ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠤᠮᠤ ᠰᠢᠶᠠᠩ ᠪᠠᠯᠭᠠᠰᠤᠨ ᠤ 2023 ᠣᠨ ᠤ ᠳᠥᠷᠪᠡᠨ ᠵᠦᠢᠯ ᠤᠨ ᠭᠤᠣᠯᠳᠠᠯᠭ᠎ᠠ ᠲᠠᠢ ᠠᠵᠢᠯ ᠤᠨ ᠰᠣᠷᠪᠤᠯᠵᠢᠯᠠᠭ᠎ᠠ
ᠨᠡᠶᠢᠲᠡᠯᠡᠭᠰᠡᠨ ᠴᠠᠭ᠄
2023/3/30
  ᠴᠠᠷᠠᠰᠤᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠶᠢᠨ ᠪᠦᠦ   ᠬᠥᠲᠥᠯᠥᠭᠴᠢ᠄ ᠸᠠᠩ ᠱᠦᠵᠢ ᠠ᠋᠂ ᠣᠶᠢᠷ᠎ᠠ ᠶᠢᠨ ᠵᠢᠯ ᠤᠳ ᠲᠤ᠂ ᠴᠠᠷᠠᠰᠤᠨ ᠪᠠᠯᠭᠠᠰᠤ ︽ᠠᠮᠢ ᠠᠬᠤᠢ ᠶᠢᠨ ᠰᠡᠯᠡᠭᠦᠴᠡᠯ ᠵᠢᠭᠤᠯᠴᠢᠯᠠᠯ ᠤᠨ ᠣᠨᠴᠠᠯᠢᠭᠲᠤ ᠵᠢᠵᠢᠭ ᠪᠠᠯᠭᠠᠰᠤ︾ ᠶᠢᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠲᠠᠷᠢᠶᠠᠯᠠᠩ ᠪᠠ ᠵᠢᠭᠤᠯᠴᠢᠯᠠᠯ ᠢ ᠤᠶᠠᠯᠳᠤᠭᠤᠯᠤᠨ ᠬᠥᠭᠵᠢᠭᠦᠯᠬᠦ ᠵᠠᠭᠪᠤᠷ ᠢ ᠠᠬᠢᠭᠤᠯᠵᠤ᠂ ᠲᠠᠷᠢᠶᠠᠴᠢᠨ ᠠᠶᠢᠯ ᠤᠨ ᠲᠠᠷᠢᠶᠠᠨ ᠭᠠᠵᠠᠷ ᠢ ᠴᠡᠴᠡᠭ ᠤᠨ ᠲᠡᠯᠡᠶ ᠲᠤᠲᠤᠷᠭ᠎ᠠ ᠶᠢᠨ ᠲᠠᠷᠢᠶ᠎ᠠ ᠪᠣᠯᠭᠠᠨ ᠬᠤᠪᠢᠷᠠᠭᠤᠯᠵᠤ᠂ ᠲᠠᠷᠢᠶᠠᠯᠠᠩ ᠪᠠ ᠵᠢᠭᠤᠯᠴᠢᠯᠠᠯ ᠤᠨ ᠠᠭᠤᠰᠤᠯᠴᠠᠯ ᠢ ᠴᠠᠷᠠᠰᠤᠨ ᠪᠠᠯᠭᠠᠰᠤᠨ ᠤ ᠣᠨᠴᠠᠯᠢᠭᠲᠤ ᠨᠠᠷᠠᠲᠤ ᠲᠡᠮᠳᠡᠭ ᠪᠣᠯᠭᠠᠵᠤ᠂ ᠪᠥᠬᠦ ᠤᠯᠤᠰ ᠤᠨ ᠣᠨᠴᠠᠯᠢᠭᠲᠤ ᠵᠢᠵᠢᠭ ᠪᠠᠯᠭᠠᠰᠤ ᠪᠠ ᠳᠤᠮᠳᠠᠳᠤ ᠤᠯᠤᠰ ᠤᠨ ᠦᠵᠡᠰᠬᠦᠯᠡᠩᠲᠦ ᠰᠠᠶᠢᠬᠠᠨ ᠰᠡᠯᠡᠭᠦᠴᠡᠯ ᠤᠨ ᠬᠥᠳᠡᠭᠡ ᠲᠣᠰᠬᠤᠨ ᠭᠡᠵᠦ ᠠᠯᠳᠠᠷᠰᠢᠪᠠ᠃ ᠵᠠᠯᠭᠠᠭᠠᠳ᠂ ᠴᠠᠷᠠᠰᠤᠨ ᠪᠠᠯᠭᠠᠰᠤ ᠬᠡᠷᠬᠢᠨ ᠦᠷᠭᠦᠯᠵᠢᠯᠡᠨ ᠲᠣᠰ ᠪᠠᠯᠭᠠᠰᠤᠨ ᠤ ᠪᠠᠨ ᠳᠠᠪᠠᠭᠤᠯᠢᠭ ᠲᠤ ᠰᠠᠭᠤᠷᠢᠯᠠᠵᠤ᠂ 2023 ᠣᠨ ᠤ ᠪᠦᠬᠦᠯᠢ ᠴᠣᠭᠴᠠ ᠶᠢᠨ ᠠᠵᠢᠯ ᠢ ᠰᠠᠶᠢᠲᠤᠷ ᠲᠥᠯᠥᠪᠵᠢᠭᠦᠯᠬᠦ ᠪᠣᠶ︖   ᠸᠠᠩ ᠱᠦᠵᠢ᠄ 2023 ᠣᠨ ᠳᠤ᠂ ᠴᠠᠷᠠᠰᠤᠨ ᠪᠠᠯᠭᠠᠰᠤᠨ ᠤ ᠳᠥᠷᠪᠡᠨ ᠵᠦᠢᠯ ᠤᠨ ᠭᠤᠣᠯᠳᠠᠯᠭ᠎ᠠ ᠲᠠᠢ ᠠᠵᠢᠯ ᠪᠣᠯ ᠴᠠᠷᠠᠰᠤᠨ ᠨᠠᠭᠤᠷ ᠤᠨ ᠬᠥᠪᠡᠭᠡᠨ ᠳᠠᠬᠢ ᠺᠠᠩ ᠶᠠᠩ ᠵᠢᠭᠤᠯᠴᠢᠯᠠᠯ ᠠᠮᠠᠷᠠᠯᠲᠠ ᠶᠢᠨ ᠣᠷᠣᠨ ᠤ ᠲᠥᠷᠥᠯ ᠵᠦᠢᠯ᠂ ᠴᠠᠷᠠᠰᠤᠨ ᠤᠰᠤᠨ ᠴᠥᠭᠦᠷᠥᠮ ᠤᠨ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠲᠥᠷᠥᠯ ᠵᠦᠢᠯ᠂ ᠲᠥᠪᠡᠳ ᠬᠠᠰᠢ ᠶᠢᠨ ᠨᠢᠭᠡᠳᠦᠯ ᠤᠨ ᠴᠠᠷᠠᠰᠤᠨ ᠬᠤᠪᠢᠶᠠᠷᠢ ᠬᠤᠷᠢᠶ᠎ᠠ ᠶᠢᠨ ᠲᠥᠷᠥᠯ ᠵᠦᠢᠯ᠂ ᠴᠠᠷᠠᠰᠤᠨ ᠪᠠᠯᠭᠠᠰᠤᠨ ᠤ ᠵᠢᠭᠤᠯᠴᠢᠯᠠᠯ ᠤᠨ ᠠᠷᠠᠳ ᠤᠨ ᠪᠠᠶᠢᠷᠢ ᠶᠢᠨ ᠬᠤᠯᠪᠣᠭᠠᠨ ᠤ ᠲᠥᠷᠥᠯ ᠵᠦᠢᠯ ᠪᠣᠯᠣᠨ᠎ᠠ᠃   ᠴᠠᠷᠠᠰᠤᠨ ᠨᠠᠭᠤᠷ ᠤᠨ ᠬᠥᠪᠡᠭᠡᠨ ᠳᠠᠬᠢ ᠺᠠᠩ ᠶᠠᠩ ᠵᠢᠭᠤᠯᠴᠢᠯᠠᠯ ᠠᠮᠠᠷᠠᠯᠲᠠ ᠶᠢᠨ ᠣᠷᠣᠨ ᠤ ᠲᠥᠷᠥᠯ ᠵᠦᠢᠯ᠃ ᠡᠨᠡᠬᠦ ᠲᠦᠷᠦᠯ ᠵᠦᠢᠯ ᠢ ᠲᠢᠶᠠᠨᠵᠢᠨ ᠤ ᠶᠢᠨ ᠿᠦᠨ ᠨᠡᠭᠡᠭᠡᠨ ᠬᠥᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ ᠠᠴᠠ ᠪᠡᠯᠡ ᠣᠷᠣᠭᠤᠯᠵᠤ᠂ ᠶᠡᠷᠦᠩᠬᠡᠢ ᠪᠡᠯᠡ ᠣᠷᠤᠭᠤᠯᠤᠯᠲᠠ ᠨᠢ 4.7 ᠳ᠋ᠦᠩᠰᠢᠭᠤᠷ ᠲᠥᠭᠦᠷᠢᠭ ᠲᠤ ᠬᠦᠷᠴᠦ᠂ ᠵᠤᠭᠠᠴᠠᠨ ᠰᠠᠭᠤᠬᠤ ᠮᠠᠶ᠋ᠢᠭ ᠤᠨ ᠡᠷᠡᠭᠦᠯ ᠮᠡᠨᠳᠤ ᠶᠢ ᠬᠠᠮᠠᠭᠠᠯᠠᠬᠤ᠂ ᠵᠤᠭᠠᠴᠠᠨ ᠠᠮᠠᠷᠠᠬᠤ᠂ ᠭᠡᠷ ᠤᠨ ᠭᠠᠳᠠᠨᠠᠬᠢ ᠲᠠᠮᠢᠷ ᠤᠨ ᠬᠥᠳᠡᠯᠭᠡᠭᠡᠨ᠂ ᠰᠡᠯᠡᠭᠦᠴᠡᠯ ᠵᠤᠭ᠎ᠠ ᠴᠡᠩᠭᠡᠯ᠂ ᠤᠯᠠᠨ ᠴᠢᠳᠠᠮᠵᠢᠲᠤ ᠪᠠᠭᠤᠳᠠᠯ᠂ ᠣᠶᠤᠨᠴᠢᠯᠠᠭᠰᠠᠨ ᠠᠷᠠᠳ ᠤᠨ ᠰᠠᠭᠤᠴᠠ ᠵᠡᠷᠭᠡ ᠤᠯᠠᠨ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠪᠣᠬᠢᠷᠲᠤᠯ ᠦᠭᠡᠢ ᠠᠮᠢ ᠠᠬᠤᠢ ᠶᠢᠨ ᠠᠮᠠᠷᠠᠯᠲᠠ ᠶᠢᠨ ᠣᠷᠣᠨ ᠢ ᠪᠦᠲᠦᠭᠡᠨ ᠪᠠᠶᠢᠭᠤᠯᠵᠠᠢ᠃ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠳᠤ ᠴᠡᠴᠡᠭ ᠬᠤᠸᠠᠷ ᠰᠣᠨᠢᠷᠬᠠᠬᠤ᠂ ᠬᠡᠦᠬᠡᠳ ᠤᠨ ᠰᠣᠶᠣᠯ ᠤᠨ ᠴᠡᠩᠭᠡᠯ ᠤᠨ ᠬᠦᠷᠢᠶᠡᠯᠡᠩ ᠵᠢᠴᠢ ᠵᠠᠯᠠᠭᠤᠴᠤᠳ ᠪᠠᠭᠠᠴᠤᠳ ᠤᠨ ᠭᠡᠷ ᠤᠨ ᠭᠠᠳᠠᠨᠠᠬᠢ ᠬᠥᠳᠡᠯᠭᠡᠭᠡᠨ᠂ ᠺᠢᠨᠣ᠋ ᠲᠧᠯᠸᠢᠰ ᠤᠨ ᠰᠠᠭᠤᠷᠢᠨ ᠭᠠᠵᠠᠷ᠂ ᠬᠦᠯᠡᠮᠵᠢ ᠶᠢᠨ ᠬᠠᠯᠠᠭᠤᠨ ᠪᠦᠰᠡᠨ ᠤ ᠤᠷᠭᠤᠮᠠᠯ ᠤᠨ ᠦᠵᠡᠮᠦᠷᠢ ᠵᠡᠷᠭᠡ ᠲᠥᠷᠥᠯ ᠵᠦᠢᠯ ᠢ ᠪᠠᠶᠢᠭᠤᠯᠬᠤ ᠪᠠᠷ ᠲᠥᠯᠥᠪᠯᠡᠵᠦ᠂ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠳᠤ ᠳᠡᠭᠦᠵᠢᠩ ᠵᠠᠮ ᠤᠨ ᠤᠰᠤᠨ ᠳᠡᠭᠡᠷᠡᠬᠢ ᠦᠵᠡᠮᠵᠢ ᠶᠢᠨ ᠲᠥᠷᠥᠯ ᠵᠦᠢᠯ ᠪᠠ ᠰᠣᠶᠣᠭᠠᠯᠠᠵᠤ ᠬᠠᠶᠢᠷᠠᠯᠠᠭᠳᠠᠬᠤ ᠴᠡᠩᠭᠡᠯ ᠤᠨ ᠬᠦᠷᠢᠶᠡᠯᠡᠩ ᠤᠨ ᠲᠥᠷᠥᠯ ᠵᠦᠢᠯ ᠢ ᠪᠠᠶᠢᠭᠤᠯᠬᠤ ᠪᠠᠷ ᠲᠥᠯᠥᠪᠯᠡᠵᠦ ᠪᠣᠶ᠃ ᠡᠨᠡ ᠵᠢᠯ 1.