ᠲᠥᠯᠥᠭᠡᠯᠡᠭᠴᠢᠳ ᠠ᠋᠄ | ᠤᠲᠤ ᠪᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ | ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠬᠤᠷᠠᠯ ᠳᠤ ᠰᠤᠯᠠ | ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2022 ᠣᠨ ᠤ ᠰᠢᠭᠦᠬᠦ ᠬᠤᠷᠢᠶᠠᠨ ᠤ ᠠᠵᠢᠯ ᠢ ᠪᠡᠶᠡᠯᠡᠭᠦᠯᠦᠭᠰᠡᠨ ᠪᠠᠶᠢᠳᠠᠯ | 2022 ᠣᠨ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ | ᠪᠠᠶᠢᠩᠭᠤ ᠶᠢᠨ ᠬᠤᠷᠢᠶᠠᠨ ᠤ ᠬᠦᠴᠦᠲᠡᠢ ᠬᠢᠨᠠᠯᠲᠠ ᠳᠣᠣᠷ᠎ᠠ᠂ ᠬᠤᠰᠢᠭᠤᠨ ᠤ ᠵᠠᠰᠠᠭ ᠤᠨ ᠣᠷᠳᠣᠨ ᠵᠢᠴᠢ ᠡᠯ᠎ᠡ | ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠦᠴᠦᠲᠡᠢ ᠳᠡᠮᠵᠢᠯᠭᠡ ᠳᠣᠣᠷ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠵᠣ᠂ ᠰᠢ ᠶᠢᠨ ᠫᠢᠩ ᠤᠨ ᠬᠠᠤᠯᠢᠵᠢᠯ ᠤᠨ ᠦᠵᠡᠯ | ᠰᠠᠨᠠᠭ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠤ᠂ ︽ᠳᠥᠷᠪᠡᠨ ᠤᠬᠠᠮᠰᠠᠷ︾ ᠢᠶᠠᠨ ᠲᠠᠰᠤᠷᠠᠯᠲᠠ ᠦᠭᠡᠢ ᠴᠢᠩᠭᠠᠳᠬᠠᠵᠤ᠂ ︽ | ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠵᠠᠮ ᠢᠶᠠᠷ ᠡᠷᠡᠰ ᠭᠤᠶᠢᠪᠢᠰᠢ ᠦᠭᠡᠢ | ᠵᠠᠮᠨᠠᠵᠤ᠂ ︽ᠬᠠᠤᠯᠢ ᠴᠠᠭᠠᠵᠠ ᠶᠢᠨ ᠬᠡᠷᠡᠭ ᠨᠢᠭᠡᠪᠦᠷᠢ ᠤᠨ ᠲᠣᠮᠳᠠ ᠠᠴᠠ ᠠᠷᠠᠳ ᠤᠯᠠᠨ ᠳᠤ ᠲᠥᠪ ᠭᠤᠣᠯᠴᠢ | ᠰᠢᠳᠤᠷᠭᠤ ᠶᠣᠰᠣ ᠶᠢ ᠮᠡᠳᠡᠷᠡᠭᠦᠯᠬᠦ ᠪᠠᠷ ᠴᠢᠷᠮᠠᠶᠢᠬᠤ︾ ᠬᠠᠷᠠᠯᠲᠠ ᠲᠠᠢ ᠨᠢᠭᠲᠠ ᠤᠶᠠᠯᠳᠤᠭᠤᠯᠤᠨ᠂ ᠶᠡᠭᠡ ᠲᠠᠯ᠎ᠠ ᠳᠤ | ᠦᠢᠯᠡᠴᠢᠯᠡᠬᠦ᠂ ᠠᠷᠠᠳ ᠤᠨ ᠲᠥᠯᠥᠭᠡ ᠬᠠᠤᠯᠢ ᠪᠠᠷᠢᠬᠤ᠂ ᠲᠥᠪ ᠭᠤᠣᠯᠴᠢ ᠪᠠᠷ ᠬᠠᠤᠯᠢ ᠪᠠᠷᠢᠬᠤ ᠶᠢ ᠪᠠᠷᠢᠮᠲᠠᠯᠠᠵᠤ᠂ | ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ | ᠭᠦᠢᠴᠡᠳᠬᠡᠵᠦ᠂ ᠡᠯ᠎ᠡ ᠵᠦᠢᠯ ᠤᠨ ᠠᠵᠢᠯ ᠳᠤ ᠰᠢᠨ᠎ᠡ ᠦᠷ᠎ᠡ ᠪᠦᠲᠦᠮᠵᠢ ᠣᠯᠪᠠ᠃ 7 ᠰᠠᠷ᠎ᠠ ᠶᠢᠨ 15 ᠤ ᠡᠳᠦᠷ᠂ | ᠪᠥᠬᠦ ᠠᠶᠢᠮᠠᠭ ᠤᠨ ᠰᠢᠭᠦᠬᠦ ᠬᠤᠷᠢᠶ᠎ᠠ ᠶᠢᠨ ︽ᠮᠧᠩ ᠮᠠ ᠪᠧᠨ ᠲᠧᠩ︾ ᠰᠢᠭᠦᠯᠲᠡ ᠶᠢᠨ ᠶᠠᠰᠤ ᠴᠢᠨᠠᠷ ᠪᠠ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠲᠤᠬᠠᠢ ᠶᠢᠨ ᠲᠠᠯᠠᠪᠤᠷ ᠤᠨ ᠬᠤᠷᠠᠯ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠳᠤ ᠬᠤᠷᠠᠯᠳᠤᠪᠠ᠃ 2022 ᠣᠨ ᠳᠤ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠡᠯ᠎ᠡ ᠲᠥᠷᠥᠯ ᠤᠨ ᠬᠡᠷᠡᠭ ᠢ 11218 ᠭᠥᠯᠢᠶᠡᠨ ᠠᠪᠴᠤ | ᠂ 10414 ᠬᠡᠷᠡᠭ ᠢ ᠰᠢᠭᠦᠨ ᠳᠠᠭᠤᠰᠬᠠᠵᠤ᠂ ᠬᠡᠷᠡᠭ ᠢ ᠶᠡᠷᠦᠩᠬᠡᠶᠢᠯᠡᠨ ᠳᠠᠭᠤᠰᠬᠠᠭᠰᠠᠨ ᠨᠣᠷᠮ᠎ᠠ 92.93% ᠳᠤ | ᠬᠦᠷᠴᠡᠢ᠃ ᠬᠡᠷᠡᠭ ᠢ ᠳᠠᠭᠤᠰᠬᠠᠭᠰᠠᠨ ᠨᠣᠷᠮ᠎ᠠ ᠨᠢ ᠪᠥᠬᠦ ᠠᠶᠢᠮᠠᠭ ᠤᠨ 2 ᠳ᠋ᠤᠭᠠᠷ ᠲᠤ ᠵᠢᠭᠰᠠᠭᠠᠭᠳᠠᠵᠤ᠂ ᠪᠥᠬᠦ | ᠣᠷᠣᠨ ᠤ 30 ᠳ᠋ᠤᠭᠠᠷ ᠲᠤ ᠵᠢᠭᠰᠠᠭᠠᠭᠳᠠᠵᠠᠢ᠃ ᠡᠭᠦᠨ ᠤ ᠳᠣᠲᠣᠷ᠎ᠠ ᠨᠢᠭᠡᠨᠲᠡ ᠰᠢᠭᠦᠵᠦ ᠳᠠᠭᠤᠰᠬᠠᠭᠰᠠᠨ ᠢᠷᠭᠡᠨ ᠤ | ᠪᠠ ᠬᠤᠳᠠᠯᠳᠤᠭᠠᠨ ᠤ ᠬᠡᠷᠡᠭ 5525 ᠪᠠᠶᠢᠵᠤ᠂ ᠰᠢᠭᠦᠵᠦ ᠳᠠᠭᠤᠰᠬᠠᠭᠰᠠᠨ ᠬᠠᠷᠠᠯᠲᠠ ᠶᠢᠨ ᠲᠤᠭ᠎ᠠ 34.88 | ᠳ᠋ᠦᠩᠰᠢᠭᠤᠷ ᠲᠥᠭᠦᠷᠢᠭ ᠲᠤ ᠬᠦᠷᠴᠡᠢ᠂ ᠭᠦᠢᠴᠡᠳᠬᠡᠬᠦ ᠬᠡᠷᠡᠭ 4065 ᠬᠤᠪᠢ ᠪᠠᠶᠢᠵᠤ᠂ ᠬᠡᠷᠡᠭ ᠢ | ᠳᠠᠭᠤᠰᠬᠠᠭᠰᠠᠨ ᠬᠠᠷᠠᠯᠲᠠ ᠶᠢᠨ ᠲᠤᠭ᠎ᠠ 8.05 ᠳ᠋ᠦᠩᠰᠢᠭᠤᠷ ᠲᠥᠭᠦᠷᠢᠭ ᠲᠤ ᠬᠦᠷᠴᠡᠢ᠃ | ︵ᠨᠢᠭᠡ︶ ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠡᠷᠡᠰ ᠬᠠᠮᠠᠭᠠᠯᠠᠪᠠ | ᠨᠢᠭᠡ ᠳᠤ᠂ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠶᠠᠯᠠᠲᠤ ᠠᠵᠢᠯᠯᠠᠭ᠎ᠠ ᠶᠢ ᠴᠢᠩᠭ᠎ᠠ | ᠰᠢᠢᠳᠭᠡᠪᠡ᠃ ᠤᠯᠠᠨ ᠲᠦᠮᠡᠨ ᠤ ᠠᠮᠤᠷ ᠲᠦᠪᠰᠢᠨ ᠤ ᠰᠡᠳᠬᠢᠭᠳᠡᠯ ᠢ ᠬᠦᠨᠳᠦ ᠨᠣᠴᠢᠲᠠᠢ ᠨᠥᠯᠥᠭᠡᠯᠡᠭᠰᠡᠨ | ᠵᠣᠷᠢᠭᠤᠳᠠ ᠬᠥᠮᠥᠨ ᠠᠯᠠᠭᠰᠠᠨ ᠶᠠᠯ᠎ᠠ 3 ᠬᠡᠷᠡᠭ᠂ ᠵᠣᠷᠢᠭᠤᠳᠠ ᠭᠡᠮᠲᠦᠭᠡᠭᠰᠡᠨ ᠶᠠᠯ᠎ᠠ 27 ᠬᠡᠷᠡᠭ᠂ ᠨᠥᠵᠢᠳᠯᠡᠭᠰᠡᠨ | ᠶᠠᠯ᠎ᠠ 4 ᠬᠡᠷᠡᠭ᠂ ᠠᠶᠤᠯᠲᠠᠢ ᠪᠣᠳᠠᠰ ᠢ ᠲᠠᠯᠪᠢᠭᠰᠠᠨ ᠶᠠᠯ᠎ᠠ 2 ᠬᠡᠷᠡᠭ᠂ ᠠᠶᠤᠯᠲᠠᠢ ᠪᠠᠷ ᠲᠡᠷᠭᠡ ᠵᠢᠯᠣᠭᠤᠳᠤᠭᠰᠠᠨ | ᠶᠠᠯ᠎ᠠ 140 ᠬᠡᠷᠡᠭ᠂ ᠵᠠᠮ ᠬᠠᠷᠢᠯᠴᠠᠭᠠᠨ ᠤ ᠡ᠊ᠨᠳᠡᠯ ᠭᠠᠷᠭᠠᠭᠰᠠᠨ ᠶᠠᠯ᠎ᠠ 21 ᠬᠡᠷᠡᠭ᠂ ᠡᠳ᠋ ᠬᠤᠭᠰᠢᠯ ᠢ | ᠵᠣᠷᠢᠭᠤᠳᠠ ᠡᠪᠳᠡᠨ ᠰᠦᠢᠳᠬᠡᠭᠰᠡᠨ ᠶᠠᠯ᠎ᠠ᠂ ᠡ᠊ᠨᠳᠡᠯ ᠠᠴᠠ ᠪᠣᠯᠵᠤ ᠬᠥᠮᠥᠨ ᠢ ᠦᠬᠦᠭᠦᠯᠦᠭᠰᠡᠨ ᠶᠠᠯ᠎ᠠ᠂ ᠠᠯᠪᠠᠳᠠᠨ | ᠱᠠᠯᠢᠭᠯᠠᠵᠤ ᠳᠣᠷᠣᠮᠵᠢᠯᠠᠭᠰᠠᠨ ᠶᠠᠯ᠎ᠠ᠂ ᠬᠢᠬᠠᠵᠤ ᠠᠪᠤᠭᠰᠠᠨ ᠶᠠᠯ᠎ᠠ ᠲᠤᠰ ᠪᠦᠷᠢ 1 ᠬᠡᠷᠡᠭ ᠲᠤ ᠴᠢᠩᠭ᠎ᠠ ᠴᠣᠬᠢᠯᠲᠠ | ᠥᠭᠪᠡ᠃ ᠣᠶᠢᠷ᠎ᠠ ᠶᠢᠨ ᠵᠢᠯ ᠤᠳ ᠲᠤ ᠰᠦᠯᠵᠢᠶ᠎ᠡ ᠪᠠᠷ ᠵᠣᠭᠤᠰ ᠨᠠᠭᠠᠳᠤᠭᠰᠠᠨ ᠶᠠᠯᠠᠲᠤ ᠠᠵᠢᠯᠯᠠᠭ᠎ᠠ ᠣᠯᠠᠨ | ᠡᠭᠦᠰᠴᠦ᠂ ᠰᠦᠯᠵᠢᠶᠡᠨ ᠤ ᠠᠮᠤᠷ ᠲᠦᠪᠰᠢᠨ ᠪᠠ ᠠᠷᠠᠳ ᠣᠯᠠᠨ ᠤ ᠡᠳ᠋ ᠬᠥᠷᠥᠩᠭᠡ ᠶᠢᠨ ᠠᠮᠤᠷ ᠲᠦᠪᠰᠢᠨ ᠢ | ᠬᠦᠨᠳᠦ ᠨᠣᠴᠢᠲᠠᠢ ᠬᠤᠬᠢᠷᠠᠭᠤᠯᠤᠭᠰᠠᠨ ᠪᠠᠶᠢᠳᠠᠯ ᠳᠤ ᠴᠢᠭᠯᠡᠭᠦᠯᠦᠨ᠂ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠴᠢᠩᠭ᠎ᠠ | ᠴᠣᠬᠢᠯᠲᠠ ᠥᠭᠴᠦ᠂ ᠮᠡᠳᠡᠭᠡ ᠵᠠᠩᠭᠢ ᠶᠢᠨ ᠰᠦᠯᠵᠢᠶᠡᠨ ᠤ ᠶᠠᠯᠠᠲᠤ ᠠᠵᠢᠯᠯᠠᠭ᠎ᠠ ᠶᠢ ᠬᠠᠪᠰᠤᠷᠤᠭᠰᠠᠨ ᠨᠡᠶᠢᠲᠡ 8 | ᠶᠠᠯᠠᠲᠤ ᠠᠵᠢᠯᠯᠠᠭ᠎ᠠ ᠶᠢ ᠰᠢᠭᠦᠨ ᠳᠠᠭᠤᠰᠬᠠᠪᠠ᠃ ᠵᠠᠭᠠᠯᠳᠤᠭᠳᠠᠭᠴᠢ ᠴᠧᠨ ᠣᠪᠣᠭᠲᠤ᠂ ᠵᠧᠩ ᠣᠪᠣᠭᠲᠤ ᠵᠡᠷᠭᠡ | ᠬᠥᠮᠥᠰ ᠤᠨ ᠵᠣᠭᠤᠰ ᠨᠠᠭᠠᠳᠬᠤ ᠭᠠᠵᠠᠷ ᠭᠠᠷᠭᠠᠭᠰᠠᠨ ᠬᠡᠷᠡᠭ ᠂ ᠬᠤᠶᠠᠷ ᠵᠠᠭᠠᠯᠳᠤᠭᠳᠠᠭᠴᠢ ᠪᠤᠰᠤᠳ ᠬᠥᠮᠥᠨ ᠲᠠᠢ | ᠬᠠᠮᠲᠤᠷᠠᠨ 2018 ᠣᠨ ᠤ 7 ᠰᠠᠷ᠎ᠠ ᠠᠴᠠ 2020 ᠣᠨ ᠤ 6 ᠰᠠᠷ᠎ᠠ ᠶᠢᠨ ᠬᠤᠭᠤᠷᠣᠨᠳᠤ ᠭᠤᠸᠠᠩᠳᠦ᠋ᠩ | ᠮᠤᠵᠢ ᠳᠤ ᠠᠵᠢᠯᠯᠠᠬᠤ ᠲᠠᠰᠤᠭ ᠪᠠᠶᠢᠭᠤᠯᠵᠤ᠂ ᠯᠢᠨ ᠣᠪᠣᠭᠲᠤ ᠵᠡᠷᠭᠡ ᠨᠠᠢᠮᠠᠨ ᠬᠥᠮᠥᠨ ᠢ ᠲᠡᠳᠡᠨ ᠠᠪᠴᠢᠷᠠᠵᠤ᠂ | ᠰᠦᠯᠵᠢᠶᠡᠨ ᠤ ᠮᠡᠳᠡᠭᠡ ᠬᠤᠯᠪᠣᠭᠠᠨ ᠤ ᠵᠥᠭᠡᠯᠡᠨ ᠲᠣᠨᠤᠭ ᠢ ᠠᠰᠢᠭᠯᠠᠨ ᠵᠠᠷ ᠮᠡᠳᠡᠭᠡ ᠨᠡᠶᠢᠲᠡᠯᠡᠵᠦ᠂ ᠵᠣᠭᠤᠰ | ᠨᠠᠭᠠᠳᠬᠤ ᠳᠤ ᠣᠷᠣᠯᠴᠠᠭᠰᠠᠳ ᠢ ᠲᠡᠳᠡᠨ ᠠᠪᠴᠢᠷᠠᠬᠤ ᠶᠢᠨ ᠬᠠᠮᠲᠤ ᠵᠣᠭᠤᠰ ᠨᠠᠭᠠᠳᠬᠤ ᠪᠥᠯᠦᠭᠯᠡᠯ | ᠪᠠᠶᠢᠭᠤᠯᠵᠤ᠂ ︽ᠪᠢ ᠳᠤᠷ᠎ᠠ ᠪᠠᠷ ᠢᠶᠠᠨ ᠢᠯᠠᠨ᠎ᠠ︾᠂ ︽ᠴᠢᠨᠳᠠᠮᠤᠨᠢ︾ ᠵᠡᠷᠭᠡ ᠵᠣᠭᠤᠰ ᠨᠠᠭᠠᠳᠬᠤ ᠲᠠᠪᠴᠠᠩ ᠢᠶᠠᠷ | ︽ᠪᠡᠭᠡᠵᠢᠩ ᠤᠨ ᠤᠷᠤᠯᠳᠤᠭᠠᠨ ᠤ ᠲᠡᠷᠭᠡ︾᠂ ︽ᠠᠵᠠᠲᠠᠢ ᠨᠢᠰᠬᠦ ᠣᠩᠭᠤᠴᠠ︾ ᠵᠡᠷᠭᠡ ᠵᠣᠭᠤᠰ ᠨᠠᠭᠠᠳᠬᠤ | ᠬᠡᠯᠪᠡᠷᠢ ᠪᠠᠷ ᠠᠰᠢᠭ ᠬᠤᠨᠵᠢᠵᠣ᠂ ᠵᠣᠭᠤᠰ ᠨᠠᠭᠠᠳᠬᠤ ᠪᠡᠯᠡ ᠮᠥᠩᠭᠦ 1.9 ᠳ᠋ᠦᠩᠰᠢᠭᠤᠷ ᠲᠥᠭᠦᠷᠢᠭ ᠲᠤ ᠬᠦᠷᠴᠦ | ᠂ ᠬᠠᠤᠯᠢ ᠶᠢ ᠵᠥᠷᠢᠴᠡᠨ 980 ᠭᠠᠷᠤᠢ ᠲᠦᠮᠡᠨ ᠲᠥᠭᠦᠷᠢᠭ ᠤᠨ ᠠᠰᠢᠭ ᠣᠯᠵᠠᠢ᠃ ᠭᠤᠣᠯ ᠶᠠᠯ᠎ᠠ ᠬᠢᠭᠰᠡᠳ ᠢ | ᠲᠤᠰ ᠲᠤᠰ 5 ᠵᠢᠯ ᠠᠴᠠ 6 ᠰᠠᠷ᠎ᠠ ᠶᠢᠨ ᠠᠳᠠᠯᠢ ᠪᠤᠰᠤ ᠡᠷᠡᠭᠦᠦ ᠰᠢᠢᠳᠭᠡᠯ ᠢᠶᠠᠷ ᠰᠢᠢᠳᠭᠡᠪᠡ᠃ | ᠬᠤᠶᠠᠷ ᠲᠤ᠂ ᠢᠯᠵᠠᠷᠠᠮᠠᠯ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠵᠠᠯᠬᠠᠭᠠᠨ ᠰᠢᠢᠳᠭᠡᠪᠡ᠃ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠢᠮᠠᠭᠲᠠ ᠪᠣᠳᠠᠲᠤ ᠶᠠᠪᠤᠳᠠᠯ᠂ | ᠭᠡᠷᠡᠴᠢ ᠪᠠᠷᠢᠮᠲᠠ ᠶᠢᠨ ᠪᠣᠭᠤᠮᠲᠠ ᠶᠢ ᠴᠢᠩᠭ᠎ᠠ ᠠᠳᠬᠤᠵᠤ᠂ ᠬᠡᠷᠡᠭ ᠰᠢᠢᠳᠪᠦᠷᠢᠯᠡᠬᠦ ᠶᠠᠰᠤ ᠴᠢᠨᠠᠷ ᠦᠷ᠎ᠡ | ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠵᠣᠯᠭᠠᠯᠴᠠᠭ᠎ᠠ ᠶᠢ | ᠴᠢᠩᠬᠠᠳᠬᠠᠨ᠂ ︽ ᠢᠯᠵᠠᠷᠠᠬᠦ ᠠᠴᠠ ᠵᠢᠷᠣᠭᠡᠰᠢᠶᠡᠬᠦ ︾ ᠰᠦᠷ ᠬᠦᠴᠦᠲᠦ ᠪᠠᠶᠢᠳᠠᠯ ᠢ ᠪᠠᠷᠢᠮᠳᠠᠯᠠᠪᠠ᠃ 2022 | ᠣᠨ ᠳᠤ᠂ ᠡᠷᠬᠡ ᠲᠤᠰᠢᠶᠠᠯ ᠢᠶᠠᠨ ᠠᠰᠢᠭᠯᠠᠨ ᠬᠢᠭᠰᠡᠨ 9 ᠶᠠᠯᠠᠲᠤ ᠬᠡᠷᠡᠭ ᠢ ᠰᠢᠭᠦᠨ ᠳᠠᠭᠤᠰᠬᠠᠪᠠ᠂ ᠡᠭᠦᠨ ᠤ | ᠳᠣᠲᠣᠷ᠎ᠠ ᠪᠠᠶᠢᠭᠤᠯᠣᠯᠭ᠎ᠠ ᠶᠢᠨ ᠬᠡᠭᠡᠯᠢ ᠲᠦᠯᠬᠢᠭᠰᠡᠨ 2 ᠶᠠᠯ᠎ᠠ᠂ ᠱᠠᠮᠰᠢᠭᠰᠠᠨ 5 ᠶᠠᠯ᠎ᠠ᠂ ᠬᠡᠭᠡᠯᠢ ᠢᠳᠡᠭᠰᠡᠨ 1 | ᠶᠠᠯ᠎ᠠ᠂ ᠠᠯᠪᠠᠨ ᠤ ᠵᠣᠭᠤᠰ ᠢ ᠨᠡᠭᠦᠯᠭᠡᠨ ᠬᠡᠷᠡᠭᠯᠡᠭᠰᠡᠨ 1 ᠶᠠᠯ᠎ᠠ ᠪᠤᠢ᠃ ᠡᠭᠦᠨ ᠠᠴᠠ ᠭᠠᠳᠠᠨ᠎ᠠ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠪᠣᠯᠣᠨ ᠬᠢᠨᠠᠨ ᠪᠠᠶᠢᠴᠠᠭᠠᠬᠤ ᠵᠥᠪᠯᠡᠯ ᠳᠤ ᠠᠯᠪᠠᠨ ᠲᠤᠰᠢᠶᠠᠯᠲᠠᠨ ᠤ ᠶᠠᠯ᠎ᠠ ᠬᠢᠭᠰᠡᠨ | ᠰᠦᠪᠡᠭᠴᠢ ᠶᠢ 23 ᠬᠥᠮᠥᠨ ᠤᠳᠠᠭ᠎ᠠ ᠰᠢᠯᠵᠢᠭᠦᠯᠦᠨ ᠬᠦᠷᠭᠡᠪᠡ᠃ | ᠭᠤᠷᠪᠠ ᠳᠤ᠂ ᠠᠷᠠᠳ ᠤᠨ ᠠᠮᠢᠳᠤᠷᠠᠯ ᠤᠨ ᠠᠮᠤᠷ ᠲᠦᠪᠰᠢᠨ ᠤ ᠬᠤᠷᠢᠭ᠎ᠠ ᠱᠣᠭᠤᠮ ᠶᠢ ᠪᠠᠳᠣ ᠰᠠᠬᠢᠪᠠ᠃ | ᠤᠯᠠᠨ ᠨᠡᠶᠢᠲᠡ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠲᠦᠷᠦᠯ ᠤᠨ ᠶᠠᠯᠠᠲᠤ | ᠠᠵᠢᠯᠯᠠᠭ᠎ᠠ ᠶᠢ ᠨᠡᠶᠢᠳᠡ 180 ᠬᠤᠪᠢ ᠰᠢᠭᠦᠨ ᠰᠢᠢᠳᠪᠦᠷᠢᠯᠡᠵᠦ᠂ ᠠᠷᠠᠳ ᠢᠷᠭᠡᠨ ᠤ ᠪᠡᠶ᠎ᠡ ᠶᠢᠨ ᠡᠷᠬᠡ᠂ | ᠠᠷᠠᠳᠴᠢᠯᠠᠯ ᠤᠨ ᠡᠷᠬᠡ ᠳᠤ ᠬᠠᠯᠳᠠᠭᠰᠠᠨ ᠲᠦᠷᠦᠯ ᠤᠨ ᠶᠠᠯᠠᠲᠤ ᠠᠵᠢᠯᠯᠠᠭ᠎ᠠ ᠶᠢ ᠨᠡᠶᠢᠳᠡ 43 ᠬᠤᠪᠢ ᠰᠢᠭᠦᠨ | ᠰᠢᠢᠳᠪᠦᠷᠢᠯᠡᠪᠡ᠃ ᠵᠠᠭᠠᠯᠳᠤᠭᠳᠠᠭᠴᠢ ᠯᠢᠦ ᠣᠪᠣᠭᠲᠤ᠂ ᠸᠠᠩ ᠣᠪᠣᠭᠲᠤ᠂ ᠶᠠᠨ ᠣᠪᠣᠭᠲᠤ᠂ ᠰᠦᠨ ᠣᠪᠣᠭᠲᠤ | ᠵᠡᠷᠭᠡ ᠳᠥᠷᠪᠡᠨ ᠬᠥᠮᠥᠨ ᠢ ᠵᠣᠬᠢᠶᠠᠨ ᠪᠠᠶᠢᠭᠤᠯᠵᠤ ᠶᠠᠩᠬᠠᠯᠠᠭᠤᠯᠤᠭᠰᠠᠨ᠂ ᠥᠳᠥᠭᠡᠨ ᠲᠠᠲᠠᠭᠰᠠᠨ᠂ ᠲᠠᠨᠢᠯᠴᠠᠭᠤᠯᠵᠤ | ᠶᠠᠩᠬᠠᠯᠠᠭᠤᠯᠤᠭᠰᠠᠨ ᠬᠡᠷᠡᠭ ᠲᠤ᠂ ᠲᠠᠨᠢᠯᠴᠠᠭᠤᠯᠤᠭᠰᠠᠨ ᠪᠠ ᠵᠣᠬᠢᠶᠠᠨ ᠪᠠᠶᠢᠭᠤᠯᠤᠭᠰᠠᠨ ᠶᠠᠩᠬᠠᠯᠠᠭᠰᠠᠳ ᠨᠢ ᠴᠥᠮ | ᠨᠠᠰᠤᠨ ᠳᠤ ᠥᠯᠥ ᠬᠦᠷᠦᠭᠰᠡᠳ ᠪᠠᠶᠢᠵᠤ᠂ ᠭᠤᠣᠯ ᠶᠠᠯᠠᠲᠠᠨ ᠸᠠᠩ ᠣᠪᠣᠭᠲᠤ ᠶᠢ ᠨᠠᠢᠮᠠᠨ ᠵᠢᠯ ᠤᠨ | ᠬᠤᠭᠤᠴᠠᠭ᠎ᠠ ᠲᠠᠢ ᠬᠤᠷᠢᠬᠤ ᠡᠷᠡᠭᠦᠦ ᠪᠠᠷ ᠴᠢᠩᠭ᠎ᠠ ᠰᠢᠢᠳᠭᠡᠵᠡᠢ᠃ ᠡᠶᠢᠮᠦᠷᠬᠦ ᠶᠠᠯᠠᠲᠤ ᠠᠵᠢᠯᠯᠠᠭ᠎ᠠ ᠨᠢ ᠨᠠᠰᠤᠨ ᠳᠤ | ᠦᠯᠤ ᠬᠥᠷᠦᠭᠰᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠤ ᠶᠢ ᠬᠦᠨᠳᠦ ᠨᠣᠴᠢᠲᠠᠢ ᠬᠤᠬᠢᠷᠠᠭᠤᠯᠵᠤ᠂ ᠶᠠᠯᠠᠲᠤ | ᠡᠲᠡᠭᠡᠳ ᠢ ᠬᠠᠤᠯᠢ ᠶᠣᠰᠣᠭᠠᠷ ᠴᠢᠩᠭ᠎ᠠ ᠰᠢᠢᠳᠭᠡᠵᠣ᠂ ᠠᠷᠠᠳ ᠤᠨ ᠰᠢᠭᠦᠬᠦ ᠬᠤᠷᠢᠶᠠᠨ ᠤ ᠡᠷᠡᠭᠦᠦ ᠶᠢᠨ ᠬᠡᠷᠡᠭ ᠤᠨ | ᠰᠢᠭᠦᠨ ᠲᠠᠰᠤᠯᠤᠯᠳᠠ ᠶᠢᠨ ᠰᠡᠷᠡᠮᠵᠢᠯᠡᠭᠦᠯᠬᠦ ᠪᠠ ᠰᠤᠷᠭᠠᠨ ᠬᠥᠮᠥᠵᠢᠭᠦᠯᠬᠦ ᠦᠢᠯᠡᠳᠦᠯ ᠢ ᠦᠨᠡᠨ ᠬᠦ ᠪᠠᠳᠠᠷᠠᠭᠤᠯᠪᠠ᠃ | ︵ᠬᠤᠶᠠᠷ︶ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠥᠢᠯᠡᠴᠢᠯᠡᠪᠡ | ᠨᠢᠭᠡ ᠳᠤ᠂ ᠬᠠᠤᠯᠢ ᠪᠠᠷ ᠵᠠᠰᠠᠬᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ | ᠰᠢᠯᠢᠳᠡᠭᠵᠢᠬᠦᠯᠪᠡ᠃ ᠲᠣᠭᠲᠠᠭᠤᠨ ᠲᠥᠪ ᠭᠤᠣᠯᠴᠢ ᠢᠯᠡ ᠲᠣᠳᠣ᠂ ᠵᠢᠱᠢᠵᠦ ᠪᠣᠯᠬᠤᠶᠢᠴᠠ ᠬᠠᠤᠯᠢ ᠪᠠᠷ ᠵᠠᠰᠠᠬᠤ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠬᠦᠴᠦᠯᠡᠨ ᠪᠤᠢ ᠪᠣᠯᠭᠠᠵᠤ᠂ ᠭᠡᠷ᠎ᠡ ᠶᠢ ᠬᠡᠷᠡᠭᠵᠢᠭᠦᠯᠬᠦ᠂ ᠬᠠᠤᠯᠢ | ᠪᠠᠷᠢᠬᠤ ᠵᠢᠷᠤᠮ ᠤᠨ ᠶᠠᠰᠤ ᠴᠢᠨᠠᠷ ᠵᠡᠷᠭᠡ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠨᠡᠯᠡᠨ ᠵᠢᠱᠢᠬᠦ | ᠭᠦᠢᠴᠡᠳᠬᠡᠯ ᠲᠤᠭ᠎ᠠ ᠶᠢ ᠦᠷᠭᠦᠯᠵᠢᠯᠡᠨ ᠰᠠᠶᠢᠵᠢᠷᠠᠭᠤᠯᠬᠤ ᠶᠢ ᠪᠠᠲᠤᠯᠠᠪᠠ᠃ ᠵᠠᠰᠠᠭ ᠵᠠᠬᠢᠷᠭᠠᠨ ᠤ ᠵᠥᠪᠰᠢᠶᠡᠷᠡᠯ᠂ | ᠵᠠᠰᠠᠭ ᠵᠠᠬᠢᠷᠭᠠᠨ ᠤ ᠬᠡᠯᠡᠯᠴᠡᠭᠡᠷ ᠵᠡᠷᠭᠡ ᠳᠤ ᠬᠤᠯᠪᠣᠭᠳᠠᠭᠰᠠᠨ ᠬᠡᠷᠡᠭ ᠢ ᠲᠣᠬᠢᠲᠠᠢ ᠰᠢᠭᠦᠨ ᠰᠢᠢᠳᠪᠦᠷᠢᠯᠡᠵᠦ᠂ ᠪᠡᠯᠡ | ᠣᠷᠣᠭᠤᠯᠵᠤ ᠦᠢᠯᠡᠰ ᠬᠥᠭᠵᠢᠭᠦᠯᠬᠦ ᠵᠥᠭᠡᠯᠡᠨ ᠣᠷᠴᠢᠨ ᠨᠥᠬᠦᠴᠡᠯ ᠢ ᠠᠬᠢᠭᠤᠯᠤᠨ ᠰᠢᠯᠢᠳᠡᠭᠵᠢᠬᠦᠯᠪᠡ᠃ ᠡᠯ᠎ᠡ | ᠲᠦᠷᠦᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠴᠥᠮ ᠡᠷᠬᠡ ᠲᠡᠭᠰᠢ ᠪᠠᠶᠢᠬᠤ ᠶᠢ ᠪᠠᠷᠢᠮᠲᠠᠯᠠᠵᠤ᠂ ᠵᠦᠢ | ᠶᠣᠰᠣᠨ ᠤ ᠬᠤᠳᠠᠯᠳᠤᠭᠠᠨ ᠤ ᠭᠦᠢᠴᠡᠳᠬᠡᠬᠦ ᠠᠵᠢᠯᠯᠠᠭ᠎ᠠ ᠪᠣᠯᠣᠨ ᠵᠣᠷᠢᠭᠤᠳᠠ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠶᠢᠨ ᠵᠠᠭᠠᠭ ᠢ ᠴᠢᠩᠭ᠎ᠠ ᠢᠯᠭᠠᠵᠤ᠂ ᠠᠵᠤ ᠠᠬᠤᠢ ᠶᠢᠨ ᠵᠢᠭᠤᠷᠠᠯᠳᠤᠭᠠᠨ ᠢ ᠡᠷᠡᠭᠦᠦ ᠶᠢᠨ ᠶᠠᠯᠠᠲᠤ | ᠠᠵᠢᠯᠯᠠᠭ᠎ᠠ ᠪᠠᠷ ᠮᠠᠭᠠᠳᠯᠠᠨ ᠲᠣᠭᠲᠠᠭᠠᠬᠤ ᠶᠢ ᠡᠷᠡᠰ ᠰᠡᠷᠬᠡᠶᠢᠯᠡᠪᠡ᠃ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠳᠤ | ᠦᠢᠯᠡᠴᠢᠯᠡᠵᠦ᠂ ᠵᠠᠰᠠᠭ ᠤᠨ ᠣᠷᠳᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠲᠡᠮᠵᠢᠵᠤ᠂ ᠵᠠᠰᠠᠭ | ᠵᠠᠬᠢᠷᠭᠠᠨ ᠤ ᠬᠠᠷᠢᠴᠠᠩᠭᠤᠢ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠰᠢᠨ᠎ᠡ ᠬᠡᠯᠪᠡᠷᠢ ᠶᠢᠨ | ᠦᠨᠳᠦᠰᠦᠨ ᠪᠦᠲᠦᠭᠡᠨ ᠪᠠᠶᠢᠭᠤᠯᠤᠯᠲᠠ᠂ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠲᠠ᠂ ᠬᠤᠳᠠ ᠶᠢᠨ ᠪᠦᠲᠦᠭᠡᠨ | ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠢᠨᠵᠧᠨᠧᠷᠢᠩ ᠵᠡᠷᠭᠡ ᠬᠦᠷᠢᠶᠡᠨ ᠳᠠᠬᠢ ᠵᠥᠷᠢᠴᠡᠯ ᠢ ᠲᠣᠬᠢᠲᠠᠢ | ᠰᠢᠢᠳᠪᠣᠷᠢᠯᠡᠪᠡ᠃ ᠬᠡᠷᠡᠭᠯᠡᠭᠡᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠡᠷᠡᠭ ᠤᠨ ᠰᠢᠭᠦᠨ ᠲᠠᠰᠤᠯᠤᠯᠲᠠ ᠶᠢ | ᠴᠢᠩᠭᠠᠳᠬᠠᠵᠤ᠂ ᠬᠡᠷᠡᠭᠯᠡᠭᠡᠨ ᠤ ᠮᠡᠭᠡ᠂ ᠡᠵᠡᠷᠬᠡᠭ ᠵᠦᠢᠯ ᠵᠤᠷᠪᠤᠰ ᠭᠠᠷᠭᠠᠬᠤ ᠵᠡᠷᠭᠡ ᠦᠢᠯᠡ ᠠᠵᠢᠯᠯᠠᠭ᠎ᠠ ᠠᠴᠠ | ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠵᠦ᠂ ᠣᠷᠣᠨ ᠰᠠᠭᠤᠴᠠ᠂ ᠮᠠᠰᠢᠨ ᠲᠡᠷᠭᠡᠨ ᠤ ᠬᠤᠳᠠᠯᠳᠤᠭ᠎ᠠ᠂ | ᠵᠢᠭᠤᠯᠴᠢᠯᠠᠯ ᠤᠨ ᠦᠢᠯᠡᠴᠢᠯᠡᠭᠡ᠂ ᠰᠦᠯᠵᠢᠶᠡᠨ ᠤ ᠰᠤᠷᠭᠠᠨ ᠬᠥᠮᠦᠵᠢᠯ ᠵᠡᠷᠭᠡ ᠬᠡᠷᠡᠭᠯᠡᠭᠡᠨ ᠤ ᠵᠢᠭᠤᠷᠠᠯᠳᠤᠭᠠᠨ ᠤ | ᠬᠡᠷᠡᠭ ᠢ ᠲᠣᠬᠢᠲᠠᠢ ᠰᠢᠭᠦᠨ ᠰᠢᠢᠳᠪᠦᠷᠢᠯᠡᠵᠦ᠂ ᠬᠡᠷᠡᠭᠯᠡᠭᠡᠨ ᠤ ᠳᠡᠰ ᠳᠡᠪᠰᠢᠬᠦ ᠳᠤ ᠠᠰᠢᠭᠲᠠᠢ ᠬᠠᠤᠯᠢ ᠪᠠᠷ ᠵᠠᠰᠠᠬᠤ | ᠣᠷᠴᠢᠨ ᠨᠥᠬᠦᠴᠡᠯ ᠢ ᠢᠳᠡᠪᠬᠢᠲᠡᠢ ᠪᠠᠷ ᠪᠤᠢ ᠪᠣᠯᠭᠠᠪᠠ᠃ ᠣᠯᠠᠨ ᠲᠠᠰ ᠳᠠᠪᠬᠤᠷᠭ᠎ᠠ ᠣᠯᠠᠨ ᠰᠠᠯᠠᠭ᠎ᠠ ᠮᠥᠴᠢᠷ ᠤᠨ | ᠬᠠᠮᠲᠤᠷᠠᠨ ᠬᠥᠳᠡᠯᠦᠯᠴᠡᠬᠦ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠤᠰᠢᠭᠤᠨ ᠤ ᠵᠠᠰᠠᠭ ᠤᠨ | ᠣᠷᠳᠣᠨ ᠲᠠᠢ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠠᠬᠤᠶᠢᠯᠠᠯ ᠤᠨ ᠳᠠᠮᠫᠤᠷᠠᠯ ᠤᠨ | ᠠᠵᠢᠯ ᠤᠨ ᠵᠠᠰᠠᠭ ᠤᠨ ᠣᠷᠳᠣᠨ ᠢ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢᠨ ᠬᠡᠷᠡᠭᠵᠢᠭᠦᠯᠬᠦ | ᠲᠥᠰᠥᠯ︾ ᠳᠤ ᠭᠠᠷ ᠤᠨ ᠥᠰᠥᠭ ᠵᠢᠷᠣᠪᠠ᠃ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠲᠠᠢ ᠬᠠᠷᠢᠯᠴᠠᠬᠤ | ᠲᠣᠭᠲᠠᠴᠠ ᠶᠢ ᠪᠠᠶᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠡᠷᠬᠡ ᠪᠠᠨ ᠬᠠᠮᠠᠭᠠᠯᠠᠬᠤ ᠠᠷᠭ᠎ᠠ | ᠵᠠᠮ ᠢ ᠰᠠᠭᠠᠳ ᠦᠭᠡᠢ ᠨᠠᠪᠲᠠᠷᠡᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠ ᠠᠵᠤ ᠠᠬᠤᠶᠢᠯᠠᠯᠲᠠᠨ ᠤ | ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠪᠠ ᠃ ᠲᠤᠤ ᠪᠦᠦ ᠰᠦᠯᠵᠢᠶ᠎ᠡ ᠶᠢᠨ ᠦᠨ᠎ᠡ | ᠬᠠᠶᠠᠵᠤ ᠬᠤᠳᠠᠯᠳᠤᠬᠤ ᠲᠥᠪ᠂ ᠡᠮᠦᠨᠡᠲᠦ ᠬᠤᠰᠢᠭᠤᠨ ᠤ ᠲᠣᠭᠳᠠᠮᠠᠯ ᠬᠥᠷᠥᠩᠭᠡ ᠶᠢ ᠳᠠᠩᠰᠠᠯᠠᠬᠤ ᠲᠥᠪ᠂ | ᠰᠢᠤᠳᠠᠨ ᠤ ᠺᠣᠮᠫᠠᠨᠢ ᠵᠡᠷᠭᠡ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠬᠠᠤᠯᠢ ᠴᠠᠭᠠᠵᠠ ᠶᠢᠨ ᠦᠨ᠎ᠡ | ᠬᠠᠶᠠᠵᠤ ᠬᠤᠳᠠᠯᠳᠤᠬᠤ᠂ ᠡᠳ᠋ ᠬᠥᠷᠥᠩᠭᠡ ᠶᠢ ᠪᠠᠶᠢᠴᠠᠭᠠᠨ ᠯᠠᠪᠯᠠᠬᠤ᠂ ᠰᠢᠤᠳᠠᠨ ᠢᠶᠠᠷ ᠬᠦᠷᠭᠡᠬᠦ ᠵᠡᠷᠭᠡ | ᠭᠤᠭᠴᠤᠭ᠎ᠠ ᠶᠢᠨ ᠠᠵᠢᠯ ᠢ ᠰᠢᠯᠢᠳᠡᠭᠵᠢᠬᠦᠯᠪᠡ᠃ ︽ᠳᠠᠭᠤᠰᠤᠭᠠᠳᠤᠢ ᠬᠡᠷᠡᠭ ᠢ ᠢᠯᠭᠠᠷᠠᠭᠤᠯᠤᠨ ᠲᠢᠭᠯᠡᠬᠦ ᠠᠵᠢᠯ ᠢ | ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ︾᠂ ︽ᠦᠨᠡᠲᠦ ᠲᠡᠮᠳᠡᠭᠲᠦ ᠶᠢᠨ | ᠵᠢᠭᠤᠷᠠᠯᠳᠤᠭᠠᠨ ᠤ ᠲᠥᠯᠥᠭᠡᠯᠡᠭᠴᠢ ᠶᠢᠨ ᠵᠠᠷᠭᠤ ᠶᠢᠨ ᠵᠢᠯᠣᠭᠤᠳᠤᠮᠵᠢ︾᠂ ︽ᠳᠠᠮᠫᠤᠷᠠᠯ ᠤᠨ ᠬᠡᠷᠡᠭ ᠤᠨ | ᠲᠤᠰᠠᠯᠠᠮᠵᠢ ᠶᠢᠨ ᠪᠡᠯᠡ ᠮᠥᠩᠭᠦ ᠶᠢ ᠬᠠᠮᠢᠶᠠᠷᠬᠤ ᠪᠠ ᠬᠡᠷᠡᠭᠯᠡᠬᠦ ᠠᠷᠭ᠎ᠠ︾᠂ ︽ᠠᠵᠤ ᠠᠬᠤᠶᠢᠯᠠᠯ ᠤᠨ ᠳᠠᠮᠫᠤᠷᠠᠯ ᠤᠨ | ᠬᠡᠷᠡᠭ ᠢ ᠰᠢᠭᠦᠬᠦ ᠳᠠᠮᠫᠤᠷᠠᠯ ᠤᠨ ᠥᠪᠡᠷ ᠤᠨ ᠦᠷᠳᠡᠭ ᠤᠨ ᠬᠠᠮᠢᠶᠠᠷᠤᠯᠲᠠ ᠶᠢᠨ ᠲᠤᠬᠠᠢ ᠵᠢᠯᠣᠭᠤᠳᠤᠮᠵᠢ︾ ᠵᠡᠷᠭᠡ | ᠳᠦᠷᠢᠮ ᠤᠨ ᠪᠢᠴᠢᠭ ᠮᠠᠲ᠋ᠧᠷᠢᠶᠠᠯ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠠᠵᠤ ᠠᠬᠤᠶᠢᠯᠠᠯ ᠳᠤ | ᠬᠤᠯᠪᠣᠭᠳᠠᠭᠰᠠᠨ ᠬᠡᠷᠡᠭ ᠢ ᠰᠢᠭᠦᠨ ᠲᠠᠰᠤᠯᠬᠤ ᠪᠠ ᠭᠦᠢᠴᠡᠳᠬᠡᠬᠦ ᠠᠵᠢᠯ ᠢ ᠲᠥᠷᠢᠮᠵᠢᠬᠦᠯᠪᠡ᠃ 2022 ᠣᠨ ᠳᠤ᠂ | ᠠᠵᠤ ᠠᠬᠤᠶᠢᠯᠠᠯ ᠳᠤ ᠬᠤᠯᠪᠣᠭᠳᠠᠭᠰᠠᠨ ᠵᠠᠷᠭᠤ ᠶᠢ ᠭᠦᠢᠴᠡᠳᠬᠡᠬᠦ ᠬᠡᠷᠡᠭ ᠢ ᠨᠡᠶᠢᠳᠡ 1200 ᠬᠤᠪᠢ᠂ ᠠᠵᠤ | ᠠᠬᠤᠶᠢᠯᠠᠯ ᠤᠨ ᠳᠠᠮᠫᠤᠷᠠᠯ ᠤᠨ ᠬᠡᠷᠡᠭ ᠢ 2 ᠬᠤᠪᠢ᠂ ᠰᠢᠭᠦᠵᠦ ᠭᠦᠢᠴᠡᠳᠬᠡᠨ ᠳᠠᠭᠤᠰᠬᠠᠭᠰᠠᠨ ᠬᠡᠷᠡᠭ ᠢ 892 | ᠬᠤᠪᠢ ᠭᠥᠯᠢᠶᠡᠨ ᠠᠪᠴᠤ ᠰᠢᠢᠳᠪᠦᠷᠢᠯᠡᠪᠡ᠃ | ᠬᠤᠶᠠᠷ ᠲᠤ᠂ ᠬᠠᠤᠯᠢ ᠴᠠᠭᠠᠵᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢ ᠠᠬᠢᠭᠤᠯᠪᠠ᠃ ᠶᠠᠳᠠᠭᠤ ᠶᠢ ᠲᠡᠳᠬᠦᠬᠦ ᠬᠦᠷᠢᠶᠡᠨ ᠳᠠᠬᠢ ᠬᠡᠷᠡᠭ ᠲᠤ ᠬᠤᠯᠪᠣᠭᠳᠠᠭᠰᠠᠨ ᠵᠣᠭᠤᠰ ᠮᠥᠩᠭᠦ | ᠡᠳ᠋ ᠪᠣᠳᠠᠰ ᠢ ᠪᠣᠯᠭᠤᠮᠵᠢᠲᠠᠢ ᠪᠠᠷ ᠪᠠᠶᠢᠴᠠᠭᠠᠨ ᠬᠤᠷᠢᠶᠠᠬᠤ᠂ ᠲᠦᠷᠭᠡᠨ ᠪᠤᠴᠠᠭᠠᠬᠤ ᠠᠵᠢᠯ ᠢ ᠪᠦᠬᠦ ᠲᠠᠯ᠎ᠠ ᠪᠠᠷ | ᠲᠥᠷᠢᠮᠵᠢᠬᠦᠯᠵᠣ᠂ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠡᠷᠭᠢᠯᠲᠡ ᠶᠢᠨ ᠵᠥᠷᠢᠴᠡᠯ ᠵᠢᠭᠤᠷᠠᠯᠳᠤᠭᠠᠨ ᠢ | ᠲᠣᠬᠢᠲᠠᠢ ᠰᠢᠢᠳᠪᠦᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ | ᠡᠯ᠎ᠡ ᠵᠦᠢᠯ ᠦᠨᠠᠷᠭ᠎ᠠ ᠬᠡᠮᠵᠢᠶ᠎ᠡ ᠶᠢᠨ ᠤᠷᠤᠭᠰᠢᠲᠠᠢ ᠬᠡᠷᠡᠭᠵᠢᠭᠦᠯᠦᠭᠳᠡᠬᠦ ᠶᠢ ᠦᠨᠡᠨ ᠬᠦ ᠪᠠᠳᠣᠯᠠᠪᠠ᠃ ᠮᠠᠯ ᠠᠵᠤ | ᠠᠬᠤᠢ ᠶᠢᠨ ᠳᠠᠭᠠᠭᠠᠴᠢᠯᠠᠯᠲᠠ ᠶᠢᠨ ᠭᠡᠷ᠎ᠡ ᠶᠢᠨ ᠵᠢᠭᠤᠷᠠᠯᠳᠤᠭᠠᠨ ᠢ 38 ᠬᠤᠪᠢ᠂ ᠭᠠᠵᠠᠷ ᠰᠢᠷᠣᠢ ᠳᠠᠭᠠᠭᠠᠴᠢᠯᠠᠨ | ᠡᠵᠡᠩᠨᠡᠬᠦ ᠡᠷᠬᠡ ᠶᠢᠨ ᠵᠢᠭᠤᠷᠠᠯᠳᠤᠭᠠᠨ ᠢ 37 ᠬᠤᠪᠢ ᠰᠢᠭᠦᠨ ᠳᠠᠭᠤᠰᠬᠠᠵᠤ᠂ ᠬᠠᠷᠠᠯᠲᠠ ᠶᠢᠨ ᠲᠤᠭ᠎ᠠ ᠨᠢ 517.2 | ᠲᠦᠮᠡᠨ ᠲᠥᠭᠦᠷᠢᠭ ᠲᠤ ᠬᠦᠷᠴᠡᠢ᠃ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ | ᠠᠬᠢᠭᠤᠯᠬᠤ ᠶᠢᠨ ᠲᠥᠯᠥᠭᠡ᠂ ᠰᠦᠯᠵᠢᠶᠡᠨ ᠳᠡᠭᠡᠷ᠎ᠡ ᠤᠷᠢᠳᠴᠢᠯᠠᠨ ᠪᠣᠯᠵᠣᠵᠤ ᠬᠡᠷᠡᠭ ᠪᠣᠯᠭᠠᠨ ᠳᠠᠩᠰᠠᠯᠠᠬᠤ᠂ | ᠠᠯᠤᠰ ᠠᠴᠠ ᠡᠶᠡᠳᠡᠭᠦᠯᠦᠨ ᠰᠢᠭᠦᠨ ᠲᠠᠰᠤᠯᠬᠤ ᠠᠯᠳᠠᠨ ᠡᠮᠡᠭᠡᠯ ᠦᠵᠡᠮᠵᠢ ᠶᠢᠨ ᠣᠷᠣᠨ ᠤ ︽ᠵᠢᠭᠤᠯᠴᠢᠯᠠᠯ ᠤᠨ | ᠰᠢᠭᠦᠬᠦ ᠲᠢᠩᠬᠢᠮ︾ ᠢ ᠲᠤᠰᠬᠠᠶᠢᠯᠠᠨ ᠪᠠᠶᠢᠭᠤᠯᠪᠠ᠃ ᠬᠥᠭᠡ ᠠᠭᠤᠯᠠ ᠬᠥᠬᠡᠮᠳᠦᠭ ᠣᠰᠣ ᠪᠣᠯ ᠲᠠᠷᠣᠢ ᠠᠯᠳᠠ | ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠲᠠᠷᠢᠶᠠᠯᠠᠩ ᠳᠤ ᠬᠡᠷᠡᠭᠯᠡᠬᠦ ᠭᠠᠵᠠᠷ ᠢ | ᠬᠠᠤᠯᠢ ᠪᠤᠰᠤ ᠪᠠᠷ ᠡᠵᠡᠯᠡᠭᠰᠡᠨ 8 ᠬᠡᠷᠡᠭ᠂ ᠤᠢ ᠮᠣᠳᠣ ᠶᠢ ᠳᠤᠷ᠎ᠠ ᠪᠠᠷ ᠢᠶᠠᠨ ᠣᠭᠲᠣᠯᠣᠭᠰᠠᠨ 1 ᠬᠡᠷᠡᠭ ᠢ ᠰᠢᠭᠦᠨ | ᠳᠠᠭᠤᠰᠬᠠᠵᠤ᠂ ᠬᠥᠬᠡ ᠲᠡᠭᠷᠢ ᠬᠥᠬᠡᠮᠳᠦᠭ ᠤᠰᠤ ᠴᠡᠪᠡᠷ ᠬᠥᠷᠥᠰᠥ ᠶᠢ ᠬᠠᠮᠠᠭᠠᠯᠠᠬᠤ ᠪᠠᠶᠢᠯᠳᠣᠭᠠᠨ ᠢ ᠰᠠᠶᠢᠲᠤᠷ | ᠬᠢᠬᠦ ᠳᠤ ᠬᠥᠴᠣᠨ ᠨᠡᠮᠡᠷᠢᠯᠡᠪᠡ᠃ ︽ᠣᠷᠴᠢᠨ ᠠᠬᠤᠢ ᠶᠢᠨ ᠡᠬᠢ ᠪᠠᠶᠠᠯᠢᠭ ᠤᠨ ᠰᠢᠭᠦᠨ ᠲᠠᠰᠤᠯᠤᠯᠲᠠ ᠶᠢᠨ | ᠨᠣᠭᠤᠭᠠᠨ ᠭᠠᠳᠠᠷᠲᠤ ᠪᠢᠴᠢᠭ ︵2019-2022︶︾ ᠢ ᠨᠡᠶᠢᠲᠡᠯᠡᠵᠦ᠂ ᠨᠡᠶᠢᠲᠡᠯᠢᠭ ᠬᠡᠷᠡᠭ ᠤᠨ ᠵᠢᠱᠢᠶ᠎ᠡ ᠶᠢ | ᠨᠡᠶᠢᠲᠡᠯᠡᠵᠦ᠂ ᠠᠵᠢᠯ ᠤᠨ ᠲᠤᠷᠰᠢᠯᠭ᠎ᠠ ᠪᠠᠨ ᠳ᠋ᠦᠩᠨᠡᠪᠡ᠃ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ | ᠬᠤᠰᠢᠭᠤᠨ ᠳᠠᠷᠤᠭ᠎ᠠ ᠸᠠᠩ ᠯᠢ ᠳ᠋ᠥᠡᠭ ᠨᠥᠬᠦᠷ ᠡᠭᠦᠨ ᠤ ᠲᠤᠬᠠᠢ ᠴᠣᠬᠤᠯᠠᠪᠤᠷᠢ ᠪᠢᠴᠢᠵᠦ᠂ ︽ᠡᠮᠣᠨᠡᠳᠣ | ᠬᠤᠰᠢᠭᠤᠨ ᠤ ᠰᠢᠭᠦᠬᠦ ᠬᠤᠷᠢᠶ᠎ᠠ ᠣᠷᠴᠢᠨ ᠠᠬᠤᠢ ᠡᠬᠢ ᠪᠠᠶᠠᠯᠢᠭ ᠢ ᠰᠢᠭᠦᠨ ᠲᠠᠰᠤᠯᠬᠤ ᠠᠵᠢᠯ ᠤᠨ ᠳᠤᠮᠳᠠ ᠵᠠᠮ | ᠨᠡᠭᠡᠭᠡᠨ ᠤᠷᠤᠭᠰᠢᠯᠠᠵᠤ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠢᠯᠡᠳᠲᠡ ᠠᠮᠵᠢᠯᠲᠠ ᠪᠦᠲᠦᠮᠵᠢ ᠣᠯᠵᠠᠢ᠃ | ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠮᠠᠨ ᠤ ᠬᠤᠰᠢᠭᠤᠨ ᠤ ᠠᠮᠢ ᠠᠬᠤᠢ ᠶᠢᠨ ᠪᠥᠳᠣᠭᠡᠨ ᠪᠠᠶᠢᠭᠤᠯᠤᠯᠲᠠ ᠳᠤ | ᠪᠠᠲᠤ ᠴᠢᠩᠭ᠎ᠠ ᠬᠠᠤᠯᠢ ᠴᠠᠭᠠᠵᠠ ᠶᠢᠨ ᠪᠠᠲᠤᠯᠠᠭ᠎ᠠ ᠬᠠᠨᠭ᠍ᠭᠠᠵᠠᠢ︾ ᠭᠡᠵᠡᠢ᠃ | ︵ᠭᠤᠷᠪᠠ︶ ᠠᠷᠠᠳ ᠲᠦᠮᠡᠨ ᠢᠶᠠᠷ ᠭᠤᠣᠯ ᠪᠣᠯᠭᠠᠬᠤ ᠶᠢ ᠢᠮᠠᠭᠲᠠ ᠪᠠᠷᠢᠮᠳᠠᠯᠠᠪᠠ | ᠨᠢᠭᠡ ᠳᠤ᠂ ᠢᠷᠭᠡᠨ ᠤ ᠬᠠᠤᠯᠢ ᠶᠢᠨ ᠪᠢᠴᠢᠭ ᠢ ᠬᠠᠤᠯᠢ ᠶᠣᠰᠣᠭᠠᠷ ᠴᠢᠩᠭ᠎ᠠ ᠬᠡᠷᠡᠭᠵᠢᠬᠦᠯᠪᠡ᠃ ᠰᠢᠬᠦᠬᠦ | ᠲᠤᠰᠢᠶᠠᠯᠲᠠᠨ ᠢ ᠵᠣᠬᠢᠶᠠᠨ ᠪᠠᠶᠢᠭᠤᠯᠵᠤ ︽ᠠᠷᠠᠳ ᠤᠨ ᠰᠢᠭᠦᠬᠦ ᠬᠤᠷᠢᠶᠠᠨ ᠤ ᠶᠡᠭᠡ ᠬᠢᠴᠢᠶᠡᠯ ᠤᠨ ᠲᠠᠩᠬᠢᠮ︾ ᠳᠤ | ᠣᠷᠣᠯᠴᠠᠭᠤᠯᠬᠤ ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠰᠤᠷᠤᠯᠴᠠᠯᠭ᠎ᠠ ᠶᠢᠨ | ᠬᠡᠯᠪᠡᠷᠢ ᠪᠠᠷ ᠳᠠᠮᠵᠢᠭᠤᠯᠤᠨ᠂ ᠢᠷᠭᠡᠨ ᠤ ᠬᠠᠤᠯᠢ ᠶᠢᠨ ᠪᠢᠴᠢᠭ ᠤᠨ ᠪᠦᠬᠦ ᠠᠵᠢᠯᠲᠠᠨ ᠤ ᠰᠤᠷᠤᠯᠴᠠᠯᠭ᠎ᠠ | ᠪᠣᠯᠪᠠᠰᠣᠷᠡᠯ ᠢ ᠥᠷᠨᠢᠭᠦᠯᠵᠦ᠂ ᠢᠷᠭᠡᠨ ᠤ ᠬᠠᠤᠯᠢ ᠶᠢᠨ ᠪᠢᠴᠢᠭ ᠢ ᠬᠡᠷᠡᠭᠵᠢᠭᠦᠯᠦᠭᠰᠡᠨ ᠤ ᠲᠠᠷᠠᠭ᠎ᠠ ᠬᠠᠤᠯᠢ | ᠴᠠᠭᠠᠵᠠ ᠶᠢ ᠬᠡᠷᠡᠭᠯᠡᠬᠦ ᠪᠠᠷᠢᠮᠵᠢᠶ᠎ᠠ ᠶᠢ ᠨᠢᠭᠡᠳᠦᠯᠲᠡᠢ ᠪᠠᠶᠢᠯᠭᠠᠬᠤ ᠶᠢ ᠪᠠᠲᠤᠯᠠᠵᠤ᠂ ᠢᠷᠭᠡᠨ ᠤ ᠬᠠᠤᠯᠢ ᠶᠢᠨ ᠪᠢᠴᠢᠭ ᠢ | ᠬᠡᠷᠡᠭᠵᠢᠭᠦᠯᠦᠭᠰᠡᠨ ᠤ ᠲᠠᠷᠠᠭ᠎ᠠ ᠰᠢᠨ᠎ᠡ ᠬᠠᠭᠤᠴᠢᠨ ᠬᠠᠤᠯᠢ ᠴᠠᠭᠠᠵᠠ ᠪᠠ ᠬᠠᠤᠯᠢ ᠴᠠᠭᠠᠵᠠ ᠶᠢᠨ | ᠲᠠᠶᠢᠯᠪᠤᠷᠢᠯᠠᠯᠲᠠ ᠶᠢ ᠵᠣᠯᠭᠠᠭᠤᠯᠤᠨ ᠬᠡᠷᠡᠭᠯᠡᠬᠦ ᠠᠰᠠᠭᠤᠳᠠᠯ ᠢ ᠰᠢᠢᠳᠪᠦᠷᠢᠯᠡᠪᠡ᠃ ᠬᠡᠷᠡᠭ ᠢᠶᠠᠷ ᠬᠠᠤᠯᠢ ᠶᠢ | ᠲᠠᠶᠢᠯᠪᠤᠷᠢᠯᠠᠬᠤ᠂ ᠺᠠᠷᠲ᠋ᠣᠨ ᠵᠢᠷᠤᠭ ᠢᠶᠠᠷ ᠬᠡᠯᠡᠯᠭᠡ ᠬᠢᠬᠦ ᠵᠡᠷᠭᠡ ᠠᠷᠭ᠎ᠠ ᠮᠠᠶ᠋ᠢᠭ ᠢᠶᠠᠷ ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠪᠠᠭ᠎ᠠ ᠬᠡᠷᠡᠭ ᠤᠨ ᠵᠢᠱᠢᠶ᠎ᠡ ᠪᠠᠷ | ᠶᠡᠭᠡ ᠶᠣᠰᠣ ᠶᠢ ᠲᠣᠳᠣᠷᠬᠠᠶᠢᠯᠠᠨ ᠥᠭᠦᠯᠡᠵᠦ᠂ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠢᠷᠭᠡᠨ ᠤ | ᠬᠠᠤᠯᠢ ᠶᠢᠨ ᠰᠡᠳᠬᠢᠬᠦᠢ ᠶᠢ ᠴᠢᠩᠭᠠᠷᠠᠭᠤᠯᠵᠤ᠂ ᠢᠷᠭᠡᠨ ᠤ ᠬᠠᠤᠯᠢ ᠶᠢᠨ ᠪᠢᠴᠢᠭ ᠢ ᠠᠷᠠᠳ ᠤᠯᠠᠨ ᠤ | ᠠᠮᠢᠳᠤᠷᠠᠯ ᠳᠤ ᠣᠷᠣᠭᠤᠯᠪᠠ᠃ | ᠬᠤᠶᠠᠷ ᠲᠤ᠂ ᠠᠷᠠᠳ ᠤᠨ ᠠᠮᠢᠳᠤᠷᠠᠯ ᠤᠨ ᠬᠠᠤᠯᠢ ᠴᠠᠭᠠᠵᠠ ᠶᠢᠨ ᠪᠠᠲᠤᠯᠠᠭ᠎ᠠ ᠶᠢᠨ ᠲᠣᠣᠷ ᠢ ᠪᠠᠬᠢᠵᠢᠬᠦᠯᠪᠡ᠃ | ᠬᠦᠴᠢᠷᠳᠡᠯ ᠲᠠᠢ ᠤᠯᠠᠨ ᠲᠦᠮᠡᠨ ᠳᠤ 15.5 ᠲᠦᠮᠡᠨ ᠲᠥᠭᠦᠷᠢᠭ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ | ᠮᠥᠩᠭᠦ ᠲᠠᠷᠬᠠᠭᠠᠵᠤ᠂ ᠵᠠᠷᠭᠤ ᠶᠢᠨ ᠰᠦᠢᠳᠬᠡᠯ ᠢ 20.8 ᠲᠦᠮᠡᠨ ᠲᠥᠭᠦᠷᠢᠭ ᠬᠤᠶᠢᠰᠢᠯᠠᠭᠤᠯᠤᠨ ᠲᠤᠰᠢᠶᠠᠬᠤ ᠠᠴᠠ | ᠬᠡᠯᠲᠦᠷᠢᠭᠦᠯᠬᠦ ᠪᠠᠷ ᠲᠣᠭᠲᠠᠵᠤ᠂ ᠲᠣᠷᠣᠢ ᠪᠠᠭᠤᠷᠡᠢ ᠪᠥᠯᠦᠭᠯᠡᠯ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ | ᠬᠠᠮᠠᠭᠠᠯᠠᠵᠤ᠂ ᠵᠠᠭᠠᠯᠳᠤᠯᠭ᠎ᠠ ᠠᠴᠠ ᠪᠣᠯᠵᠤ ᠶᠠᠳᠠᠭᠤᠷᠠᠬᠤ ᠪᠠ ᠲᠠᠬᠢᠨ ᠶᠠᠳᠠᠭᠤᠷᠠᠬᠤ ᠶᠢ ᠰᠡᠷᠭᠡᠶᠢᠯᠡᠪᠡ᠃ ᠰᠤᠷᠭᠠᠨ | ᠬᠥᠮᠦᠵᠢᠯ᠂ ᠠᠵᠢᠯ ᠣᠯᠭᠤᠯᠲᠠ᠂ ᠡᠮ ᠡᠮᠨᠡᠯᠭᠡ᠂ ᠣᠷᠣᠨ ᠰᠠᠭᠤᠴᠠ᠂ ᠨᠡᠶᠢᠭᠡᠮ ᠤᠨ ᠪᠠᠲᠤᠯᠠᠭ᠎ᠠ ᠵᠡᠷᠭᠡ ᠠᠷᠠᠳ ᠤᠨ | ᠠᠮᠢᠳᠤᠷᠠᠯ ᠤᠨ ᠬᠡᠷᠡᠭ ᠢ 433 ᠬᠤᠪᠢ ᠰᠢᠭᠦᠨ ᠳᠠᠭᠤᠰᠬᠠᠪᠠ᠃ ᠴᠠᠯᠢᠩ ᠥᠷᠢᠲᠦᠬᠦ ᠶᠢ ᠦᠨᠳᠦᠰᠦᠨ ᠠᠴᠠ ᠨᠢ | ᠵᠠᠰᠠᠬᠤ ᠲᠤᠰᠬᠠᠢ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠬᠥᠳᠡᠯᠮᠦᠷᠢ ᠶᠢᠨ ᠬᠥᠯᠥᠰᠦ ᠣᠯᠭᠤᠮᠵᠢ ᠶᠢ | ᠳᠡᠮᠵᠢᠬᠦ ᠶᠢ ᠲᠡᠪᠴᠢᠭᠰᠡᠨ 2 ᠶᠠᠯᠠᠲᠤ ᠬᠡᠷᠡᠭ᠂ ᠬᠥᠳᠡᠯᠮᠦᠷᠢ ᠶᠢᠨ ᠬᠥᠯᠥᠰᠦ ᠣᠯᠭᠤᠮᠵᠢ ᠶᠢ ᠨᠡᠬᠡᠮᠵᠢᠯᠡᠨ ᠠᠪᠬᠤ | 27 ᠵᠢᠭᠤᠷᠠᠯᠳᠤᠭᠠᠨ᠂ 24 ᠬᠥᠳᠡᠯᠮᠦᠷᠢ ᠶᠢᠨ ᠮᠠᠷᠭᠤᠯᠳᠤᠭᠠᠨ ᠤ ᠵᠢᠭᠤᠷᠠᠯᠳᠤᠭᠠᠨ᠂ 23 ᠬᠥᠳᠡᠯᠮᠦᠷᠢ ᠦᠢᠯᠡᠴᠢᠯᠡᠭᠡ | ᠬᠠᠩᠭᠠᠭᠴᠢ ᠶᠢᠨ ᠬᠤᠬᠢᠷᠠᠯ ᠠᠮᠰᠠᠭᠰᠠᠨ ᠬᠠᠷᠢᠭᠤᠴᠠᠯᠭ᠎ᠠ ᠶᠢᠨ ᠵᠢᠭᠤᠷᠠᠯᠳᠤᠭᠠᠨ ᠢ ᠰᠢᠭᠦᠨ ᠳᠠᠭᠤᠰᠬᠠᠵᠤ᠂ ᠬᠡᠷᠡᠭ ᠲᠤ | ᠬᠤᠯᠪᠣᠭᠳᠠᠭᠰᠠᠨ ᠬᠠᠷᠠᠯᠲᠠ ᠶᠢᠨ ᠲᠤᠭ᠎ᠠ 220.2 ᠲᠦᠮᠡᠨ ᠲᠥᠭᠦᠷᠢᠭ ᠲᠤ ᠬᠦᠷᠴᠡᠢ᠃ ᠠᠵᠢᠯ ᠠᠴᠠ ᠪᠣᠯᠤᠭᠰᠠᠨ | ᠭᠡᠮᠲᠦᠯ᠂ ᠡᠮ ᠡᠮᠨᠡᠯᠭᠡ ᠶᠢᠨ ᠳᠠᠭᠠᠳᠬᠠᠯ᠂ ᠨᠡᠶᠢᠭᠡᠮ ᠤᠨ ᠠᠪᠤᠷᠠᠨ ᠲᠤᠰᠠᠯᠠᠯᠲᠠ ᠵᠡᠷᠭᠡ ᠬᠡᠷᠡᠭ ᠢ ᠬᠠᠤᠯᠢ ᠶᠣᠰᠣᠭᠠᠷ | ᠰᠢᠭᠦᠨ ᠰᠢᠢᠳᠪᠦᠷᠢᠯᠡᠵᠦ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠭᠰᠠᠨ ᠨᠤᠷᠮ᠎ᠠ | ᠂ ᠳᠠᠭᠠᠳᠬᠠᠯ ᠢ ᠲᠠᠰᠤᠯᠬᠤ᠂ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠰᠠᠭᠠᠳ ᠦᠭᠡᠢ | ᠪᠠᠶᠢᠬᠤ ᠵᠡᠷᠭᠡ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠶᠢ ᠨᠥᠯᠥᠭᠡᠯᠡᠵᠦ ᠪᠠᠶᠢᠭ᠎ᠠ ᠠᠰᠠᠭᠤᠳᠠᠯ ᠢ | ᠰᠢᠢᠳᠪᠦᠷᠢᠯᠡᠬᠦ ᠶᠢ ᠲᠦᠯᠬᠢᠨ ᠠᠬᠢᠭᠤᠯᠪᠠ᠃ ᠵᠡᠮᠳᠡᠭᠴᠦᠳ ᠤᠨ ᠵᠠᠷᠭᠤᠯᠳᠤᠭᠠᠨ ᠳᠤ ᠰᠠᠭᠠᠳ ᠦᠭᠡᠢ ᠨᠡᠪᠲᠡᠷᠡᠬᠦ | ᠵᠠᠮ ᠢ ᠨᠡᠭᠡᠭᠡᠨ ᠥᠭᠴᠦ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠭᠦᠢᠴᠡᠳ ᠪᠠᠲᠤᠯᠠᠪᠠ᠃ | ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠳᠤ ᠢᠳᠡᠪᠬᠢᠲᠡᠢ | ᠣᠷᠣᠯᠴᠠᠵᠤ᠂ ᠲᠤᠰᠬᠠᠢ ᠰᠡᠳᠦᠪᠲᠦ ᠬᠠᠤᠯᠢ ᠴᠠᠭᠠᠵᠠ ᠶᠢᠨ ᠲᠠᠶᠢᠯᠤᠮᠵᠢ ᠶᠢ ᠨᠢᠭᠡ ᠤᠳᠠᠭ᠎ᠠ ᠵᠣᠬᠢᠶᠠᠨ ᠪᠠᠶᠢᠭᠤᠯᠵᠤ᠂ | ᠮᠡᠬᠡᠯᠡᠬᠦ ᠶᠢ ᠡᠰᠡᠷᠭᠦᠴᠡᠬᠦ 4 ᠵᠢᠵᠢᠭ ᠸᠢᠳᠢᠤ᠋ ᠶᠢ ᠦᠢᠯᠡᠳᠦᠨ ᠨᠡᠶᠢᠲᠡᠯᠡᠵᠦ᠂ ᠨᠡᠶᠢᠭᠡᠮ ᠲᠣᠭᠤᠷᠢᠭ ᠲᠤ 7 ᠤᠳᠠᠭ᠎ᠠ | ᠤᠬᠠᠭᠤᠯᠵᠤ᠂ 20 ᠵᠣᠷᠪᠣᠰ ᠸᠢᠴᠠᠲ ᠤᠨ ᠨᠡᠶᠢᠲᠡ ᠶᠢᠨ ᠳ᠋ᠤᠭᠠᠷ ᠢ ᠨᠡᠶᠢᠲᠡᠯᠡᠨ᠂ 40 ᠵᠤᠷᠪᠤᠰ ᠤᠬᠠᠭᠤᠯᠭ᠎ᠠ ᠶᠢᠨ | ᠪᠢᠴᠢᠭᠡᠰᠦ ᠡᠯᠭᠦᠵᠦ᠂ 1000 ᠬᠠᠭᠤᠳᠠᠰᠤ ᠤᠬᠠᠭᠤᠯᠭ᠎ᠠ ᠶᠢᠨ ᠥᠩᠭᠡᠲᠦ ᠬᠠᠭᠤᠳᠠᠰᠤ ᠲᠠᠷᠬᠠᠭᠠᠵᠤ᠂ 1000 | ᠬᠤᠪᠢ ᠤᠬᠠᠭᠤᠯᠭ᠎ᠠ ᠶᠢᠨ ᠡᠳ᠋ ᠪᠣᠳᠠᠰ ᠢ ᠬᠥᠷᠭᠡᠪᠡ᠃ | ᠭᠤᠷᠪᠠ ᠳᠤ᠂ ᠭᠡᠷ ᠪᠦᠯᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠪᠠ᠃ ᠤᠷᠤᠭ ᠭᠡᠷ ᠪᠦᠯᠢ ᠶᠢᠨ | ᠲᠦᠷᠦᠯ ᠤᠨ ᠬᠡᠷᠡᠭ ᠢ 699 ᠬᠤᠪᠢ ᠰᠢᠭᠦᠨ ᠳᠠᠭᠤᠰᠬᠠᠵᠤ᠂ ᠬᠡᠷᠡᠭ ᠲᠤ ᠬᠤᠯᠪᠣᠭᠳᠠᠭᠰᠠᠨ ᠬᠠᠷᠠᠯᠲᠠ ᠶᠢᠨ ᠲᠤᠭ᠎ᠠ | ᠨᠢ 1934.6 ᠲᠦᠮᠡᠨ ᠲᠥᠭᠦᠷᠢᠭ ᠲᠤ ᠬᠦᠷᠴᠡᠢ᠃ ᠭᠡᠷ ᠤᠨ ᠶᠠᠪᠤᠳᠠᠯ ᠤᠨ ᠰᠢᠭᠦᠨ ᠲᠠᠰᠤᠯᠤᠯᠲᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠡᠷ ᠤᠨ ᠶᠠᠪᠤᠳᠠᠯ ᠢ ᠡᠶᠡᠳᠡᠭᠦᠯᠬᠦ᠂ ᠭᠡᠷ ᠤᠨ ᠶᠠᠪᠤᠳᠠᠯ ᠢ ᠪᠠᠶᠢᠴᠠᠭᠠᠬᠤ᠂ | ᠰᠡᠳᠬᠢᠴᠡ ᠶᠢᠨ ᠲᠠᠯ᠎ᠠ ᠪᠠᠷ ᠬᠠᠪᠰᠤᠷᠤᠨ ᠵᠢᠯᠤᠭᠤᠳᠬᠤ ᠵᠡᠷᠭᠡ ᠳᠦᠷᠢᠮ ᠢ ᠲᠡᠭᠦᠯᠳᠡᠷᠵᠢᠭᠦᠯᠵᠦ᠂ ᠤᠷᠤᠭ ᠤᠨ | ᠶᠠᠪᠤᠳᠠᠯ ᠤᠨ ᠡᠷᠬᠡ ᠴᠢᠯᠦᠭᠡ ᠶᠢ ᠪᠠᠲᠤᠯᠠᠵᠤ᠂ ᠭᠡᠷ ᠪᠦᠯᠢ ᠶᠢᠨ ᠡᠶ᠎ᠡ ᠵᠣᠬᠢᠴᠠᠯ ᠢ ᠠᠬᠢᠭᠤᠯᠪᠠ᠃ ᠠᠰᠠᠷᠠᠨ ᠲᠡᠵᠢᠭᠡᠬᠦ | ᠬᠡᠷᠡᠭ ᠢ ᠬᠠᠤᠯᠢ ᠶᠣᠰᠣᠭᠠᠷ ᠰᠢᠭᠦᠨ ᠰᠢᠢᠳᠪᠦᠷᠢᠯᠡᠵᠦ᠂ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠢ | ᠪᠠᠲᠤᠯᠠᠨ᠂ ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠠᠰᠠᠷᠠᠬᠤ ᠡᠷᠬᠢᠮ ᠲᠡᠭᠡᠳᠣ ᠰᠤᠷᠲᠠᠯ ᠢ ᠪᠠᠳᠠᠷᠠᠭᠤᠯᠵᠤ᠂ | ᠨᠠᠰᠤᠲᠠᠨ ᠢᠶᠠᠨ ᠠᠰᠠᠷᠠᠵᠤ ᠨᠠᠰᠤᠲᠠᠨ ᠢᠶᠠᠨ ᠬᠠᠪᠰᠤᠷᠬᠤ ᠬᠠᠷᠢᠭᠤᠴᠠᠯᠭ᠎ᠠ ᠶᠢ ᠴᠢᠩᠭᠠᠳᠬᠠᠪᠠ᠃ ᠨᠠᠰᠤᠨ ᠳᠤ ᠦᠯᠦ | ᠬᠦᠷᠦᠭᠰᠡᠳ ᠲᠤ ᠬᠠᠮᠤᠭ ᠤᠨ ᠠᠰᠢᠭᠲᠠᠢ ᠪᠠᠶᠢᠯᠭᠠᠬᠤ ᠵᠠᠷᠴᠢᠮ ᠢ ᠪᠠᠷᠢᠮᠲᠠᠯᠠᠵᠤ᠂ ᠪᠠᠭᠠᠴᠤᠳ ᠤᠨ ᠰᠢᠭᠦᠬᠦ | ᠲᠢᠩᠬᠢᠮ ᠤᠨ ᠪᠠᠶᠢᠭᠤᠯᠤᠯᠲᠠ ᠶᠢ ᠠᠬᠢᠭᠤᠯᠪᠠ᠃ ᠰᠢᠬᠦᠭᠴᠢ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ | ᠶᠠᠷᠢᠶᠠᠨ ᠤ ᠲᠠᠪᠴᠠᠩ ᠳᠤ ᠭᠠᠷᠭᠠᠬᠤ ᠠᠵᠢᠯᠯᠠᠭ᠎ᠠ ᠶᠢ ᠥᠷᠨᠢᠭᠦᠯᠵᠦ᠂ ᠰᠢᠬᠦᠭᠴᠢ ᠢ ᠳᠤᠮᠳᠠᠳᠤ ᠪᠠᠭ᠎ᠠ | ᠰᠤᠷᠭᠠᠭᠤᠯᠢ ᠶᠢᠨ ᠬᠠᠤᠯᠢ ᠪᠠᠷ ᠵᠠᠰᠠᠬᠤ ᠳᠡᠳ᠋ ᠵᠠᠬᠢᠷᠤᠯ᠂ ᠰᠤᠷᠭᠠᠭᠤᠯᠢ ᠶᠢᠨ ᠭᠠᠳᠠᠨᠠᠬᠢ ᠬᠠᠤᠯᠢ ᠪᠠᠷ ᠵᠠᠰᠠᠬᠤ | ᠬᠠᠪᠰᠤᠷᠤᠨ ᠵᠢᠯᠣᠭᠤᠳᠤᠭᠴᠢ ᠪᠠᠷ ᠰᠣᠩᠭᠤᠨ ᠲᠣᠮᠢᠯᠠᠵᠤ᠂ ᠠᠮᠢᠳᠤᠯᠢᠭ ᠬᠡᠷᠡᠭ ᠤᠨ ᠵᠢᠱᠢᠶ᠎ᠡ ᠪᠠᠷ ᠵᠠᠯᠠᠭᠤᠴᠤᠳ | ᠪᠠᠭᠠᠴᠤᠳ ᠢ ᠬᠠᠪᠰᠤᠷᠤᠨ ᠦᠨᠳᠦᠰᠦᠨ ᠬᠠᠤᠯᠢ ᠶᠢᠨ ᠤᠬᠠᠮᠰᠠᠷ ᠪᠠ ᠬᠠᠤᠯᠢ ᠪᠠᠷ ᠵᠠᠰᠠᠬᠤ ᠦᠵᠡᠯᠲᠡ ᠶᠢ ᠨᠢ | ᠴᠢᠩᠭᠠᠷᠠᠭᠤᠯᠪᠠ᠃ ᠬᠤᠰᠢᠭᠤᠨ ᠤ ᠪᠠᠶᠢᠴᠠᠭᠠᠬᠤ ᠬᠤᠷᠢᠶ᠎ᠠ ᠲᠠᠢ ᠬᠠᠮᠲᠤᠷᠠᠨ ᠬᠤᠶᠠᠳᠤᠭᠠᠷ ᠳᠤᠮᠳᠠᠳᠤ | ᠰᠤᠷᠭᠠᠭᠤᠯᠢ ᠳᠤ ᠬᠦᠷᠴᠦ ᠰᠢᠨ᠎ᠡ ᠰᠤᠷᠤᠯᠭ᠎ᠠ ᠶᠢᠨ ᠬᠤᠭᠤᠴᠠᠭᠠᠨ ᠤ ︽ᠬᠠᠤᠯᠢ ᠪᠠᠷ ᠵᠠᠰᠠᠬᠤ ᠠᠩᠬᠠᠨ ᠤ ᠬᠢᠴᠢᠶᠡᠯ︾ | ᠢ ᠬᠤᠷᠠᠯᠳᠤᠭᠤᠯᠵᠤ᠂ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠠᠵᠢᠯᠯᠠᠭ᠎ᠠ ᠳᠤ ᠴᠣᠬᠢᠯᠲᠠ ᠥᠭᠬᠦ | ︾ ᠠᠵᠢᠯᠯᠠᠭ᠎ᠠ ᠶᠢ ᠬᠠᠮᠲᠤ ᠪᠠᠷ ᠥᠷᠨᠢᠬᠦᠯᠪᠡ᠃ ᠭᠤᠷᠪᠠᠳᠤᠭᠠᠷ ᠳᠤᠮᠳᠠᠳᠤ ᠰᠤᠷᠭᠠᠭᠤᠯᠢ ᠲᠠᠢ ᠬᠠᠮᠲᠤᠷᠠᠨ ︽ᠵᠠᠯᠠᠭᠤ | ᠨᠠᠰᠤ ᠪᠠᠨ ᠨᠠᠮ ᠳᠤ ᠡᠷᠬᠦᠨ᠂ ᠬᠠᠤᠯᠢ ᠲᠠᠢ ᠬᠠᠮᠳᠣ ᠣᠷᠣᠭᠰᠢᠯᠠᠬᠤ︾ ᠳᠠᠭᠤᠷᠢᠶᠠᠮᠠᠯ ᠰᠢᠭᠦᠬᠦ ᠲᠢᠩᠬᠢᠮ ᠤᠨ | ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ 60 ᠭᠠᠷᠤᠢ ᠰᠤᠷᠤᠭᠴᠢ ᠰᠢᠭᠦᠬᠦ ᠬᠤᠷᠢᠶᠠᠨ ᠳᠤ | ᠣᠴᠢᠵᠤ᠂ ᠰᠢᠭᠦᠬᠦ ᠲᠢᠩᠬᠢᠮ ᠳᠤ ᠣᠷᠣᠵᠤ ᠣᠶᠢᠯᠠᠭᠠᠬᠤ ᠮᠠᠶ᠋ᠢᠭ ᠤᠨ ᠰᠢᠭᠦᠨ ᠲᠠᠰᠤᠯᠬᠤ ᠠᠵᠢᠯ ᠢ ᠥᠢᠯᠭᠠᠭᠤᠯᠪᠠ | ᠃ | ᠳᠥᠷᠪᠡ ᠳᠤ᠂ ᠵᠠᠷᠭᠤ ᠳᠤ ᠬᠤᠯᠪᠣᠭᠳᠠᠭᠰᠠᠨ ᠵᠠᠬᠢᠳᠠᠯ ᠰᠣᠷᠪᠤᠯᠵᠢᠯᠠᠭ᠎ᠠ ᠶᠢ ᠰᠡᠳᠬᠢᠯ ᠲᠠᠯᠪᠢᠨ ᠰᠢᠢᠳᠪᠦᠷᠢᠯᠡᠪᠡ᠃ | 2022 ᠣᠨ ᠳᠤ᠂ ᠨᠡᠶᠢᠳᠡ 241 ᠬᠤᠪᠢ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠭᠥᠯᠢᠶᠡᠨ ᠠᠪᠴᠤ᠂ 218 | ᠬᠤᠪᠢ ᠶᠢ ᠨᠢ ᠨᠢᠭᠡᠨᠲᠡ ᠰᠢᠢᠳᠪᠦᠷᠢᠯᠡᠨ ᠳᠠᠭᠤᠰᠬᠠᠵᠤ᠂ ᠰᠢᠢᠳᠪᠦᠷᠢᠯᠡᠨ ᠳᠠᠭᠤᠰᠬᠠᠭᠰᠠᠨ ᠨᠤᠷᠮ᠎ᠠ ᠨᠢ 90. | 46% ᠳᠤ ᠬᠦᠷᠴᠡᠢ᠃ ᠡᠭᠦᠨ ᠤ ᠳᠣᠲᠣᠷ᠎ᠠ 193 ᠵᠦᠢᠯ ᠢ ᠨᠠᠮᠳᠠᠭᠤᠯᠵᠤ᠂ ᠨᠠᠮᠳᠠᠭᠤᠯᠤᠭᠰᠠᠨ ᠨᠤᠷᠮ᠎ᠠ ᠨᠢ 80. | 1% ᠳᠤ ᠬᠦᠷᠪᠡ᠃ ᠤᠣ ᠣᠪᠣᠭᠲᠤ ᠠᠴᠠ ᠵᠢᠩ ᠣᠪᠣᠭᠲᠤ ᠶᠢᠨ ᠵᠠᠮ ᠬᠠᠷᠢᠯᠴᠠᠭᠠᠨ ᠤ ᠡ᠊ᠨᠳᠡᠯ ᠭᠠᠷᠭᠠᠭᠰᠠᠨ | ᠬᠡᠷᠡᠭ ᠢ ᠵᠠᠭᠠᠯᠳᠤᠬᠤ ᠳᠤ᠂ ᠤᠤᠯ ᠤᠨ ᠨᠢᠭᠡᠳᠦᠭᠡᠷ ᠰᠢᠭᠦᠯᠲᠡ ᠶᠢᠨ ᠰᠢᠭᠦᠬᠦ ᠬᠤᠷᠢᠶᠠᠨ ᠤ ᠬᠡᠷᠡᠭ ᠰᠢᠢᠳᠪᠦᠷᠢᠯᠡᠬᠦ | ᠵᠢᠷᠤᠮ ᠳᠤ ᠦ ᠰᠡᠪ ᠲᠠᠢ ᠪᠠᠶᠢᠭᠰᠠᠨ ᠠᠴᠠ ᠪᠣᠯᠵᠤ᠂ ᠲᠤᠰ ᠬᠡᠷᠡᠭ ᠢ 8 ᠵᠢᠯ ᠤᠨ ᠬᠤᠭᠤᠴᠠᠭᠠᠨ ᠳᠤ ᠨᠢᠭᠡᠳᠦᠭᠡᠷ | ᠰᠢᠭᠦᠯᠲᠡ᠂ ᠬᠤᠶᠠᠳᠤᠭᠠᠷ ᠰᠢᠭᠦᠯᠲᠡ᠂ ᠲᠠᠬᠢᠨ ᠰᠢᠭᠦᠯᠲᠡ ᠶᠢ ᠥᠩᠭᠡᠷᠡᠭᠡᠭᠡᠳ᠂ ᠲᠠᠬᠢᠨ ᠰᠢᠭᠦᠯᠭᠡᠬᠦ ᠪᠠᠷ ᠪᠤᠴᠠᠭᠠᠪᠠ ᠃ | ᠲᠤᠬᠠᠢ ᠶᠢᠨ ᠬᠥᠮᠥᠨ ᠨᠢ ᠢᠮᠠᠭᠲᠠ ᠵᠠᠬᠢᠳᠠᠯ ᠰᠣᠷᠪᠤᠯᠵᠢᠯᠠᠭ᠎ᠠ ᠬᠢᠭᠰᠡᠭᠡᠷ ᠪᠠᠶᠢᠪᠠ᠃ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠳᠤ ᠬᠦᠷᠴᠦ ᠰᠢᠭᠦᠭᠰᠡᠨ ᠤ ᠲᠠᠷᠠᠭ᠎ᠠ ᠰᠢᠭᠦᠭᠴᠢ ᠠᠴᠠ | ᠤᠯᠠᠨ ᠤᠳᠠᠭ᠎ᠠ ᠬᠠᠤᠯᠢ ᠴᠠᠭᠠᠵᠠ ᠶᠢᠨ ᠲᠠᠶᠢᠯᠪᠤᠷᠢᠯᠠᠯᠲᠠ ᠶᠢᠨ ᠡᠶᠡᠳᠡᠭᠦᠯᠭᠡ ᠶᠢ ᠵᠣᠬᠢᠶᠠᠨ ᠪᠠᠶᠢᠭᠤᠯᠵᠤ᠂ | ᠡᠴᠦᠰ ᠲᠡᠭᠡᠨ ᠬᠤᠶᠠᠷ ᠲᠠᠯ᠎ᠠ ᠪᠠᠷ ᠢᠶᠠᠨ ᠡᠶᠡᠳᠡᠬᠦ ᠶᠢᠨ ᠬᠠᠮᠲᠤ ᠵᠠᠭᠠᠯᠳᠤᠯᠭ᠎ᠠ ᠪᠠᠨ ᠵᠣᠭᠰᠣᠭᠠᠵᠠᠢ᠃ | ᠲᠠᠪᠤ ᠳᠤ᠂ ᠵᠢᠭᠤᠷᠠᠯᠳᠤᠭᠠᠨ ᠢ ᠰᠢᠢᠳᠪᠦᠷᠢᠯᠡᠬᠦ ᠤᠯᠠᠨ ᠡᠰᠢᠲᠦ ᠦᠢᠯᠡᠴᠢᠯᠡᠭᠡ ᠶᠢ ᠥᠷᠭᠡᠳᠭᠡᠪᠡ᠃ ᠰᠢᠨ᠎ᠡ ᠴᠠᠭ | ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠨᠢᠭᠡ ᠯᠡ ᠥᠷᠲᠡᠭᠡᠨ ᠤ | ᠮᠠᠶ᠋ᠢᠭ ᠤᠨ ᠵᠠᠷᠭᠤ ᠶᠢᠨ ᠦᠢᠯᠡᠴᠢᠯᠡᠭᠡᠨ ᠤ ᠪᠠᠶᠢᠭᠤᠯᠤᠯᠲᠠ ᠶᠢ ᠬᠤᠳᠠ ᠶᠢᠨ ᠬᠡᠪᠴᠢᠶᠡᠨ ᠤ ᠨᠡᠶᠢᠭᠡᠮ ᠤᠨ | ᠵᠠᠰᠠᠯᠲᠠ ᠶᠢᠨ ᠣᠳᠣᠬᠢᠴᠢᠯᠡᠯᠳᠡ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠳᠤ ᠠᠭᠤᠰᠬᠠᠨ ᠣᠷᠣᠭᠤᠯᠵᠤ᠂ | ᠰᠢᠭᠦᠬᠦ ᠬᠤᠷᠢᠶ᠎ᠠ ᠪᠠ ᠰᠢᠭᠦᠬᠦ ᠲᠢᠩᠬᠢᠮ ᠤᠨ ᠠᠷᠠᠳ ᠤᠯᠠᠨ ᠲᠠᠢ ᠣᠶᠢᠷᠠᠳᠬᠤ ᠴᠢᠳᠠᠮᠵᠢ ᠶᠢᠨ ᠳᠠᠪᠠᠭᠤᠯᠢᠭ ᠢ | ᠭᠦᠢᠴᠡᠳ ᠪᠠᠳᠠᠷᠠᠭᠤᠯᠵᠤ᠂ ᠨᠡᠶᠢᠭᠡᠮ ᠤᠨ ᠵᠥᠷᠢᠴᠡᠯ ᠢ ᠶᠡᠷᠦᠩᠬᠡᠶᠢᠯᠡᠨ ᠵᠠᠰᠠᠬᠤ᠂ ᠡᠬᠢ ᠡᠭᠦᠰᠦᠯ ᠠᠴᠠ ᠨᠢ | ᠵᠠᠰᠠᠬᠤ ᠶᠢ ᠲᠦᠯᠬᠢᠨ ᠠᠬᠢᠭᠤᠯᠪᠠ᠃ ᠵᠢᠷᠣᠭᠡᠨ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠠᠢ | ᠬᠠᠮᠲᠤᠷᠠᠯᠴᠠᠵᠤ᠂ ᠬᠤᠩ ᠰᠢᠨ ᠲᠣᠰᠬᠤᠨ ᠳᠤ ︽ᠵᠠᠷᠭᠤ ᠦᠭᠡᠢ ᠲᠣᠰᠬᠤᠨ︾ ᠤ ᠵᠢᠱᠢᠶ᠎ᠡ ᠦᠵᠡᠭᠦᠯᠬᠦ ᠴᠡᠭ ᠢ | ᠡᠭᠦᠳᠦᠨ ᠪᠠᠶᠢᠭᠤᠯᠬᠤ ᠠᠵᠢᠯᠯᠠᠭ᠎ᠠ ᠥᠷᠨᠢᠭᠦᠯᠪᠡ᠃ ᠲᠣᠭᠤᠷᠢᠨ ᠰᠢᠭᠦᠨ ᠲᠠᠰᠤᠯᠬᠤ ᠠᠵᠢᠯ ᠢ ᠭᠦᠨᠵᠡᠭᠡᠢ | ᠥᠷᠨᠢᠭᠦᠯᠵᠦ᠂ ᠮᠠᠯᠴᠢᠨ ᠲᠠᠷᠢᠶᠠᠴᠢᠨ ᠲᠦᠮᠡᠨ ᠳᠤ ᠬᠠᠤᠯᠢ ᠴᠠᠭᠠᠵᠠ ᠶᠢᠨ ᠰᠢᠯᠢᠳᠡᠭ ᠦᠢᠯᠡᠴᠢᠯᠡᠭᠡ ᠬᠠᠩᠭᠠᠵᠤ᠂ | ᠵᠥᠷᠢᠴᠡᠯ ᠵᠢᠭᠤᠷᠠᠯᠳᠤᠭᠠᠨ ᠢ ᠰᠢᠭᠤᠶᠢᠲᠤ ᠣᠷᠣᠨ ᠲᠠᠯ᠎ᠠ ᠨᠣᠳᠤᠭ᠂ ᠲᠠᠷᠢᠶᠠᠨ ᠭᠠᠵᠠᠷ ᠲᠤ ᠠᠷᠢᠯᠭᠠᠵᠤ᠂ ᠬᠠᠤᠯᠢ | ᠴᠠᠭᠠᠵᠠ ᠶᠢᠨ ᠠᠵᠢᠯ ᠢ ᠠᠷᠠᠳ ᠲᠦᠮᠡᠨ ᠳᠤ ᠨᠡᠩ ᠲᠦᠭᠦᠮ ᠪᠣᠯᠭᠠᠵᠤ᠂ ᠠᠷᠠᠳ ᠲᠦᠮᠡᠨ ᠳᠤ ᠨᠡᠩ | ᠥᠢᠷᠡᠳᠣᠭᠤᠯᠪᠠ᠃ ᠤᠯᠠᠨ ᠲᠦᠮᠡᠨ ᠤ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠵᠢᠭᠤᠷᠠᠯᠳᠤᠭᠠᠨ ᠢ | ᠰᠢᠢᠳᠪᠦᠷᠢᠯᠡᠬᠦ ᠳᠤ ᠲᠣᠪᠶᠤᠭ ᠮᠠᠶ᠋ᠢᠭ ᠂ ᠡᠷᠴᠢᠮᠵᠢᠭᠰᠡᠨ ᠮᠠᠶ᠋ᠢᠭ᠂ ᠨᠢᠭᠡ ᠯᠡ ᠥᠷᠲᠡᠭᠡᠨ ᠤ ᠮᠠᠶ᠋ᠢᠭ ᠤᠨ ᠦᠢᠯᠡᠴᠢᠯᠡᠭᠡ | ᠬᠠᠩᠭᠠᠵᠤ᠂ ᠵᠢᠭᠤᠷᠠᠯᠳᠤᠭᠠᠨ ᠢ ᠰᠢᠢᠳᠪᠦᠷᠢᠯᠡᠬᠦ ᠤᠯᠠᠨ ᠶᠠᠩᠵᠣ ᠶᠢᠨ ᠲᠥᠰᠥᠯ ᠪᠠ ᠡᠷᠬᠡ ᠶᠢ ᠲᠡᠳᠬᠦᠬᠦ ᠠᠷᠭ᠎ᠠ ᠵᠠᠮ | ᠬᠠᠩᠭᠠᠵᠤ᠂ ᠵᠥᠷᠢᠴᠡᠯ ᠵᠢᠭᠤᠷᠠᠯᠳᠤᠭᠠᠨ ᠢ ᠲᠥᠪ ᠭᠤᠣᠯᠴᠢ᠂ ᠥᠨᠳᠥᠷ ᠪᠦᠲᠦᠮᠵᠢᠲᠡᠶ᠂ ᠦᠨᠡᠨ ᠪᠣᠳᠠᠲᠠᠢ ᠪᠠᠷ | ᠰᠢᠢᠳᠪᠦᠷᠢᠯᠡᠬᠦ ᠶᠢ ᠠᠬᠢᠭᠤᠯᠪᠠ᠃ ᠵᠠᠷᠭᠤ ᠶᠢᠨ ᠪᠤᠰᠤ ᠵᠢᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ ᠶᠢ | ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ ᠡᠶᠡᠳᠡᠭᠦᠯᠭᠡ᠂ ᠬᠠᠤᠯᠢ | ᠴᠠᠭᠠᠵᠠ ᠶᠢᠨ ᠡᠶᠡᠳᠡᠭᠦᠯᠭᠡ ᠶᠢᠨ ᠬᠤᠯᠪᠣᠯᠳᠤᠯ ᠢ ᠴᠢᠩᠭᠠᠳᠬᠠᠵᠤ᠂ ᠵᠠᠷᠭᠤ ᠶᠢᠨ ᠪᠤᠰᠤ ᠪᠠ ᠵᠠᠷᠭᠤ ᠶᠢ | ᠵᠣᠯᠭᠠᠭᠤᠯᠬᠤ ᠶᠢ ᠴᠢᠩᠭᠠᠳᠬᠠᠵᠤ᠂ ᠵᠥᠷᠢᠴᠡᠯ ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠤᠷᠢᠳᠴᠢᠯᠠᠨ | ᠰᠡᠷᠭᠡᠶᠢᠯᠡᠵᠦ ᠠᠷᠢᠯᠭᠠᠬᠤ ᠶᠢ ᠢᠳᠡᠪᠬᠢᠲᠡᠢ ᠲᠦᠯᠬᠢᠨ ᠠᠬᠢᠭᠤᠯᠪᠠ᠃ ᠠᠷᠠᠳ ᠤᠨ ᠰᠢᠭᠦᠬᠦ ᠬᠤᠷᠢᠶᠠᠨ ᠤ ᠡᠶᠡᠳᠡᠭᠦᠯᠬᠦ | ᠲᠠᠪᠴᠠᠩ ᠢ ᠪᠦᠬᠦ ᠲᠠᠯ᠎ᠠ ᠪᠠᠷ ᠬᠡᠷᠡᠭᠯᠡᠵᠦ᠂ ᠲᠤᠬᠠᠢ ᠶᠢᠨ ᠬᠥᠮᠥᠨ ᠤ ᠰᠠᠶᠢᠨ ᠳᠤᠷ᠎ᠠ ᠶᠢᠨ ᠪᠠᠶᠢᠬᠤ ᠰᠠᠭᠤᠷᠢᠨ ᠳᠡᠭᠡᠷ᠎ᠡ | ᠡᠶᠡᠳᠡᠭᠦᠯᠬᠦ ᠠᠵᠢᠯ ᠢ ᠥᠷᠨᠢᠭᠦᠯᠪᠡ᠃ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠭᠠᠶᠢᠯᠢ ᠶᠢᠨ | ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠵᠣᠯᠭᠠᠭᠤᠯᠵᠤ᠂ ᠠᠵᠢᠯ ᠲᠥᠷᠥᠯ ᠤᠨ ᠡᠶᠡᠳᠡᠭᠦᠯᠭᠡ ᠶᠢ | ᠰᠢᠭᠦᠬᠦ ᠬᠤᠷᠢᠶ᠎ᠠ ᠳᠤ ᠣᠷᠣᠭᠤᠯᠵᠤ᠂ ᠵᠥᠷᠢᠴᠡᠯ ᠵᠢᠭᠤᠷᠠᠯᠳᠤᠭᠠᠨ ᠢ ᠬᠦᠴᠦ ᠪᠠᠨ ᠬᠠᠮᠲᠤᠳᠬᠠᠨ ᠰᠢᠢᠳᠪᠣᠷᠢᠯᠡᠪᠡ᠃ | 2022 ᠣᠨ ᠳᠤ᠂ ᠵᠠᠭᠠᠯᠳᠤᠬᠤ ᠠᠴᠠ ᠡᠮᠦᠨᠡᠬᠢ ᠡᠶᠡᠳᠡᠬᠦᠯᠦᠭᠰᠡᠨ ᠬᠡᠷᠡᠭ ᠢ ᠨᠡᠶᠢᠳᠡ 4157 ᠬᠤᠪᠢ ᠭᠥᠯᠢᠶᠡᠨ | ᠠᠪᠴᠤ ᠰᠢᠢᠳᠪᠦᠷᠢᠯᠡᠵᠦ᠂ ᠡᠶᠡᠳᠡᠭᠦᠯᠦᠭᠡᠳ ᠠᠮᠵᠢᠯᠲᠠ ᠣᠯᠣᠭᠰᠠᠨ ᠨᠢ 3364 ᠬᠤᠪᠢ ᠪᠠᠶᠢᠵᠤ᠂ | ᠵᠠᠭᠠᠯᠳᠤᠬᠤ ᠠᠴᠠ ᠡᠮᠦᠨᠡᠬᠢ ᠡᠶᠡᠳᠡᠭᠦᠯᠭᠡ ᠶᠢᠨ ᠨᠤᠷᠮ᠎ᠠ ᠨᠢ 80.92% ᠲᠤ ᠬᠦᠷᠴᠡᠢ᠃ | ︵ᠳᠥᠷᠪᠡ︶ ᠬᠠᠤᠯᠢ ᠴᠠᠭᠠᠵᠠ ᠶᠢᠨ ᠪᠠᠶᠢᠭᠤᠯᠣᠮᠵᠢ ᠤᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠪᠠ᠃ | ᠨᠢᠭᠡ ᠳᠤ᠂ ᠲᠦᠷᠭᠡᠨᠲ᠋ᠠᠰᠤᠯᠤᠯᠲᠠ ᠶᠢᠨ ᠪᠦᠯᠬᠦᠮᠨᠡᠶᠢᠲᠡ ᠶᠢᠨ ᠪᠠᠶᠢᠭᠤᠯᠤᠯᠲᠠ ᠶᠢ ᠬᠥᠨᠵᠡᠬᠡᠶᠢᠷᠡᠬᠦᠯᠪᠡ ᠃ ︽ | ᠢᠷᠭᠡᠨ ᠤ ᠬᠡᠷᠡᠭ ᠤᠨ ᠲᠦᠷᠭᠡᠨ ᠲᠠᠰᠤᠯᠬᠤ ᠬᠡᠷᠡᠭ ᠢ ᠰᠢᠭᠦᠬᠦ ᠲᠤᠬᠠᠢ ᠬᠡᠷᠡᠭᠵᠢᠭᠦᠯᠬᠦ ᠨᠠᠷᠢᠨ ᠳᠦᠷᠢᠮ︾ ᠢ | ᠲᠣᠭᠲᠠᠭᠠᠵᠤ᠂ ᠬᠡᠷᠡᠭ ᠢ ᠭᠥᠯᠢᠶᠡᠨ ᠠᠪᠬᠤ ᠬᠡᠪᠴᠢᠶ᠎ᠡ᠂ ᠬᠡᠷᠡᠭ ᠪᠣᠯᠭᠠᠨ ᠳᠠᠩᠰᠠᠯᠠᠬᠤ ᠪᠠᠷᠢᠮᠵᠢᠶ᠎ᠠ᠂ ᠰᠢᠭᠦᠨ | ᠲᠠᠰᠤᠯᠬᠤ ᠵᠢᠷᠤᠮ ᠵᠡᠷᠭᠡ ᠲᠠᠯ᠎ᠠ ᠪᠠᠷ ᠳᠥᠴᠢᠨ ᠲᠦᠷᠪᠡᠨ ᠵᠦᠢᠯ ᠤᠨ ᠲᠣᠭᠲᠠᠭᠠᠯ ᠢ ᠲᠣᠭᠲᠠᠭᠠᠵᠤ᠂ ᠲᠦᠷᠭᠡᠨ | ᠲᠠᠰᠤᠯᠬᠤ ᠪᠦᠯᠬᠦᠮ ᠤᠨ ᠠᠵᠢᠯ ᠢ ᠵᠦᠢᠯ ᠳᠠᠷᠠᠭᠠᠯᠠᠨ ᠲᠥᠷᠢᠮᠵᠢᠬᠦᠯᠵᠣ᠂ ᠬᠡᠷᠡᠭ ᠤᠨ ᠶᠠᠷᠰᠢᠭ ᠲᠦᠪᠡᠭ ᠢ ᠰᠠᠯᠭᠠᠬᠤ | ᠪᠠᠷᠢᠮᠵᠢᠶ᠎ᠠ ᠶᠢ ᠲᠣᠳᠣᠷᠬᠠᠢ ᠢᠯᠭᠠᠪᠠ᠃ ᠲᠦᠷᠭᠡᠨ ᠲᠠᠰᠤᠯᠬᠤ ᠬᠡᠷᠡᠭ ᠲᠤ ︽ᠰᠠᠶᠢᠨ ᠳᠤᠷ᠎ᠠ ᠶᠢᠨ᠂ ᠥᠨᠳᠥᠷ | ᠪᠦᠲᠦᠮᠵᠢᠲᠡᠶ᠂ ᠪᠤᠰᠢᠭᠤ ᠱᠠᠯᠠᠮᠠᠭᠠᠢ᠂ ᠠᠷᠠᠳ ᠲᠤ ᠲᠦᠭᠦᠮ ᠦᠵᠡᠭᠦᠯᠬᠦ᠂ ᠡᠶᠡᠳᠡᠭᠦᠯᠬᠦ ᠪᠠᠷ ᠭᠤᠣᠯ ᠪᠣᠯᠭᠠᠬᠤ︾ | ᠵᠠᠷᠴᠢᠮ ᠢ ᠵᠢᠷᠣᠮᠯᠡᠵᠣ᠂ ᠲᠦᠷᠭᠡᠨ ᠲᠠᠰᠤᠯᠬᠤ ᠨᠥᠬᠦᠴᠡᠯ ᠳᠤ ᠨᠡᠶᠢᠴᠡᠬᠦ ᠢᠷᠭᠡᠨ ᠤ ᠬᠡᠷᠡᠭ ᠢ ᠤᠷᠢᠳᠠᠪᠠᠷ ᠬᠡᠷᠡᠭ | ᠪᠣᠯᠭᠠᠨ ᠲᠠᠩᠰᠠᠯᠠᠵᠤ᠂ ᠤᠷᠢᠳᠠᠪᠠᠷ ᠬᠤᠭᠤᠴᠠᠭ᠎ᠠ ᠶᠢ ᠨᠢ ᠵᠢᠭᠰᠠᠭᠠᠵᠤ᠂ ᠤᠷᠢᠳᠠᠪᠠᠷ ᠰᠢᠬᠦᠨ ᠰᠢᠢᠳᠪᠣᠷᠢᠯᠡᠬᠦ | ᠬᠡᠷᠡᠭᠲᠡᠢ ᠭᠡᠵᠦ ᠲᠣᠳᠣᠷᠬᠠᠢ ᠲᠣᠭᠲᠠᠭᠠᠪᠠ᠃ ᠲᠦᠷᠭᠡᠨ ᠲᠠᠰᠤᠯᠬᠤ ᠪᠦᠯᠬᠦᠮ ᠨᠡᠶᠢᠲᠡ 1435 ᠬᠤᠪᠢ ᠡᠯ᠎ᠡ | ᠲᠥᠷᠥᠯ ᠤᠨ ᠬᠡᠷᠡᠭ ᠢ ᠰᠢᠭᠦᠨ ᠳᠠᠭᠤᠰᠬᠠᠵᠤ᠂ ᠰᠢᠭᠦᠵᠦ ᠳᠠᠭᠤᠰᠬᠠᠭᠰᠠᠨ ᠨᠣᠷᠮ᠎ᠠ ᠨᠢ 95.41% ᠪᠠᠶᠢᠵᠤ᠂ | ᠰᠢᠭᠦᠬᠦ ᠬᠤᠷᠢᠶᠠᠨ ᠤ ᠳᠣᠲᠣᠷᠠᠬᠢ ᠭᠥᠯᠢᠶᠡᠨ ᠠᠪᠤᠭᠰᠠᠨ ᠬᠡᠷᠡᠭ ᠤᠨ 46.73% ᠶᠢ ᠡᠵᠡᠯᠡᠪᠡ᠃ ᠵᠠᠷᠭᠤ ᠶᠢᠨ | ᠬᠠᠷᠠᠯᠲᠠ ᠶᠢᠨ ᠲᠤᠭ᠎ᠠ ᠨᠢ ᠨᠡᠯᠢᠶᠡᠳ ᠪᠠᠭ᠎ᠠ᠂ ᠬᠤᠶᠠᠷ ᠲᠠᠯ᠎ᠠ ᠶᠢᠨ ᠮᠠᠷᠭᠤᠯᠳᠤᠭᠠᠨ ᠨᠢ ᠶᠡᠭᠡ ᠪᠢᠰᠢ ᠬᠡᠷᠡᠭ ᠲᠤ | ᠬᠠᠤᠯᠢ ᠶᠣᠰᠣᠭᠠᠷ ᠪᠠᠭ᠎ᠠ ᠲᠣᠭᠠᠨ ᠤ ᠵᠢᠷᠤᠮ ᠢ ᠬᠡᠷᠡᠭᠯᠡᠨ ᠰᠢᠬᠦᠨ ᠰᠢᠢᠳᠪᠣᠷᠢᠯᠡᠵᠣ᠂ ᠨᠡᠶᠢᠳᠡ 159 ᠬᠡᠷᠡᠭ ᠢ | ᠭᠥᠯᠢᠶᠡᠨ ᠠᠪᠴᠤ ᠰᠢᠢᠳᠪᠦᠷᠢᠯᠡᠪᠡ᠂ ᠬᠡᠷᠡᠭ ᠢ ᠳᠠᠭᠤᠰᠬᠠᠭᠰᠠᠨ ᠨᠤᠷᠮ᠎ᠠ ᠨᠢ 100% ᠪᠠᠶᠢᠵᠤ᠂ ᠳᠤᠮᠳᠠᠴᠢ ᠪᠠᠷ | ᠬᠡᠷᠡᠭ ᠰᠢᠢᠳᠪᠦᠷᠢᠯᠡᠬᠦ ᠳᠤ 28 ᠡᠳᠦᠷ ᠯᠡ ᠬᠡᠷᠡᠭᠯᠡᠵᠡᠢ᠃ | ᠬᠤᠶᠠᠷ ᠲᠤ᠂ ᠭᠦᠢᠴᠡᠳᠬᠡᠬᠦ ᠪᠠᠶᠢᠭᠤᠯᠣᠮᠵᠢ ᠤᠨ ᠥᠭᠡᠷᠡᠴᠢᠯᠡᠯᠲᠡ ᠶᠢ ᠬᠥᠨᠵᠡᠬᠡᠶᠢᠷᠡᠬᠦᠯᠪᠡ᠃ ᠡᠨᠡ ᠵᠢᠯ ᠡᠮᠣᠨᠡᠳᠣ | ᠬᠤᠰᠢᠭᠤᠨ ᠤ ᠰᠢᠭᠦᠬᠦ ᠬᠤᠷᠢᠶ᠎ᠠ ᠶᠢᠨ ᠭᠦᠢᠴᠡᠳᠬᠡᠬᠦ ᠵᠢᠯᠤᠭᠤᠳᠬᠤ ᠲᠥᠪ ᠢ ᠪᠣᠳᠠᠳᠠᠶᠢᠵᠢᠭᠤᠯᠣᠨ ᠠᠵᠢᠯᠯᠠᠭᠤᠯᠬᠤ᠂ | ᠭᠦᠢᠴᠡᠳᠬᠡᠬᠦ ᠶᠢ ᠬᠡᠷᠡᠭ ᠪᠣᠯᠭᠠᠨ ᠳᠠᠩᠰᠠᠯᠠᠬᠤ᠂ ᠡᠷᠴᠢᠮᠵᠢᠭᠦᠯᠦᠨ ᠬᠦᠷᠭᠡᠬᠦ᠂ ᠡᠳ᠋ ᠬᠥᠷᠥᠩᠭᠡ ᠶᠢ ᠪᠠᠶᠢᠴᠠᠭᠠᠨ | ᠡᠵᠡᠮᠳᠡᠬᠦ᠂ ᠡᠳ᠋ ᠬᠥᠷᠥᠩᠭᠡ ᠶᠢ ᠰᠢᠢᠳᠪᠦᠷᠢᠯᠡᠬᠦ᠂ ᠬᠡᠷᠡᠭ ᠤᠨ ᠵᠣᠭᠤᠰ ᠢ ᠬᠠᠮᠢᠶᠠᠷᠬᠤ ᠵᠡᠷᠭᠡ ᠶᠠᠪᠤᠴᠠ ᠶᠢᠨ | ᠵᠠᠩᠭᠢᠯᠠᠭ᠎ᠠ ᠶᠢᠨ ᠴᠡᠭ ᠢ ᠴᠥᠮ ᠭᠦᠢᠴᠡᠳᠬᠡᠬᠦ ᠶᠢ ᠵᠢᠯᠤᠭᠤᠳᠬᠤ ᠲᠥᠪ ᠤᠨ ᠨᠢᠭᠡ ᠴᠣᠭᠴᠠᠵᠢᠭᠤᠯᠤᠨ ᠬᠠᠮᠢᠶᠠᠷᠤᠨ | ᠡᠵᠡᠮᠳᠡᠬᠦ ᠳᠤ ᠣᠷᠣᠭᠤᠯᠪᠠ᠃ ᠳᠣᠣᠷ᠎ᠠ ᠨᠢ ᠲᠦᠷᠭᠡᠨ ᠭᠦᠢᠴᠡᠳᠬᠡᠬᠦ᠂ ᠨᠡᠶᠢᠳᠡᠮ ᠭᠦᠢᠴᠡᠳᠬᠡᠬᠦ᠂ ᠨᠠᠷᠢᠯᠢᠭ | ᠭᠦᠢᠴᠡᠳᠬᠡᠬᠦ 3 ᠰᠢᠭᠦᠬᠦ ᠲᠤᠰᠢᠶᠠᠯᠲᠠᠨ ᠤ ᠪᠦᠯᠬᠦᠮ ᠢ ᠪᠠᠶᠢᠭᠤᠯᠵᠤ᠂ ᠭᠦᠢᠴᠡᠳᠬᠡᠬᠦ ᠬᠡᠷᠡᠭ ᠢ ᠲᠥᠷᠥᠯᠵᠢᠭᠦᠯᠦᠨ | ᠬᠠᠮᠢᠶᠠᠷᠬᠤ ᠶᠢ ᠬᠠᠷᠢᠭᠤᠴᠠᠭᠤᠯᠪᠠ᠃ ᠳᠣᠣᠷ᠎ᠠ ᠨᠢ 10 ᠬᠡᠷᠡᠭᠵᠢᠭᠦᠯᠬᠦ ᠳᠤᠭᠤᠶᠢᠯᠠᠩ ᠪᠠᠶᠢᠭᠤᠯᠵᠤ᠂ ᠠᠵᠢᠯ | ᠶᠠᠪᠤᠳᠠᠯ ᠤᠨ ᠴᠢᠨᠠᠷᠲᠠᠢ ᠠᠵᠢᠯ ᠢ ᠡᠷᠴᠢᠮᠵᠢᠭᠦᠯᠦᠨ ᠰᠢᠢᠳᠪᠦᠷᠢᠯᠡᠬᠦ ᠶᠢ ᠬᠠᠷᠢᠭᠤᠴᠠᠭᠤᠯᠤᠨ᠎ᠠ᠃ ᠭᠦᠢᠴᠡᠳᠬᠡᠬᠦ ᠶᠢ | ᠵᠢᠷᠤᠮᠵᠢᠭᠤᠯᠬᠤ ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠵᠦ᠂ ᠬᠡᠷᠡᠭ ᠰᠢᠢᠳᠪᠦᠷᠢᠯᠡᠬᠦ ᠦᠶᠡᠯᠡᠯ ᠤᠨ | ᠬᠤᠭᠤᠴᠠᠭ᠎ᠠ ᠶᠢ ᠪᠣᠭᠤᠨᠢᠰᠬᠠᠵᠤ᠂ ᠭᠦᠢᠴᠡᠳᠬᠡᠬᠦ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ | 2022 ᠣᠨ ᠳᠤ ᠨᠡᠶᠢᠳᠡ 4433 ᠬᠤᠪᠢ ᠭᠦᠢᠴᠡᠳᠬᠡᠬᠦ ᠬᠡᠷᠡᠭ ᠢ ᠭᠥᠯᠢᠶᠡᠨ ᠠᠪᠴᠤ ᠰᠢᠢᠳᠪᠦᠷᠢᠯᠡᠵᠦ᠂ | 4065 ᠬᠤᠪᠢ ᠶᠢ ᠨᠢ ᠭᠦᠢᠴᠡᠳᠬᠡᠨ ᠳᠠᠭᠤᠰᠬᠠᠵᠤ᠂ ᠭᠦᠢᠴᠡᠳᠬᠡᠨ ᠳᠠᠭᠤᠰᠬᠠᠭᠰᠠᠨ ᠨᠤᠷᠮ᠎ᠠ ᠨᠢ 91. | 70% ᠳᠤ ᠬᠦᠷᠴᠡᠢ᠃ ᠥᠭᠡᠷᠡᠴᠢᠯᠡᠯᠲᠡ ᠬᠢᠬᠦ ᠠᠴᠠ ᠡᠮᠦᠨ᠎ᠡ᠂ ᠭᠦᠢᠴᠡᠳᠬᠡᠵᠦ ᠪᠣᠯᠬᠤ ᠡᠳ᠋ ᠬᠥᠷᠥᠩᠭᠡ ᠶᠢᠨ | ᠬᠠᠤᠯᠢ ᠪᠠᠷ ᠲᠣᠭᠲᠠᠭᠠᠭᠰᠠᠨ ᠰᠢᠭᠦᠬᠦ ᠬᠤᠭᠤᠴᠠᠭᠠᠨ ᠳᠤ ᠭᠦᠢᠴᠡᠳᠬᠡᠵᠦ ᠳᠠᠭᠤᠰᠬᠠᠬᠤ ᠨᠤᠷᠮ᠎ᠠ 76.25% | ᠪᠠᠶᠢᠭᠰᠠᠨ ᠠᠴᠠ ᠪᠠᠨ ᠨᠡᠮᠡᠭᠳᠡᠭᠡᠳ 96.31% ᠪᠣᠯᠵᠠᠢ᠃ | ᠭᠤᠷᠪᠠ ᠳᠤ ᠂ ᠣᠶᠤᠨᠲᠤ ᠰᠢᠭᠦᠬᠦ ᠬᠤᠷᠢᠶᠠᠨ ᠤ ᠪᠠᠶᠢᠭᠤᠯᠤᠯᠲᠠ ᠶᠢ ᠬᠥᠨᠵᠡᠬᠡᠶᠢᠷᠡᠬᠦᠯᠪᠡ᠃ 24 ᠴᠠᠭ ᠤᠨ | ᠥᠪᠡᠷᠲᠡᠭᠡᠨ ᠵᠠᠷᠭᠤᠯᠳᠤᠬᠤ ᠦᠢᠯᠡᠴᠢᠯᠡᠭᠡᠨ ᠤ ᠲᠥᠪ ᠢ ᠪᠦᠬᠦ ᠲᠠᠯ᠎ᠠ ᠪᠠᠷ ᠠᠰᠢᠭᠯᠠᠯᠲᠠ ᠳᠤ ᠣᠷᠣᠭᠤᠯᠵᠤ᠂ | ᠲᠤᠬᠠᠢ ᠶᠢᠨ ᠬᠥᠮᠥᠨ ᠤ ᠥᠪᠡᠷᠲᠡᠭᠡᠨ ᠬᠡᠷᠡᠭ ᠪᠣᠯᠭᠠᠨ ᠳᠠᠩᠰᠠᠯᠠᠬᠤ᠂ ᠥᠪᠡᠷᠲᠡᠭᠡᠨ ᠪᠢᠴᠢᠭ ᠬᠠᠷ᠎ᠠ ᠳᠠᠷᠤᠮᠠᠯᠯᠠᠬᠤ ᠶᠢ | ᠪᠠᠲᠤᠯᠠᠨ᠎ᠠ᠃ ᠤᠷᠢᠳᠴᠢᠯᠠᠨ ᠪᠣᠯᠵᠣᠬᠤ ᠬᠠᠮᠢᠶᠠᠷᠤᠯᠲᠠ ᠶᠢᠨ ᠲᠠᠪᠴᠠᠩ ᠤᠨ ᠰᠤᠳᠤᠯᠤᠨ ᠨᠡᠭᠡᠭᠡᠯᠲᠡ ᠪᠠ ᠬᠡᠷᠡᠭᠯᠡᠯᠲᠡ | ᠨᠢ ᠬᠥᠮᠥᠰ ᠤᠨ ᠴᠤᠭᠯᠠᠷᠠᠯᠲᠠ ᠪᠠ ᠣᠯᠠᠨ ᠲᠦᠮᠡᠨ ᠤ ᠬᠦᠯᠢᠶᠡᠬᠦ ᠴᠠᠭ ᠢ ᠪᠠᠭᠠᠰᠬᠠᠪᠠ᠃ ᠠᠷᠠᠳ ᠤᠨ ᠰᠢᠭᠦᠬᠦ | ᠬᠤᠷᠢᠶᠠᠨ ᠤ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠲᠠᠪᠴᠠᠩ ᠢ ᠤᠬᠠᠭᠤᠯᠤᠨ ᠳᠡᠯᠭᠡᠷᠡᠭᠦᠯᠵᠦ᠂ ᠲᠤᠬᠠᠢ ᠶᠢᠨ | ᠬᠥᠮᠥᠨ ᠤ ᠰᠦᠯᠵᠢᠶᠡᠨ ᠳᠡᠭᠡᠷ᠎ᠡ ᠬᠡᠷᠡᠭ ᠪᠣᠯᠭᠠᠨ ᠳᠠᠩᠰᠠᠯᠠᠬᠤ ᠳᠤ ᠲᠦᠬᠦᠮ ᠦᠵᠡᠭᠦᠯᠪᠡ᠃ ᠰᠢᠭᠦᠬᠦ ᠬᠤᠷᠢᠶ᠎ᠠ ᠶᠢᠨ | ᠨᠢᠭᠡ ᠯᠡ ᠥᠷᠲᠡᠭᠡᠨ ᠤ ᠮᠠᠶ᠋ᠢᠭ ᠤᠨ ᠵᠠᠷᠭᠤ ᠶᠢᠨ ᠦᠢᠯᠡᠴᠢᠯᠡᠭᠡᠨ ᠤ ᠲᠥᠪ ᠢ ᠥᠷᠭᠡᠳᠬᠡᠨ ᠥᠭᠡᠷᠡᠴᠢᠯᠡᠵᠦ᠂ | ᠠᠷᠠᠳ ᠤᠨ ᠰᠢᠭᠦᠬᠦ ᠲᠢᠩᠬᠢᠮ ᠤᠨ ᠲᠥᠷᠢᠮᠵᠢᠬᠦᠯᠬᠦ ᠪᠠᠶᠢᠭᠤᠯᠤᠯᠲᠠ ᠶᠢ ᠲᠠᠰᠤᠷᠠᠯᠳᠡ ᠦᠭᠡᠢ ᠴᠢᠩᠭᠠᠳᠬᠠᠵᠤ᠂ | ᠤᠯᠠᠨ ᠲᠦᠮᠡᠨ ᠤ ᠵᠥᠪᠯᠡᠯᠭᠡ ᠥᠭᠬᠦ᠂ ᠬᠡᠷᠡᠭ ᠪᠣᠯᠭᠠᠨ ᠳᠠᠩᠰᠠᠯᠠᠬᠤ ᠪᠠ ᠵᠠᠷᠭᠤ ᠳᠤ ᠣᠷᠤᠯᠴᠠᠬᠤ ᠳᠤ ᠨᠡᠩ | ᠲᠦᠬᠦᠮ ᠪᠣᠯᠭᠠᠪᠠ᠃ ᠢᠨᠲ᠋ᠧᠷ ᠰᠦᠯᠵᠢᠶᠡᠨ ᠤ 8 ᠰᠢᠭᠦᠬᠦ ᠲᠢᠩᠬᠢᠮ ᠢ ᠰᠢᠨ᠎ᠡ ᠪᠠᠷ ᠪᠠᠶᠢᠭᠤᠯᠵᠤ᠂ ᠬᠢᠵᠢᠭ ᠤᠨ | ᠪᠠᠶᠢᠳᠠᠯ ᠤᠨ ᠬᠤᠭᠤᠴᠠᠭᠠᠨ ᠳᠤ ᠣᠶᠤᠨᠲᠤ ᠰᠢᠭᠦᠬᠦ ᠬᠤᠷᠢᠶᠠᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ | ᠭᠦᠢᠴᠡᠳ ᠢᠯᠡᠷᠡᠭᠦᠯᠵᠦ᠂ ᠦᠯᠦ ᠬᠦᠷᠦᠯᠴᠡᠬᠦ ᠬᠡᠯᠪᠡᠷᠢ ᠶᠢᠨ ᠵᠠᠷᠭᠤ ᠶᠢᠨ ᠦᠢᠯᠡᠴᠢᠯᠡᠭᠡ ᠶᠢ ᠥᠷᠭᠡᠨ ᠢᠶᠠᠷ ᠬᠡᠷᠡᠭᠯᠡᠵᠦ | ᠂ ᠲᠤᠬᠠᠢ ᠶᠢᠨ ᠬᠥᠮᠥᠨ ᠭᠡᠷ ᠠᠴᠠ ᠪᠠᠨ ᠭᠠᠷᠬᠤ ᠦᠭᠡᠢ ᠪᠠᠷ ᠵᠠᠷᠭᠤ ᠳᠤ ᠣᠷᠣᠯᠴᠠᠵᠤ᠂ ︽ᠰᠢᠭᠦᠨ ᠲᠠᠰᠤᠯᠬᠤ ᠪᠠ | ᠭᠦᠢᠴᠡᠳᠬᠡᠬᠦ ᠶᠢ ᠵᠣᠭᠰᠣᠯ ᠦᠭᠡᠢ ᠵᠣᠭᠰᠣᠭᠠᠵᠤ᠂ ᠲᠥᠪ ᠭᠤᠣᠯᠴᠢ ᠰᠢᠳᠤᠷᠭᠤ ᠶᠣᠰᠣ ᠶᠢ ᠵᠣᠭᠰᠣᠰᠢ ᠦᠭᠡᠢ︾ | ᠪᠠᠷ ᠪᠡᠶᠡᠯᠡᠭᠦᠯᠵᠡᠢ᠃ 2022 ᠣᠨ ᠳᠤ᠂ ᠰᠦᠯᠵᠢᠶᠡᠨ ᠳᠡᠭᠡᠷ᠎ᠡ ᠬᠡᠷᠡᠭ ᠪᠣᠯᠭᠠᠨ ᠳᠠᠩᠰᠠᠯᠠᠭᠰᠠᠨ ᠨᠡᠶᠢᠲᠡ 936 | ᠬᠡᠷᠡᠭ ᠢ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 104.81% ᠪᠠᠷ ᠨᠡᠮᠡᠭᠳᠡᠪᠡ᠃ ᠢᠨᠲ᠋ᠧᠷ | ᠰᠦᠯᠵᠢᠶᠡᠨ ᠤ ᠲᠢᠩᠬᠢᠮ ᠨᠡᠭᠡᠭᠡᠵᠦ ᠡᠶᠡᠳᠡᠭᠦᠯᠬᠦ ᠬᠡᠷᠡᠭ 234 ᠬᠤᠪᠢ ᠪᠠᠶᠢᠵᠤ᠂ ᠠᠳᠠᠯᠢ ᠬᠤᠭᠤᠴᠠᠭᠠᠨ ᠤ | ᠬᠢ ᠠᠴᠠ 360% ᠪᠠᠷ ᠨᠡᠮᠡᠭᠳᠡᠵᠡᠢ᠃ ᠠᠷᠠᠳ ᠤᠨ ᠰᠢᠭᠦᠬᠦ ᠬᠤᠷᠢᠶ᠎ᠠ ᠶᠢᠨ ︽12368︾ ᠶᠢᠨ ᠵᠠᠷᠭᠤ ᠶᠢᠨ | ᠦᠢᠯᠡᠴᠢᠯᠡᠭᠡᠨ ᠤ ᠬᠠᠯᠠᠭᠤᠨ ᠤᠲᠠᠰᠤ ᠨᠡᠶᠢᠳᠡ1032 ᠬᠤᠪᠢ ᠤᠲᠠᠰᠤ ᠶᠢ ᠲᠤᠰᠴᠤ᠂ ᠵᠠᠯᠭᠠᠵᠤ | ᠨᠡᠪᠲᠡᠷᠡᠭᠦᠯᠦᠭᠰᠡᠨ ᠬᠠᠷᠢᠭᠤ ᠲᠤᠰᠬᠠᠯᠲᠠ ᠶᠢᠨ ᠨᠤᠷᠮ᠎ᠠ 99% ᠳᠤ ᠬᠦᠷᠴᠡᠢ᠃ | ︵ᠲᠠᠪᠤ︶ ᠠᠷᠠᠳ ᠲᠦᠮᠡᠨ ᠤ ᠬᠢᠨᠠᠯᠲᠠ ᠶᠢ ᠤᠬᠠᠮᠰᠠᠷ ᠠᠴᠠ ᠪᠠᠨ ᠬᠥᠯᠢᠶᠡᠪᠡ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠴᠠᠭᠠᠬᠤ ᠳᠤᠭᠤᠶᠢᠯᠠᠩ ᠳᠤ ᠣᠷᠴᠢᠨ ᠠᠬᠤᠢ ᠡᠬᠢ | ᠪᠠᠶᠠᠯᠢᠭ ᠤᠨ ᠰᠢᠭᠦᠨ ᠲᠠᠰᠤᠯᠤᠯᠲᠠ ᠶᠢᠨ ᠠᠵᠢᠯ ᠤᠨ ᠪᠠᠶᠢᠳᠠᠯ ᠢ ᠮᠡᠳᠡᠭᠦᠯᠬᠦ ᠶᠢᠨ ᠬᠠᠮᠲᠤ ᠪᠠᠶᠢᠩᠭᠤ ᠶᠢᠨ | ᠬᠤᠷᠢᠶᠠᠨ ᠤ ᠬᠢᠨᠠᠨ ᠶᠠᠷᠢᠯᠴᠠᠭᠰᠠᠨ ᠰᠠᠨᠠᠯ ᠢ ᠦᠨᠳᠦᠰᠦᠯᠡᠨ ᠠᠵᠢᠯ ᠢᠶᠠᠨ ᠬᠠᠯᠠᠨ ᠰᠠᠶᠢᠵᠢᠷᠠᠭᠤᠯᠵᠤ᠂ ᠬᠠᠤᠯᠢ | ᠴᠠᠭᠠᠵᠠ ᠶᠢᠨ ᠪᠠᠲᠤᠯᠠᠭ᠎ᠠ ᠶᠢᠨ ᠴᠢᠳᠠᠪᠤᠷᠢ ᠶᠢᠨ ᠬᠢᠷᠢ ᠦᠨᠳᠦᠰᠦᠨ ᠱᠠᠲᠤᠨ ᠤ ᠬᠠᠤᠯᠢ ᠲᠣᠭᠲᠠᠭᠠᠬᠤ ᠪᠠᠶᠢᠴᠠᠭᠠᠨ | ᠰᠤᠳᠤᠯᠬᠤ ᠠᠵᠢᠯ ᠤᠨ ᠥᠷᠲᠡᠭᠡᠨ ᠤ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠬᠠᠷ᠎ᠠ ᠭᠠᠵᠠᠷ | ᠰᠢᠷᠣᠢ ᠶᠢᠨ ᠬᠠᠤᠯᠢ ᠳᠤ ᠵᠠᠰᠠᠪᠤᠷᠢ ᠣᠷᠣᠭᠤᠯᠬᠤ ᠳᠤ ᠢᠳᠡᠪᠬᠢᠲᠡᠢ ᠪᠠᠷ ᠬᠠᠤᠯᠢ ᠴᠠᠭᠠᠵᠠ ᠶᠢᠨ ᠰᠠᠨᠠᠭᠤᠯᠭ᠎ᠠ | ᠬᠠᠩᠭᠠᠪᠠ᠃ ᠠᠷᠠᠳ ᠤᠨ ᠲᠥᠯᠥᠭᠡᠯᠡᠭᠴᠢᠳ ᠤᠨ ᠵᠤᠷᠪᠤᠰ ᠰᠠᠨᠠᠯ ᠢ ᠰᠠᠨᠠᠭᠠᠴᠢᠯᠠᠭ᠎ᠠ ᠠᠴᠠ ᠪᠠᠨ ᠰᠣᠨᠣᠰᠴᠤ᠂ | ᠪᠠᠶᠢᠴᠠᠭᠠᠨ ᠰᠤᠳᠤᠯᠤᠯᠲᠠ ᠶᠢ ᠴᠢᠩᠭᠠᠳᠬᠠᠨ᠂ ᠵᠦᠢᠯ ᠳᠠᠷᠠᠭᠠᠯᠠᠨ ᠨᠠᠶᠢᠳᠠᠪᠤᠷᠢᠵᠢᠭᠤᠯᠵᠤ᠂ ᠰᠢᠭᠦᠬᠦ ᠬᠤᠷᠢᠶᠠᠨ ᠤ | ᠠᠵᠢᠯ ᠤᠨ ᠬᠥᠭᠵᠢᠯᠲᠡ ᠶᠢ ᠲᠦᠯᠬᠢᠨ ᠠᠬᠢᠭᠤᠯᠬᠤ ᠬᠥᠳᠡᠯᠭᠡᠭᠴᠢ ᠬᠦᠴᠦᠨ ᠪᠠ ᠪᠣᠳᠠᠲᠤ ᠦᠷ᠎ᠡ ᠪᠦᠲᠦᠮᠵᠢ ᠪᠣᠯᠭᠠᠨ | ᠬᠤᠪᠢᠷᠠᠭᠤᠯᠪᠠ᠃ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳᠴᠢᠯᠠᠭᠰᠠᠨ ᠨᠠᠮ | ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠠ ᠨᠠᠮ ᠪᠦᠯᠦᠭ ᠤᠨ ᠪᠤᠰᠤ ᠬᠥᠮᠥᠰ ᠲᠠᠢ ᠨᠡᠪᠲᠡᠷᠡᠯᠴᠡᠭᠡ | ᠬᠠᠷᠢᠯᠴᠠᠭ᠎ᠠ ᠶᠢ ᠰᠢᠯᠤᠭᠤᠳᠬᠠᠵᠤ᠂ ᠦᠨᠡᠨ ᠰᠡᠳᠬᠢᠯ ᠠᠴᠠ ᠪᠠᠨ ᠰᠠᠨᠠᠯ ᠢ ᠨᠢ ᠰᠣᠨᠣᠰᠪᠠ᠃ ᠬᠢᠨᠠᠨ ᠪᠠᠶᠢᠴᠠᠭᠠᠬᠤ | ᠬᠠᠤᠯᠢ ᠶᠢ ᠲᠣᠭᠤᠰᠢᠯᠠᠭᠤᠯᠵᠣ᠂ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠰᠢᠭᠦᠬᠦ ᠬᠤᠷᠢᠶᠠᠨ ᠤ ᠠᠵᠢᠯᠲᠠᠨ ᠳᠤ | ᠲᠠᠯᠪᠢᠬᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠪᠡ᠃ ᠪᠠᠶᠢᠴᠠᠭᠠᠬᠤ ᠪᠠᠶᠢᠭᠤᠯᠭ᠎ᠠ ᠶᠢᠨ ᠵᠠᠷᠭᠤ ᠶᠢᠨ | ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠡᠰᠡᠷᠭᠦᠴᠡᠨ ᠵᠠᠭᠠᠯᠳᠤᠭᠰᠠᠨ ᠬᠡᠷᠡᠭ ᠢ ᠭᠤᠣᠯᠴᠢ ᠪᠠᠷ ᠰᠢᠭᠦᠨ | ᠰᠢᠢᠳᠪᠦᠷᠢᠯᠡᠵᠦ᠂ ᠪᠠᠶᠢᠴᠠᠭᠠᠬᠤ ᠰᠠᠨᠠᠭᠤᠯᠭ᠎ᠠ ᠶᠢ ᠬᠢᠨᠠᠮᠠᠭᠠᠢ ᠰᠢᠢᠳᠪᠦᠷᠢᠯᠡᠪᠡ᠃ ᠨᠡᠶᠢᠭᠡᠮ ᠤᠨ ᠬᠢᠨᠠᠯᠲᠠ ᠶᠢ | ᠥᠷᠭᠡᠨ ᠢᠶᠠᠷ ᠬᠦᠯᠢᠶᠡᠵᠦ᠂ ᠣᠨᠴᠠ ᠤᠷᠢᠭᠰᠠᠨ ᠬᠢᠨᠠᠯᠲᠠ ᠲᠠᠯᠪᠢᠭᠴᠢ ᠪᠠ ᠣᠨᠴᠠ ᠤᠷᠢᠭᠰᠠᠨ ᠵᠥᠪᠯᠡᠯᠭᠡ | ᠥᠭᠭᠦᠭᠴᠢ ᠶᠢᠨ ᠰᠠᠨᠠᠯ ᠰᠠᠨᠠᠭᠤᠯᠭ᠎ᠠ ᠶᠢ ᠬᠢᠨᠠᠮᠠᠭᠠᠢ ᠰᠣᠨᠣᠰᠪᠠ᠃ ᠶᠠᠷᠢᠶ᠎ᠠ ᠬᠡᠯᠡᠯᠴᠡᠭᠡᠨ ᠤ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠰᠣᠨᠢᠨ ᠮᠡᠳᠡᠭᠡᠨ ᠤ ᠵᠠᠭᠤᠴᠢᠯᠠᠭᠤᠷ ᠲᠠᠢ ᠬᠠᠮᠵᠢᠯᠴᠠᠬᠤ ᠪᠠᠨ | ᠴᠢᠩᠭᠠᠳᠬᠠᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠲᠤ ᠪᠠᠷ ᠬᠠᠮᠠᠭᠠᠯᠠᠪᠠ᠃ ᠪᠦᠬᠦ | ᠶᠠᠪᠤᠴᠠ ᠳᠤ ᠬᠠᠤᠯᠢ ᠴᠠᠭᠠᠵᠠ ᠶᠢ ᠢᠯᠡ ᠪᠣᠯᠭᠠᠬᠤ ᠶᠢ ᠪᠠᠷᠢᠮᠲᠠᠯᠠᠵᠤ᠂ ᠠᠷᠠᠳ ᠤᠨ ᠬᠠᠪᠰᠤᠷᠤᠨ ᠰᠢᠭᠦᠭᠴᠢ ᠶᠢ | ᠨᠡᠶᠢᠳᠡ 785 ᠬᠤᠪᠢ ᠬᠡᠷᠡᠭ᠂ 1570 ᠬᠥᠮᠥᠨ ᠢ ᠰᠢᠭᠦᠨ ᠰᠢᠢᠳᠪᠦᠷᠢᠯᠡᠬᠦ ᠳᠤ ᠣᠷᠣᠯᠴᠠᠭᠤᠯᠵᠤ᠂ | ᠲᠥᠯᠥᠭᠡᠯᠡᠭᠴᠢ᠂ ᠭᠡᠰᠢᠭᠦᠨ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠢ ᠤᠷᠢᠵᠤ ᠬᠡᠷᠡᠭ ᠤᠨ ᠭᠡᠷᠡᠴᠢᠯᠡᠭᠡ | ᠰᠣᠨᠣᠰᠬᠤ ᠳᠤ ᠣᠷᠣᠯᠴᠠᠭᠤᠯᠵᠤ᠂ 11 ᠤᠳᠠᠭ᠎ᠠ 22 ᠬᠥᠮᠥᠨ ᠢ ᠭᠡᠷᠡᠴᠢᠯᠡᠨ ᠭᠦᠢᠴᠡᠳᠬᠡᠪᠡ᠃ | ︵ᠵᠢᠷᠭᠤᠭ᠎ᠠ︶ ᠰᠢᠭᠦᠬᠦ ᠬᠤᠷᠢᠶᠠᠨ ᠤ ᠲᠡᠮᠦᠷ ᠴᠡᠷᠢᠭ ᠢ ᠬᠦᠴᠦᠯᠡᠨ ᠪᠠᠶᠢᠭᠤᠯᠪᠠ᠃ | ᠰᠢ ᠶᠢᠨ ᠫᠢᠩ ᠶᠡᠷᠦᠩᠬᠡᠢ ᠱᠦᠵᠢ ᠶᠢᠨ ᠳᠤᠷᠠᠳᠤᠭᠰᠠᠨ ︽ᠲᠠᠪᠤᠨ ᠲᠠᠯ᠎ᠠ ᠪᠠᠷ ᠴᠠᠭᠠᠷᠠᠬᠤ︾ ᠱᠠᠭᠠᠷᠳᠠᠯᠭ᠎ᠠ ᠶᠢ | ᠬᠢᠨᠠᠮᠠᠭᠠᠢ ᠲᠣᠭᠤᠰᠢᠯᠠᠭᠤᠯᠵᠣ᠂ ᠰᠢᠭᠦᠬᠦ ᠬᠤᠷᠢᠶᠠᠨ ᠤ ᠡᠩᠨᠡᠭᠡᠨ ᠤ ᠬᠤᠪᠢᠰᠬᠠᠯᠵᠢᠬᠤ᠂ ᠵᠢᠩᠬᠢᠨᠢᠴᠢᠯᠡᠬᠦ᠂ | ᠲᠤᠰᠬᠠᠶᠢᠵᠢᠬᠤ᠂ ᠠᠵᠢᠯ ᠮᠡᠷᠭᠡᠵᠢᠬᠦ ᠪᠠᠶᠢᠭᠤᠯᠤᠯᠲᠠ ᠶᠢ ᠲᠥᠷᠭᠡᠳᠭᠡᠨ ᠲᠦᠯᠬᠢᠨ ᠠᠬᠢᠭᠤᠯᠪᠠ᠃ ᠨᠠᠮ ᠤᠨ ᠤᠯᠤᠰ | ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠪᠠ᠃ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ | ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠬᠤ ᠶᠢ ᠪᠠᠷᠢᠮᠳᠠᠯᠠᠪᠠ᠃ | ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ᠂ ᠰᠢᠭᠦᠬᠦ ᠬᠤᠷᠢᠶ᠎ᠠ ᠶᠢ ᠴᠢᠩᠭ᠎ᠠ ᠵᠠᠰᠠᠬᠤ᠂ ᠴᠢᠩᠭ᠎ᠠ ᠬᠠᠮᠢᠶᠠᠷᠬᠤ ᠶᠢ | ᠪᠠᠷᠢᠮᠲᠠᠯᠠᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ | ᠢᠯᠵᠠᠷᠠᠯ ᠢ ᠡᠰᠡᠷᠭᠦᠴᠡᠬᠦ ᠲᠡᠮᠡᠴᠡᠯ ᠢ ᠲᠦᠯᠬᠢᠨ ᠠᠬᠢᠭᠤᠯᠵᠤ᠂ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ | ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠣᠷᠢᠵᠢᠭᠤᠯᠪᠠ᠃ 《 | ᠰᠥᠯᠵᠢᠶᠡᠨ ᠳᠡᠭᠡᠷ᠎ᠡ + ᠰᠦᠯᠵᠢᠶᠡᠨ ᠭᠠᠳᠠᠨᠠᠬᠢ︾ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ ᠰᠢᠭᠦᠯᠲᠡ ᠶᠢᠨ | ᠶᠠᠪᠤᠳᠠᠯ ᠤᠨ ᠰᠢᠪᠠᠳᠠᠨ ᠪᠠᠶᠢᠴᠠᠭᠠᠯᠲᠠ ᠶᠢ ᠴᠢᠩᠭᠠᠳᠬᠠᠬᠤ ᠶᠢᠨ ᠬᠠᠮᠲᠤ ᠢᠯᠡᠷᠡᠭᠦᠯᠦᠭᠰᠡᠨ ᠠᠰᠠᠭᠤᠳᠠᠯ ᠳᠤ | ᠴᠢᠭᠯᠡᠭᠦᠯᠦᠨ ᠴᠠᠭ ᠲᠤᠬᠠᠢ ᠳᠤᠨᠢ ᠵᠠᠷᠯᠠᠨ ᠮᠡᠳᠡᠭᠳᠡᠵᠦ ᠬᠠᠤᠯᠢ ᠪᠠᠷᠢᠬᠤ ᠰᠤᠷᠲᠠᠯ ᠤᠨ ᠲᠤᠰᠬᠠᠢ ᠴᠡᠭᠴᠡᠯᠡᠯᠲᠡ ᠶᠢ | ᠵᠣᠬᠢᠶᠠᠨ ᠪᠠᠶᠢᠭᠤᠯᠤᠨ ᠥᠷᠨᠢᠭᠦᠯᠪᠡ᠃ ᠬᠠᠤᠯᠢ ᠪᠠᠷᠢᠬᠤ ᠳᠤ ᠭᠠᠷ ᠲᠦᠷᠦᠭᠦ ᠶᠢ ᠰᠡᠷᠭᠡᠶᠢᠯᠡᠬᠦ ︽ᠭᠤᠷᠪᠠᠨ | ᠲᠣᠭᠲᠠᠭᠠᠯ︾ ᠢ ᠴᠢᠩᠭ᠎ᠠ ᠬᠡᠷᠡᠭᠵᠢᠭᠦᠯᠵᠦ᠂ ᠲᠡᠮᠦᠷ ᠲᠣᠭᠲᠠᠭᠠᠯ ᠴᠠᠭᠠᠵᠠ ᠵᠠᠷᠯᠢᠭ ᠢ ᠪᠣᠳᠠᠲᠠᠢ ᠪᠠᠷ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠲᠦᠯᠬᠢᠨ ᠠᠬᠢᠭᠤᠯᠪᠠ᠃ ᠰᠢᠭᠦᠬᠦ ᠬᠤᠷᠢᠶᠠᠨ ᠤ | ᠰᠢᠰᠲ᠋ᠧᠮ ᠤᠨ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠬᠡᠷᠡᠭ ᠤᠨ ᠵᠢᠱᠢᠶ᠎ᠡ ᠪᠠᠷ ᠲᠣᠯᠢ ᠪᠣᠯᠭᠠᠵᠤ | ᠂ ᠰᠡᠷᠡᠮᠵᠢᠯᠡᠭᠦᠯᠬᠦ ᠬᠥᠮᠦᠵᠢᠯ ᠢ ᠭᠦᠨᠵᠡᠭᠡᠢ ᠥᠷᠨᠢᠭᠦᠯᠪᠡ᠃ ᠰᠢᠭᠦᠨ ᠲᠠᠰᠣᠯᠣᠯᠳᠠ ᠳᠤ ᠬᠢᠨᠠᠯᠲᠠ ᠲᠠᠯᠪᠢᠬᠤ ᠵᠢᠷᠤᠮ ᠢ | ᠬᠡᠷᠡᠭᠯᠡᠨ᠂ ᠬᠠᠤᠯᠢ ᠶᠢ ᠵᠥᠷᠢᠴᠡᠭᠰᠡᠨ ᠪᠤᠷᠤᠭᠤ ᠬᠡᠷᠡᠭ ᠢ ᠡᠷᠡᠰ ᠵᠠᠯᠠᠷᠠᠭᠤᠯᠬᠤ ᠶᠢᠨ ᠬᠠᠮᠲᠤ ᠬᠡᠷᠡᠭ ᠢᠶᠠᠷ ᠴᠡᠭᠡᠷᠯᠡᠯ | ᠪᠣᠯᠭᠠᠬᠤ ᠶᠢ ᠪᠥᠬᠦ ᠬᠤᠷᠢᠶ᠎ᠠ ᠳᠤ ᠵᠠᠷᠯᠠᠨ ᠮᠡᠳᠡᠭᠳᠡᠪᠡ᠃ ᠪᠣᠳᠠᠲᠤ ᠪᠠᠶᠢᠯᠳᠤᠭᠠᠨ ᠤ ᠪᠣᠳᠠᠲᠤ ᠠᠮᠵᠢᠯᠲᠠ ᠪᠦᠲᠦᠮᠵᠢ | ᠪᠣᠳᠠᠲᠤ ᠦᠷ᠎ᠡ ᠪᠦᠲᠦᠮᠵᠢ ᠶᠢᠨ ᠤᠳᠤᠷᠢᠳᠤᠮᠵᠢ ᠶᠢ ᠲᠤᠪᠤᠶᠢᠯᠭᠠᠵᠤ᠂ ᠺᠠᠳ᠋ᠷ ᠴᠠᠭᠳᠠᠭ᠎ᠠ ᠶᠢ ᠬᠢᠵᠢᠭ ᠢ ᠡᠰᠡᠷᠭᠦᠴᠡᠬᠦ | ᠲᠡᠮᠡᠴᠡᠯ ᠳᠤ ᠣᠷᠤᠯᠴᠠᠬᠤ᠂ ᠵᠥᠷᠢᠴᠡᠯ ᠵᠢᠭᠤᠷᠠᠯᠳᠤᠭᠠᠨ ᠢ ᠠᠷᠢᠯᠭᠠᠬᠤ᠂ ᠰᠢᠭᠦᠨ ᠭᠦᠢᠴᠡᠳᠬᠡᠬᠦ ᠬᠠᠲᠠᠭᠤ | ᠪᠡᠷᠬᠡᠰᠢᠶᠡᠯ ᠢ ᠢᠯᠠᠨ ᠳᠠᠪᠠᠭ᠋ᠤ ᠶᠠᠪᠤᠴᠠ ᠳᠤ ᠰᠢᠯᠭᠠᠯᠲᠠ ᠶᠢ ᠬᠦᠯᠢᠶᠡᠯᠭᠡᠵᠦ᠂ ᠴᠢᠳᠠᠪᠤᠷᠢ ᠶᠢ ᠨᠢ ᠲᠡᠭᠡᠭᠰᠢᠯᠡᠬᠦᠯᠪᠡ᠃ | ᠠᠵᠢᠯᠲᠠᠨ ᠢ ᠠᠵᠢᠯ ᠤᠨ ᠪᠠᠶᠢᠷᠢ ᠡᠭᠡᠯᠵᠢᠯᠡᠭᠦᠯᠬᠦ᠂ ᠺᠠᠳ᠋ᠷ ᠢ ᠰᠣᠩᠭᠤᠨ ᠲᠣᠮᠢᠯᠠᠬᠤ᠂ ᠬᠤᠣᠰ ᠬᠡᠯᠡᠨ ᠤ ᠰᠢᠬᠦᠭᠴᠢ ᠢ | ᠬᠥᠮᠥᠵᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠷᠠᠳ ᠤᠨ ᠰᠢᠭᠦᠬᠦ ᠲᠢᠩᠬᠢᠮ ᠤᠨ ᠡᠩᠨᠡᠭᠡᠨ ᠤ | ᠪᠠᠶᠢᠭᠤᠯᠤᠯᠲᠠ ᠪᠠ ᠲᠤᠬᠠᠶᠢᠯᠠᠭᠰᠠᠨ ᠠᠵᠢᠯ ᠤᠨ ᠪᠠᠶᠢᠭᠤᠯᠤᠯᠲᠠ ᠶᠢ ᠴᠢᠩᠭᠠᠳᠬᠠᠪᠠ᠃ ᠭᠤᠶᠠᠴᠢ ᠦᠭᠡᠢ | ᠵᠢᠳᠬᠦᠳᠡᠭ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠳᠡᠭ ᠨᠢᠭᠡ ᠪᠦᠯᠦᠭ ᠰᠢᠬᠦᠭᠴᠢ ᠪᠠ ᠠᠵᠢᠯᠲᠠᠨ ᠴᠣᠯᠭᠤᠷᠠᠨ | ᠭᠠᠷᠪᠠ᠃ ᠭᠦᠢᠴᠡᠳᠬᠡᠬᠦ ᠲᠣᠪᠴᠢᠶᠠᠨ ᠤ ᠰᠢᠬᠦᠭᠴᠢ ᠪᠦᠦ ᠮᠢᠩ ᠰᠢᠶᠠ ᠬᠤᠪᠢ ᠬᠥᠮᠥᠨ 1037 ᠬᠡᠷᠡᠭ ᠢ | ᠰᠢᠢᠳᠪᠦᠷᠢᠯᠡᠵᠦ᠂ ᠭᠦᠢᠴᠡᠳᠬᠡᠵᠦ ᠳᠠᠭᠤᠰᠬᠠᠭᠰᠠᠨ ᠨᠤᠷᠮ᠎ᠠ 92.1% ᠳᠤ ᠬᠦᠷᠴᠡᠢ᠃ ᠳ᠋ᠠᠱᠢᠵᠠᠢ ᠰᠢᠭᠦᠬᠦ | ᠲᠢᠩᠬᠢᠮ ᠤᠨ ᠰᠢᠭᠦᠭᠴᠢ ᠲᠦᠩ ᠶᠦᠩ ᠱᠧᠩ ᠬᠤᠪᠢ ᠪᠠᠷ ᠢᠶᠠᠨ 458 ᠬᠡᠷᠡᠭ ᠢ ᠰᠢᠢᠳᠪᠦᠷᠢᠯᠡᠵᠦ᠂ | ᠵᠠᠷᠭᠤᠯᠳᠤᠭᠰᠠᠨ᠂ ᠭᠦᠢᠴᠡᠳᠬᠡᠭᠰᠡᠨ ᠬᠡᠷᠡᠭ ᠢ ᠴᠥᠮ ᠢᠯᠭᠠᠷᠠᠭᠤᠯᠤᠨ ᠲᠢᠭᠯᠡᠪᠡ᠃ ᠪᠦᠬᠦ ᠡᠮᠨᠡᠯᠭᠡ ᠶᠢᠨ ᠬᠤᠷᠢᠶᠠᠨ ᠤ | ᠨᠢᠭᠡᠳᠦᠭᠡᠷ ᠹᠷᠣᠨᠲ ᠤᠨ ᠠᠵᠢᠯᠲᠠᠨ ᠤ ᠲᠤᠭ᠎ᠠ ᠶᠢᠨ ᠰᠢᠬᠦᠭᠴᠢ 33 ᠬᠥᠮᠥᠨ ᠪᠠᠶᠢᠵᠤ᠂ ᠵᠢᠯ ᠤᠨ ᠰᠢᠭᠦᠵᠦ | ᠳᠠᠭᠤᠰᠬᠠᠭᠰᠠᠨ ᠬᠡᠷᠡᠭ ᠤᠨ ᠲᠤᠭ᠎ᠠ ᠨᠢ 300 ᠠᠴᠠ ᠬᠡᠲᠦᠷᠡᠭᠰᠡᠨ ᠰᠢᠬᠦᠭᠴᠢ 12 ᠬᠥᠮᠥᠨ ᠪᠠᠶᠢᠵᠤ᠂ ᠵᠢᠯ ᠤᠨ | ᠬᠥᠮᠥᠨ ᠳᠤᠮᠳᠠᠴᠢ ᠶᠢᠨ ᠰᠢᠢᠳᠭᠡᠭᠰᠡᠨ ᠬᠡᠷᠡᠭ ᠤᠨ ᠲᠤᠭ᠎ᠠ ᠨᠢ 317 ᠬᠥᠮᠥᠨ ᠳᠤ ᠬᠦᠷᠴᠡᠢ᠃ | ᠰᠢᠭᠦᠬᠦ ᠬᠤᠷᠢᠶᠠᠨ ᠤ ᠠᠵᠢᠯ ᠳᠤ ᠪᠠᠰᠠ ᠴᠥᠭᠡᠨ ᠪᠤᠰᠤ ᠠᠰᠠᠭᠤᠳᠠᠯ ᠣᠷᠣᠰᠢᠵᠤ ᠪᠠᠶᠢᠬᠤ ᠶᠢ ᠪᠢᠳᠡ | ᠰᠡᠷᠭᠡᠭ ᠢᠶᠠᠷ ᠣᠯᠵᠤ ᠬᠠᠷᠠᠪᠠ᠄ ᠨᠢᠭᠡ ᠳᠤ᠂ ᠬᠠᠤᠯᠢ ᠪᠠᠷᠢᠬᠤ ᠣᠶᠢᠯᠠᠭᠠᠭᠳᠠᠬᠤᠨ ᠢ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠤ ᠱᠠᠭᠠᠷᠳᠠᠯᠭ᠎ᠠ ᠲᠠᠢ ᠬᠠᠷᠢᠴᠠᠭᠤᠯᠪᠠᠯ ᠵᠥᠷᠢᠶ᠎ᠡ ᠲᠠᠢ ᠪᠠᠶᠢᠵᠤ᠂ ᠴᠢᠨᠠᠷ ᠰᠠᠶᠢᠲᠠᠢ ᠬᠥᠭᠵᠢᠯᠲᠡ ᠳᠤ | ᠦᠢᠯᠡᠴᠢᠯᠡᠬᠦ ᠲᠦᠪᠰᠢᠨ ᠢ ᠪᠠᠰᠠ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠬᠤᠶᠠᠷ ᠲᠤ᠂ ᠬᠠᠤᠯᠢ ᠪᠠᠷᠢᠬᠤ | ᠴᠢᠳᠠᠪᠤᠷᠢ ᠪᠠᠰᠠ ᠬᠦᠷᠦᠯᠴᠡᠬᠦ ᠦᠭᠡᠢ ᠪᠠᠶᠢᠵᠤ᠂ ᠤᠨᠢᠨ ᠳᠡᠭᠡᠷ᠎ᠡ ᠨᠢ ᠶᠡᠭᠡ ᠲᠠᠯ᠎ᠠ ᠳᠤ ᠦᠢᠯᠡᠴᠢᠯᠡᠬᠦ᠂ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠤᠯᠠᠨ ᠲᠦᠮᠡᠨ ᠤ ᠤᠯᠠᠨ ᠶᠠᠩᠵᠤᠴᠢᠯᠠᠭᠰᠠᠨ ᠬᠠᠤᠯᠢ ᠪᠠᠷᠢᠬᠤ | ᠬᠡᠷᠡᠭᠴᠡᠭᠡ ᠶᠢ ᠬᠠᠩᠭᠠᠬᠤ ᠶᠢ ᠰᠤᠳᠤᠯᠤᠭᠰᠠᠨ ᠢᠶᠠᠷ ᠬᠦᠷᠦᠯᠴᠡᠬᠦ ᠦᠭᠡᠢ ᠪᠠᠶᠢᠵᠤ᠂ ᠵᠠᠷᠢᠮ ᠬᠡᠷᠡᠭ ᠤᠨ ᠰᠢᠭᠦᠨ | ᠲᠠᠰᠤᠯᠤᠯᠲᠠ ᠶᠢᠨ ᠶᠠᠰᠤ ᠴᠢᠨᠠᠷ ᠦᠷ᠎ᠡ ᠪᠦᠲᠦᠮᠵᠢ ᠨᠢ ᠥᠨᠳᠥᠷ ᠪᠢᠰᠢ᠂ ᠦᠷ᠎ᠡ ᠪᠦᠲᠦᠮᠵᠢ ᠨᠢ ᠮᠠᠭᠤ ᠪᠠᠶᠢᠵᠤ᠂ | ᠮᠧᠬᠠᠨᠢᠭ ᠢᠶᠠᠷ ᠬᠠᠤᠯᠢ ᠪᠠᠷᠢᠬᠤ᠂ ᠬᠡᠷᠡᠭ ᠢ ᠰᠢᠢᠳᠪᠦᠷᠢᠯᠡᠬᠦ ᠶᠢᠨ ᠲᠥᠯᠥᠭᠡ ᠬᠡᠷᠡᠭ ᠰᠢᠢᠳᠪᠦᠷᠢᠯᠡᠬᠦ ᠠᠰᠠᠭᠤᠳᠠᠯ | ᠣᠷᠣᠰᠢᠵᠤ ᠪᠠᠶᠢᠨ᠎ᠠ᠃ ᠭᠤᠷᠪᠠ ᠳᠤ᠂ ᠬᠠᠤᠯᠢ ᠴᠠᠭᠠᠵᠠ ᠶᠢᠨ ᠥᠭᠡᠷᠡᠴᠢᠯᠡᠯᠲᠡ ᠶᠢᠨ ᠰᠢᠰᠲ᠋ᠧᠮ ᠤᠨ ᠴᠤᠭᠯᠠᠷᠠᠯ᠂ | ᠬᠠᠮᠵᠢᠯᠴᠠᠭ᠎ᠠ ᠥᠨᠳᠥᠷ ᠪᠦᠲᠦᠮᠵᠢᠲᠡᠢ ᠪᠠᠶᠢᠬᠤ ᠶᠢ ᠴᠢᠩᠭᠠᠳᠬᠠᠬᠤ ᠴᠢᠬᠤᠯᠠᠲᠠᠢ ᠪᠠᠶᠢᠵᠤ᠂ ᠬᠠᠤᠯᠢ ᠴᠠᠭᠠᠵᠠ ᠶᠢᠨ | ᠬᠠᠷᠢᠭᠤᠴᠠᠯᠭ᠎ᠠ ᠶᠢᠨ ᠳᠦᠷᠢᠮ ᠤᠨ ᠶᠡᠷᠦᠩᠬᠡᠶᠢᠯᠡᠭᠰᠡᠨ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠬᠤ ᠲᠠᠯ᠎ᠠ ᠪᠠᠷ ᠵᠥᠷᠢᠶ᠎ᠡ ᠲᠠᠢ᠃ ᠳᠥᠷᠪᠡ ᠳᠤ᠂ ᠬᠠᠤᠯᠢ ᠪᠠᠷᠢᠬᠤ ᠬᠦᠷᠢᠶᠡᠨ ᠳᠤ ᠢᠯᠵᠠᠷᠠᠯ ᠤᠨ | ᠠᠰᠠᠭᠤᠳᠠᠯ ᠮᠥᠨ ᠯᠡ ᠭᠠᠷᠴᠤ᠂ ᠣᠨᠴᠠ ᠵᠠᠷᠢᠮ ᠰᠢᠬᠦᠭᠴᠢ ᠲᠣᠭᠲᠠᠭᠠᠯ ᠢ ᠵᠥᠷᠢᠴᠡᠨ ᠰᠠᠬᠢᠯᠭ᠎ᠠ ᠪᠠᠲᠤ ᠶᠢ | ᠵᠥᠷᠢᠴᠡᠵᠦ᠂ ᠬᠤᠪᠢ ᠶᠢᠨ ᠨᠠᠶᠢᠷ ᠢᠶᠠᠷ ᠬᠠᠤᠯᠢ ᠴᠠᠭᠠᠵᠠ ᠶᠢ ᠭᠠᠵᠢᠭᠤᠳᠠᠭᠤᠯᠤᠨ᠂ ᠬᠠᠤᠯᠢ ᠪᠠᠷ ᠵᠠᠰᠠᠬᠤ ᠡᠷᠬᠡ | ᠰᠦᠷ ᠢ ᠬᠦᠨᠳᠦ ᠨᠣᠴᠢᠲᠠᠢ ᠬᠤᠬᠢᠷᠠᠭᠤᠯᠵᠤ ᠪᠠᠶᠢᠨ᠎ᠠ᠃ ᠲᠠᠪᠤ ᠳᠤ᠂ ᠡᠩᠨᠡᠭᠡᠨ ᠤ ᠪᠠᠶᠢᠭᠤᠯᠤᠯᠲᠠ ᠳᠤ ᠪᠠᠰᠠ | ᠲᠣᠳᠠᠭᠳᠠᠯ ᠣᠷᠣᠰᠢᠵᠤ᠂ ᠰᠢᠬᠦᠭᠴᠢ ᠶᠢᠨ ᠠᠵᠢᠯᠲᠠᠨ ᠤ ᠲᠤᠭ᠎ᠠ ᠬᠦᠷᠦᠯᠴᠡᠬᠦ ᠦᠭᠡᠢ᠂ ᠵᠠᠷᠢᠮ ᠬᠦᠷᠢᠶᠡᠨ ᠳᠤ | ᠲᠤᠰᠬᠠᠶᠢᠵᠢᠭᠰᠠᠨ ᠰᠢᠭᠦᠨ ᠲᠠᠰᠤᠯᠬᠤ ᠴᠢᠳᠠᠪᠤᠷᠢᠲᠠᠨ ᠲᠤᠲᠠᠭᠳᠠᠵᠤ᠂ ᠬᠠᠤᠯᠢ ᠴᠠᠭᠠᠵᠠ ᠶᠢᠨ ᠲᠤᠰᠠᠯᠠᠬᠤ | ᠠᠵᠢᠯᠲᠠᠨ ᠤ ᠡᠩᠨᠡᠭᠡ ᠲᠣᠭᠲᠠᠭᠤᠨ ᠪᠤᠰᠤ ᠪᠠᠶᠢᠵᠤ᠂ ᠰᠢᠭᠦᠬᠦ ᠬᠤᠷᠢᠶᠠᠨ ᠤ ᠠᠵᠢᠯᠲᠠᠨ ᠤ ᠪᠠ ᠬᠡᠷᠡᠭ ᠤᠨ ᠵᠥᠷᠢᠴᠡᠯ | ᠮᠥᠨ ᠯᠡ ᠲᠣᠪᠣᠶᠢᠮ᠎ᠠ ᠣᠷᠣᠰᠢᠵᠤ ᠪᠠᠶᠢᠨ᠎ᠠ᠃ ᠵᠢᠷᠭᠤᠭ᠎ᠠ ᠳᠤ᠂ ᠦᠨᠳᠦᠰᠦᠨ ᠱᠠᠲᠤᠨ ᠤ ᠰᠠᠭᠤᠷᠢ ᠠᠵᠢᠯ ᠳᠤ | ᠪᠠᠭᠤᠷᠠᠢ ᠭᠤᠭᠴᠤᠭ᠎ᠠ ᠣᠷᠣᠰᠢᠵᠤ᠂ ᠵᠠᠷᠢᠮ ᠰᠢᠭᠦᠬᠦ ᠲᠢᠩᠬᠢᠮ ᠤᠨ ᠪᠠᠶᠢᠭᠤᠯᠤᠯᠲᠠ ᠳᠤ ᠵᠥᠷᠢᠶ᠎ᠡ ᠣᠷᠣᠰᠢᠵᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ᠂ ᠨᠡᠶᠢᠭᠡᠮ ᠤᠨ ᠵᠠᠰᠠᠯᠲᠠ ᠶᠢ ᠠᠬᠢᠭᠤᠯᠬᠤ | ᠴᠢᠳᠠᠪᠤᠷᠢ ᠶᠢᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠡᠳᠡᠭᠡᠷ ᠠᠰᠠᠭᠤᠳᠠᠯ ᠢ ᠪᠢᠳᠡ | ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠴᠢᠷᠮᠠᠶᠢᠨ ᠰᠢᠢᠳᠪᠦᠷᠢᠯᠡᠬᠦ ᠪᠣᠯᠣᠨ᠎ᠠ᠃ | ᠬᠤᠶᠠᠷ᠂ 2023 ᠣᠨ ᠤ ᠰᠢᠭᠦᠬᠦ ᠬᠤᠷᠢᠶᠠᠨ ᠤ ᠠᠵᠢᠯ ᠤᠨ ᠲᠣᠬᠢᠷᠠᠭᠤᠯᠤᠯᠲᠠ | 2023 ᠣᠨ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠵᠣ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠳᠠᠯᠠᠨ᠂ ᠲᠤᠰ ᠤᠳᠠᠭᠠᠨ ᠤ ᠶᠡᠭᠡ ᠬᠤᠷᠠᠯ ᠤᠨ ᠰᠢᠢᠳᠪᠦᠷᠢ ᠶᠢ | ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠨ ᠡᠭᠦᠷᠭᠡ | ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠬᠠᠤᠯᠢ ᠪᠠᠷ ᠵᠠᠰᠠᠬᠤ ᠪᠠᠷ ᠦᠨᠳᠦᠰᠦ ᠶᠢ ᠪᠠᠲᠤᠳᠬᠠᠬᠤ᠂ | ᠵᠢᠱᠢᠯᠲᠡ ᠶᠢ ᠲᠣᠭᠲᠠᠪᠤᠷᠢᠵᠢᠭᠤᠯᠬᠤ᠂ ᠠᠯᠤᠰ ᠢᠷᠡᠭᠡᠳᠦᠢ ᠳᠤ ᠠᠰᠢᠭᠲᠠᠢ ᠪᠠᠶᠢᠯᠭᠠᠬᠤ ᠪᠠᠲᠤᠯᠠᠭ᠎ᠠ ᠶᠢᠨ ᠦᠢᠯᠡᠳᠦᠯ ᠢ | ᠨᠡᠩ ᠰᠠᠶᠢᠲᠤᠷ ᠪᠠᠳᠠᠷᠠᠭᠤᠯᠵᠤ᠂ ᠬᠠᠤᠯᠢ ᠪᠠᠷᠢᠬᠤ ᠴᠢᠳᠠᠪᠤᠷᠢ ᠪᠠᠨ ᠲᠠᠰᠤᠷᠠᠯᠲᠠ ᠦᠭᠡᠢ ᠨᠡᠮᠡᠭᠳᠡᠭᠦᠯᠦᠨ᠂ ᠬᠠᠤᠯᠢ | ᠪᠠᠷᠢᠬᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ | ᠴᠢᠷᠮᠠᠶᠢᠨ ᠠᠬᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ | ᠪᠥᠳᠣᠭᠡᠨ ᠪᠠᠶᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠳᠤ ᠬᠦᠴᠦᠲᠡᠢ ᠬᠠᠤᠯᠢ ᠪᠠᠷᠢᠬᠤ ᠪᠠᠲᠤᠯᠠᠭ᠎ᠠ ᠬᠠᠩᠭᠠᠨ᠎ᠠ᠃ | ᠨᠢᠭᠡ ᠳᠤ᠂ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠤᠨ ᠬᠤᠷᠢᠳᠤᠭᠠᠷ ᠶᠡᠭᠡ ᠬᠤᠷᠠᠯ | ᠤᠨ ᠵᠣᠷᠢᠭ ᠰᠠᠨᠠᠭ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠣᠭᠤᠰᠢᠯᠠᠭᠤᠯᠵᠣ᠂ ᠰᠢ ᠶᠢᠨ ᠫᠢᠩ ᠤᠨ | ᠬᠠᠤᠯᠢᠵᠢᠯ ᠤᠨ ᠦᠵᠡᠯ ᠰᠠᠨᠠᠭ᠎ᠠ ᠶᠢ ᠦᠨᠡᠨᠬᠦ ᠰᠤᠷᠤᠯᠴᠠᠵᠦ ᠦᠨᠡᠨᠬᠦ ᠢᠲᠡᠭᠡᠵᠦ ᠦᠨᠡᠨᠬᠦ ᠬᠡᠷᠡᠭᠵᠢᠭᠦᠯᠵᠦ᠂ ︽ | ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ︽ᠬᠤᠶᠠᠷ ᠶᠡᠭᠡ ᠲᠠᠯ᠎ᠠ︾ ᠳᠤ ᠰᠠᠭᠤᠷᠢᠯᠠᠵᠤ᠂ ᠬᠡᠬᠦᠳᠡᠭ | ᠴᠡᠭᠡᠵᠢᠨ ᠳᠤ ︽ᠤᠯᠤᠰ ᠤᠨ ᠶᠡᠭᠡ ᠶᠠᠪᠤᠳᠠᠯ︾ ᠢ ᠪᠠᠭᠲᠠᠭᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠬᠠᠷᠢᠴᠠᠭᠤᠯᠤᠨ ᠢᠯᠡᠳᠬᠡᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ | ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ | ᠦᠭᠡᠢ ᠳᠡᠭᠡᠭᠰᠢᠯᠡᠭᠦᠯᠬᠦ ᠬᠡᠷᠡᠭᠲᠡᠢ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠦᠷᠦ ᠬᠠᠤᠯᠢ | ᠴᠠᠭᠠᠵᠠ ᠶᠢᠨ ᠠᠵᠢᠯ ᠤᠨ ᠳᠦᠷᠢᠮ︾ ᠢ ᠭᠦᠨᠵᠡᠭᠡᠢ ᠲᠤᠭᠤᠰᠢᠯᠠᠭᠤᠯᠵᠤ᠂ ᠬᠠᠤᠯᠢ ᠪᠠᠷᠢᠬᠤ ᠠᠵᠢᠯ ᠳᠠᠬᠢ ᠨᠠᠮ ᠤᠨ | ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠬᠠᠤᠯᠢ ᠪᠠᠷ ᠵᠠᠰᠠᠬᠤ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠨ᠎ᠠ᠃ | ᠬᠤᠶᠠᠷ ᠲᠤ᠂ ᠠᠵᠢᠯ ᠤᠨ ᠶᠡᠭᠡ ᠲᠠᠯ᠎ᠠ ᠳᠤ ᠦᠢᠯᠡᠴᠢᠯᠡᠨ᠎ᠡ᠃ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠥᠬᠦ | ᠲᠠᠯ᠎ᠠ ᠪᠠᠷ ᠲᠣᠭᠤᠰᠢᠯᠠᠭᠤᠯᠵᠣ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠬᠠᠤᠯᠢ ᠶᠣᠰᠣᠭᠠᠷ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠵᠦ᠂ ᠨᠠᠷᠢᠯᠢᠭ ᠣᠨᠣᠴᠠᠲᠠᠢ ᠪᠠᠷ ᠬᠦᠴᠦᠯᠡᠨ᠂ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠳᠤ ᠢᠳᠡᠪᠬᠢᠲᠡᠢ ᠦᠢᠯᠡᠴᠢᠯᠡᠨ᠎ᠡ᠃ ᠬᠥᠭᠵᠢᠯᠲᠡ ᠶᠢᠨ ᠠᠮᠤᠷ ᠲᠦᠪᠰᠢᠨ ᠤ ᠬᠤᠶᠠᠷ ᠶᠡᠭᠡ | ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠩ ᠥᠨᠳᠥᠷ ᠲᠦᠪᠰᠢᠨ ᠠᠮᠤᠷ ᠠᠮᠤᠭᠤᠯᠠᠩ | ᠡᠮᠦᠨᠡᠲᠦ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠶᠢ ᠪᠠᠶᠢᠩᠭᠤᠵᠢᠭᠤᠯᠬᠤ ᠶᠢ ᠠᠬᠢᠭᠤᠯᠵᠤ᠂ ᠢᠯᠵᠠᠷᠡᠮᠡᠯ ᠤᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ | ᠴᠢᠩᠭ᠎ᠠ ᠰᠢᠢᠳᠭᠡᠵᠣ᠂ ᠰᠦᠯᠵᠢᠶᠡᠨ ᠤ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠵᠠᠯᠬᠠᠭᠠᠨ ᠰᠢᠢᠳᠭᠡᠵᠣ᠂ | ᠤᠯᠤᠰ ᠤᠨ ᠤᠯᠤᠰ ᠲᠥᠷᠥ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠡᠷᠡᠰ | ᠬᠠᠮᠠᠭᠠᠯᠠᠨ᠎ᠠ᠃ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠵᠠᠬ᠎ᠠ ᠳᠡᠯᠭᠡᠭᠦᠷ ᠤᠨ | ᠭᠤᠣᠯᠴᠢ ᠥᠷᠢᠰᠦᠯᠳᠦᠭᠡᠨ ᠤ ᠡᠮᠬᠢ ᠵᠢᠷᠤᠮ ᠪᠠ ᠨᠡᠶᠢᠭᠡᠮ ᠨᠡᠶᠢᠲᠡ ᠶᠢᠨ ᠠᠰᠢᠭ ᠲᠤᠰᠠ ᠶᠢ ᠬᠠᠮᠠᠭᠠᠯᠠᠨ᠎ᠠ᠃ | ᠳᠠᠮᠫᠤᠷᠠᠯ ᠤᠨ ᠰᠢᠭᠦᠨ ᠲᠠᠰᠣᠯᠣᠯᠳᠠ ᠶᠢᠨ ᠠᠵᠢᠯ ᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ | ᠤᠬᠤᠷᠢᠨ ᠭᠠᠷᠬᠤ ᠳᠥᠭᠦᠮ ᠳᠥᠲᠡ᠂ ᠥᠨᠳᠥᠷ ᠪᠦᠲᠦᠮᠵᠢᠲᠡᠶ᠂ ᠡᠮᠬᠢ ᠵᠢᠷᠤᠮ ᠲᠠᠢ ᠳᠦᠷᠢᠮ ᠢ ᠲᠡᠭᠦᠯᠳᠡᠷᠵᠢᠭᠦᠯᠬᠦ ᠶᠢ | ᠲᠦᠯᠬᠢᠨ ᠠᠬᠢᠭᠤᠯᠤᠨ᠎ᠠ᠃ ᠦᠢᠯᠡᠳᠪᠦᠷᠢᠯᠡᠯ᠂ ᠬᠤᠪᠢᠶᠠᠷᠢᠯᠠᠯᠲᠠ᠂ ᠭᠦᠢᠯᠭᠡᠭᠡ᠂ ᠬᠡᠷᠡᠭᠯᠡᠭᠡᠨ ᠤ ᠬᠦᠷᠢᠶᠡᠨ ᠳᠠᠬᠢ | ᠵᠢᠭᠤᠷᠠᠯᠳᠤᠭᠠᠨ ᠢ ᠲᠣᠬᠢᠲᠠᠢ ᠰᠢᠢᠳᠪᠦᠷᠢᠯᠡᠵᠦ᠂ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠬᠤ ᠳᠤ | ᠦᠢᠯᠡᠴᠢᠯᠡᠨ᠎ᠡ᠃ ᠰᠢᠨ᠎ᠡ ᠲᠦᠷᠦᠯ ᠬᠡᠯᠪᠡᠷᠢ ᠶᠢᠨ ᠬᠡᠷᠡᠭ ᠤᠨ ᠰᠤᠳᠤᠯᠭᠠᠨ ᠢ ᠴᠢᠩᠭᠠᠳᠬᠠᠵᠤ᠂ ᠬᠤᠯᠪᠣᠭᠳᠠᠯ ᠪᠦᠬᠦᠢ | ᠵᠥᠷᠢᠴᠡᠯ ᠵᠢᠭᠤᠷᠠᠯᠳᠤᠭᠠᠨ ᠢ ᠲᠣᠬᠢᠲᠠᠢ ᠰᠢᠭᠦᠨ ᠰᠢᠢᠳᠪᠣᠷᠢᠯᠡᠨ᠎ᠡ᠃ ᠪᠣᠬᠢᠷᠳᠤᠯ ᠦᠭᠡᠢ ᠬᠥᠭᠵᠢᠯᠲᠡ ᠶᠢᠨ | ᠣᠶᠢᠯᠠᠭᠠᠭᠳᠠᠬᠤᠨ ᠢ ᠨᠠᠶᠢᠳᠠᠪᠤᠷᠢᠵᠢᠭᠤᠯᠵᠤ᠂ ᠣᠷᠴᠢᠨ ᠠᠬᠤᠢ ᠶᠢᠨ ᠡᠬᠢ ᠪᠠᠶᠠᠯᠢᠭ ᠢ ᠬᠠᠮᠠᠭᠠᠯᠠᠵᠤ᠂ ᠠᠮᠢ | ᠠᠬᠤᠢ ᠶᠢᠨ ᠣᠷᠴᠢᠨ ᠨᠥᠬᠦᠴᠡᠯ ᠤᠨ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ | ᠭᠤᠷᠪᠠ ᠳᠤ᠂ ᠠᠷᠠᠳ ᠤᠨ ᠲᠥᠯᠥᠭᠡ ᠬᠠᠤᠯᠢ ᠪᠠᠷᠢᠬᠤ ᠶᠢ ᠪᠠᠷᠢᠮᠳᠠᠯᠠᠨ᠎ᠠ᠃ ᠲᠤᠬᠠᠶᠢᠯᠠᠭᠰᠠᠨ ᠠᠵᠢᠯ ᠤᠨ | ᠪᠣᠯᠪᠠᠰᠣᠷᠡᠯ ᠢ ᠴᠢᠩᠭᠠᠳᠬᠠᠵᠤ᠂ ᠢᠷᠭᠡᠨ ᠤ ᠬᠠᠤᠯᠢ ᠶᠢᠨ ᠪᠢᠴᠢᠭ ᠢ ᠦᠨᠡᠨ ᠬᠦ ᠬᠡᠷᠡᠭᠵᠢᠭᠦᠯᠵᠦ᠂ ᠢᠷᠭᠡᠨ ᠤ | ᠬᠡᠷᠡᠭ ᠤᠨ ᠡᠷᠬᠡ ᠶᠢᠨ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠵᠠᠰᠠᠭ | ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠳᠡᠮᠵᠢᠵᠦ᠂ ᠲᠡᠭᠦᠨ ᠳᠤ | ᠬᠢᠨᠠᠯᠲᠠ《ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ》 ᠳᠤ ᠬᠤᠯᠪᠣᠭᠳᠠᠭᠰᠠᠨ ᠬᠡᠷᠡᠭ ᠢ ᠬᠠᠤᠯᠢ ᠶᠣᠰᠣᠭᠠᠷ | ᠲᠣᠬᠢᠲᠠᠢ ᠰᠢᠭᠦᠨ ᠰᠢᠢᠳᠪᠦᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠢᠳᠡᠪᠬᠢᠲᠡᠢ | ᠥᠢᠯᠡᠴᠢᠯᠡᠨ᠎ᠡ᠃ ᠡᠮᠡᠭᠲᠡᠶᠢᠴᠦᠳ᠂ ᠬᠡᠦᠬᠡᠳ᠂ ᠨᠠᠰᠤᠲᠠᠶᠢᠴᠤᠳ᠂ ᠵᠡᠮᠳᠡᠭᠴᠦᠳ ᠤᠨ ᠡᠷᠬᠡ ᠠᠰᠢᠭ ᠤᠨ | ᠪᠠᠲᠤᠯᠠᠭ᠎ᠠ ᠶᠢ ᠴᠢᠩᠭᠠᠳᠬᠠᠨ᠎ᠠ᠃ ᠨᠠᠰᠤᠨ ᠳᠤ ᠦᠯᠤ ᠬᠥᠷᠦᠭᠰᠡᠳ ᠢ ᠬᠠᠮᠠᠭᠠᠯᠠᠬᠤ ᠬᠠᠤᠯᠢ ᠪᠠ ᠨᠠᠰᠤᠨ ᠳᠤ ᠦᠯᠤ | ᠬᠥᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ ᠬᠠᠤᠯᠢ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠪᠠᠭᠠᠴᠤᠳ ᠤᠨ ᠰᠢᠭᠦᠬᠦ | ᠲᠢᠩᠬᠢᠮ ᠤᠨ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠤᠯᠢ ᠪᠠᠷ ᠵᠠᠰᠠᠬᠤ ᠤᠬᠠᠭᠤᠯᠭ᠎ᠠ | ᠬᠥᠮᠦᠵᠢᠯ ᠤᠨ ᠡᠷᠴᠢᠮ ᠢ ᠴᠢᠩᠭᠠᠷᠠᠭᠤᠯᠵᠤ᠂ ᠨᠠᠰᠤᠨ ᠳᠤ ᠦᠯᠤ ᠬᠥᠷᠦᠭᠰᠡᠳ ᠤᠨ ᠡᠷᠡᠬᠦᠯ ᠢᠶᠠᠷ ᠥᠰᠣᠨ | ᠪᠣᠶᠢᠵᠢᠬᠤ ᠶᠢ ᠬᠠᠮᠠᠭᠠᠯᠠᠨ᠎ᠠ᠃ ︽ᠢᠨᠲ᠋ᠧᠷ ᠰᠦᠯᠵᠢᠶ᠎ᠡ +︾ ᠶᠢᠨ ᠵᠠᠭᠪᠤᠷ ᠳᠣᠣᠷᠠᠬᠢ ᠰᠢᠨ᠎ᠡ ᠡᠵᠡᠩᠨᠡᠯᠲᠡ ᠶᠢᠨ | ᠬᠡᠯᠪᠡᠷᠢ ᠪᠠᠶᠢᠳᠠᠯ ᠤᠨ ᠠᠵᠢᠯ ᠡᠷᠬᠢᠯᠡᠭᠰᠡᠳ ᠤᠨ ᠬᠠᠤᠯᠢ ᠶᠣᠰᠣᠨ ᠤ ᠡᠷᠬᠡ ᠠᠰᠢᠭ ᠤᠨ ᠪᠠᠲᠤᠯᠠᠭ᠎ᠠ ᠶᠢ | ᠴᠢᠩᠭᠠᠳᠬᠠᠨ᠎ᠠ᠃ ᠴᠡᠷᠢᠭ ᠲᠤ ᠬᠤᠯᠪᠣᠭᠳᠠᠭᠰᠠᠨ ᠡᠷᠬᠡ ᠪᠠᠨ ᠬᠠᠮᠠᠭᠠᠯᠠᠬᠤ ᠠᠵᠢᠯ ᠤᠨ ᠡᠷᠴᠢᠮ ᠢ ᠴᠢᠩᠭᠠᠷᠠᠭᠤᠯᠵᠤ᠂ | ᠴᠡᠷᠢᠭ ᠲᠤ ᠬᠤᠯᠪᠣᠭᠳᠠᠭᠰᠠᠨ ᠡᠷᠬᠡ ᠪᠠᠨ ᠬᠠᠮᠠᠭᠠᠯᠠᠬᠤ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠵᠦ᠂ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠠᠰᠢᠭ ᠲᠤᠰᠠ ᠪᠠ ᠴᠡᠷᠢᠭ ᠤᠨ ᠬᠥᠮᠥᠨ ᠴᠡᠷᠢᠭ ᠤᠨ ᠭᠡᠷ ᠪᠦᠯᠢ ᠶᠢᠨ ᠬᠢᠨ ᠤ ᠬᠠᠤᠯᠢ | ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠎ᠠ᠃ ᠭᠦᠢᠴᠡᠳᠬᠡᠬᠦ ᠳᠤ ᠪᠡᠷᠬᠡᠲᠡᠢ ᠪᠠᠶᠢᠬᠤ ᠶᠢ ᠶᠡᠷᠦᠩᠬᠡᠶᠢᠯᠡᠨ | ᠵᠠᠰᠠᠬᠤ᠂ ᠡᠬᠢ ᠰᠤᠷᠪᠤᠯᠵᠢ ᠠᠴᠠ ᠨᠢ ᠵᠠᠰᠠᠬᠤ ᠶᠢ ᠲᠦᠯᠬᠢᠨ ᠠᠬᠢᠭᠤᠯᠵᠤ᠂ ᠭᠦᠢᠴᠡᠳᠬᠡᠬᠦ ᠠᠵᠢᠯ ᠤᠨ ᠡᠷᠴᠢᠮ ᠢ | ᠴᠢᠩᠭᠠᠷᠠᠭᠤᠯᠵᠤ᠂ ᠰᠠᠶᠢᠨ ᠰᠠᠨᠠᠭᠠᠨ ᠤ ᠡᠭᠦᠳᠡᠨ ᠠᠴᠠ ᠪᠣᠯᠪᠠᠰᠤᠨ ᠢᠶᠠᠷ ᠭᠦᠢᠴᠡᠳᠬᠡᠬᠦ ᠳᠦᠷᠢᠮ ᠢ | ᠲᠡᠭᠦᠯᠳᠡᠷᠵᠢᠭᠦᠯᠵᠦ᠂ ᠭᠦᠢᠴᠡᠳᠬᠡᠬᠦ ᠠᠵᠢᠯ ᠤᠨ ᠥᠨᠳᠥᠷ ᠬᠢᠷᠢ ᠲᠦᠪᠰᠢᠨ ᠲᠠᠢ ᠠᠵᠢᠯᠯᠠᠭᠠᠨ ᠢ ᠪᠠᠲᠤᠯᠠᠨ᠎ᠠ᠃ | ᠵᠠᠷᠭᠤ ᠳᠤ ᠬᠤᠯᠪᠣᠭᠳᠠᠭᠰᠠᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠴᠢᠩᠭᠠᠳᠬᠠᠵᠤ᠂ ᠨᠢᠭᠡᠳ ᠨᠢᠭᠡ ᠪᠠᠷ | ᠴᠤᠤᠷᠢᠶ᠎ᠠ ᠲᠠᠢ ᠪᠣᠯᠭᠠᠬᠤ ᠶᠢ ᠪᠡᠶᠡᠡᠯᠬᠦᠯᠦᠨᠡ᠃ ᠠᠷᠠᠳ ᠤᠨ ᠰᠢᠭᠦᠬᠦ ᠲᠢᠩᠬᠢᠮ ᠤᠨ ᠪᠠᠶᠢᠭᠤᠯᠤᠯᠲᠠ ᠶᠢ | ᠴᠢᠩᠭᠠᠳᠬᠠᠵᠤ᠂ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ | ᠱᠠᠲᠤᠨ ᠤ ᠬᠠᠤᠯᠢ ᠪᠠᠷᠢᠬᠤ ᠬᠢᠷᠢ ᠲᠦᠪᠰᠢᠨ ᠢ ᠳᠡᠭᠡᠭᠰᠢᠯᠡᠭᠦᠯᠦᠨ᠂ ᠠᠷᠠᠳ ᠤᠯᠠᠨ ᠤ ᠬᠡᠷᠡᠭᠴᠡᠭᠡ ᠱᠠᠭᠠᠷᠳᠠᠯᠭ᠎ᠠ ᠶᠢ | ᠬᠠᠮᠢᠭ᠎ᠠ ᠬᠦᠷᠭᠡᠪᠡᠯ ᠬᠠᠤᠯᠢ ᠪᠠᠷᠢᠬᠤ ᠦᠢᠯᠡᠴᠢᠯᠡᠭᠡ ᠶᠢ ᠲᠡᠨᠳᠡ ᠬᠦᠷᠲᠡᠯ᠎ᠡ ᠳᠠᠭᠠᠬᠤ ᠶᠢ ᠴᠢᠷᠮᠠᠶᠢᠨ ᠪᠡᠶᠡᠯᠡᠭᠦᠯᠦᠨ᠎ᠡ᠃ | ᠳᠥᠷᠪᠡ ᠳᠤ᠂ ᠲᠥᠪ ᠭᠤᠣᠯᠴᠢ ᠪᠠᠷ ᠬᠠᠤᠯᠢ ᠪᠠᠷᠢᠬᠤ ᠶᠢ ᠴᠢᠩᠳᠠᠯᠠᠨ᠎ᠠ᠃ ᠬᠠᠤᠯᠢ ᠴᠠᠭᠠᠵᠠ ᠶᠢᠨ | ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠷᠬᠡ ᠵᠢᠨᠠᠵᠢᠯᠯᠠᠭ᠎ᠠ ᠶᠢ | ᠲᠥᠷᠢᠮᠵᠢᠬᠦᠯᠦᠨ᠂ ᠬᠢᠵᠠᠭᠠᠷᠯᠠᠬᠤ ᠪᠠ ᠬᠢᠨᠠᠯᠲᠠ ᠲᠠᠯᠪᠢᠬᠤ ᠶᠢ ᠴᠢᠩᠭᠠᠳᠬᠠᠵᠤ᠂ ᠲᠥᠪ ᠭᠤᠣᠯᠴᠢ ᠪᠠᠷ ᠬᠠᠤᠯᠢ | ᠪᠠᠷᠢᠬᠤ ᠶᠢ ᠠᠬᠢᠭᠤᠯᠤᠨ᠎ᠠ᠃ ᠡᠷᠡᠭᠦᠦ ᠶᠢᠨ ᠬᠡᠷᠡᠭ᠂ ᠢᠷᠭᠡᠨ ᠤ ᠬᠡᠷᠡᠭ᠂ ᠵᠠᠰᠠᠭ ᠵᠠᠬᠢᠷᠭᠠᠨ ᠤ ᠵᠠᠷᠭᠤ ᠶᠢᠨ ᠬᠠᠤᠯᠢ ᠶᠢ | ᠴᠢᠩᠭ᠎ᠠ ᠲᠣᠭᠤᠰᠢᠯᠠᠭᠤᠯᠵᠣ᠂ ᠲᠤᠬᠠᠢ ᠶᠢᠨ ᠬᠥᠮᠥᠨ ᠤ ᠵᠠᠷᠭᠤᠯᠳᠤᠬᠤ ᠡᠷᠬᠡ ᠶᠢ ᠭᠦᠢᠴᠡᠳ ᠪᠠᠳᠣᠯᠠᠨ᠎ᠠ᠃ ᠬᠠᠤᠯᠢ | ᠶᠣᠰᠣᠨ ᠤ ᠰᠠᠶᠢᠨ ᠳᠤᠷ᠎ᠠ ᠶᠢᠨ ᠪᠠᠶᠢᠬᠤ ᠵᠠᠷᠴᠢᠮ ᠢ ᠪᠠᠷᠢᠮᠲᠠᠯᠠᠵᠤ᠂ ᠡᠶᠡᠳᠡᠭᠦᠯᠵᠦ ᠪᠣᠯᠬᠤ ᠶᠢ ᠨᠢ ᠡᠶᠡᠳᠡᠭᠦᠯᠵᠦ᠂ | ᠰᠢᠭᠦᠨ ᠲᠠᠰᠤᠯᠬᠤ ᠶᠣᠰᠣᠲᠠᠢ ᠶᠢ ᠨᠢ ᠰᠢᠭᠦᠨ ᠲᠠᠰᠤᠯᠤᠨ᠎ᠠ᠃ ᠬᠠᠤᠯᠢᠴᠢ ᠶᠢᠨ ᠬᠠᠤᠯᠢ ᠶᠣᠰᠣᠭᠠᠷ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨ ᠬᠦ ᠪᠠᠲᠤᠯᠠᠵᠤ᠂ ᠬᠠᠤᠯᠢᠴᠢ ᠲᠠᠢ ᠵᠦᠢ ᠶᠣᠰᠣᠨ ᠤ ᠶᠠᠪᠤᠯᠴᠠᠭ᠎ᠠ᠂ | ᠰᠠᠶᠢᠨ ᠨᠥᠬᠦᠴᠡᠯᠳᠦᠯ ᠤᠨ ᠬᠠᠷᠢᠴᠠᠭ᠎ᠠ ᠶᠢ ᠪᠠᠶᠢᠭᠤᠯᠵᠤ᠂ ᠬᠠᠤᠯᠢ ᠪᠠᠷ ᠵᠠᠰᠠᠬᠤ ᠲᠠᠪᠰᠢᠯᠳᠠ ᠶᠢ ᠬᠠᠮᠲᠤ ᠪᠠᠷ | ᠲᠦᠯᠬᠢᠨ ᠠᠬᠢᠭᠤᠯᠤᠨ᠎ᠠ᠃ ᠲᠠᠰᠤᠯᠤᠨ ᠲᠣᠭᠲᠠᠭᠠᠯᠲᠠ ᠶᠢᠨ ᠪᠠᠷᠢᠮᠵᠢᠶ᠎ᠠ ᠶᠢ ᠨᠢᠭᠡᠳᠬᠡᠵᠦ᠂ ᠰᠢᠭᠦᠨ | ᠲᠠᠰᠤᠯᠤᠯᠲᠠ ᠶᠢᠨ ᠭᠦᠢᠴᠡᠳᠬᠡᠬᠦ ᠴᠢᠨᠠᠷ ᠪᠠ ᠦᠷ᠎ᠡ ᠪᠦᠲᠦᠮᠵᠢ ᠶᠢ ᠲᠡᠭᠡᠭᠰᠢᠯᠡᠬᠦᠯᠦᠨ᠎ᠡ᠃ ᠰᠢᠭᠦᠨ ᠲᠠᠰᠤᠯᠬᠤ | ᠭᠦᠢᠴᠡᠳᠬᠡᠬᠦ ᠠᠵᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠥᠪ ᠭᠤᠣᠯᠴᠢ ᠠᠷᠢᠭᠤᠨ ᠴᠢᠬᠡᠴᠢ ᠪᠠᠷ | ᠬᠠᠤᠯᠢ ᠪᠠᠷᠢᠬᠤ ᠶᠢ ᠦᠨᠡᠨ ᠬᠦ ᠪᠠᠲᠤᠯᠠᠨ᠎ᠠ᠃ ᠬᠠᠤᠯᠢ ᠴᠠᠭᠠᠵᠠ ᠶᠢᠨ ᠲᠠᠰᠤᠯᠤᠨ ᠲᠣᠭᠲᠠᠭᠠᠯᠲᠠ ᠶᠢᠨ ᠮᠠᠭᠤ ᠶᠢ | ᠰᠢᠢᠳᠭᠡᠵᠣ ᠰᠠᠶᠢᠨ ᠢ ᠪᠠᠳᠠᠷᠠᠭᠤᠯᠬᠤ ᠴᠢᠳᠠᠮᠵᠢ ᠶᠢ ᠭᠦᠢᠴᠡᠳ ᠪᠠᠳᠠᠷᠠᠭᠤᠯᠵᠤ᠂ ᠨᠡᠶᠢᠭᠡᠮ ᠵᠢᠷᠤᠮ ᠤᠨ ᠭᠤᠣᠯᠯᠠᠬᠤ | ᠦᠷᠳᠡᠭ ᠤᠨ ᠦᠵᠡᠯᠲᠡ ᠶᠢᠨ ᠬᠥᠮᠥᠰ ᠤᠨ ᠰᠡᠳᠬᠢᠯ ᠳᠤ ᠬᠠᠳᠠᠩᠰᠢᠬᠤ ᠶᠢ ᠲᠦᠯᠬᠢᠨ ᠠᠬᠢᠭᠤᠯᠤᠨ᠎ᠠ᠃ | ᠲᠠᠪᠤ ᠳᠤ᠂ ᠬᠠᠤᠯᠢ ᠪᠠᠷᠢᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠬᠠᠤᠯᠢ ᠴᠠᠭᠠᠵᠠ ᠶᠢᠨ | ᠬᠠᠷᠢᠭᠤᠴᠠᠯᠭ᠎ᠠ ᠶᠢᠨ ᠳᠦᠷᠢᠮ ᠤᠨ ᠶᠡᠷᠦᠩᠬᠡᠶᠢᠯᠡᠭᠰᠡᠨ ᠢᠵᠢ ᠪᠦᠷᠢᠳᠦᠭᠦᠯᠬᠦ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠵᠦ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠰᠢᠰᠲ᠋ᠧᠮᠵᠢᠭᠦᠯᠦᠨ | ᠲᠥᠪᠯᠡᠷᠡᠭᠦᠯᠵᠦ᠂ ᠬᠠᠮᠵᠢᠯᠴᠠᠭᠤᠯᠤᠨ ᠬᠠᠤᠯᠢ ᠴᠠᠭᠠᠵᠠ ᠶᠢᠨ ᠬᠢᠵᠠᠭᠠᠷᠯᠠᠯ ᠬᠢᠨᠠᠯᠲᠠ ᠶᠢ ᠴᠢᠩᠭᠠᠳᠬᠠᠵᠤ᠂ ᠬᠠᠤᠯᠢ | ᠴᠠᠭᠠᠵᠠ ᠶᠢᠨ ᠡᠷᠬᠡ ᠶᠢᠨ ᠠᠵᠢᠯᠯᠠᠭᠠᠨ ᠢ ᠲᠥᠷᠢᠮᠵᠢᠬᠦᠯᠵᠣ᠂ ᠠᠵᠢᠯᠲᠠᠨ ᠢ ᠲᠦᠷᠦᠯ ᠬᠤᠪᠢᠶᠠᠨ ᠬᠠᠮᠢᠶᠠᠷᠬᠤ ᠶᠢ | ᠲᠡᠭᠦᠯᠳᠡᠷᠵᠢᠭᠦᠯᠵᠦ᠂ ᠠᠵᠢᠯᠲᠠᠨ ᠤ ᠠᠵᠢᠯ ᠤᠨ ᠪᠠᠶᠢᠷᠢ ᠡᠭᠡᠯᠵᠢᠯᠡᠭᠦᠯᠦᠨ ᠰᠣᠯᠢᠯᠴᠠᠬᠤ ᠶᠢ ᠪᠠᠶᠢᠩᠭᠤᠵᠢᠭᠤᠯᠵᠤ | ᠳᠦᠷᠢᠮᠵᠢᠭᠦᠯᠬᠦ ᠶᠢ ᠲᠦᠯᠬᠢᠨ ᠠᠬᠢᠭᠤᠯᠤᠨ᠎ᠠ᠃ ᠰᠢᠭᠦᠨ ᠲᠠᠰᠤᠯᠬᠤ ᠪᠠᠷ ᠭᠤᠣᠯ ᠪᠣᠯᠭᠠᠭᠰᠠᠨ ᠡᠷᠡᠭᠦᠦ ᠶᠢᠨ | ᠵᠠᠷᠭᠤ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠶᠠᠯ᠎ᠠ ᠪᠠᠨ ᠮᠡᠳᠡᠷᠡᠵᠦ ᠰᠢᠢᠳᠭᠡᠯ ᠢ | ᠮᠡᠳᠡᠷᠡᠭᠰᠡᠨ ᠢ ᠠᠭᠤᠴᠢᠯᠠᠨ ᠰᠢᠢᠳᠭᠡᠬᠦ ᠳᠦᠷᠢᠮ ᠢ ᠲᠡᠬᠦᠯᠳᠡᠷᠵᠢᠬᠦᠯᠵᠣ᠂ ᠬᠠᠤᠯᠢ ᠶᠢ ᠴᠢᠩᠭ᠎ᠠ ᠵᠢᠷᠤᠮᠯᠠᠨ ᠬᠡᠷᠡᠭ | ᠰᠢᠢᠳᠪᠦᠷᠢᠯᠡᠬᠦ ᠶᠢ ᠦᠨᠡᠨ ᠬᠦ ᠪᠠᠲᠤᠯᠠᠨ᠎ᠠ᠃ ᠢᠷᠭᠡᠨ ᠤ ᠵᠠᠷᠭᠤ ᠶᠢᠨ ᠵᠢᠷᠤᠮ ᠤᠨ ᠶᠠᠷᠰᠢᠭ ᠲᠦᠪᠡᠭ ᠢ ᠰᠠᠯᠭᠠᠬᠤ | ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠷᠠᠳ ᠤᠨ ᠬᠠᠪᠰᠤᠷᠤᠨ ᠰᠢᠭᠦᠭᠴᠢ ᠶᠢᠨ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠬᠠᠮᠢᠶᠠᠷᠤᠯᠲᠠ ᠪᠠ ᠪᠠᠲᠤᠯᠠᠭ᠎ᠠ ᠶᠢᠨ ᠲᠣᠭᠲᠠᠴᠠ ᠶᠢ ᠲᠡᠬᠦᠯᠳᠡᠷᠵᠢᠬᠦᠯᠵᠣ᠂ | ᠳᠤᠮᠳᠠᠳᠤ ᠤᠯᠤᠰ ᠤᠨ ᠣᠨᠴᠠᠯᠢᠭ ᠪᠦᠬᠦᠢ ᠨᠢᠭᠡ ᠯᠡ ᠥᠷᠲᠡᠭᠡᠨ ᠤ ᠮᠠᠶ᠋ᠢᠭ ᠤᠨ ᠤᠯᠠᠨ ᠡᠰᠢᠲᠦ ᠵᠢᠭᠤᠷᠠᠯᠳᠤᠭᠠᠨ ᠢ | ᠰᠢᠢᠳᠪᠦᠷᠢᠯᠡᠬᠦ ᠪᠠ ᠵᠠᠷᠭᠤ ᠶᠢᠨ ᠦᠢᠯᠡᠴᠢᠯᠡᠭᠡᠨ ᠤ ᠰᠢᠰᠲ᠋ᠧᠮ ᠢ ᠲᠡᠬᠦᠯᠳᠡᠷᠵᠢᠬᠦᠯᠦᠨ᠎ᠡ᠃ ᠬᠡᠷᠡᠭ ᠤᠨ | ᠬᠠᠷᠢᠶᠠᠯᠠᠯ ᠤᠨ ᠪᠠᠬᠢᠯᠡᠯᠳᠡ ᠢ ᠶᠢ ᠡᠪᠳᠡᠵᠦ᠂ ᠤᠯᠠᠨ ᠲᠦᠮᠡᠨ ᠤ ᠣᠶᠢᠷ᠎ᠠ ᠬᠠᠪᠢ ᠳᠠᠭᠠᠨ ᠵᠥᠷᠢᠴᠡᠯ | ᠵᠢᠭᠤᠷᠠᠯᠳᠤᠭᠠᠨ ᠢᠶᠠᠨ ᠰᠢᠢᠳᠪᠦᠷᠢᠯᠡᠬᠦ ᠳᠤ ᠨᠡᠩ ᠲᠦᠬᠦᠮ ᠪᠣᠯᠭᠠᠪᠠ᠃ ᠣᠶᠤᠨᠲᠤ ᠰᠢᠭᠦᠬᠦ ᠬᠤᠷᠢᠶ᠎ᠠ ᠶᠢᠨ | ᠪᠠᠶᠢᠭᠤᠯᠤᠯᠲᠠ ᠶᠢ ᠴᠢᠩᠭᠠᠳᠬᠠᠵᠤ᠂ ᠰᠦᠯᠵᠢᠶᠡᠨ ᠳᠡᠭᠡᠷᠡᠬᠢ ᠵᠠᠷᠭᠤ ᠶᠢᠨ ᠵᠢᠷᠤᠮ ᠤᠨ ᠳᠦᠷᠢᠮ ᠢ ᠲᠡᠭᠦᠯᠳᠡᠷᠵᠢᠭᠦᠯᠵᠦ | ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠨᠡᠩ ᠥᠨᠳᠥᠷ ᠬᠢᠷᠢ ᠬᠡᠮᠵᠢᠶ᠎ᠡ ᠲᠠᠢ᠂ ᠨᠡᠩ ᠳᠥᠭᠦᠮ ᠳᠥᠲᠡ ᠨᠡᠶᠢᠭᠡᠮ | ᠵᠢᠷᠤᠮ ᠤᠨ ᠬᠠᠤᠯᠢ ᠪᠠᠷᠢᠬᠤ ᠪᠣᠯᠪᠠᠰᠤᠨ ᠢ ᠪᠤᠢ ᠪᠣᠯᠭᠠᠨ᠎ᠠ᠃ | ᠵᠢᠷᠭᠤᠭ᠎ᠠ ᠳᠤ᠂ ᠰᠢᠯᠭᠠᠷᠠᠭᠰᠠᠨ ᠡᠩᠨᠡᠭᠡ ᠶᠢ ᠪᠠᠶᠢᠭᠤᠯᠤᠨ᠎ᠠ᠃ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠢ ᠪᠠᠶᠢᠩᠭᠤᠵᠢᠭᠤᠯᠬᠤ ᠪᠠ ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠶᠢᠯᠭᠠᠬᠤ ᠶᠢ ᠠᠬᠢᠭᠤᠯᠵᠤ᠂ | ᠤᠯᠤᠰ ᠲᠦᠷᠦ ᠶᠢᠨ ᠦᠨᠡᠨᠴᠢ ᠰᠢᠳᠤᠷᠭᠤ ᠶᠢᠨ ᠰᠦᠭ ᠰᠦᠨᠡᠰᠦ ᠶᠢ ᠪᠠᠲᠤᠳᠬᠠᠵᠤ᠂ ᠬᠦᠰᠡᠯᠡᠩ ᠢᠲᠡᠭᠡᠯ | ᠪᠢᠰᠢᠷᠡᠯ ᠢᠶᠠᠨ ᠪᠠᠲᠤᠳᠬᠠᠨ᠎ᠠ᠃ ᠲᠤᠰᠬᠠᠶᠢᠵᠢᠭᠰᠠᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠳᠡᠭᠡᠳᠦ | ᠬᠡᠪ ᠴᠢᠨᠠᠷ ᠪᠦᠬᠦᠢ ᠲᠤᠰᠬᠠᠶᠢᠵᠢᠭᠰᠠᠨ ᠰᠢᠭᠦᠨ ᠲᠠᠰᠤᠯᠬᠤ ᠴᠢᠳᠠᠪᠤᠷᠢᠲᠠᠨ ᠪᠠ ᠪᠡᠯᠡᠳᠬᠡᠯ ᠬᠦᠴᠦᠨ ᠢ ᠲᠥᠷᠭᠡᠳᠭᠡᠨ | ᠬᠥᠮᠥᠵᠢᠭᠦᠯᠦᠨ᠎ᠡ᠃ ︽ᠲᠦᠷᠪᠡᠨ ᠰᠤᠷᠲᠠᠯ︾᠂ ᠢᠯᠠᠩᠭᠤᠶ᠎ᠠ ᠬᠡᠯᠪᠡᠶᠢᠴᠢ ᠦᠵᠡᠯ᠂ ᠨᠣᠶᠠᠨᠴᠢ ᠰᠤᠷᠲᠠᠯ ᠢ | ᠵᠠᠯᠠᠷᠠᠭᠤᠯᠤᠨ ᠵᠠᠰᠠᠬᠤ ᠶᠢ ᠤᠷᠳᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ᠃ ᠡᠩᠨᠡᠭᠡᠨ ᠤ ᠬᠥᠮᠦᠵᠢᠯ | ᠴᠡᠭᠴᠡᠯᠡᠯᠲᠡ ᠶᠢᠨ ᠦᠷ᠎ᠡ ᠪᠦᠲᠦᠭᠡᠯ ᠢ ᠪᠦᠬᠦ ᠲᠠᠯ᠎ᠠ ᠪᠠᠷ ᠪᠠᠬᠢᠵᠢᠭᠦᠯᠵᠦ᠂ ᠬᠢᠲᠤᠭ᠎ᠠ ᠶᠢᠨ ᠢᠷ ᠢ ᠳᠣᠲᠣᠭᠰᠢ ᠪᠠᠨ | ᠬᠠᠨᠳᠤᠭᠤᠯᠬᠤ᠂ ᠶᠠᠰᠤ ᠶᠢ ᠨᠢ ᠬᠤᠰᠤᠵᠤ ᠬᠤᠣᠷ ᠢ ᠨᠢ ᠠᠷᠢᠯᠭᠠᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠪᠠᠨ | ᠠᠯᠳᠠᠵᠤ ᠲᠤᠰᠢᠶᠠᠯ ᠢᠶᠠᠨ ᠭᠤᠲᠤᠭᠠᠭᠰᠠᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠤᠯᠠᠨ ᠢ | ᠲᠦᠢᠪᠡᠭᠡᠭᠰᠡᠨ ᠪᠥᠳᠣᠯ ᠥᠬᠡᠢ ᠠᠮᠢᠳᠡᠨ ᠢ ᠡᠷᠡᠰ ᠢᠶᠠᠷ ᠴᠡᠪᠡᠷᠯᠡᠨ ᠠᠷᠢᠯᠭᠠᠵᠤ᠂ ᠥᠪᠡᠷ ᠤᠨ ᠪᠡᠶ᠎ᠡ ᠳᠤᠨᠢ | ᠣᠷᠣᠰᠢᠵᠤ ᠪᠠᠶᠢᠭ᠎ᠠ ᠠᠰᠠᠭᠤᠳᠠᠯ ᠢᠶᠠᠨ ᠨᠢᠭᠤᠵᠤ ᠳᠠᠯᠳᠠᠯᠠᠬᠤ ᠦᠭᠡᠢ᠂ ᠲᠣᠳᠠᠭᠳᠠᠯ ᠢᠶᠠᠨ ᠬᠠᠮᠠᠭᠠᠠᠯᠬᠤ ᠥᠬᠡᠢ᠂ | ᠠᠷᠬᠠᠭ ᠭᠡᠮ ᠢ ᠡᠷᠡᠰ ᠢᠶᠠᠷ ᠴᠡᠭᠴᠡᠯᠡᠨ ᠵᠠᠰᠠᠵᠤ᠂ ᠰᠢᠭᠦᠬᠦ ᠬᠤᠷᠢᠶᠠᠨ ᠤ ᠡᠩᠨᠡᠭᠡ ᠶᠢ ᠴᠡᠪᠡᠷᠰᠢᠬᠦᠯᠦᠨ᠎ᠡ᠃ ᠬᠠᠤᠯᠢ | ᠪᠠᠷᠢᠬᠤ ᠳᠤ ᠭᠠᠷ ᠲᠦᠷᠦᠭᠦ ᠶᠢ ᠰᠡᠷᠭᠡᠶᠢᠯᠡᠬᠦ ︽ᠭᠤᠷᠪᠠᠨ ᠲᠣᠭᠲᠠᠭᠠᠯ︾ ᠵᠡᠷᠭᠡ ᠬᠠᠲᠠᠭᠤ ᠴᠢᠩᠭ᠎ᠠ ᠴᠠᠭᠠᠵᠠ | ᠵᠠᠷᠯᠢᠭ ᠢ ᠴᠢᠩᠭ᠎ᠠ ᠨᠠᠶᠢᠳᠠᠪᠤᠷᠢᠵᠢᠭᠤᠯᠵᠤ᠂ ᠣᠭᠲᠣᠬᠠᠨ ᠴᠤ ᠠᠭᠤᠴᠢᠯᠠᠬᠤ ᠦᠭᠡᠢ ᠣᠪᠣᠷ ᠢᠶᠠᠷ ᠲᠣᠭᠲᠠᠭᠠᠯ ᠢ | ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠪᠠ ᠬᠠᠤᠯᠢ ᠪᠠᠷᠢᠬᠤ ᠶᠢᠨ ᠢᠯᠵᠠᠷᠠᠯ ᠤᠨ ᠦᠢᠯᠡ ᠠᠵᠢᠯᠯᠠᠭ᠎ᠠ ᠶᠢ | ᠴᠢᠩᠭ᠎ᠠ ᠰᠢᠢᠳᠭᠡᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ᠂ ᠠᠷᠠᠳᠴᠢᠯᠠᠭᠰᠠᠨ | ᠬᠢᠨᠠᠯᠲᠠ᠂ ᠠᠷᠠᠳ ᠲᠦᠮᠡᠨ ᠤ ᠬᠢᠨᠠᠯᠲᠠ ᠪᠠ ᠡᠯ᠎ᠡ ᠲᠠᠯ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠪᠡ᠃ | ᠤᠯᠠᠨ ᠲᠦᠮᠡᠨ ᠤ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠂ ᠬᠠᠤᠯᠢ ᠶᠢᠨ ᠲᠤᠰᠢᠶᠠᠯᠲᠠᠨ ᠨᠢᠭᠡᠪᠦᠷᠢ ᠶᠢ ᠡᠯ᠎ᠡ | ᠵᠦᠢᠯ ᠤᠨ ᠡᠭᠡᠳᠡᠷᠡᠭᠡᠨ ᠪᠤᠳᠤᠯᠢᠶᠠᠨᠲᠠᠢ᠂ ᠴᠢᠨᠠᠭᠰᠢᠯᠠᠪᠠᠯ ᠬᠤᠷᠴᠠ ᠰᠢᠷᠦᠭᠦᠨ ᠵᠥᠷᠢᠴᠡᠯ ᠤᠨ ᠡᠮᠦᠨ᠎ᠡ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠵᠦ᠂ ᠬᠠᠲᠠᠭᠤ ᠪᠡᠷᠬᠡᠰᠢᠶᠡᠯ ᠲᠠᠢ ᠵᠣᠷᠢᠭᠲᠠᠢ ᠪᠠᠷ ᠬᠠᠯᠳᠠᠵᠤ᠂ ᠵᠠᠶᠢᠯᠠᠬᠤ ᠦᠭᠡᠢ᠂ ᠲᠦᠯᠬᠢᠬᠦ | ᠦᠭᠡᠢ ᠪᠠᠷ ᠲᠥᠪ ᠭᠤᠣᠯᠴᠢ ᠪᠠᠷ ᠬᠠᠤᠯᠢ ᠪᠠᠷᠢᠵᠤ᠂ ᠬᠡᠷᠡᠭ ᠢ ᠭᠤᠣᠯᠴᠢ ᠪᠠᠷ ᠰᠢᠢᠳᠪᠦᠷᠢᠯᠡᠵᠦ᠂ ᠬᠡᠷᠡᠭ ᠢ | ᠬᠠᠤᠯᠢ ᠪᠠᠷ ᠳᠠᠭᠤᠰᠬᠠᠬᠤ ᠮᠥᠷᠲᠡᠭᠡᠨ ᠪᠠᠰᠠ ᠤᠯᠠᠨ ᠲᠦᠮᠡᠨ ᠤ ᠰᠡᠳᠬᠢᠯ ᠤᠨ ᠵᠠᠩᠭᠢᠷᠠᠭ᠎ᠠ ᠶᠢ ᠠᠷᠢᠯᠭᠠᠵᠤ᠂ ᠬᠠᠤᠯᠢ | ᠴᠠᠭᠠᠵᠠ ᠶᠢ ᠳᠡᠯᠡᠬᠡᠢ ᠳ᠋ᠠᠬᠢᠨ ᠢ ᠠᠮᠤᠷᠵᠢᠭᠤᠯᠵᠤ᠂ ᠶᠣᠰᠣ ᠮᠣᠷᠠᠯ ᠢᠶᠠᠷ ᠬᠥᠮᠥᠰ ᠤᠨ ᠰᠡᠳᠬᠢᠯ ᠢ ᠤᠮᠳᠠᠯᠠᠬᠤ | ᠪᠣᠯᠭᠠᠨ᠎ᠠ᠃ | ᠲᠥᠯᠥᠭᠡᠯᠡᠭᠴᠢᠳ ᠠ᠋᠂ ᠰᠢᠨ᠎ᠡ ᠴᠠᠭ ᠦᠶ᠎ᠡ ᠶᠢᠨ ᠠᠷᠠᠳ ᠤᠨ ᠰᠢᠭᠦᠬᠦ ᠬᠤᠷᠢᠶᠠᠨ ᠤ ᠠᠵᠢᠯ ᠢ ᠰᠠᠶᠢᠲᠤᠷ | ᠬᠢᠬᠦ ᠳᠤ ᠬᠠᠷᠢᠭᠤᠴᠠᠯᠭ᠎ᠠ ᠬᠦᠨᠳᠦ ᠂ ᠡᠭᠦᠷᠭᠡ ᠢᠷᠠᠭᠤ ᠠᠯᠳᠠᠷᠲᠠᠢ ᠶᠤᠮ᠃ ᠪᠢᠳᠡ ᠰᠢ ᠶᠢᠨ ᠫᠢᠩ ᠨᠥᠬᠦᠷ ᠢᠶᠠᠷ | ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ | ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠲᠡᠢ ᠬᠢᠨᠠᠯᠲᠠ ᠳᠣᠣᠷ᠎ᠠ᠂ ᠡᠷᠴᠢ ᠵᠣᠷᠢᠭ ᠢᠶᠠᠨ | ᠬᠥᠪᠴᠢᠯᠡᠨ ᠡᠷᠡᠯᠬᠡᠭᠯᠡᠨ ᠤᠷᠤᠭᠰᠢᠯᠠᠵᠤ᠂ ᠰᠢᠭᠦᠨ ᠲᠠᠰᠤᠯᠬᠤ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠭᠦᠢᠴᠡᠳ | ᠪᠠᠳᠠᠷᠠᠭᠤᠯᠤᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠣᠭᠤᠰᠢᠯᠠᠭᠤᠯᠣᠨ | ᠨᠠᠶᠢᠳᠠᠪᠤᠷᠢᠵᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠵᠤ᠂ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠦᠨ᠂ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢ ᠪᠥᠬᠦ ᠲᠠᠯ᠎ᠠ ᠪᠠᠷ ᠠᠬᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠥᠵᠡᠬᠦᠯᠦᠶᠡ︕ | | | | |