ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢ ᠨᠤᠲᠠᠯᠠᠨ ᠳᠠᠩᠰᠠᠯᠠᠭᠰᠠᠨ ᠦᠷ᠎ᠡ ᠪᠦᠲᠦᠭᠡᠯ ᠢ ᠰᠢᠨᠡᠳᠬᠡᠵᠦ ᠬᠤᠷᠢᠶᠠᠩᠭᠤᠶᠢᠯᠠᠨ ᠲᠤᠰᠢᠶᠠᠬᠤ ᠠᠵᠢᠯ ᠤᠨ ᠬᠡᠷᠡᠭᠵᠢᠭᠦᠯᠬᠦ ᠲᠥᠰᠥᠯ
ᠨᠡᠶᠢᠲᠡᠯᠡᠭᠰᠡᠨ ᠴᠠᠭ᠄
2023/3/6
   ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠶᠣᠰᠣᠭᠠᠷ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢ ᠨᠤᠲᠠᠯᠠᠨ ᠳᠠᠩᠰᠠᠯᠠᠭᠰᠠᠨ ᠦᠷ᠎ᠡ ᠪᠦᠲᠦᠭᠡᠯ ᠢ ᠰᠢᠨᠡᠳᠬᠡᠵᠦ ᠬᠤᠷᠢᠶᠠᠩᠭᠤᠶᠢᠯᠠᠨ ᠲᠤᠰᠢᠶᠠᠬᠤ ᠶᠢ ᠲᠦᠷᠭᠡᠪᠴᠢᠯᠡᠨ ᠪᠡᠶᠡᠯᠡᠭᠦᠯᠬᠦ ᠲᠤᠬᠠᠢ ᠮᠡᠳᠡᠭᠳᠡᠯ︾ ︵ᠪᠠᠶᠢᠭᠠᠯᠢ ᠡᠬᠢ ᠲᠠᠷᠬᠠᠭᠠᠭᠰᠠᠨ ﹇2022﹈ 19 ᠳ᠋ᠦᠭᠡᠷ ᠲᠣᠭᠠᠲᠤ︶᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ︽ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢ ᠨᠤᠲᠠᠯᠠᠨ ᠳᠠᠩᠰᠠᠯᠠᠯᠲᠠ ᠶᠢᠨ ᠦᠷ᠎ᠡ ᠪᠦᠲᠦᠭᠡᠯ ᠢ ᠰᠢᠨᠡᠳᠬᠡᠵᠦ ᠬᠤᠷᠢᠶᠠᠩᠭᠤᠶᠢᠯᠠᠨ ᠲᠤᠰᠢᠶᠠᠬᠤ ᠶᠢ ᠲᠦᠷᠭᠡᠳᠬᠡᠨ ᠪᠡᠶᠡᠯᠡᠭᠦᠯᠬᠦ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠮᠡᠳᠡᠭᠳᠡᠯ ᠢ ᠤᠯᠠᠮᠵᠢᠯᠠᠨ ᠶᠠᠪᠤᠭᠤᠯᠬᠤ ᠮᠡᠳᠡᠭᠳᠡᠯ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢ ᠨᠤᠲᠠᠯᠠᠨ ᠳᠠᠩᠰᠠᠯᠠᠯᠲᠠ ᠶᠢᠨ ᠦᠷ᠎ᠡ ᠪᠦᠲᠦᠭᠡᠯ ᠢ ᠰᠢᠨᠡᠳᠬᠡᠵᠦ ᠬᠤᠷᠢᠶᠠᠩᠭᠤᠶᠢᠯᠠᠨ ᠲᠤᠰᠢᠶᠠᠬᠤ ᠠᠵᠢᠯ ᠤᠨ ᠲᠥᠯᠥᠪᠯᠡᠭᠡ︾ ᠶᠢᠨ ᠱᠠᠭᠠᠷᠳᠠᠯᠭ᠎ᠠ᠂ ᠪᠥᠬᠦ ᠬᠤᠰᠢᠭᠤᠨ ᠤ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢ ᠨᠤᠲᠠᠯᠠᠵᠤ ᠳᠠᠩᠰᠠᠯᠠᠭᠰᠠᠨ ᠦᠷ᠎ᠡ ᠪᠦᠲᠦᠭᠡᠯ ᠢ ᠰᠢᠨᠡᠳᠬᠡᠵᠦ ᠬᠤᠷᠢᠶᠠᠩᠭᠤᠶᠢᠯᠠᠨ ᠲᠤᠰᠢᠶᠠᠬᠤ ᠠᠵᠢᠯ ᠢ ᠰᠠᠶᠢᠲᠤᠷ ᠬᠢᠵᠦ᠂ ᠮᠠᠯᠴᠢᠨ ᠲᠠᠷᠢᠶᠠᠴᠢᠨ ᠤ ᠭᠠᠵᠠᠷ ᠰᠢᠷᠣᠢ ᠶᠢᠨ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠵᠠᠬ᠎ᠠ ᠳᠡᠯᠭᠡᠭᠦᠷ ᠲᠤ ᠣᠷᠣᠭᠤᠯᠬᠤ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠥᠭᠡᠷᠡᠴᠢᠯᠡᠯᠲᠡ ᠶᠢᠨ ᠠᠵᠢᠯ ᠳᠤ ᠰᠠᠭᠤᠷᠢ ᠲᠤᠯᠭᠠᠭᠤᠷᠢᠯᠠᠯ ᠬᠠᠩᠭᠠᠵᠤ᠂ ᠲᠣᠰ ᠠᠵᠢᠯ ᠤᠨ ᠲᠥᠰᠥᠯ ᠢ ᠲᠣᠭᠲᠠᠭᠠᠪᠠ᠃    ᠨᠢᠭᠡ᠂ ᠠᠵᠢᠯ ᠤᠨ ᠬᠠᠷᠠᠯᠲᠠ    2012 ᠣᠨ ᠳᠤ ᠥᠷᠨᠢᠭᠦᠯᠦᠭᠰᠡᠨ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢᠨ ᠡᠷᠬᠡ  ᠶᠢ ᠨᠤᠲᠠᠯᠠᠨ ᠳᠠᠩᠰᠠᠯᠠᠭᠰᠠᠨ ᠦᠷ᠎ᠡ ᠪᠦᠲᠦᠭᠡᠯ ᠤᠨ ᠰᠠᠭᠤᠷᠢᠨ ᠳᠡᠭᠡᠷ᠎ᠡ᠂ ︽ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢᠨ ᠳᠠᠩᠰᠠᠯᠠᠯᠲᠠ ᠶᠢᠨ ᠦᠷ᠎ᠡ ᠪᠦᠲᠦᠭᠡᠯ ᠢ ᠰᠢᠨᠡᠳᠬᠡᠵᠦ ᠬᠤᠷᠢᠶᠠᠩᠭᠤᠶᠢᠯᠠᠨ ᠲᠤᠰᠢᠶᠠᠬᠤ ᠮᠡᠷᠭᠡᠵᠢᠯ ᠤᠨ ᠵᠦᠭᠯᠡᠭᠦᠷ︾ ︽ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠤᠭ᠎ᠠ ᠪᠠᠷᠢᠮᠲᠠ ᠶᠢᠨ ᠬᠥᠮᠥᠷᠭᠡ ᠶᠢᠨ ᠪᠠᠷᠢᠮᠵᠢᠶ᠎ᠠ︾ ᠶᠢᠨ ᠱᠠᠭᠠᠷᠳᠠᠯᠭ᠎ᠠ ᠶᠣᠰᠣᠭᠠᠷ᠂ ᠣᠲᠣ ᠶᠢᠨ ᠪᠠᠶᠢᠭ᠎ᠠ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢ ᠨᠤᠲᠠᠯᠠᠵᠤ ᠳᠡᠩᠰᠡᠯᠡᠨ ᠲᠡᠮᠳᠡᠭᠯᠡᠭᠰᠡᠨ ᠦᠷ᠎ᠡ ᠪᠦᠲᠦᠭᠡᠯ ᠢ ᠡᠮᠬᠢᠯᠡᠨ ᠰᠢᠨᠡᠳᠬᠡᠵᠦ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠨ ᠲᠡᠮᠳᠡᠭᠯᠡᠭᠰᠡᠨ ᠲᠤᠭ᠎ᠠ ᠪᠠᠷᠢᠮᠲᠠ ᠶᠢᠨ ᠬᠥᠮᠥᠷᠭᠡ ᠳᠤ ᠣᠷᠣᠭᠤᠯᠤᠨ᠂ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢᠨ ᠭᠠᠵᠠᠷ ᠰᠢᠷᠣᠢ ᠶᠢᠨ ᠬᠠᠷᠢᠶ᠎ᠠ ᠶᠢᠨ ᠵᠢᠷᠤᠭ ᠢ ᠪᠣᠶ ᠪᠣᠯᠭᠠᠵᠤ᠂ ᠳᠡᠩᠰᠡᠯᠡᠨ ᠲᠡᠮᠳᠡᠭᠯᠡᠭᠰᠡᠨ ᠦᠷ᠎ᠡ ᠪᠦᠲᠦᠭᠡᠯ ᠤᠨ ᠲᠤᠭ᠎ᠠ ᠪᠠᠷᠢᠮᠲᠠ ᠶᠢᠨ ᠬᠥᠮᠥᠷᠭᠡ ᠶᠢ ᠪᠠᠶᠢᠭᠤᠯᠤᠨ᠂ ᠮᠡᠳᠡᠭᠡ ᠵᠠᠩᠭᠢ ᠣᠷᠣᠭᠤᠯᠬᠤ᠂ ᠮᠠᠲ᠋ᠧᠷᠢᠶᠠᠯ ᠢ ᠰᠢᠷᠪᠢᠵᠦ ᠸᠧᠺᠲ᠋ᠤᠷᠴᠢᠯᠠᠬᠤ ᠵᠡᠷᠭᠡ ᠲᠣᠭᠠᠴᠢᠯᠠᠨ ᠬᠥᠮᠥᠷᠭᠡ ᠪᠠᠶᠢᠭᠤᠯᠬᠤ ᠶᠢ ᠪᠡᠶᠡᠯᠡᠭᠦᠯᠬᠦ ᠶᠢᠨ ᠬᠠᠮᠲᠤ ᠬᠤᠷᠢᠶᠠᠩᠭᠤᠶᠢᠯᠠᠨ ᠲᠤᠰᠢᠶᠠᠬᠤ ᠠᠵᠢᠯ ᠢ ᠴᠠᠭ ᠲᠤᠬᠠᠢ ᠳᠤᠨᠢ ᠪᠡᠶᠡᠯᠡᠭᠦᠯᠬᠦ ᠬᠡᠷᠡᠭᠲᠡᠢ᠃    ᠬᠤᠶᠠᠷ᠂ ᠦᠨᠳᠦᠰᠦᠨ ᠪᠠᠶᠢᠳᠠᠯ    2012 ᠣᠨ ᠤ ᠲᠠᠷᠢᠶᠠᠯᠠᠬᠤ ᠮᠠᠯᠵᠢᠬᠤ ᠣᠷᠣᠨ  ᠤ ᠬᠠᠮᠲᠤ ᠶᠢᠨ ᠭᠠᠵᠠᠷ ᠰᠢᠷᠣᠢ ᠶᠢᠨ ᠥᠮᠴᠢᠯᠡᠬᠦ ᠡᠷᠬᠡ ᠶᠢᠨ ᠥᠮᠴᠢᠯᠡᠬᠦ ᠡᠷᠬᠡ ᠶᠢ ᠨᠤᠲᠠᠯᠠᠨ ᠳᠠᠩᠰᠠᠯᠠᠭᠰᠠᠨ ᠦᠷ᠎ᠡ ᠪᠦᠲᠦᠭᠡᠯ ︵ᠳᠣᠷᠣᠭᠰᠢ ︽ᠥᠮᠴᠢᠯᠡᠬᠦ ᠡᠷᠬᠡ︾ ᠭᠡᠵᠦ ᠲᠣᠪᠴᠢᠯᠠᠨ᠎ᠠ︶   ᠤᠨ ᠭᠠᠵᠠᠷ ᠰᠢᠷᠣᠢ ᠶᠢᠨ ᠬᠠᠷᠢᠶ᠎ᠠ ᠶᠢᠨ ᠪᠠᠶᠢᠴᠠᠭᠠᠯᠲᠠ ᠶᠢ ᠨᠢᠭᠡᠨᠲᠡ ᠪᠡᠶᠡᠯᠡᠭᠦᠯᠦᠭᠰᠡᠨ ᠲᠠᠯᠠᠪᠠᠢ ᠨᠢ 1330360.20 ᠾᠧᠺᠲ᠋ᠠᠷ ᠪᠠᠶᠢᠵᠤ᠂ ᠲᠣᠰᠬᠤᠨ ᠤ ᠵᠥᠪᠯᠡᠯ 229᠂ ᠲᠠᠷᠢᠶᠠᠴᠢᠨ ᠬᠠᠮᠲᠤ 1543 ︵ᠡᠭᠦᠨ  ᠳᠤ ᠲᠣᠰᠬᠤᠨ ᠤ ᠲᠠᠷᠢᠶᠠᠴᠢᠨ ᠬᠠᠮᠲᠤ 1500᠂ ᠰᠢᠶᠠᠩ ᠪᠠᠯᠭᠠᠰᠤ ᠶᠢᠨ ᠲᠠᠷᠢᠶᠠᠴᠢᠨ ᠬᠠᠮᠲᠤ 43 ᠪᠤᠢ︶᠂ ᠶᠡᠷᠦᠩᠬᠡᠢ ᠬᠡᠰᠡᠭ ᠭᠠᠵᠠᠷ 1543 ᠪᠤᠢ᠃ ᠡᠭᠦᠨ ᠳᠤ ᠭᠠᠵᠠᠷ ᠰᠢᠷᠣᠢ ᠶᠢᠨ ᠬᠠᠷᠢᠶ᠎ᠠ ᠶᠢᠨ ᠪᠠᠶᠢᠴᠠᠭᠠᠯᠲᠠ ᠶᠢ ᠨᠢᠭᠡᠨᠲᠡ 1543 ᠪᠡᠶᠡᠯᠡᠭᠦᠯᠵᠦ᠂ ᠨᠢᠭᠡᠨᠲᠡ ᠪᠠᠶᠢᠴᠠᠭᠠᠭᠠᠳ ᠳᠠᠩᠰᠠᠯᠠᠭᠤᠯᠤᠭᠠᠳᠤᠢ 212 ᠪᠠᠶᠢᠵᠤ᠂ ᠨᠢᠭᠡᠨᠲᠡ ᠨᠠᠶᠢᠷᠠᠭᠤᠯᠤᠨ ᠵᠣᠬᠢᠶᠠᠭᠰᠠᠨ ᠭᠠᠵᠠᠷ ᠰᠢᠷᠣᠢ ᠶᠢᠨ ᠣᠷᠣᠯᠠᠬᠤ ᠨᠣᠮᠧᠷ ᠪᠤᠶᠤ ᠥᠯᠥ ᠬᠥᠳᠡᠯᠬᠦ ᠬᠥᠷᠥᠩᠭᠡ ᠶᠢᠨ ᠨᠢᠭᠡᠴᠢ ᠶᠢᠨ ᠣᠷᠣᠯᠠᠬᠤ ᠨᠣᠮᠧᠷ ᠤᠨ ᠣᠷᠣᠯᠠᠬᠤ ᠨᠣᠮᠧᠷ ᠤᠨ ᠰᠠᠭᠤᠷᠢᠨ ᠭᠠᠵᠠᠷ 1331 ᠪᠠᠶᠢᠵᠤ᠂ ᠡᠷᠬᠡ ᠶᠢᠨ ᠬᠠᠷᠢᠶ᠎ᠠ ᠶᠢᠨ ᠮᠠᠷᠭᠤᠯᠳᠤᠭᠠᠨ ᠤ ᠰᠠᠭᠤᠷᠢᠨ ᠭᠠᠵᠠᠷ 212 ᠪᠠᠶᠢᠵᠤ᠂ ᠡᠷᠬᠡ ᠶᠢᠨ ᠬᠠᠷᠢᠶ᠎ᠠ ᠶᠢᠨ ᠮᠠᠷᠭᠤᠯᠳᠤᠭᠠᠨ ᠤ ᠲᠠᠯᠠᠪᠠᠶ 21566.23 ᠾᠧᠺᠲ᠋ᠠᠷ ᠪᠠᠶᠢᠨ᠎ᠠ᠃    ᠭᠤᠷᠪᠠ᠂ ᠠᠵᠢᠯ ᠤᠨ ᠡᠭᠦᠷᠭᠡ    ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢᠨ ᠰᠠᠭᠤᠷᠢᠨ ᠳᠡᠭᠡᠷ᠎ᠡ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ︵ᠳᠣᠷᠣᠭᠰᠢ ︽ᠭᠤᠷᠪᠠᠨ ᠲᠣᠬᠢᠷᠠᠭᠤᠯᠤᠯᠲᠠ︾ ᠭᠡᠵᠦ ᠲᠣᠪᠴᠢᠯᠠᠨ᠎ᠠ︶᠂ 2010 ᠣᠨ ᠠᠴᠠ ᠨᠠᠭᠠᠰᠢᠬᠢ ᠭᠠᠵᠠᠷ ᠰᠢᠷᠣᠢ ᠲᠠᠲᠠᠪᠤᠷᠢᠯᠠᠬᠤ ᠵᠥᠪᠰᠢᠶᠡᠷᠡᠯ ᠤᠨ ᠪᠢᠴᠢᠭ ᠮᠠᠲ᠋ᠧᠷᠢᠶᠠᠯ᠂ ᠲᠠᠷᠢᠶᠠᠴᠢᠳ ᠤᠨ ᠬᠠᠮᠲᠤ ᠶᠢᠨ ᠰᠣᠯᠢᠯᠴᠠᠭᠰᠠᠨ ᠭᠠᠵᠠᠷ ᠰᠢᠷᠣᠢ ᠪᠤᠶᠤ ᠭᠠᠵᠠᠷ ᠰᠢᠷᠣᠢ ᠶᠢᠨ ᠲᠣᠬᠢᠷᠠᠭᠤᠯᠤᠯᠲᠠ ᠵᠡᠷᠭᠡ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠪᠠ ᠲᠠᠷᠢᠶᠠᠴᠢᠳ ᠤᠨ ᠬᠠᠮᠲᠤ ᠶᠢᠨ ᠨᠡᠷᠡᠶᠢᠳᠦᠯ ᠪᠤᠶᠤ ᠣᠷᠣᠯᠠᠬᠤ ᠨᠣᠮᠧᠷ ᠲᠤ ᠬᠤᠪᠢᠷᠠᠯᠲᠠ ᠭᠠᠷᠭᠠᠭᠰᠠᠨ ᠬᠤᠯᠪᠣᠭᠳᠠᠯ ᠪᠦᠬᠦᠢ ᠮᠠᠲ᠋ᠧᠷᠢᠶᠠᠯ ᠲᠠᠢ ᠤᠶᠠᠯᠳᠤᠭᠤᠯᠤᠨ᠂ ︽ᠵᠢᠷᠤᠭ ᠢᠶᠠᠷ ᠵᠠᠭᠠᠭ ᠢ ᠮᠠᠭᠠᠳᠯᠠᠨ ᠤᠩᠰᠢᠵᠤ᠂ ᠲᠤᠬᠠᠢ ᠶᠢᠨ ᠭᠠᠵᠠᠷ ᠲᠤᠨᠢ ᠨᠥᠬᠦᠪᠦᠷᠢᠯᠡᠨ ᠪᠠᠶᠢᠴᠠᠭᠠᠬᠤ︾ ᠠᠷᠭ᠎ᠠ ᠮᠠᠶ᠋ᠢᠭ ᠢ ᠠᠪᠴᠤ᠂ ᠥᠮᠴᠢᠯᠡᠯ ᠤᠨ ᠡᠷᠬᠡ ᠳᠤ ᠬᠤᠪᠢᠷᠠᠯᠲᠠ ᠭᠠᠷᠤᠭᠰᠠᠨ ᠪᠠᠶᠢᠪᠠᠯ ᠨᠥᠬᠦᠪᠦᠷᠢᠯᠡᠨ ᠪᠠᠶᠢᠴᠠᠭᠠᠵᠤ᠂ ᠥᠮᠴᠢᠯᠡᠯ ᠤᠨ ᠡᠷᠬᠡ ᠶᠢᠨ ᠦᠷ᠎ᠡ ᠪᠦᠲᠦᠭᠡᠯ ᠳᠠᠬᠢ ᠮᠠᠷᠭᠤᠯᠳᠤᠭᠠᠨ ᠤ ᠣᠷᠣᠨ ᠳᠤ ᠪᠣᠳᠠᠲᠤ ᠪᠠᠶᠢᠳᠠᠯ ᠠᠴᠠ ᠡᠭᠦᠰᠴᠦ᠂ ᠲᠡᠦᠬᠡ ᠶᠢ ᠬᠦᠨᠳᠦᠳᠬᠡᠬᠦ᠂ ᠪᠣᠳᠠᠲᠤ ᠪᠠᠶᠢᠳᠠᠯ ᠳᠤ ᠬᠠᠨᠳᠤᠬᠤ ᠵᠠᠷᠴᠢᠮ ᠢᠶᠠᠷ ᠡᠷᠬᠡ ᠶᠢᠨ ᠬᠠᠷᠢᠶᠠᠯᠠᠯ ᠤᠨ ᠮᠠᠷᠭᠤᠯᠳᠤᠭᠠᠨ ᠢ ᠰᠢᠢᠳᠪᠦᠷᠢᠯᠡᠬᠦ ᠶᠢ ᠪᠠᠷᠢᠮᠲᠠᠯᠠᠨ᠎ᠠ᠃    ᠳᠥᠷᠪᠡ᠂ ᠲᠥᠪᠯᠡᠷᠡᠭᠦᠯᠦᠨ ᠰᠢᠨᠡᠳᠬᠡᠬᠦ    ︵ᠨᠢᠭᠡ︶ ᠨᠢᠭᠡᠨᠲᠡ ᠳᠠᠩᠰᠠᠯᠠᠭᠤᠯᠤᠭᠰᠠᠨ ᠬᠠᠮᠲᠤ ᠶᠢᠨ ᠥᠮᠴᠢᠯᠡᠯ ᠤᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠳᠤ ᠬᠤᠪᠢᠷᠠᠯᠲᠠ ᠭᠠᠷᠪᠠᠯ᠂ ᠬᠡᠷᠡᠭᠴᠡᠭᠡ ᠪᠠᠨ ᠦᠨᠳᠦᠰᠦᠯᠡᠨ ᠭᠠᠵᠠᠷ ᠰᠢᠷᠣᠢ ᠶᠢᠨ ᠬᠠᠷᠢᠶ᠎ᠠ ᠶᠢᠨ ᠪᠠᠶᠢᠴᠠᠭᠠᠯᠲᠠ ᠶᠢ ᠨᠥᠬᠦᠪᠦᠷᠢᠯᠡᠵᠦ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠰᠢᠰᠲ᠋ᠧᠮ ᠢᠶᠠᠷ ᠳᠡᠮᠵᠢᠨ᠂ ᠵᠣᠬᠢᠬᠤ ᠳᠠᠩᠰᠠᠯᠠᠯᠲᠠ ᠶᠢᠨ ᠲᠤᠬᠠᠶᠢᠯᠠᠭᠰᠠᠨ ᠠᠵᠢᠯ ᠢ ᠲᠥᠪᠯᠡᠷᠡᠭᠦᠯᠦᠨ ᠭᠦᠢᠴᠡᠳᠬᠡᠨ᠎ᠡ᠃    ︵ᠬᠤᠶᠠᠷ︶ ᠲᠠᠲᠠᠪᠤᠷᠢᠯᠠᠭᠰᠠᠨ  ᠠᠴᠠ ᠪᠣᠯᠵᠤ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢ ᠪᠦᠬᠦᠨ ᠢ ᠪᠤᠶᠤ ᠬᠡᠰᠡᠭ ᠢ ᠨᠢ ᠦᠭᠡᠢ ᠪᠣᠯᠭᠠᠭᠰᠠᠨ ᠪᠠᠶᠢᠪᠠᠯ᠂ ᠬᠤᠰᠢᠭᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ  ᠠᠴᠠ ᠭᠠᠵᠠᠷ ᠰᠢᠷᠣᠢ ᠲᠠᠲᠠᠪᠤᠷᠢᠯᠠᠬᠤ ᠶᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ︵ᠲᠡᠮᠦᠷ ᠵᠠᠮ ᠤᠨ ᠭᠠᠵᠠᠷ ᠲᠠᠲᠠᠪᠤᠷᠢᠯᠠᠬᠤ ᠤᠯᠠᠭᠠᠨ ᠱᠤᠭᠤᠮ ᠪᠠᠭᠲᠠᠨ᠎ᠠ︶ ᠵᠡᠷᠭᠡ ᠶᠢ ᠦᠨᠳᠦᠰᠦᠯᠡᠵᠦ᠂ ᠬᠦᠴᠦᠨ ᠦᠭᠡᠢ ᠪᠣᠯᠭᠠᠬᠤ ᠪᠤᠶᠤ ᠳᠠᠩᠰᠠᠯᠠᠯᠲᠠ ᠶᠢ ᠬᠤᠪᠢᠷᠠᠭᠤᠯᠬᠤ ᠶᠢ ᠲᠥᠪᠯᠡᠷᠡᠭᠦᠯᠦᠨ ᠭᠦᠢᠴᠡᠳᠬᠡᠨ᠎ᠡ᠃    ︵ᠭᠤᠷᠪᠠ︶ ᠲᠠᠷᠢᠶᠠᠴᠢᠳ ᠤᠨ ᠬᠠᠮᠲᠤ ᠨᠡᠶᠢᠲᠡ ᠨᠢ ᠬᠠᠷᠢᠯᠴᠠᠨ ᠰᠣᠯᠢᠬᠤ᠂ ᠭᠠᠵᠠᠷ ᠰᠢᠷᠣᠢ ᠶᠢᠨ ᠪᠠᠶᠢᠴᠠᠭᠠᠯᠲᠠ ᠬᠢᠬᠦ ᠵᠡᠷᠭᠡ ᠰᠢᠯᠲᠠᠭᠠᠨ  ᠠᠴᠠ ᠪᠣᠯᠵᠤ ᠬᠠᠮᠲᠤ ᠶᠢᠨ ᠭᠠᠵᠠᠷ ᠰᠢᠷᠣᠢ ᠶᠢᠨ ᠥᠮᠴᠢᠯᠡᠬᠦ ᠡᠷᠬᠡ ᠶᠢ ᠰᠢᠯᠵᠢᠭᠦᠯᠬᠦ ᠳᠤ ᠬᠦᠷᠦᠭᠦᠯᠦᠭᠰᠡᠨ ᠪᠠᠶᠢᠪᠠᠯ᠂ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ  ᠠᠴᠠ ᠬᠤᠯᠪᠣᠭᠳᠠᠯ ᠪᠦᠬᠦᠢ ᠲᠠᠷᠢᠶᠠᠴᠢᠳ ᠤᠨ ᠬᠠᠮᠲᠤ ᠨᠡᠶᠢᠲᠡ ᠶᠢ ᠨᠢᠭᠡᠳᠦᠯᠲᠡᠢ ᠵᠣᠬᠢᠶᠠᠨ ᠪᠠᠶᠢᠭᠤᠯᠵᠤ ᠰᠢᠯᠵᠢᠭᠦᠯᠬᠦ ᠳᠠᠩᠰᠠᠯᠠᠯᠲᠠ ᠬᠢᠯᠭᠡᠬᠦ ᠪᠠᠷ ᠭᠤᠶᠤᠴᠢᠯᠠᠬᠤ ᠵᠡᠷᠭᠡ ᠪᠣᠯᠣᠨ᠎ᠠ᠃    ︵ᠳᠥᠷᠪᠡ︶ ᠲᠠᠷᠢᠶᠠᠴᠢᠳ ᠤᠨ ᠬᠠᠮᠲᠤ ᠶᠢ ᠨᠡᠶᠢᠯᠡᠭᠦᠯᠦᠭᠰᠡᠨ ᠪᠤᠶᠤ ᠬᠠᠰᠤᠭᠰᠠᠨ᠂ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠳᠤ ᠲᠣᠬᠢᠷᠠᠭᠤᠯᠤᠯᠲᠠ ᠬᠢᠭᠰᠡᠨ ᠵᠡᠷᠭᠡ ᠠᠴᠠ ᠪᠣᠯᠵᠤ ᠭᠠᠵᠠᠷ ᠰᠢᠷᠣᠢ ᠶᠢᠨ ᠥᠮᠴᠢᠯᠡᠯ ᠤᠨ ᠡᠷᠬᠡ᠂ ᠲᠠᠷᠢᠶᠠᠴᠢᠳ ᠤᠨ ᠬᠠᠮᠲᠤ ᠶᠢᠨ ᠨᠡᠷᠡᠶᠢᠳᠦᠯ ᠪᠤᠶᠤ ᠣᠷᠣᠯᠠᠬᠤ ᠨᠣᠮᠧᠷ ᠲᠤ ᠬᠤᠪᠢᠷᠠᠯᠲᠠ ᠭᠠᠷᠤᠭᠰᠠᠨ ᠪᠠᠶᠢᠪᠠᠯ᠂ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ  ᠠᠴᠠ ᠬᠤᠯᠪᠣᠭᠳᠠᠯ ᠪᠦᠬᠦᠢ ᠲᠠᠷᠢᠶᠠᠴᠢᠳ ᠤᠨ ᠬᠠᠮᠲᠤ ᠶᠢ ᠨᠢᠭᠡᠳᠦᠯᠲᠡᠢ ᠵᠣᠬᠢᠶᠠᠨ ᠪᠠᠶᠢᠭᠤᠯᠵᠤ ᠬᠠᠮᠢᠶ᠎ᠠ ᠪᠦᠬᠦᠢ ᠳᠠᠩᠰᠠᠯᠠᠯᠲᠠ ᠬᠢᠯᠭᠡᠬᠦ ᠪᠠᠷ ᠭᠤᠶᠤᠴᠢᠯᠠᠨ᠎ᠠ᠃    ︵ᠲᠠᠪᠤ︶ ᠬᠡᠷᠡᠭᠯᠡᠭᠰᠡᠨ ᠰᠠᠭᠤᠷᠢ ᠵᠢᠷᠤᠭ ᠨᠢ ᠠᠳᠠᠯᠢ ᠪᠤᠰᠤ᠂ ᠬᠡᠮᠵᠢᠨ ᠵᠢᠷᠤᠭᠯᠠᠯᠲᠠ ᠶᠢᠨ ᠨᠠᠷᠢᠯᠢᠭ ᠤᠨ ᠬᠡᠮᠵᠢᠶ᠎ᠡ ᠨᠢ ᠠᠳᠠᠯᠢ ᠪᠤᠰᠤ ᠪᠤᠶᠤ ᠰᠣᠯᠪᠢᠴᠠᠯ ᠤᠨ ᠰᠣᠯᠢᠭᠳᠠᠯ ᠵᠡᠷᠭᠡ ᠰᠢᠯᠲᠠᠭᠠᠨ  ᠠᠴᠠ ᠪᠣᠯᠵᠤ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢᠨ ᠬᠤᠭᠤᠷᠣᠨᠳᠤ ᠰᠣᠯᠪᠢᠴᠠᠨ ᠳᠠᠪᠬᠤᠴᠠᠭᠰᠠᠨ ᠪᠤᠶᠤ ᠵᠠᠢ ᠵᠠᠪᠰᠠᠷ ᠣᠷᠣᠰᠢᠵᠤ᠂ ᠬᠢᠨᠠᠨ ᠬᠠᠷᠭᠤᠭᠤᠯᠬᠤ ᠪᠠᠷ ᠳᠡᠮᠵᠢᠨ᠂ ᠵᠠᠭᠠᠭ ᠬᠠᠶ᠋ᠢᠭ ᠲᠤᠨᠢ ᠬᠤᠪᠢᠷᠠᠯᠲᠠ ᠭᠠᠷᠤᠭᠰᠠᠨ ᠦᠭᠡᠢ ᠮᠥᠷᠲᠡᠭᠡᠨ ᠡᠷᠬᠡ ᠶᠢᠨ ᠬᠠᠷᠢᠶᠠᠯᠠᠯ ᠤᠨ ᠮᠠᠷᠭᠤᠯᠳᠤᠭᠠᠨ ᠣᠷᠣᠰᠢᠬᠤ ᠦᠭᠡᠢ ᠪᠠᠶᠢᠪᠠᠯ᠂ ᠡᠷᠬᠡ ᠶᠢᠨ ᠬᠠᠷᠢᠶᠠᠯᠠᠯ ᠤᠨ ᠵᠠᠭᠠᠭ ᠬᠢᠵᠠᠭᠠᠷ ᠢ ᠳᠠᠭᠢᠵᠤ ᠥᠷᠨᠢᠭᠦᠯᠬᠦ ᠦᠭᠡᠢ᠃ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢᠨ ᠵᠠᠭᠠᠭ ᠱᠤᠭᠤᠮ ᠤᠨ ᠴᠢᠭᠯᠡᠯ ᠤᠨ ᠲᠣᠳᠣᠷᠬᠠᠶᠢᠯᠠᠯᠲᠠ ᠵᠡᠷᠭᠡ ᠡᠷᠬᠡ ᠶᠢᠨ ᠬᠠᠷᠢᠶᠠᠯᠠᠯ ᠤᠨ ᠪᠠᠶᠢᠴᠠᠭᠠᠯᠲᠠ ᠶᠢᠨ ᠮᠠᠲ᠋ᠧᠷᠢᠶᠠᠯ ᠤᠨ ᠶᠣᠰᠣᠭᠠᠷ᠂ ᠵᠢᠷᠤᠭ ᠳᠦᠷᠰᠦ ᠶᠢᠨ ᠣᠨᠴᠠᠯᠢᠭ ᠤᠨ ᠱᠤᠭᠤᠮ ᠲᠠᠢ ᠤᠶᠠᠯᠳᠤᠭᠤᠯᠤᠨ᠂ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢᠨ ᠬᠡᠰᠡᠭ ᠭᠠᠵᠠᠷ ᠤᠨ ᠵᠠᠭᠠᠭ ᠱᠤᠭᠤᠮ ᠢ ᠲᠣᠬᠢᠷᠠᠭᠤᠯᠤᠨ ᠲᠣᠭᠲᠠᠭᠠᠨ᠎ᠠ     ︵ᠵᠢᠷᠭᠤᠭ᠎ᠠ︶ ᠡᠷᠬᠡ ᠶᠢᠨ ᠬᠠᠷᠢᠶᠠᠯᠠᠯ ᠤᠨ ᠮᠠᠷᠭᠤᠯᠳᠤᠭᠠᠨ ᠣᠷᠣᠰᠢᠵᠤ ᠪᠠᠶᠢᠬᠤ ᠮᠥᠷᠲᠡᠭᠡᠨ ᠲᠦᠷ ᠴᠠᠭ ᠰᠢᠢᠳᠪᠦᠷᠢᠯᠡᠬᠦ ᠳᠤ ᠪᠡᠷᠬᠡᠲᠡᠢ ᠪᠠᠶᠢᠪᠠᠯ᠂ ᠭᠠᠵᠠᠷ ᠰᠢᠷᠣᠢ ᠶᠢᠨ ᠡᠷᠬᠡ ᠶᠢᠨ ᠬᠠᠷᠢᠶᠠᠯᠠᠯ ᠤᠨ ᠮᠠᠷᠭᠤᠯᠳᠤᠭᠠᠨ ᠤ ᠰᠢᠯᠲᠠᠭᠠᠨ ᠤ ᠪᠢᠴᠢᠭ ᠢ ᠨᠠᠶᠢᠷᠠᠭᠤᠯᠤᠨ ᠵᠣᠬᠢᠶᠠᠵᠤ᠂ ᠡᠷᠬᠡ ᠶᠢᠨ ᠬᠠᠷᠢᠶᠠᠯᠠᠯ ᠤᠨ ᠮᠠᠷᠭᠤᠯᠳᠤᠭᠠᠨ ᠤ ᠪᠡᠶᠡᠴᠢ ᠴᠣᠭᠴᠠ ᠶᠢ ᠪᠠᠶᠢᠴᠠᠭᠠᠨ ᠲᠣᠳᠣᠷᠬᠠᠶᠢᠯᠠᠵᠤ᠂ ᠮᠠᠷᠭᠤᠯᠳᠤᠭᠠᠨ ᠲᠠᠢ ᠡᠯ᠎ᠡ ᠲᠠᠯ᠎ᠠ ᠶᠢᠨ ᠬᠢᠨ ᠢᠶᠠᠷ ᠵᠥᠪᠰᠢᠶᠡᠷᠡᠭᠦᠯᠦᠭᠡᠳ᠂ ᠮᠠᠷᠭᠤᠯᠳᠤᠭᠠᠨ ᠲᠠᠢ ᠬᠡᠰᠡᠭ ᠲᠤ ᠮᠠᠷᠭᠤᠯᠳᠤᠭᠠᠨ ᠲᠠᠢ ᠣᠷᠣᠨ ᠢ ᠵᠠᠭᠠᠭᠯᠠᠨ ᠲᠣᠭᠲᠠᠭᠠᠵᠤ᠂ ᠮᠠᠷᠭᠤᠯᠳᠤᠭᠠᠨ ᠲᠠᠢ ᠬᠡᠰᠡᠭ ᠭᠠᠵᠠᠷ ᠢ ᠪᠠᠶᠢᠭᠤᠯᠵᠤ᠂ ᠦᠯᠦ ᠬᠥᠳᠡᠯᠬᠦ ᠬᠥᠷᠥᠩᠭᠡ ᠶᠢᠨ ᠨᠢᠭᠡᠴᠢ ᠶᠢᠨ ᠣᠷᠣᠯᠠᠬᠤ ᠨᠣᠮᠧᠷ ᠢ ᠨᠠᠶᠢᠷᠠᠭᠤᠯᠤᠨ ᠵᠣᠬᠢᠶᠠᠨ᠎ᠠ᠃ ᠮᠠᠷᠭᠤᠯᠳᠤᠭᠠᠨ ᠦᠭᠡᠢ ᠬᠡᠰᠡᠭ ᠭᠠᠵᠠᠷ ᠰᠢᠷᠣᠢ ᠳᠤ ᠥᠯᠥ ᠬᠥᠳᠡᠯᠬᠦ ᠬᠥᠷᠥᠩᠭᠡ ᠶᠢᠨ ᠨᠢᠭᠡᠴᠡ ᠶᠢᠨ ᠣᠷᠣᠯᠠᠬᠤ ᠨᠣᠮᠧᠷ ᠢ ᠲᠣᠭᠲᠠᠭᠠᠬᠤ ᠶᠢᠨ ᠬᠠᠮᠲᠤ ᠳ᠋ᠤᠭᠠᠷᠯᠠᠵᠤ᠂ ᠬᠢᠨᠠᠨ ᠬᠠᠷᠭᠤᠭᠤᠯᠬᠤ ᠶᠢᠨ ᠬᠠᠮᠲᠤ ᠡᠷᠬᠡ ᠶᠢᠨ ᠬᠠᠷᠢᠶᠠᠯᠠᠯ ᠤᠨ ᠵᠠᠭᠠᠭ ᠱᠤᠭᠤᠮ ᠢ ᠲᠣᠭᠲᠠᠭᠠᠵᠤ᠂ ᠵᠠᠭᠠᠭ ᠬᠠᠶ᠋ᠢᠭ ᠤᠨ ᠬᠠᠨᠳᠤᠰᠢ ᠶᠢ ᠨᠠᠷᠢᠨ ᠲᠣᠳᠣᠷᠬᠠᠢ ᠳᠦᠷᠰᠦᠯᠡᠵᠦ᠂ ᠳᠠᠩᠰᠠᠯᠠᠬᠤ ᠬᠡᠪᠴᠢᠶᠡᠨ ᠳᠤ ᠣᠷᠣᠭᠤᠯᠤᠨ᠎ᠠ᠃ ᠡᠷᠬᠡ ᠶᠢᠨ ᠬᠠᠷᠢᠶᠠᠯᠠᠯ ᠤᠨ ᠵᠠᠭᠠᠭ ᠱᠤᠭᠤᠮ ᠤᠨ ᠪᠢᠲᠡᠭᠦᠮᠵᠢᠯᠡᠭᠰᠡᠨ ᠣᠷᠣᠨ ᠵᠠᠢ ᠶᠢ ᠦᠨᠳᠦᠰᠦᠯᠡᠨ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠨᠢᠭᠡᠴᠢ ᠶᠢ ᠬᠤᠪᠢᠶᠠᠷᠢᠯᠠᠵᠤ᠂ ᠪᠡᠶ᠎ᠡ ᠪᠠᠨ ᠳᠠᠭᠠᠭᠠᠭᠰᠠᠨ ᠬᠤᠯᠪᠣᠭ᠎ᠠ ᠦᠭᠡᠢ ᠤᠯᠠᠨ ᠤᠯᠤᠰ ᠤᠨ ᠥᠮᠴᠢᠯᠡᠯ ᠤᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢᠨ ᠬᠠᠷᠢᠶᠠᠯᠠᠯ ᠤᠨ ᠵᠠᠭᠠᠭ ᠱᠤᠭᠤᠮ ᠤᠨ ᠪᠢᠲᠡᠭᠦᠮᠵᠢᠯᠡᠭᠰᠡᠨ ᠣᠷᠣᠨ ᠵᠠᠢ ᠶᠢ ᠲᠤᠰ ᠲᠤᠰ ᠲᠤᠨᠢ ᠳᠠᠩᠰᠠᠯᠠᠬᠤ ᠨᠢᠭᠡᠴᠢ ᠶᠢ ᠵᠠᠭᠠᠭᠯᠠᠨ ᠲᠣᠭᠲᠠᠭᠠᠨ᠎ᠠ᠃    ᠲᠠᠪᠤ᠂ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢ ᠨᠤᠲᠠᠯᠠᠨ ᠰᠢᠨᠡᠴᠢᠯᠡᠭᠰᠡᠨ ᠦᠷ᠎ᠡ ᠪᠦᠲᠦᠭᠡᠯ ᠢ ᠡᠮᠬᠢᠯᠡᠨ ᠬᠥᠮᠥᠷᠭᠡ ᠳᠤ ᠣᠷᠣᠭᠤᠯᠬᠤ    ︽ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠤᠭ᠎ᠠ ᠪᠠᠷᠢᠮᠲᠠ ᠶᠢᠨ ᠬᠥᠮᠥᠷᠭᠡ ᠶᠢᠨ ᠪᠠᠷᠢᠮᠵᠢᠶ᠎ᠠ︾ ᠶᠢᠨ ᠱᠠᠭᠠᠷᠳᠠᠯᠭ᠎ᠠ ᠶᠣᠰᠣᠭᠠᠷ᠂ ᠨᠢᠭᠡᠨᠲᠡ ᠪᠠᠶᠢᠭ᠎ᠠ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢ ᠨᠤᠲᠠᠯᠠᠨ ᠳᠠᠩᠰᠠᠯᠠᠯᠲᠠ ᠶᠢᠨ ᠲᠤᠭ᠎ᠠ ᠪᠠᠷᠢᠮᠲᠠ ᠶᠢᠨ ᠬᠥᠮᠥᠷᠭᠡ ᠶᠢ ᠲᠤᠭ᠎ᠠ ᠪᠠᠷᠢᠮᠲᠠ ᠶᠢ ᠬᠤᠪᠢᠷᠠᠭᠤᠯᠬᠤ᠂ ᠮᠡᠳᠡᠭᠡ ᠵᠠᠩᠭᠢ ᠶᠢ ᠨᠥᠬᠦᠪᠦᠷᠢᠯᠡᠨ ᠴᠤᠭᠯᠠᠭᠤᠯᠬᠤ᠂ ᠲᠤᠭ᠎ᠠ ᠪᠠᠷᠢᠮᠲᠠ ᠶᠢ ᠡᠮᠬᠢᠯᠡᠨ ᠨᠡᠶᠢᠯᠡᠭᠦᠯᠬᠦ ᠲᠠᠢ ᠬᠤᠯᠪᠣᠭᠳᠠᠭᠤᠯᠤᠭᠰᠠᠨ ᠤ ᠳᠠᠷᠠᠭ᠎ᠠ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠤᠭ᠎ᠠ ᠪᠠᠷᠢᠮᠲᠠ ᠶᠢᠨ ᠬᠥᠮᠥᠷᠭᠡ ᠳᠤ ᠣᠷᠣᠭᠤᠯᠬᠤ ᠬᠡᠷᠡᠭᠲᠡᠢ᠃    ᠬᠠᠮᠲᠤ ᠶᠢᠨ ᠥᠮᠴᠢᠯᠡᠯ ᠤᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢᠨ ᠦᠷ᠎ᠡ ᠪᠦᠲᠦᠭᠡᠯ ᠳᠤ ᠬᠤᠪᠢᠷᠠᠯᠲᠠ ᠭᠠᠷᠤᠭᠰᠠᠨ ᠪᠤᠶᠤ ᠬᠢᠨᠠᠨ ᠬᠠᠷᠭᠤᠭᠤᠯᠤᠭᠠᠳ ᠦᠨᠡᠬᠡᠷ ᠪᠤᠷᠤᠭᠤ ᠲᠠᠢ ᠪᠠᠶᠢᠪᠠᠯ᠂ ᠪᠣᠳᠠᠲᠠᠢ ᠬᠡᠷᠡᠭᠴᠡᠭᠡ ᠪᠠᠨ ᠦᠨᠳᠦᠰᠦᠯᠡᠨ ᠭᠠᠵᠠᠷ ᠰᠢᠷᠣᠢ ᠶᠢᠨ ᠬᠠᠷᠢᠶ᠎ᠠ ᠶᠢᠨ ᠪᠠᠶᠢᠴᠠᠭᠠᠯᠲᠠ ᠶᠢ ᠨᠥᠬᠦᠪᠦᠷᠢᠯᠡᠨ ᠥᠷᠨᠢᠭᠦᠯᠵᠦ᠂ ᠭᠠᠵᠠᠷ ᠰᠢᠷᠣᠢ ᠲᠠᠲᠠᠪᠤᠷᠢᠯᠠᠬᠤ ᠶᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠪᠠ ᠭᠠᠵᠠᠷ ᠰᠢᠷᠣᠢ ᠶᠢᠨ ᠲᠣᠬᠢᠷᠠᠭᠤᠯᠤᠯᠲᠠ ᠵᠡᠷᠭᠡ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠦᠨᠳᠦᠰᠦᠯᠡᠨ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠰᠢᠰᠲ᠋ᠧᠮ ᠳᠤ ᠰᠢᠨᠡᠳᠬᠡᠬᠦ ᠬᠡᠷᠡᠭᠲᠡᠢ᠃    ᠵᠢᠷᠭᠤᠭ᠎ᠠ᠂ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢ ᠨᠤᠲᠠᠯᠠᠨ ᠳᠠᠩᠰᠠᠯᠠᠭᠰᠠᠨ ᠦᠷ᠎ᠡ ᠪᠦᠲᠦᠭᠡᠯ ᠢ ᠬᠤᠷᠢᠶᠠᠩᠭᠤᠶᠢᠯᠠᠨ ᠲᠤᠰᠢᠶᠠᠨ᠎ᠠ    ᠬᠥᠮᠥᠷᠭᠡ ᠳᠤ ᠣᠷᠣᠭᠤᠯᠤᠭᠰᠠᠨ ᠮᠥᠷᠲᠡᠭᠡᠨ ᠰᠢᠨᠡᠳᠬᠡᠵᠦ ᠥᠩᠭᠡᠷᠡᠭᠰᠡᠨ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢ ᠨᠤᠲᠠᠯᠠᠨ ᠳᠡᠩᠰᠡᠯᠡᠵᠦ ᠲᠡᠮᠳᠡᠭᠯᠡᠭᠰᠡᠨ ᠦᠷ᠎ᠡ ᠪᠦᠲᠦᠭᠡᠯ᠂ ᠭᠠᠵᠠᠷ ᠰᠢᠷᠣᠢ ᠶᠢᠨ ᠬᠠᠷᠢᠶ᠎ᠠ ᠶᠢᠨ ᠵᠢᠷᠤᠭ ᠵᠡᠷᠭᠡ ᠮᠠᠲ᠋ᠧᠷᠢᠶᠠᠯ ᠢ ᠶᠠᠰᠤ ᠴᠢᠨᠠᠷ ᠤᠨ ᠪᠠᠶᠢᠴᠠᠭᠠᠯᠲᠠ ᠶᠢᠨ ᠵᠥᠭᠡᠯᠡᠨ ᠲᠣᠨᠤᠭ ᠢ ᠠᠰᠢᠭᠯᠠᠨ ᠪᠠᠶᠢᠴᠠᠭᠠᠨ ᠰᠢᠯᠭᠠᠭᠠᠳ ᠬᠢᠷᠢ ᠲᠡᠩᠴᠡᠭᠰᠡᠨ ᠤ ᠳᠠᠷᠠᠭ᠎ᠠ᠂ ᠱᠠᠲᠤ ᠳᠠᠷᠠᠭᠠᠯᠠᠨ ᠥᠪᠡᠷᠲᠡᠭᠡᠨ ᠵᠠᠰᠠᠬᠤ ᠣᠷᠣᠨ ᠳᠤ ᠬᠤᠷᠢᠶᠠᠩᠭᠤᠶᠢᠯᠠᠨ ᠲᠤᠰᠢᠶᠠᠨ᠎ᠠ᠃ ᠦᠷ᠎ᠡ ᠪᠦᠲᠦᠭᠡᠯ ᠢ ᠬᠤᠷᠢᠶᠠᠩᠭᠤᠶᠢᠯᠠᠨ ᠲᠤᠰᠢᠶᠠᠬᠤ ᠳᠤ ᠰᠢᠨᠡᠳᠬᠡᠬᠦ ᠡᠴᠦᠰ ᠤᠨ ᠴᠠᠭ ᠤᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠬᠤ ᠬᠡᠷᠡᠭᠲᠡᠢ᠃ ᠳᠣᠯᠤᠭ᠎ᠠ᠂ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢ ᠨᠤᠲᠠᠯᠠᠨ ᠳᠡᠩᠰᠡᠯᠡᠵᠦ ᠲᠡᠮᠳᠡᠭᠯᠡᠭᠰᠡᠨ ᠦᠷ᠎ᠡ ᠪᠦᠲᠦᠭᠡᠯ ᠢ ᠰᠢᠨᠡᠳᠬᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ    ᠲᠤᠬᠠᠶᠢᠯᠠᠭᠰᠠᠨ ᠠᠵᠢᠯ ᠤᠨ ᠲᠥᠷᠥᠯ ᠬᠡᠯᠪᠡᠷᠢ ᠶᠢ ᠦᠨᠳᠦᠰᠦᠯᠡᠨ᠂ ︽ᠡᠳᠦᠷ ᠲᠤᠲᠤᠮ ᠤᠨ + ᠲᠣᠭᠲᠠᠮᠠᠯ ᠬᠤᠭᠤᠴᠠᠭ᠎ᠠ ᠲᠠᠢ︾ ᠶᠢᠨ ᠵᠠᠭᠪᠤᠷ ᠢ ᠠᠪᠴᠤ᠂ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢᠨ ᠡᠷᠬᠡ ᠶᠢ ᠨᠤᠲᠠᠯᠠᠨ ᠳᠠᠩᠰᠠᠯᠠᠯᠲᠠ ᠶᠢᠨ ᠦᠷ᠎ᠡ ᠪᠦᠲᠦᠭᠡᠯ ᠤᠨ ᠰᠢᠨᠡᠴᠢᠯᠡᠯᠲᠡ ᠶᠢ ᠰᠠᠶᠢᠲᠤᠷ ᠬᠢᠵᠦ᠂ ᠦᠷ᠎ᠡ ᠪᠦᠲᠦᠭᠡᠯ ᠤᠨ ᠣᠳᠣᠬᠢ ᠪᠠᠶᠢᠳᠠᠯ ᠢ ᠪᠠᠲᠤᠯᠠᠨ᠎ᠠ᠃ 2024 ᠣᠨ  ᠠᠴᠠ ᠡᠬᠢᠯᠡᠨ᠂ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢᠨ ᠳᠠᠩᠰᠠᠯᠠᠯᠲᠠ ᠶᠢ ᠥᠯᠥ ᠬᠥᠳᠡᠯᠬᠦ ᠬᠥᠷᠥᠩᠭᠡ ᠶᠢᠨ ᠡᠳᠦᠷ ᠲᠤᠲᠤᠮ ᠤᠨ ᠳᠠᠩᠰᠠᠯᠠᠯᠲᠠ ᠳᠤ ᠣᠷᠣᠭᠤᠯᠬᠤ ᠬᠡᠷᠡᠭᠲᠡᠢ᠃    ᠨᠠᠢᠮᠠ᠂ ᠴᠠᠭ ᠤᠨ ᠲᠣᠬᠢᠷᠠᠭᠤᠯᠤᠯᠲᠠ    ︵ᠨᠢᠭᠡ︶ 2023 ᠣᠨ ᠤ 2 ᠰᠠᠷ᠎ᠠ ᠶᠢᠨ ᠳᠤᠮᠳᠠᠴᠢ ᠠᠴᠠ 2023 ᠣᠨ ᠤ 2 ᠰᠠᠷ᠎ᠠ ᠶᠢᠨ ᠰᠡᠭᠦᠯᠴᠢ ᠪᠣᠯᠲᠠᠯ᠎ᠠ    ᠰᠠᠭᠤᠷᠢ ᠮᠠᠲ᠋ᠧᠷᠢᠶᠠᠯ ᠢ ᠴᠤᠭᠯᠠᠭᠤᠯᠵᠤ᠂ ᠠᠵᠢᠯ ᠤᠨ ᠡᠬᠡ ᠲᠠᠩᠰᠠ ᠪᠠᠶᠢᠭᠤᠯᠤᠨ᠂ ᠬᠡᠷᠡᠭᠵᠢᠭᠦᠯᠬᠦ ᠲᠥᠰᠥᠯ ᠢ ᠲᠣᠭᠲᠠᠭᠠᠬᠤ ᠪᠠ ᠳᠠᠷᠤᠮᠠᠯᠯᠠᠨ ᠲᠠᠷᠬᠠᠭᠠᠬᠤ ᠬᠡᠷᠡᠭᠲᠡᠢ᠃   ︵ᠬᠤᠶᠠᠷ︶ 2023 ᠣᠨ ᠤ 2 ᠰᠠᠷ᠎ᠠ ᠶᠢᠨ ᠰᠡᠭᠦᠯᠴᠢ ᠠᠴᠠ 2023 ᠣᠨ ᠤ 3 ᠰᠠᠷ᠎ᠠ ᠶᠢᠨ ᠰᠡᠭᠦᠯᠴᠢ ᠪᠣᠯᠲᠠᠯ᠎ᠠ    ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢ ᠨᠤᠲᠠᠯᠠᠨ ᠳᠡᠩᠰᠡᠯᠡᠵᠦ ᠲᠡᠮᠳᠡᠭᠯᠡᠭᠰᠡᠨ ᠦᠷ᠎ᠡ ᠪᠦᠲᠦᠭᠡᠯ ᠢ ᠬᠥᠮᠥᠷᠭᠡ ᠳᠤ ᠣᠷᠣᠭᠤᠯᠬᠤ᠂ ᠰᠢᠨᠡᠳᠬᠡᠬᠦ᠂ ᠬᠤᠷᠢᠶᠠᠩᠭᠤᠶᠢᠯᠠᠨ ᠲᠤᠰᠢᠶᠠᠬᠤ ᠠᠵᠢᠯ ᠢ ᠥᠷᠨᠢᠭᠦᠯᠦᠨ᠎ᠡ᠃ ᠠᠶᠢᠮᠠᠭ ᠬᠤᠳᠠ ᠨᠤᠭᠤᠳ ᠠᠩᠬ᠎ᠠ ᠬᠢᠨᠠᠭᠠᠳ ᠬᠢᠷᠢ ᠲᠡᠩᠴᠡᠭᠰᠡᠨ  ᠤ ᠲᠠᠷᠠᠭ᠎ᠠ ᠥᠪᠡᠷᠲᠡᠭᠡᠨ ᠵᠠᠰᠠᠬᠤ ᠣᠷᠣᠨ  ᠳᠤ ᠬᠤᠷᠢᠶᠠᠩᠭᠤᠶᠢᠯᠠᠨ ᠲᠤᠰᠢᠶᠠᠨ᠎ᠠ᠃    ︵ᠭᠤᠷᠪᠠ︶ 2023 ᠣᠨ ᠤ 3 ᠰᠠᠷ᠎ᠠ ᠶᠢᠨ ᠰᠡᠭᠦᠯᠴᠢ ᠠᠴᠠ 2023 ᠣᠨ ᠤ 6 ᠰᠠᠷ᠎ᠠ    ᠬᠤᠰᠢᠭᠤ ᠰᠢᠶᠠᠨ ᠤ ᠬᠤᠷᠢᠶᠠᠩᠭᠤᠶᠢᠯᠠᠨ ᠲᠤᠰᠢᠶᠠᠭᠰᠠᠨ ᠦᠷ᠎ᠡ ᠪᠦᠲᠦᠭᠡᠯ ᠨᠢ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠤ ᠳᠠᠷᠠᠭ᠎ᠠ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠳᠤ ᠬᠤᠷᠢᠶᠠᠩᠭᠤᠶᠢᠯᠠᠨ ᠲᠤᠰᠢᠶᠠᠨ᠎ᠠ᠃    ᠶᠢᠰᠦ᠂ ᠬᠡᠷᠡᠭᠵᠢᠭᠦᠯᠬᠦ ᠪᠠᠲᠤᠯᠠᠭ᠎ᠠ   ︵ᠨᠢᠭᠡ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠮᠠᠲ᠋ᠧᠷᠢᠶᠠᠯ ᠴᠤᠭᠯᠠᠭᠤᠯᠬᠤ᠂ ᠵᠠᠭᠠᠭ ᠱᠤᠭᠤᠮ ᠢ ᠪᠠᠶᠢᠴᠠᠭᠠᠨ ᠬᠠᠷᠭᠤᠭᠤᠯᠬᠤ᠂ ᠡᠷᠬᠡ ᠶᠢᠨ ᠬᠠᠷᠢᠶ᠎ᠠ ᠶᠢᠨ ᠮᠠᠷᠭᠤᠯᠳᠤᠭᠠᠨ ᠢ ᠡᠶᠡᠳᠡᠭᠦᠯᠦᠨ ᠰᠢᠢᠳᠪᠦᠷᠢᠯᠡᠬᠦ᠂ ᠡᠷᠬᠡ ᠶᠢᠨ ᠬᠠᠷᠢᠶ᠎ᠠ ᠶᠢ ᠪᠠᠶᠢᠴᠠᠭᠠᠬᠤ᠂ ᠤᠤᠯ ᠤᠨ ᠲᠠᠩᠰᠠ ᠡᠪᠬᠡᠮᠡᠯ ᠢ ᠡᠯᠧᠺᠲᠷᠤᠨᠴᠢᠯᠠᠬᠤ᠂ ᠲᠤᠭ᠎ᠠ ᠪᠠᠷᠢᠮᠲᠠ ᠣᠷᠣᠭᠤᠯᠬᠤ᠂ ᠲᠡᠮᠳᠡᠭᠯᠡᠭᠰᠡᠨ ᠦᠷ᠎ᠡ ᠪᠦᠲᠦᠭᠡᠯ ᠤᠨ ᠳ᠋ᠠᠶᠢᠲ᠋ᠠ ᠬᠥᠮᠥᠷᠭᠡ ᠶᠢ ᠪᠠᠶᠢᠭᠤᠯᠬᠤ ᠵᠡᠷᠭᠡ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠶᠢ ᠳᠡᠮᠵᠢᠨ ᠬᠠᠮᠵᠢᠯᠴᠠᠨ᠎ᠠ᠃ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠡᠭᠦᠷᠭᠡ ᠴᠢᠳᠠᠪᠤᠷᠢ ᠪᠠᠨ ᠦᠨᠳᠦᠰᠦᠯᠡᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠶᠢᠨ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠬᠢᠷᠢ ᠬᠡᠮ ᠲᠠᠢ ᠪᠥᠭᠡᠳ ᠬᠠᠮᠢᠶ᠎ᠠ ᠪᠦᠬᠦᠢ ᠠᠵᠢᠯ ᠤᠨ ᠲᠤᠷᠰᠢᠯᠭ᠎ᠠ ᠲᠠᠢ ᠮᠡᠷᠭᠡᠵᠢᠯ ᠤᠨ ᠡᠩᠨᠡᠭᠡ ᠶᠢ ᠰᠣᠩᠭᠤᠨ ᠲᠣᠰ ᠠᠵᠢᠯ ᠢ ᠥᠷᠨᠢᠭᠦᠯᠵᠦ ᠪᠣᠯᠣᠨ᠎ᠠ᠂ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠬᠤᠰᠢᠭᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠠᠢ ᠬᠠᠮᠵᠢᠯᠴᠠᠨ ᠡᠷᠬᠡ ᠶᠢᠨ ᠬᠠᠷᠢᠶᠠᠯᠠᠯ ᠤᠨ ᠮᠠᠷᠭᠤᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃    ︵ᠬᠤᠶᠠᠷ︶ ᠵᠠᠷᠤᠳᠠᠯ  ᠤᠨ ᠪᠠᠲᠤᠯᠠᠭ᠎ᠠ    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢ ᠨᠤᠲᠠᠯᠠᠨ ᠲᠡᠮᠳᠡᠭᠯᠡᠭᠰᠡᠨ ᠦᠷ᠎ᠡ ᠪᠦᠲᠦᠭᠡᠯ ᠢ ᠰᠢᠨᠡᠳᠬᠡᠵᠦ ᠬᠤᠷᠢᠶᠠᠩᠭᠤᠶᠢᠯᠠᠨ ᠲᠤᠰᠢᠶᠠᠬᠤ ᠠᠵᠢᠯ ᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ  ᠠᠴᠠ ᠡᠭᠦᠷᠭᠡᠯᠡᠵᠦ᠂ ᠪᠠᠲᠤᠯᠠᠬᠤ ᠵᠠᠷᠴᠢᠮ ᠶᠣᠰᠣᠭᠠᠷ᠂ ᠬᠤᠰᠢᠭᠤᠨ ᠤ ᠡᠳ᠋ ᠤᠨ ᠵᠠᠰᠠᠭ   ᠠᠴᠠ ᠪᠠᠲᠤᠯᠠᠨ᠎ᠠ᠃ ᠠᠵᠢᠯ ᠤᠨ ᠡᠭᠦᠷᠭᠡ ᠪᠠ ᠲᠥᠯᠥᠪᠯᠡᠭᠡ ᠶᠢᠨ ᠲᠣᠬᠢᠷᠠᠭᠤᠯᠤᠯᠲᠠ ᠶᠢ ᠦᠨᠳᠦᠰᠦᠯᠡᠨ᠂ ᠵᠣᠬᠢᠬᠤ ᠣᠨ ᠤ ᠡᠳ᠋ ᠤᠨ ᠵᠠᠰᠠᠭ ᠤᠨ ᠲᠥᠰᠥᠪ ᠲᠤ ᠵᠢᠭᠰᠠᠭᠠᠨ ᠣᠷᠣᠭᠤᠯᠵᠤ᠂ ᠴᠠᠭ ᠲᠤᠬᠠᠢ ᠳᠤᠨᠢ ᠰᠠᠯᠭᠠᠨ ᠥᠭᠴᠦ᠂ ᠭᠦᠢᠴᠡᠳ ᠲᠤᠭ᠎ᠠ ᠪᠠᠷ ᠪᠣᠳᠠᠲᠠᠶᠢᠵᠢᠭᠤᠯᠬᠤ ᠶᠢ ᠪᠠᠲᠤᠯᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢ ᠨᠤᠲᠠᠯᠠᠨ ᠳᠡᠩᠰᠡᠯᠡᠵᠦ ᠲᠡᠮᠳᠡᠭᠯᠡᠭᠰᠡᠨ ᠦᠷ᠎ᠡ ᠪᠦᠲᠦᠭᠡᠯ ᠢ ᠰᠢᠨᠡᠳᠬᠡᠵᠦ ᠬᠤᠷᠢᠶᠠᠩᠭᠤᠶᠢᠯᠠᠨ ᠲᠤᠰᠢᠶᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠨ᠎ᠠ᠃  
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号