3 ᠰᠠᠷ᠎ᠠ ᠶᠢᠨ 1 ᠤ ᠡᠳᠦᠷ᠂ ᠢᠯᠢ ᠠᠵᠤ ᠦᠢᠯᠡᠰ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ | ᠺᠣᠮᠫᠠᠨᠢ ᠶᠢᠨ ᠳᠡᠭᠡᠳᠦ ᠵᠡᠷᠭᠡ ᠶᠢᠨ ᠭᠦᠢᠴᠡᠳᠬᠡᠬᠦ ᠶᠡᠷᠦᠩᠬᠡᠢ ᠵᠠᠬᠢᠷᠤᠯ ᠵᠠᠩ ᠵᠢᠶᠠᠨ ᠴᠢᠦ ᠬᠢᠩᠭᠠᠨ ᠤ ᠢᠯᠢ ᠰᠦ ᠶᠢᠨ | ᠦᠢᠯᠡᠰ ᠤᠨ ︽5G + ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ︾ ᠤᠨ ᠰᠢᠩᠭᠡᠨ | ᠲᠤᠯᠤᠪᠲᠤ ᠰᠦ ᠶᠢᠨ ᠣᠶᠤᠨᠲᠤ ᠦᠢᠯᠡᠳᠪᠦᠷᠢ ᠳᠤ ᠭᠦᠨᠵᠡᠭᠡᠶᠢᠷᠡᠨ᠂ ᠠᠵᠤ ᠦᠢᠯᠡᠳᠪᠦᠷᠢ ᠶᠢᠨ ᠵᠢᠭᠤᠯᠴᠢᠯᠠᠯ ᠤᠨ | ᠲᠥᠷᠥᠯ ᠵᠦᠢᠯ ᠤᠨ ᠲᠥᠯᠦᠪᠵᠢᠭᠦᠯᠭᠡ ᠶᠢᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃ ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠸ ᠵᠢᠴᠢ ᠬᠤᠰᠢᠭᠤᠨ ᠤ | ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ᠂ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠠᠷ ᠬᠠᠮᠲᠤ ᠪᠠᠷ ᠪᠠᠶᠢᠴᠠᠭᠠᠨ ᠰᠤᠳᠤᠯᠤᠯᠲᠠ | ᠬᠢᠪᠡ᠃ | ᠶᠠᠷᠢᠯᠴᠠᠬᠤ ᠬᠤᠷᠠᠯ ᠳᠡᠭᠡᠷ᠎ᠡ᠂ ᠵᠠᠩ ᠵᠢᠶᠠᠨ ᠴᠢᠦ ᠬᠢᠩᠭᠠᠨ ᠤ ᠢᠯᠢ ᠰᠦ ᠶᠢᠨ ᠦᠢᠯᠡᠰ ᠤᠨ ︽5G + ᠠᠵᠤ | ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ︾ ᠤᠨ ᠰᠢᠩᠭᠡᠨ ᠲᠤᠯᠤᠪᠲᠤ ᠰᠦ ᠶᠢᠨ ᠣᠶᠤᠨᠲᠤ | ᠦᠢᠯᠡᠳᠪᠦᠷᠢ ᠶᠢᠨ ᠣᠳᠣᠬᠠᠨ ᠤ ᠵᠥᠭᠡᠯᠡᠨ ᠬᠠᠲᠠᠭᠤ ᠲᠣᠨᠤᠭ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ | ᠵᠢᠴᠢ ᠲᠠᠷᠠᠭᠠᠴᠢ ᠶᠢᠨ ᠠᠯᠬᠤᠮ ᠤᠨ ᠠᠵᠤ ᠦᠢᠯᠡᠳᠪᠦᠷᠢ ᠶᠢᠨ ᠵᠢᠭᠤᠯᠴᠢᠯᠠᠯ ᠤᠨ ᠲᠥᠯᠦᠪᠵᠢᠭᠦᠯᠭᠡ ᠶᠢᠨ ᠵᠢᠷᠤᠭ | ᠲᠥᠯᠥᠪᠯᠡᠭᠡ ᠶᠢᠨ ᠲᠤᠬᠠᠢ ᠰᠠᠨᠠᠯ ᠰᠠᠨᠠᠭᠤᠯᠭ᠎ᠠ ᠳᠤᠷᠠᠳᠪᠠ᠃ ᠵᠠᠩ ᠵᠢᠶᠠᠨ ᠴᠢᠦ ᠢᠯᠡᠷᠬᠡᠶᠢᠯᠡᠬᠦ ᠳᠡᠭᠡᠨ᠂ ᠬᠢᠩᠭᠠᠨ ᠤ | ᠢᠯᠢ ᠶᠢᠨ ︽5G + ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ︾ ᠤᠨ ᠰᠢᠩᠭᠡᠨ ᠲᠤᠯᠤᠪᠲᠤ | ᠰᠦ ᠶᠢᠨ ᠣᠶᠤᠨᠲᠤ ᠦᠢᠯᠡᠳᠪᠦᠷᠢ ᠶᠢᠨ ᠵᠢᠱᠢᠶ᠎ᠡ ᠦᠵᠡᠭᠦᠯᠬᠦ ᠲᠥᠷᠥᠯ ᠵᠦᠢᠯ᠂ ᠰᠢᠨᠵᠢᠯᠡᠬᠦ ᠤᠬᠠᠭᠠᠨ | ᠮᠡᠷᠭᠡᠵᠢᠯᠵᠢᠭᠰᠡᠨ᠂ ᠣᠶᠤᠨᠴᠢᠯᠠᠭᠰᠠᠨ᠂ ᠠᠦ᠋ᠲ᠋ᠣᠴᠢᠯᠠᠭᠰᠠᠨ ᠲᠠᠯᠠᠪᠤᠷ ᠤᠨ ᠡᠬᠢ ᠪᠠᠶᠠᠯᠢᠭ ᠲᠤ ᠲᠦᠰᠢᠭᠯᠡᠵᠦ᠂ | ᠥᠨᠳᠥᠷ ᠭᠠᠷᠤᠭ᠎ᠠ᠂ ᠥᠨᠳᠥᠷ ᠪᠠᠷᠢᠮᠵᠢᠶ᠎ᠠ ᠪᠠᠷ ︽ᠣᠶᠤᠨᠴᠢᠯᠠᠭᠰᠠᠨ + ᠵᠢᠭᠤᠯᠴᠢᠯᠠᠯ ᠤᠨ ᠦᠢᠯᠡᠴᠢᠯᠡᠭᠡ︾ ᠶᠢ | ᠪᠠᠶᠢᠭᠤᠯᠵᠤ᠂ ᠪᠦᠷᠢᠨ ᠲᠡᠭᠦᠯᠳᠡᠷ ᠠᠵᠤ ᠦᠢᠯᠡᠳᠪᠦᠷᠢ ᠶᠢᠨ ᠵᠢᠭᠤᠯᠴᠢᠯᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ | ᠰᠢᠰᠲ᠋ᠥᠮ ᠢ ᠬᠦᠴᠦᠯᠡᠨ ᠪᠠᠶᠢᠭᠤᠯᠵᠤ᠂ ᠠᠵᠤ ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠲᠡᠰᠢ ᠬᠡᠯᠪᠡᠷᠢ ᠪᠠᠨ | ᠬᠤᠪᠢᠷᠠᠭᠤᠯᠬᠤ ᠶᠢ ᠪᠡᠶᠡᠯᠡᠭᠦᠯᠵᠦ᠂ ᠠᠵᠤ ᠦᠢᠯᠡᠳᠪᠦᠷᠢ ᠵᠢᠨᠵᠢᠭᠤᠯᠴᠢᠯᠠᠯ ᠤᠨ ᠲᠦᠷᠦᠯ ᠵᠦᠢᠯ ᠢ ᠪᠦᠬᠦ ᠲᠠᠯ᠎ᠠ ᠪᠠᠷ | ᠲᠡᠰ ᠳᠡᠪᠰᠢᠭᠦᠯᠵᠦ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠬᠡᠷᠡᠭᠲᠡᠢ ᠭᠡᠵᠡᠢ᠃ | ᠰᠦᠨ ᠱᠤ᠋ ᠲᠤᠤ ᠬᠡᠯᠡᠬᠦ ᠳᠡᠭᠡᠨ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠠᠵᠤ ᠦᠢᠯᠡᠳᠪᠦᠷᠢ ᠶᠢᠨ | ᠢᠨᠲ᠋ᠧᠷ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠠᠰᠠᠭ ᠠᠵᠤ | ᠠᠬᠤᠶᠢᠯᠠᠯ ᠬᠤᠶᠠᠷ ᠲᠠᠯ᠎ᠠ ᠪᠠᠷ ᠢᠶᠠᠨ ᠭᠦᠨ ᠵᠤᠵᠠᠭᠠᠨ ᠰᠦ ᠶᠢᠨ ᠰᠣᠶᠣᠯ᠂ ᠰᠢᠯᠢᠳᠡᠭ ᠰᠢᠵᠢᠷ ᠠᠯᠲᠠᠨ ᠰᠦ ᠶᠢᠨ | ᠢᠷᠡᠯᠲᠡ ᠶᠢᠨ ᠪᠦᠰᠡ᠂ ᠲᠡᠷᠢᠭᠦᠨ ᠤ ᠴᠠᠭᠠᠨ ᠢᠳᠡᠭᠡᠨ ᠤ ᠦᠢᠯᠡᠳᠪᠦᠷᠢᠯᠡᠯ ᠤᠨ ᠲᠠᠰᠤᠭ ᠵᠡᠷᠭᠡ ᠡᠬᠢ | ᠪᠠᠶᠠᠯᠢᠭ ᠲᠠᠭᠠᠨ ᠲᠦᠰᠢᠭᠯᠡᠵᠦ᠂ ᠠᠵᠤ ᠦᠢᠯᠡᠳᠪᠦᠷᠢ ᠶᠢᠨ ᠵᠢᠭᠤᠯᠴᠢᠯᠠᠯ ᠤᠨ ᠵᠥᠭᠡᠯᠡᠨ ᠲᠣᠨᠤᠭ ᠤᠨ | ᠪᠡᠯᠡᠳᠬᠡᠮᠵᠢ ᠶᠢ ᠳᠡᠭᠡᠭᠰᠢᠯᠡᠭᠦᠯᠬᠦ ᠡᠷᠴᠢᠮ ᠢ ᠴᠢᠩᠭᠠᠷᠠᠭᠤᠯᠵᠤ᠂ ᠵᠢᠭᠤᠯᠴᠢᠯᠠᠯ ᠤᠨ ᠦᠢᠯᠡᠳᠬᠦᠨ ᠢ ᠲᠠᠰᠤᠷᠠᠯᠲᠠ | ᠦᠭᠡᠢ ᠥᠷᠭᠡᠳᠬᠡᠨ᠂ ᠵᠢᠭᠤᠯᠴᠢᠯᠠᠯ ᠤᠨ ᠦᠢᠯᠡᠰ ᠤᠨ ᠬᠡᠯᠪᠡᠷᠢ ᠪᠠᠶᠢᠳᠠᠯ ᠢ ᠪᠠᠶᠠᠯᠢᠭᠵᠢᠭᠤᠯᠵᠤ᠂ ᠵᠢᠭᠤᠯᠴᠢᠯᠠᠯ ᠤᠨ | ᠦᠢᠯᠡᠴᠢᠯᠡᠭᠡ ᠶᠢ ᠰᠢᠯᠢᠳᠡᠭᠵᠢᠭᠦᠯᠦᠨ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ | ᠠᠭᠤᠰᠤᠯᠴᠠᠭᠤᠯᠤᠨ ᠬᠥᠭᠵᠢᠭᠦᠯᠦᠭᠰᠡᠨ ᠦᠷ᠎ᠡ ᠪᠦᠲᠦᠭᠡᠯ ᠢ ᠳᠡᠯᠭᠡᠨ ᠦᠵᠡᠭᠦᠯᠵᠦ᠂ ︽ᠰᠣᠶᠣᠯ + ᠵᠢᠭᠤᠯᠴᠢᠯᠠᠯ︾ | ︽ᠵᠢᠭᠤᠯᠴᠢᠯᠠᠯ + ᠰᠢᠨᠵᠢᠯᠡᠬᠦ ᠤᠬᠠᠭᠠᠨ ᠮᠡᠷᠭᠡᠵᠢᠯ︾ ︽ᠵᠢᠭᠤᠯᠴᠢᠯᠠᠯ + ᠠᠵᠤ ᠦᠢᠯᠡᠳᠪᠦᠷᠢ︾ ︽ᠵᠢᠭᠤᠯᠴᠢᠯᠠᠯ | + ᠰᠤᠳᠤᠯᠤᠨ ᠰᠤᠷᠤᠯᠴᠠᠬᠤ︾ ᠵᠡᠷᠭᠡ ᠣᠯᠠᠨ ᠡᠰᠢᠵᠢᠭᠰᠡᠨ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ | ᠠᠵᠢᠯᠯᠠᠭ᠎ᠠ ᠶᠢ ᠰᠦᠪᠡᠭᠴᠢᠯᠡᠨ ᠦᠢᠯᠡᠳᠦᠯᠭᠡᠵᠢᠭᠦᠯᠵᠦ᠂ ᠵᠢᠭᠤᠯᠴᠢᠯᠠᠭᠴᠢᠳ ᠤᠨ ᠪᠡᠶᠡᠴᠢᠯᠡᠨ ᠣᠶᠢᠯᠠᠭᠠᠬᠤ | ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠠᠵᠤ ᠦᠢᠯᠡᠳᠪᠦᠷᠢ ᠶᠢᠨ ᠵᠢᠭᠤᠯᠴᠢᠯᠠᠯ ᠢ | ᠬᠥᠭᠵᠢᠭᠦᠯᠬᠦ ᠪᠠᠷ ᠳᠠᠮᠵᠢᠭᠤᠯᠵᠤ᠂ ᠦᠢᠯᠡᠳᠪᠦᠷᠢ ᠶᠢᠨ ᠲᠣᠭᠤᠷᠢᠭ ᠤᠨ ᠭᠠᠳᠠᠨᠠᠬᠢ ᠪᠢᠴᠢᠯ ᠮᠠᠯᠵᠢᠯ ᠤᠨ ᠲᠠᠯᠠᠪᠠᠢ ᠶᠢᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠬᠡᠷᠡᠭᠵᠢᠭᠦᠯᠵᠦ᠂ ᠠᠵᠤ ᠦᠢᠯᠡᠳᠪᠦᠷᠢ ᠶᠢᠨ ᠵᠢᠭᠤᠯᠴᠢᠯᠠᠯ ᠤᠨ ᠠᠵᠤ | ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠬᠥᠳᠡᠭᠡ ᠠᠵᠤ ᠠᠬᠤᠢ ᠲᠠᠢ ᠬᠤᠯᠪᠤᠭᠠᠯᠠᠨ ᠬᠥᠳᠡᠭᠡ ᠠᠵᠤ ᠠᠬᠤᠢ ᠶᠢ | ᠳᠠᠶᠢᠴᠢᠯᠠᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠵᠤ ᠦᠢᠯᠡᠳᠪᠦᠷᠢ ᠶᠢᠨ ᠵᠢᠭᠤᠯᠴᠢᠯᠠᠯ ᠤᠨ | ᠲᠦᠷᠦᠯ ᠵᠦᠢᠯ ᠢ ᠪᠦᠬᠦ ᠬᠦᠴᠦᠨ ᠢᠶᠠᠷ ᠠᠬᠢᠭᠤᠯᠵᠤ᠂ ᠤᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ | ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ ᠭᠡᠵᠡᠢ᠃ | | |