ᠣᠶᠢᠷ᠎ᠠ ᠶᠢᠨ ᠵᠢᠯ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠪᠡᠰᠦ ᠪᠡᠯᠴᠢᠭᠡᠷ ᠢᠶᠠᠷ | ᠦᠢᠯᠡᠰ ᠪᠣᠯᠭᠠᠵᠤ᠂ ᠡᠪᠡᠰᠦᠨ ᠤ ᠠᠵᠤ ᠦᠢᠯᠡᠰ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠲᠦᠯᠬᠢᠨ | ᠠᠬᠢᠭᠤᠯᠵᠤ᠂ ᠣᠲᠣ ᠦᠶ᠎ᠡ ᠶᠢᠨ ᠡᠪᠡᠰᠦᠨ ᠤ ᠠᠵᠤ ᠦᠢᠯᠡᠰ ᠤᠨ ᠰᠦᠷᠦᠭᠵᠢᠯ ᠢ ᠪᠥᠬᠦ ᠬᠦᠴᠦᠨ ᠢᠶᠠᠷ ᠢᠶᠠᠨ ᠪᠣᠶ | ᠪᠣᠯᠭᠠᠵᠤ᠂ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠢ ᠪᠣᠶᠢᠵᠢᠭᠤᠯᠤᠭᠠᠳ᠂ ᠡᠪᠡᠰᠦᠨ ᠤ ᠠᠵᠤ | ᠦᠢᠯᠡᠰ ᠲᠤ ᠥᠷᠨᠢᠩᠭᠦᠢ ᠬᠥᠭᠵᠢᠭᠰᠡᠨ ᠰᠠᠶᠢᠨ ᠪᠠᠶᠢᠳᠠᠯ ᠢᠯᠡᠷᠡᠵᠡᠢ᠃ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠯᠳᠠᠷ ᠤᠨ ᠤᠳᠤ ᠦᠶ᠎ᠡ ᠶᠢᠨ ᠡᠪᠡᠰᠦᠨ ᠤ ᠠᠵᠤ | ᠦᠢᠯᠡᠰ ᠤᠨ ᠡᠳ᠋ᠰᠢᠭᠦᠯᠵᠦ ᠪᠣᠯᠪᠠᠰᠤᠷᠠᠭᠤᠯᠬᠤ ᠡᠳ᠋ ᠪᠠᠷᠠᠭᠠᠨ ᠤ ᠭᠦᠢᠯᠭᠡᠭᠡᠨ ᠤ ᠠᠷᠠᠯᠵᠢᠶᠠᠨ ᠤ ᠬᠦᠷᠢᠶᠡᠯᠡᠩ | ᠲᠣᠭᠤᠷᠢᠭ ᠲᠤ ᠣᠷᠣᠬᠤ ᠳᠤ᠂ ᠪᠠᠷᠢᠮᠵᠢᠶᠠᠵᠢᠭᠰᠠᠨ ᠬᠥᠮᠥᠷᠭᠡ ᠨᠦᠭᠦᠳ ᠬᠠᠷᠠᠭᠳᠠᠨ᠎ᠠ᠃ ᠥᠨᠳᠥᠷ ᠲᠣᠮᠣ ᠥᠷᠭᠡᠨ | ᠠᠭᠤᠳᠠᠮ ᠪᠡᠯᠴᠢᠭᠡᠷ ᠡᠪᠡᠰᠦᠨ ᠤ ᠬᠡᠲᠦ ᠳᠡᠯᠭᠡᠭᠦᠷ ᠨᠢ ᠮᠠᠰᠢ ᠣᠯᠠᠨ ᠬᠥᠮᠥᠷᠭᠡ ᠶᠢᠨ ᠨᠢᠭᠡ ᠪᠠᠶᠢᠵᠤ᠂ ᠬᠤᠶᠠᠷ ᠲᠠᠯ᠎ᠠ | ᠳᠤᠨᠢ 20 ᠭᠠᠷᠤᠢ ᠲᠥᠷᠥᠯ ᠤᠨ ᠪᠡᠯᠴᠢᠭᠡᠷ ᠡᠪᠡᠰᠦᠨ ᠤ ᠣᠪᠣᠭᠠᠨ ᠳᠤ ᠲᠠᠯᠪᠢᠭᠠᠰᠤᠲᠠᠢ ᠪᠥᠭᠡᠳ ᠪᠡᠯᠴᠢᠭᠡᠷ | ᠡᠪᠡᠰᠦᠨ ᠤ ᠲᠥᠷᠥᠯ ᠵᠦᠢᠯ ᠤᠨ ᠲᠡᠮᠳᠡᠭ ᠵᠢᠴᠢ ᠡᠳ᠋ᠰᠢᠭᠦᠯᠦᠭᠰᠡᠨ ᠪᠦᠲᠦᠭᠡᠭᠳᠡᠬᠦᠨ ᠤ ᠦᠵᠡᠭᠦᠯᠦᠯᠭᠡ ᠶᠢᠨ | ᠲᠣᠭᠤᠷᠢᠭ ᠭᠠᠷᠭᠠᠵᠤ᠂ ᠪᠡᠯᠴᠢᠭᠡᠷ ᠡᠪᠡᠰᠦ ᠬᠤᠳᠠᠯᠳᠤᠨ ᠠᠪᠬᠤ ᠪᠠᠷ ᠢᠷᠡᠭᠰᠡᠨ ᠬᠤᠳᠠᠯᠳᠤᠭᠠᠴᠢᠳ ᠲᠤ ᠨᠠᠩ | ᠣᠯᠠᠨ ᠰᠣᠩᠭᠤᠯᠲᠠ ᠬᠠᠩᠭᠠᠭᠰᠠᠨ ᠪᠠᠶᠢᠨ᠎ᠠ᠃ | ᠠᠯᠳᠠᠷ ᠤᠨ ᠣᠲᠣ ᠦᠶ᠎ᠡ ᠶᠢᠨ ᠡᠪᠡᠰᠦᠨ ᠤ ᠠᠵᠤ ᠦᠢᠯᠡᠰ ᠤᠨ ᠡᠳ᠋ᠰᠢᠭᠦᠯᠦᠨ ᠪᠣᠯᠪᠠᠰᠤᠷᠠᠭᠤᠯᠬᠤ ᠪᠠᠷᠠᠭᠠᠨ ᠤ | ᠭᠦᠢᠯᠭᠡᠭᠡᠨ ᠤ ᠠᠷᠠᠯᠵᠢᠶᠠᠨ ᠤ ᠬᠦᠷᠢᠶᠡᠯᠡᠩ ᠲᠣᠭᠤᠷᠢᠭ ᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠵᠠᠰᠠᠭ ᠤᠨ ᠣᠷᠳᠣᠨ ᠠᠴᠠ ᠪᠡᠯᠡ ᠣᠷᠣᠭᠤᠯᠤᠨ ᠪᠦᠲᠦᠭᠡᠨ ᠪᠠᠶᠢᠭᠤᠯᠵᠤ᠂ ᠥᠪᠥᠷ ᠮᠣᠩᠭᠤᠯ ᠤᠨ ᠶᠦᠨ ᠮᠤ᠋ | ᠲᠡᠵᠢᠭᠡᠯ ᠡᠪᠡᠰᠦᠨ ᠤ ᠦᠢᠯᠡᠰ ᠤᠨ ᠠᠮᠢ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ ᠵᠦᠢᠯ ᠤᠨ | ᠨᠢᠭᠡᠳᠦᠭᠡᠷ ᠬᠤᠭᠤᠴᠠᠭ᠎ᠠ᠂ ᠬᠤᠶᠠᠳᠤᠭᠠᠷ ᠬᠤᠭᠤᠴᠠᠭᠠᠨ ᠤ ᠶᠡᠷᠦᠩᠬᠡᠢ ᠪᠡᠯᠡ ᠣᠷᠣᠭᠤᠯᠤᠯᠲᠠ 1.9 ᠳ᠋ᠦᠩᠰᠢᠭᠤᠷ | ᠲᠥᠭᠦᠷᠢᠭ ᠲᠤ ᠬᠦᠷᠴᠦ᠂ ᠲᠡᠵᠢᠭᠡᠯ ᠡᠪᠡᠰᠦᠨ ᠤ ᠪᠦᠲᠦᠭᠡᠭᠳᠡᠬᠦᠨ ᠢ ᠡᠳ᠋ᠰᠢᠭᠦᠯᠦᠨ ᠬᠥᠮᠥᠷᠭᠡᠯᠡᠬᠦ ᠡᠳ᠋ ᠪᠠᠷᠠᠭᠠᠨ ᠤ | ᠭᠦᠢᠯᠭᠡᠭᠡᠨ ᠤ ᠲᠣᠭᠤᠷᠢᠭ᠂ ᠲᠠᠯ᠎ᠠ ᠨᠤᠲᠤᠭ ᠤᠨ ᠢᠳᠡᠭᠡᠨ ᠵᠢᠴᠢ ᠵᠢᠩᠬᠢᠨᠢ ᠡᠮ ᠤᠨ ᠮᠠᠲ᠋ᠧᠷᠢᠶᠠᠯ ᠢ ᠡᠳ᠋ᠰᠢᠭᠦᠯᠦᠨ | ᠪᠣᠯᠪᠠᠰᠤᠷᠠᠭᠤᠯᠬᠤ ᠲᠣᠭᠤᠷᠢᠭ᠂ ᠵᠤᠭᠠᠴᠠᠭᠰᠠᠳ ᠤᠨ ᠲᠥᠪᠯᠡᠷᠡᠭᠦᠯᠦᠨ ᠲᠠᠷᠬᠠᠭᠠᠬᠤ ᠲᠥᠪ᠂ ᠰᠡᠯᠡᠭᠦᠴᠡᠯ ᠵᠤᠭ᠎ᠠ | ᠴᠡᠩᠭᠡᠯ ᠤᠨ ᠲᠣᠭᠤᠷᠢᠭ᠂ ᠬᠤᠳᠠᠯᠳᠤᠭᠠᠨ ᠤ ᠢᠵᠢ ᠪᠦᠷᠢᠳᠦᠭᠦᠯᠬᠦ ᠲᠣᠭᠤᠷᠢᠭ ᠵᠡᠷᠭᠡ ᠴᠢᠳᠠᠪᠬᠢ ᠶᠢ ᠲᠥᠪᠯᠡᠷᠡᠭᠦᠯᠵᠦ | ᠂ ᠤᠯᠤᠰ ᠤᠨ ᠳᠣᠲᠣᠭᠠᠳᠤ ᠶᠢᠨ ᠠᠩᠬᠠᠳᠠᠭᠴᠢ ᠲᠡᠵᠢᠭᠡᠯ ᠡᠪᠡᠰᠦ ᠪᠣᠷᠳᠣᠭᠠᠨ ᠤ ᠠᠵᠤ ᠦᠢᠯᠡᠰ ᠢᠶᠠᠷ ᠭᠤᠣᠯᠯᠠᠭᠴᠢ | ᠠᠵᠤ ᠦᠢᠯᠡᠰ ᠪᠣᠯᠭᠠᠭᠰᠠᠨ ᠠᠵᠤ ᠦᠢᠯᠡᠰ ᠤᠨ ᠬᠦᠷᠢᠶᠡᠯᠡᠩ ᠲᠣᠭᠤᠷᠢᠭ ᠪᠠᠶᠢᠵᠤ᠂ ︽ᠠᠵᠤ ᠦᠢᠯᠡᠰ ᠤᠨ | ᠬᠦᠷᠢᠶᠡᠯᠡᠩ ᠲᠣᠭᠤᠷᠢᠭ + ᠣᠨᠴᠠᠯᠢᠭᠲᠤ ᠵᠢᠵᠢᠭ ᠪᠠᠯᠭᠠᠰᠤ + ᠣᠨᠴᠠᠯᠢᠭᠲᠤ ᠦᠵᠡᠮᠵᠢ ᠶᠢᠨ ᠣᠷᠣᠨ︾ ᠢ ᠨᠢᠭᠡ | ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠣᠭᠴᠠ ᠪᠣᠯᠭᠠᠬᠤ ᠪᠠᠷ ᠵᠣᠷᠢᠯᠭ᠎ᠠ ᠪᠠᠨ ᠪᠣᠯᠭᠠᠭᠰᠠᠨ ᠪᠠᠶᠢᠨ᠎ᠠ᠃ | ᠣᠳᠣᠬᠠᠨ ᠳᠤ᠂ ᠬᠦᠷᠢᠶᠡᠯᠡᠩ ᠲᠣᠭᠤᠷᠢᠭ ᠲᠤ ᠮᠢᠨᠳᠠᠰᠤ ᠶᠢ ᠨᠤᠬᠤᠵᠤ ᠲᠣᠭᠤᠰᠣ ᠠᠷᠢᠯᠭᠠᠬᠤ᠂ ᠡᠪᠡᠰᠦᠨ ᠨᠤᠨᠳᠠᠭ ᠢ | ᠡᠳ᠋ᠰᠢᠭᠦᠯᠦᠨ ᠪᠣᠯᠪᠠᠰᠤᠷᠠᠭᠤᠯᠬᠤ ᠵᠢᠴᠢ ᠪᠥᠬᠦ ᠤᠯᠤᠰ ᠤᠨ ᠠᠩᠬᠠᠳᠠᠭᠴᠢ ᠡᠪᠡᠰᠦᠨ ᠦᠷ᠎ᠡ ᠶᠢᠨ ᠪᠣᠭᠤᠳᠠᠯ 3 | ᠵᠦᠢᠯ ᠤᠨ ᠦᠢᠯᠡᠳᠪᠦᠷᠢᠯᠡᠯ ᠤᠨ ᠲᠥᠬᠦᠭᠡᠷᠦᠮᠵᠢ ᠶᠢ ᠣᠷᠣᠭᠤᠯᠤᠨ ᠠᠪᠴᠢᠷᠠᠵᠤ᠂ ᠵᠠᠬᠢᠶᠠᠯᠠᠭ᠎ᠠ ᠪᠠᠷ | ᠦᠢᠯᠡᠳᠪᠦᠷᠢᠯᠡᠬᠦ ᠶᠢ ᠬᠡᠷᠡᠭᠵᠢᠭᠦᠯᠦᠨ᠂ ᠣᠳᠣᠬᠠᠨ ᠳᠤ ᠨᠢᠭᠡᠨᠲᠡ 3000 ᠭᠠᠷᠤᠢ ᠲᠣᠨ ᠡᠪᠡᠰᠦᠨ ᠨᠤᠨᠳᠠᠭ ᠢ | ᠡᠳ᠋ᠰᠢᠭᠦᠯᠦᠨ ᠦᠢᠯᠡᠳᠪᠦᠷᠢᠯᠡᠵᠦ᠂ ᠪᠥᠬᠦ ᠤᠯᠤᠰ ᠤᠨ ᠡᠯ᠎ᠡ ᠭᠠᠵᠠᠷ ᠲᠤ ᠪᠣᠷᠣᠯᠠᠭᠤᠯᠤᠭᠳᠠᠵᠤ ᠪᠠᠶᠢᠨ᠎ᠠ᠃ | ᠠᠯᠳᠠᠷ ᠤᠨ ᠤᠳᠤ ᠦᠶ᠎ᠡ ᠶᠢᠨ ᠡᠪᠡᠰᠦ ᠪᠡᠯᠴᠢᠭᠡᠷ ᠤᠨ ᠠᠵᠤ ᠦᠢᠯᠡᠰ ᠤᠨ ᠡᠳ᠋ᠰᠢᠭᠦᠯᠵᠦ ᠡᠳ᠋ ᠪᠠᠷᠠᠭᠠᠨ ᠤ | ᠭᠦᠢᠯᠭᠡᠭᠡᠨ ᠤ ᠠᠷᠠᠯᠵᠢᠶᠠᠨ ᠤ ᠬᠦᠷᠢᠶᠡᠯᠡᠩ ᠲᠣᠭᠤᠷᠢᠭ ᠨᠢ ᠠᠯᠳᠠᠷ ᠰᠤᠮᠤ ᠠᠴᠠ ᠪᠠᠷᠠᠭᠤᠨᠰᠢᠬᠢ 2 ᠺᠢᠯᠤᠮᠥᠲᠷ ᠤᠨ | ᠭᠠᠵᠠᠷ ᠤᠨ G302 ᠤᠯᠤᠰ ᠤᠨ ᠵᠠᠮ ᠪᠣᠯᠣᠨ G207 ᠤᠯᠤᠰ ᠤᠨ ᠵᠠᠮ ᠤᠨ ᠠᠭᠤᠯᠵᠠᠷ ᠲᠤ ᠪᠠᠶᠢᠷᠢᠯᠠᠵᠤ᠂ | ᠬᠥᠯᠥᠨ ᠪᠤᠶᠢᠷ ᠬᠤᠳᠠ᠂ ᠰᠢᠯᠢ ᠶᠢᠨ ᠭᠤᠣᠯ ᠠᠶᠢᠮᠠᠭ ᠲᠠᠢ ᠬᠥᠷᠰᠢᠯᠡᠵᠦ᠂ ᠬᠢᠩᠭᠠᠨ ᠠᠶᠢᠮᠠᠭ ᠤᠨ ᠴᠢᠬᠤᠯᠠ ᠵᠠᠮ | ᠲᠡᠭᠡᠭᠡᠪᠦᠷᠢ ᠶᠢᠨ ᠵᠠᠩᠭᠢᠯᠠᠭ᠎ᠠ ᠶᠢᠨ ᠴᠡᠭ ᠪᠣᠯᠣᠨ᠎ᠠ᠃ ᠬᠦᠷᠢᠶᠡᠯᠡᠩ ᠲᠣᠭᠤᠷᠢᠭ ᠤᠨ ᠣᠷᠣᠨ ᠪᠠᠶᠢᠷᠢ ᠶᠢᠨ ᠳᠠᠪᠠᠭᠤᠯᠢᠭ | ᠢᠯᠡᠷᠬᠡᠢ ᠪᠠᠶᠢᠵᠤ᠂ ᠡᠪᠡᠰᠦᠨ ᠤ ᠦᠢᠯᠡᠰ ᠤᠨ ᠬᠥᠭᠵᠢᠯᠲᠡ ᠶᠢᠨ ᠲᠡᠭᠡᠭᠡᠪᠦᠷᠢ ᠶᠢᠨ ᠵᠠᠮ ᠬᠠᠷᠢᠯᠴᠠᠭᠠᠨ ᠤ | ᠲᠥᠪᠯᠡᠷᠡᠭᠦᠯᠦᠨ ᠲᠠᠷᠬᠠᠭᠠᠬᠤ ᠭᠠᠵᠠᠷ ᠪᠣᠯᠣᠨ᠎ᠠ᠃ ᠬᠦᠷᠢᠶᠡᠯᠡᠩ ᠲᠣᠭᠤᠷᠢᠭ ᠢ ᠪᠦᠬᠦᠨ ᠢ ᠪᠠᠶᠢᠭᠤᠯᠵᠤ | ᠳᠠᠭᠤᠰᠤᠭᠰᠠᠨ ᠤ ᠳᠠᠷᠠᠭ᠎ᠠ᠂ ᠮᠠᠯ ᠪᠡᠯᠴᠢᠭᠡᠷ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠤᠯᠠᠮ ᠨᠢᠭᠡ ᠠᠯᠬᠤᠮ | ᠳᠠᠶᠢᠴᠢᠯᠠᠵᠤ᠂ ᠨᠠᠩ ᠣᠯᠠᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠲᠠᠷᠢᠶᠠᠯᠠᠩ ᠲᠠᠢ ᠬᠤᠯᠪᠤᠭᠠᠯᠠᠨ | ᠲᠠᠷᠢᠶᠠᠯᠠᠩ ᠢ ᠳᠠᠶᠢᠴᠢᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠷᠬᠢᠨ ᠲᠣᠭᠤᠷᠢᠨ ᠤ ᠡᠳ᠋ | ᠪᠠᠷᠠᠭᠠᠨ ᠤ ᠭᠦᠢᠯᠭᠡᠭᠡᠨ ᠤ ᠠᠵᠤ ᠦᠢᠯᠡᠰ᠂ ᠠᠵᠢᠯᠲᠠᠨ ᠤ ᠠᠵᠢᠯ ᠣᠯᠭᠤᠯᠲᠠ ᠶᠢ ᠳᠠᠶᠢᠴᠢᠯᠠᠨ᠂ ᠠᠯᠬᠤᠮ | ᠠᠯᠬᠤᠮ ᠢᠶᠠᠷ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠡᠪᠡᠰᠦᠨ ᠤ ᠠᠵᠤ ᠦᠢᠯᠡᠰ ᠤᠨ | ᠲᠥᠪᠯᠡᠷᠡᠭᠰᠡᠨ ᠣᠷᠣᠨ ᠪᠣᠯᠭᠠᠨ ᠪᠠᠶᠢᠭᠤᠯᠵᠤ᠂ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠤᠨ | ᠬᠡᠯᠬᠢᠶ᠎ᠡ ᠶᠢᠨ ᠲᠥᠪᠯᠡᠷᠡᠭᠰᠡᠨ ᠭᠠᠵᠠᠷ ᠢ ᠪᠠᠶᠢᠭᠤᠯᠤᠨ᠎ᠠ᠃ | | | |