨ ᠣᠯᠣᠭᠰᠠᠨ ᠤ ᠳᠠᠷᠠᠭ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠣᠴᠢᠵᠤ ᠬᠢᠨᠠᠨ ᠵᠥᠪᠰᠢᠶᠡᠷᠡᠭᠦᠯᠬᠦ ᠬᠡᠷᠡᠭᠲᠡᠢ᠂ ᠬᠢᠨᠠᠨ ᠵᠥᠪᠰᠢᠶᠡᠷᠡᠯ ᠣᠯᠣᠭᠰᠠᠨ ᠤ ᠳᠠᠷᠠᠭ᠎ᠠ ᠰᠠᠶ᠋ᠢ ᠡᠵᠡᠩᠨᠡᠵᠦ ᠪᠣᠯᠣᠨ᠎ᠠ᠃   ᠠᠰᠠᠭᠤᠯᠲᠠ᠄ ᠰᠣᠨᠤᠰᠬᠤᠯᠠᠷ ᠣᠳᠣᠬᠠᠨ ᠳᠤ ᠰᠦᠯᠵᠢᠶᠡᠨ ᠤ ᠬᠠᠶ᠋ᠢᠭ ᠢᠶᠠᠷ ᠪᠦᠷᠢᠳᠬᠡᠭᠦᠯᠵᠦ ᠪᠣᠯᠣᠨ᠎ᠠ ᠭᠡᠨ᠎ᠡ᠂ ᠡᠶᠢᠮᠦ ᠲᠥᠷᠥᠯ ᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠨᠢ ᠡᠷᠦᠬᠡ ᠠᠮᠠ ᠶᠢᠨ ᠳᠠᠩᠰᠠ ᠶᠢᠨ ᠬᠢᠵᠠᠭᠠᠷᠯᠠᠯ ᠲᠠᠢ ᠤᠸ ︖   ᠬᠠᠷᠢᠭᠤᠯᠲᠠ᠄ ᠰᠦᠯᠵᠢᠶᠡᠨ ᠤ ᠡᠵᠡᠩᠨᠡᠯᠲᠡ ᠶᠢᠨ ᠭᠠᠵᠠᠷ ᠢᠶᠠᠷ ᠳᠠᠩᠰᠠᠯᠠᠭᠤᠯᠤᠭᠰᠠᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠭᠤᠶᠤᠴᠢᠯᠠᠭᠴᠢ ᠨᠢ ᠡᠷᠬᠡᠪᠰᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠷᠦᠬᠡ ᠠᠮᠠ ᠶᠢᠨ ᠬᠠᠷᠢᠶ᠎ᠠ ᠲᠠᠢ ᠬᠥᠮᠥᠨ ᠠᠮᠠ ᠪᠤᠶᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠣᠷᠣᠰᠢᠨ ᠰᠠᠭᠤᠬᠤ ᠦᠨᠡᠮᠯᠡᠯ ᠲᠠᠢ ᠪᠠᠶᠢᠬᠤ ᠬᠡᠷᠡᠭᠲᠡᠢ᠃ ᠮᠠᠨ ᠤ ᠬᠤᠰᠢᠭᠤᠨ ᠤ ᠡᠷᠦᠬᠡ ᠠᠮᠠ ᠶᠢᠨ ᠲᠠᠩᠰᠠ ᠲᠠᠢ ᠬᠥᠮᠥᠨ ᠠᠮᠠ ᠶᠢᠨ ᠪᠡᠶ᠎ᠡ ᠶᠢᠨ ᠦᠨᠡᠮᠯᠡᠯ ᠤᠨ ᠬᠠᠭᠤᠯᠪᠤᠷᠢ ᠶᠢ ᠬᠤᠷᠢᠶᠠᠨ ᠠᠪᠬᠤ ᠶᠢᠨ ᠬᠠᠮᠲᠤ ᠤᠤᠯ ᠮᠠᠲ᠋ᠧᠷᠢᠶᠠᠯ ᠢ ᠨᠢ ᠬᠢᠨᠠᠨ ᠰᠢᠯᠭᠠᠨ᠎ᠠ ᠃ ᠮᠠᠨ ᠤ ᠬᠤᠰᠢᠭᠤᠨ ᠤ ᠣᠷᠣᠰᠢᠨ ᠰᠠᠭᠤᠬᠤ ᠦᠨᠡᠮᠯᠡᠯ ᠲᠠᠢ ᠭᠤᠶᠤᠴᠢᠯᠠᠭᠴᠢ ᠳᠤ ᠪᠡᠶ᠎ᠡ ᠶᠢᠨ ᠦᠨᠡᠮᠯᠡᠯ ᠪᠠ ᠣᠷᠣᠰᠢᠨ ᠰᠠᠭᠤᠬᠤ ᠦᠨᠡᠮᠯᠡᠯ ᠤᠨ ᠬᠠᠭᠤᠯᠪᠤᠷᠢ ᠶᠢ ᠬᠤᠷᠢᠶᠠᠨ ᠠᠪᠬᠤ ᠶᠢᠨ ᠬᠠᠮᠲᠤ ᠤᠤᠯ ᠮᠠᠲ᠋ᠧᠷᠢᠶᠠᠯ ᠢ ᠨᠢ ᠬᠢᠨᠠᠨ ᠰᠢᠯᠭᠠᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号