ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠲᠤᠰᠬᠠᠢ ᠰᠡᠳᠦᠪᠲᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/6
    ︽ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ ᠠᠵᠤ ᠦᠢᠯᠡᠳᠪᠦᠷᠢ ᠶᠢᠨ ᠠᠵᠤ ᠠᠬᠤᠢ ᠶᠢᠨ ᠶᠡᠭᠡ ᠬᠤᠷᠠᠯ︾ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 3 ᠰᠠᠷ᠎ᠠ ᠶᠢᠨ 5 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠲᠤᠰᠬᠠᠢ ᠰᠡᠳᠦᠪᠲᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃    ᠬᠤᠷᠠᠯ ᠠᠴᠠ ᠱᠠᠭᠠᠷᠳᠠᠭᠰᠠᠨ ᠨᠢ᠂ ︽ᠲᠠᠪᠤᠨ ᠶᠡᠭᠡ ᠡᠭᠦᠷᠭᠡ︾ ᠭᠡᠬᠦ ᠭᠤᠣᠯ ᠱᠤᠭᠤᠮ ᠤᠨ ᠲᠣᠭᠤᠷᠢᠨ ᠳᠤ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠲᠣᠭᠲᠠᠭᠤᠨ ᠢᠶᠠᠷ ᠠᠵᠢᠯᠯᠠᠬᠤ ᠶᠢ ᠰᠠᠶᠢᠲᠤᠷ ᠪᠠᠲᠤᠯᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠦᠴᠢᠷ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ ᠭᠤᠣᠯᠳᠠᠯᠭ᠎ᠠ ᠲᠠᠢ ᠠᠵᠤ ᠠᠬᠤᠶᠢᠯᠠᠯ᠂ ᠲᠥᠷᠥᠯ ᠵᠦᠢᠯ ᠳᠤ ᠴᠢᠭᠯᠡᠭᠦᠯᠦᠨ᠂ ᠤᠷᠢᠳᠠᠪᠠᠷ ᠦᠢᠯᠡᠴᠢᠯᠡᠵᠦ᠂ ᠭᠡᠷ ᠲᠤᠨᠢ ᠬᠦᠷᠴᠦ ᠦᠢᠯᠡᠴᠢᠯᠡᠨ᠂ ᠡᠷᠲᠡᠬᠡᠨ ᠳᠦᠷᠢᠮ ᠲᠣᠭᠲᠠᠭᠠᠯ ᠢ ᠳᠡᠭᠡᠭᠰᠢᠯᠡᠭᠦᠯᠦᠨ ᠨᠢᠭᠡᠳᠦᠯ ᠳᠤ ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠲᠣᠬᠢᠷᠠᠭᠤᠯᠭ᠎ᠠ ᠶᠢ ᠴᠢᠩᠭᠠᠳᠬᠠᠵᠤ᠂ ᠲᠤᠰᠬᠠᠢ ᠬᠥᠮᠥᠨ ᠳᠠᠭᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠱᠠᠲᠤ ᠬᠤᠪᠢᠶᠠᠨ ᠲᠦᠷᠦᠯ ᠬᠤᠪᠢᠶᠠᠨ ᠠᠬᠢᠭᠤᠯᠵᠤ᠂ ᠰᠢᠨ᠎ᠡ ᠪᠠᠷ ᠪᠠᠶᠢᠭᠤᠯᠬᠤ ᠲᠦᠷᠦᠯ ᠵᠦᠢᠯ ᠨᠢ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠬᠦ ᠶᠢ ᠴᠢᠩᠭ᠎ᠠ ᠠᠩᠬᠠᠷᠴᠤ᠂ ᠦᠷᠭᠦᠯᠵᠢᠯᠡᠨ ᠪᠠᠶᠢᠭᠤᠯᠬᠤ ᠲᠦᠷᠦᠯ ᠵᠦᠢᠯ ᠨᠢ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠴᠢᠩᠭ᠎ᠠ ᠠᠩᠬᠠᠷᠴᠤ᠂ ᠠᠵᠤ ᠠᠬᠤᠶᠢᠯᠠᠯ ᠤᠨ ᠡᠷᠲᠡᠬᠡᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠠᠯ᠎ᠠ ᠪᠠᠷ᠂ ︽ᠤᠰᠤ᠂ ᠡᠪᠡᠰᠦ᠂ ᠰᠠᠯᠬᠢ᠂ ᠰᠠᠶᠢᠬᠠᠨ︾ 16 ᠴᠢᠬᠤᠯᠠ ᠠᠵᠤ ᠦᠢᠯᠡᠰ ᠤᠨ ᠬᠡᠯᠬᠢᠶ᠎ᠡ ᠲᠠᠢ ᠨᠢᠭᠲᠠ ᠤᠶᠠᠯᠳᠤᠭᠤᠯᠤᠨ᠂ ᠪᠥᠬᠦ ᠵᠢᠯ ᠤᠨ ᠠᠵᠢᠯ ᠤᠨ ᠡᠭᠦᠷᠭᠡ ᠪᠠᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠲᠤᠯᠭᠠᠭᠤᠷᠢᠯᠠᠯ ᠢ ᠬᠦᠴᠦᠯᠡᠨ ᠴᠢᠩᠭᠠᠳᠬᠠᠬᠤ ᠬᠡᠷᠡᠭᠲᠡᠢ᠃    ᠬᠤᠷᠠᠯ  ᠠᠴᠠ ᠴᠢᠬᠤᠯᠠᠴᠢᠯᠠᠭᠰᠠᠨ ᠨᠢ᠂ ᠪᠥᠬᠦ ᠲᠠᠯ᠎ᠠ ᠪᠠᠷ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠪᠥᠬᠦ ᠲᠠᠯ᠎ᠠ ᠪᠠᠷ ᠨᠢᠭᠡ ᠬᠥᠯᠭᠡ ᠰᠢᠲᠠᠷ᠎ᠠ ᠮᠡᠲᠦ᠂ ᠳᠡᠭᠡᠳᠦ ᠳᠣᠣᠷᠠᠳᠤ ᠱᠠᠲᠤ ᠪᠠᠷ ᠢᠶᠠᠨ ᠨᠢᠭᠡ ᠰᠡᠳᠬᠢᠯ ᠢᠶᠠᠷ ᠠᠵᠢᠯᠯᠠᠬᠤ︾ ᠶᠡᠭᠡ ᠲᠠᠯ᠎ᠠ ᠶᠢᠨ ᠦᠵᠡᠯᠲᠡ ᠶᠢ ᠪᠣᠶ ᠪᠣᠯᠭᠠᠵᠤ᠂ ᠪᠥᠬᠦ ᠵᠢᠯ ᠤᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠳᠤ ᠪᠥᠬᠦ ᠬᠦᠴᠦᠨ ᠢᠶᠠᠷ ᠢᠶᠠᠨ ᠠᠩᠬᠠᠷᠤᠯ ᠢᠶᠠᠨ ᠲᠥᠪᠯᠡᠷᠡᠭᠦᠯᠵᠦ᠂ ᠪᠦᠯᠬᠦᠮᠳᠡᠨ ᠨᠢᠭᠲᠠᠷᠠᠵᠤ᠂ ᠳᠠᠷᠤᠯᠲᠠ ᠦᠵᠡᠭᠦᠯᠦᠨ ᠡᠷᠡᠯᠬᠡᠭᠯᠡᠨ ᠤᠷᠤᠭᠰᠢᠯᠠᠵᠤ᠂ ᠳᠠᠷᠤᠢ ᠲᠦᠷᠭᠡᠨ ᠬᠥᠳᠡᠯᠦᠯᠴᠡᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠰᠢᠨ᠎ᠡ ᠰᠢᠪᠲᠤᠯᠤᠯᠲᠠ ᠲᠠᠢ ᠪᠣᠯᠬᠤ ᠶᠢ ᠬᠠᠮᠲᠤ ᠪᠠᠷ ᠲᠦᠯᠬᠢᠨ ᠠᠬᠢᠭᠤᠯᠬᠤ ᠬᠡᠷᠡᠭᠲᠡᠢ ᠭᠡᠵᠡᠢ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号