ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠦᠷ᠎ᠡ ᠪᠦᠲᠦᠭᠡᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/3/6
    3 ᠰᠠᠷ᠎ᠠ ᠶᠢᠨ 5 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠦᠷ᠎ᠡ ᠪᠦᠲᠦᠭᠡᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠣᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤ᠋ ᠲᠤᠸ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠸᠠᠩ ᠮᠧᠩ᠂ ᠵᠠᠩ ᠵᠢᠶᠦ᠋ᠨ ᠢᠦᠢ ᠵᠢᠴᠢ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃     ᠬᠤᠷᠠᠯ ᠠᠴᠠ ᠪᠡᠭᠡᠵᠢᠩ ᠤᠨ ᠴᠢᠩᠬᠤᠸᠠ ᠶᠡᠭᠡ ᠰᠤᠷᠭᠠᠭᠤᠯᠢ ᠶᠢᠨ ᠲᠦᠩ ᠾᠧᠩ ᠲᠥᠯᠦᠪᠵᠢᠭᠦᠯᠭᠡ ᠵᠢᠷᠤᠭ ᠲᠥᠯᠥᠪᠯᠡᠭᠡ ᠶᠢᠨ ᠰᠤᠳᠤᠯᠭᠠᠨ ᠤ ᠬᠦᠷᠢᠶᠡᠯᠡᠩ ᠤᠨ ᠲᠥᠷᠥᠯ ᠵᠦᠢᠯ ᠤᠨ ᠬᠠᠷᠢᠭᠤᠴᠠᠯᠭᠠᠲᠠᠨ ᠤ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ︵2021 ︱ 2035︶ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠷᠠᠯ ᠳᠤ ᠣᠷᠣᠯᠴᠠᠭᠰᠠᠳ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢ ᠥᠨᠳᠥᠷ ᠪᠠᠷᠢᠮᠵᠢᠶ᠎ᠠ ᠪᠠᠷ ᠨᠠᠶᠢᠷᠠᠭᠤᠯᠤᠨ ᠵᠣᠬᠢᠶᠠᠬᠤ ᠶᠢᠨ ᠲᠣᠭᠤᠷᠢᠨ ᠳᠤ ᠭᠦᠨᠵᠡᠭᠡᠢ ᠰᠤᠳᠤᠯᠤᠨ ᠶᠠᠷᠢᠯᠴᠠᠭᠰᠠᠨ ᠪᠥᠭᠡᠳ ᠰᠠᠨᠠᠯ ᠰᠠᠨᠠᠭᠤᠯᠭ᠎ᠠ ᠳᠤᠷᠠᠳᠪᠠ᠃    ᠬᠤᠷᠠᠯ  ᠠᠴᠠ ᠵᠢᠭᠠᠵᠤ ᠭᠠᠷᠭᠠᠭᠰᠠᠨ ᠨᠢ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠪᠣᠯ ᠡᠯ᠎ᠡ ᠲᠥᠷᠥᠯ ᠤᠨ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠵᠤ ᠬᠠᠮᠠᠭᠠᠯᠠᠬᠤ ᠠᠵᠢᠯᠯᠠᠭ᠎ᠠ ᠶᠢᠨ ᠦᠨᠳᠦᠰᠦᠨ ᠦᠨᠳᠦᠰᠦᠯᠡᠯ ᠮᠥᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠢᠷᠡᠭᠡᠳᠦᠢ ᠶᠢᠨ ᠬᠥᠭᠵᠢᠯᠲᠡ ᠶᠢᠨ ᠣᠷᠣᠨ ᠵᠠᠢ ᠶᠢᠨ ᠵᠢᠷᠤᠭ ᠲᠥᠰᠥᠪ ᠮᠥᠨ᠂ ᠡᠨᠡ ᠨᠢ ᠪᠥᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠪᠠ ᠠᠷᠠᠳ ᠤᠨ ᠠᠮᠢᠳᠤᠷᠠᠯ ᠤᠨ ᠠᠵᠠ ᠵᠢᠷᠭᠠᠯ ᠲᠠᠢ ᠬᠤᠯᠪᠣᠭᠳᠠᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠪᠣᠳᠠᠲᠠᠢ ᠰᠠᠭᠤᠷᠢ ᠮᠠᠲ᠋ᠧᠷᠢᠶᠠᠯ ᠢ ᠴᠠᠭ ᠲᠤᠬᠠᠢ ᠳᠤᠨᠢ᠂ ᠣᠨᠣᠪᠴᠢᠲᠠᠶ ᠬᠠᠩᠭᠠᠬᠤ ᠬᠡᠷᠡᠭᠲᠡᠢ᠃ ᠡᠭᠦᠨ ᠤ ᠬᠠᠮᠲᠤ᠂ ᠪᠡᠭᠡᠵᠢᠩ ᠤᠨ ᠴᠢᠩᠬᠤᠸᠠ ᠶᠡᠭᠡ ᠰᠤᠷᠭᠠᠭᠤᠯᠢ ᠶᠢᠨ ᠲᠦᠩ ᠾᠧᠩ ᠲᠥᠯᠦᠪᠵᠢᠭᠦᠯᠭᠡ ᠵᠢᠷᠤᠭ ᠲᠥᠯᠥᠪᠯᠡᠭᠡ ᠶᠢᠨ ᠰᠤᠳᠤᠯᠭᠠᠨ ᠤ ᠬᠦᠷᠢᠶᠡᠯᠡᠩ ᠨᠢ ᠡᠮᠦᠨᠡᠬᠢ ᠬᠤᠭᠤᠴᠠᠭᠠᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ᠦᠷ᠎ᠡ ᠪᠦᠲᠦᠭᠡᠯ ᠤᠨ ᠰᠠᠭᠤᠷᠢᠨ ᠳᠡᠭᠡᠷ᠎ᠡ᠂ ᠭᠤᠣᠯᠳᠠᠯᠭ᠎ᠠ ᠲᠠᠢ ᠰᠤᠳᠤᠯᠵᠤ᠂ ᠬᠤᠷᠠᠯ ᠳᠤ ᠣᠷᠣᠯᠴᠠᠭᠰᠠᠳ ᠤᠨ ᠰᠠᠨᠠᠯ ᠰᠠᠨᠠᠭᠤᠯᠭ᠎ᠠ ᠶᠢ ᠭᠦᠢᠴᠡᠳ ᠰᠢᠩᠭᠡᠬᠡᠨ ᠠᠪᠴᠤ᠂ ᠲᠥᠯᠦᠪᠵᠢᠭᠦᠯᠭᠡ ᠶᠢᠨ ᠦᠷ᠎ᠡ ᠪᠦᠲᠦᠭᠡᠯ ᠢ ᠭᠦᠨᠵᠡᠭᠡᠢ ᠲᠡᠭᠦᠯᠳᠡᠷᠵᠢᠭᠦᠯᠬᠦ ᠬᠡᠷᠡᠭᠲᠡᠢ᠃     ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠶᠡᠭᠡ ᠲᠠᠯ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠲᠤᠰ ᠪᠡᠶ᠎ᠡ ᠶᠢᠨ ᠬᠦᠷᠢᠶᠡᠨ ᠳᠡᠭᠡᠨ ᠰᠠᠭᠤᠷᠢᠯᠠᠨ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠬᠤ ᠬᠡᠷᠡᠭᠲᠡᠢ᠃ ᠲᠥᠯᠦᠪᠵᠢᠭᠦᠯᠭᠡ ᠶᠢᠨ ᠭᠤᠣᠯᠳᠠᠯᠭ᠎ᠠ ᠶᠢ ᠳᠤᠪᠤᠶᠢᠯᠭᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠤᠯᠠᠨ ᠲᠠᠯ᠎ᠠ ᠶᠢᠨ ᠬᠢᠨ ᠣᠷᠤᠯᠴᠠᠬᠤ ᠶᠢ ᠪᠠᠷᠢᠮᠲᠠᠯᠠᠵᠤ᠂ ᠠᠷᠠᠳ ᠤᠨ ᠰᠠᠨᠠᠭ᠎ᠠ ᠠᠷᠠᠳ ᠤᠨ ᠤᠶᠤᠨ ᠤᠬᠠᠭᠠᠨ ᠢ ᠲᠥᠪᠯᠡᠷᠡᠭᠦᠯᠵᠦ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠨᠠᠷᠢᠯᠢᠭ ᠨᠠᠶᠢᠳᠠᠪᠤᠷᠢᠵᠢᠭᠤᠯᠬᠤ ᠶᠢ ᠥᠨᠳᠥᠷ ᠪᠠᠷᠢᠮᠵᠢᠶ᠎ᠠ ᠪᠠᠷ ᠠᠬᠢᠭᠤᠯᠬᠤ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号