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠂ ᠣᠶᠤᠨᠴᠢᠯᠠᠭᠰᠠᠨ ᠠᠷᠠᠳ ᠤᠨ ᠣᠷᠣᠨ ᠰᠠᠭᠤᠴᠠ᠂ ᠣᠯᠠᠨ ᠴᠢᠳᠠᠮᠵᠢᠲᠤ ᠪᠠᠭᠤᠳᠠᠯ ᠵᠢᠴᠢ ᠬᠠᠮᠢᠶ᠎ᠠ ᠪᠦᠬᠦᠢ ᠢᠵᠢ ᠪᠦᠷᠢᠳᠦᠭᠦᠯᠬᠦ ᠲᠥᠬᠦᠭᠡᠷᠦᠮᠵᠢ ᠶᠢ ᠪᠦᠲᠦᠭᠡᠨ ᠪᠠᠶᠢᠭᠤᠯᠵᠤ᠂ ᠴᠠᠷᠠᠰᠤᠨ ᠪᠠᠯᠭᠠᠰᠤᠨ ᠤ ᠵᠢᠭᠤᠯᠴᠢᠯᠠᠯ ᠤᠨ ᠣᠷᠣᠨ ᠰᠠᠭᠤᠴᠠ ᠶᠢᠨ ᠰᠣᠩᠭᠤᠯᠲᠠ ᠶᠢ ᠪᠠᠶᠠᠯᠢᠭᠵᠢᠭᠤᠯᠵᠤ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠᠷ ᠲᠥᠯᠥᠪᠯᠡᠵᠦ ᠪᠠᠶᠢᠨ᠎ᠠ᠃    ᠴᠠᠷᠠᠰᠤᠨ ᠤᠰᠤᠨ ᠴᠥᠭᠦᠷᠥᠮ ᠤᠨ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠲᠥᠷᠥᠯ ᠵᠦᠢᠯ᠃ 2022 ᠣᠨ ᠳᠤ᠂ ᠴᠠᠷᠠᠰᠤᠨ ᠤᠰᠤᠨ ᠴᠥᠭᠦᠷᠥᠮ ᠤᠨ ᠦᠵᠡᠮᠵᠢ ᠶᠢᠨ ᠣᠷᠣᠨ ᠢ ᠤᠯᠤᠰ ᠤᠨ 3A ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠠᠮᠵᠢᠯᠲᠠ ᠲᠠᠢ ᠰᠢᠯᠭᠠᠷᠠᠭᠤᠯᠪᠠ᠂ ᠡᠨᠡ ᠵᠢᠯ ᠪᠢᠳᠡ A ᠳᠡᠰ ᠤᠨ ᠦᠵᠡᠮᠵᠢ ᠶᠢᠨ ᠣᠷᠣᠨ ᠤ ᠪᠠᠷᠢᠮᠵᠢᠶ᠎ᠠ ᠪᠠᠷ ᠤᠰᠤᠨ ᠴᠥᠭᠦᠷᠥᠮ ᠤᠨ ᠦᠵᠡᠮᠵᠢ ᠶᠢᠨ ᠣᠷᠣᠨ ᠤ ᠳᠣᠲᠣᠷᠠᠬᠢ ᠦᠢᠯᠡᠴᠢᠯᠡᠭᠡᠨ ᠤ ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠤᠳᠤ ᠦᠵᠡᠮᠵᠢ ᠶᠢᠨ ᠣᠷᠣᠨ ᠤ ᠶᠡᠭᠡ ᠡᠭᠦᠳᠡ ᠵᠢᠴᠢ ᠵᠤᠭᠠᠴᠠᠭᠰᠠᠳ ᠢ ᠬᠦᠯᠢᠶᠡᠨ ᠠᠪᠬᠤ ᠲᠥᠪ ᠤᠨ ᠪᠦᠲᠦᠭᠡᠨ ᠪᠠᠶᠢᠭᠤᠯᠤᠯᠲᠠ ᠶᠢ ᠳᠠᠭᠤᠰᠬᠠᠪᠠ᠃ ᠵᠠᠯᠭᠠᠭᠠᠳ ᠪᠢᠳᠡ ᠰᠦᠩᠯᠢᠶᠣᠣ ᠶᠢᠨ ᠨᠠᠮ ᠤᠨ ᠬᠤᠷᠢᠶ᠎ᠠ ᠲᠠᠢ ᠢᠳᠡᠪᠬᠢᠲᠡᠢ ᠪᠠᠷ ᠵᠣᠯᠭᠠᠭᠤᠯᠵᠤ᠂ ᠵᠢᠭᠡᠯᠡᠯᠭᠡ ᠶᠢᠨ ᠲᠡᠮᠳᠡᠭᠲᠦ ᠭᠤᠶᠤᠴᠢᠯᠠᠬᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠮᠢ ᠠᠬᠤᠢ ᠶᠢ ᠬᠠᠮᠠᠭᠠᠯᠠᠭᠰᠠᠨ ᠤᠷᠢᠲᠠᠯ ᠳᠣᠣᠷ᠎ᠠ᠂ ᠴᠠᠷᠠᠰᠤᠨ ᠤᠰᠤᠨ ᠴᠥᠭᠦᠷᠥᠮ ᠢ ᠪᠦᠬᠦᠯᠢ ᠴᠣᠭᠴᠠ ᠪᠠᠷ ᠨᠢ ᠨᠡᠭᠡᠭᠡᠨ ᠬᠥᠭᠵᠢᠭᠦᠯᠵᠦ᠂ ᠤᠰᠤᠨ ᠴᠥᠭᠦᠷᠥᠮ ᠤᠨ ᠵᠢᠭᠤᠯᠴᠢᠯᠠᠯ ᠤᠨ ᠴᠢᠳᠠᠮᠵᠢ ᠶᠢ ᠥᠷᠭᠡᠳᠬᠡᠨ᠂ ᠤᠰᠤᠨ ᠴᠥᠭᠦᠷᠥᠮ ᠤᠨ ᠵᠢᠭᠤᠯᠴᠢᠯᠠᠯ ᠤᠨ ᠦᠢᠯᠡᠰ ᠤᠨ ᠬᠡᠯᠪᠡᠷᠢ ᠪᠠᠶᠢᠳᠠᠯ ᠢ ᠪᠠᠶᠠᠯᠢᠭᠵᠢᠭᠤᠯᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠣᠶᠢᠷ᠎ᠠ ᠲᠡᠭᠦᠷᠭᠡ ᠶᠢᠨ ᠵᠢᠭᠤᠯᠴᠢᠯᠠᠯ ᠤᠨ ᠰᠦᠯᠵᠢᠶᠡᠨ ᠤ ᠺᠠᠷᠲ ᠴᠣᠬᠢᠬᠤ ᠭᠠᠵᠠᠷ ᠢ ᠪᠦᠲᠦᠭᠡᠨ ᠪᠠᠶᠢᠭᠤᠯᠵᠤ᠂ 4A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠪᠠᠶᠢᠭᠤᠯᠬᠤ ᠪᠠᠷ ᠴᠢᠷᠮᠠᠶᠢᠨ᠎ᠠ᠃   ᠲᠥᠪᠡᠳ ᠬᠠᠰᠢ ᠶᠢᠨ ᠨᠢᠭᠡᠳᠦᠯ ᠤᠨ ᠴᠠᠷᠠᠰᠤᠨ ᠤ ᠬᠤᠪᠢᠶᠠᠷᠢ ᠬᠤᠷᠢᠶ᠎ᠠ ᠶᠢᠨ ᠲᠦᠷᠦᠯ ᠵᠦᠢᠯ᠃ 60 ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ︽ᠤᠯᠠᠭᠠᠨ︾ ᠵᠢᠮᠢᠰ ᠲᠡᠭᠦᠬᠦ ᠠᠵᠤ ᠠᠬᠤᠢ ᠶᠢ ᠪᠣᠶᠢᠵᠢᠭᠤᠯᠬᠤ ᠪᠠᠷ ᠳᠡᠮᠵᠢᠨ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠤᠨ᠎ᠠ᠃ 2022 ᠣᠨ ᠳᠤ᠂ ᠪᠢᠳᠡ ᠨᠢᠭᠡᠨᠲᠡ 140 ᠲᠦᠮᠡᠨ ᠲᠥᠭᠦᠷᠢᠭ ᠤᠨ ᠪᠡᠯᠡ ᠣᠷᠣᠭᠤᠯᠵᠤ ᠂ ᠴᠠᠷᠠᠰᠤᠨ ᠭᠠᠴᠠᠭᠠᠨ ᠳᠤ 50 ᠡᠷᠦᠬᠡ ᠶᠢᠨ ᠳᠠᠷᠬᠠᠶ ᠬᠡᠯᠪᠡᠷᠢ ᠶᠢᠨ ᠬᠦᠢᠲᠡᠨ ᠰᠠᠷᠠᠪᠴᠢ ᠪᠠᠶᠢᠭᠤᠯᠵᠤ᠂ 9000 ᠲᠥᠭᠦᠷᠢᠭ ᠤᠨ ᠭᠠᠵᠠᠷ ᠡᠵᠡᠯᠡᠭᠰᠡᠨ ᠳᠤᠯᠠᠭᠠᠨ ᠰᠠᠷᠠᠪᠴᠢ 1 ᠰᠡᠯᠪᠢᠨ ᠵᠠᠰᠠᠪᠠ᠃ ᠡᠨᠡ ᠵᠢᠯ ᠤᠨ ᠲᠥᠯᠥᠪᠯᠡᠭᠡ ᠪᠠᠷ ᠡᠨᠡᠬᠦ ᠰᠠᠭᠤᠷᠢᠨ ᠳᠡᠭᠡᠷ᠎ᠡ᠂ ᠪᠤᠰᠤᠳ ᠰᠤᠯᠠ ᠪᠠᠶᠢᠭ᠎ᠠ ᠬᠦᠷᠢᠶ᠎ᠡ ᠬᠠᠰᠢᠶ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠠᠷᠠᠳ ᠢᠷᠭᠡᠳ ᠢ ᠳᠠᠶᠢᠴᠢᠯᠠᠨ ᠵᠢᠮᠢᠰ ᠨᠣᠭᠤᠭ᠎ᠠ ᠲᠡᠭᠦᠬᠦ ᠲᠣᠮᠣ ᠬᠦᠯᠡᠮᠵᠢ ᠶᠢᠨ ᠠᠵᠤ ᠠᠬᠤᠢ ᠶᠢ ᠬᠥᠭᠵᠢᠭᠦᠯᠬᠦ ᠶᠢᠨ ᠬᠠᠮᠲᠤ ᠭᠠᠴᠠᠭ᠎ᠠ ᠶᠢᠨ ᠠᠷᠠᠳ ᠤᠨ ᠣᠷᠣᠨ ᠰᠠᠭᠤᠴᠠ᠂ ᠲᠠᠷᠢᠶᠠᠴᠢᠨ ᠠᠶᠢᠯ ᠤᠨ ᠵᠢᠭᠤᠯᠴᠢᠯᠠᠯ ᠲᠠᠢ ᠬᠤᠷᠰᠢᠵᠤ᠂ ᠪᠣᠷᠤᠯᠠᠭᠤᠯᠭ᠎ᠠ ᠶᠢᠨ ᠵᠠᠮ ᠢ ᠲᠣᠭᠲᠠᠪᠤᠷᠢᠵᠢᠭᠤᠯᠤᠨ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠨᠡᠮᠡᠭᠳᠡᠭᠦᠯᠦᠨ᠎ᠡ᠃   ᠴᠠᠷᠠᠰᠤᠨ ᠪᠠᠯᠭᠠᠰᠤᠨ ᠤ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠶᠢᠨ ᠬᠤᠯᠪᠣᠭᠠᠨ ᠤ ᠲᠦᠷᠦᠯ ᠵᠦᠢᠯ᠃100 ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠬᠤᠰᠢᠭᠤᠨ ᠤ ᠨᠠᠮ ᠤᠨ ᠬᠤᠷᠢᠶᠠᠨ ᠤ ︽ᠭᠤᠷᠪᠠᠨ ᠥᠩᠭᠡ ᠶᠢᠨ ᠵᠢᠭᠤᠯᠴᠢᠯᠠᠯ︾ ᠤᠨ ᠠᠵᠢᠯ ᠤᠨ ᠰᠡᠳᠬᠢᠮᠵᠢ ᠶᠣᠰᠣᠭᠠᠷ᠂ ︽ᠬᠥᠬᠡ ᠥᠩᠭᠡ ᠶᠢᠨ ᠵᠢᠭᠤᠯᠴᠢᠯᠠᠯ︾ ᠢ ᠬᠥᠭᠵᠢᠭᠦᠯᠬᠦ ᠪᠠᠷ ᠭᠠᠷᠳᠠᠴᠠ ᠪᠣᠯᠭᠠᠵᠤ᠂ ᠬᠠᠭᠠᠰ ᠮᠦ ᠳᠥᠷᠪᠡᠯᠵᠢᠨ ᠲᠠᠷᠢᠶ᠎ᠠ ᠪᠠᠷ ᠥᠯᠢᠭᠡᠷ ᠳᠠᠭᠤᠷᠢᠶᠠᠯ ᠪᠣᠯᠭᠠᠨ᠂ ᠲᠣᠰᠬᠤᠨ ᠤ ᠰᠤᠯᠠ ᠪᠠᠶᠢᠭ᠎ᠠ ᠡᠬᠢ ᠪᠠᠶᠠᠯᠢᠭ ᠢ ᠬᠡᠷᠡᠭᠯᠡᠵᠦ᠂ ᠰᠢᠨ᠎ᠡ ᠬᠡᠯᠪᠡᠷᠢ ᠶᠢᠨ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ᠂ ᠲᠠᠷᠢᠶᠠᠴᠢᠨ ᠠᠶᠢᠯ ᠤᠨ ᠵᠢᠭᠤᠯᠴᠢᠯᠠᠯ ᠢ 10 ᠪᠠᠶᠢᠭᠤᠯᠵᠤ᠂ ᠦᠢᠯᠡᠴᠢᠯᠡᠭᠡᠨ ᠤ ᠪᠠᠷᠢᠮᠵᠢᠶ᠎ᠠ ᠶᠢ ᠨᠢᠭᠡᠳᠦᠯᠲᠡᠢ ᠪᠣᠯᠭᠠᠵᠤ᠂ ᠲᠦᠷ ᠴᠠᠭ ᠱᠠᠩᠨᠠᠨ ᠨᠥᠬᠦᠪᠦᠷᠢᠯᠡᠬᠦ ᠪᠡᠯᠡ ᠮᠥᠩᠭᠦ ᠣᠯᠭᠤᠵᠤ ᠡᠷᠦᠬᠡ ᠪᠦᠷᠢ ᠳᠤ 10 ᠲᠦᠮᠡᠨ ᠲᠥᠭᠦᠷᠢᠭ ᠤᠨ ᠵᠣᠷᠢᠭᠵᠢᠭᠤᠯᠤᠨ ᠬᠥᠭᠵᠢᠭᠦᠯᠬᠦ ᠪᠠᠷ ᠲᠣᠭᠲᠠᠭᠠᠪᠠ᠃ ᠪᠠᠰᠠ ᠨᠡᠩ ᠤᠯᠠᠨ ᠴᠢᠳᠠᠪᠤᠷᠢᠲᠠᠨ ᠢ ᠨᠤᠲᠤᠭ ᠲᠠᠭᠠᠨ ᠪᠤᠴᠠᠵᠤ ᠦᠢᠯᠡᠰ ᠪᠣᠰᠬᠠᠬᠤ ᠪᠠᠷ ᠲᠠᠲᠠᠵᠤ᠂ ᠤᠯᠠᠨ ᠲᠦᠮᠡᠨ ᠢ ᠵᠢᠭᠤᠯᠴᠢᠯᠠᠯ ᠤᠨ ᠬᠥᠭᠵᠢᠯᠲᠡ ᠳᠤ ᠣᠷᠣᠯᠴᠠᠭᠤᠯᠵᠤ᠂ ᠵᠢᠭᠤᠯᠴᠢᠯᠠᠯ ᠤᠨ ᠬᠤᠭᠤᠯᠠ ᠢᠳᠡᠭᠦᠯᠬᠦ ᠶᠢ ᠬᠦᠰᠡᠵᠦ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号