ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠄ ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ ᠬᠤᠪᠢ ᠨᠡᠮᠡᠷᠢ ᠦᠵᠡᠭᠦᠯᠬᠦ ᠣᠶᠢᠯᠠᠭᠠᠭᠳᠠᠬᠤᠨ ᠢ ᠤᠯᠠᠮᠵᠢᠯᠠᠨ ᠳᠡᠯᠭᠡᠷᠡᠭᠦᠯᠦᠨ᠎ᠡ
ᠨᠡᠶᠢᠲᠡᠯᠡᠭᠰᠡᠨ ᠴᠠᠭ᠄
2023/3/7
    ᠯᠧᠢ ᠹᠧᠩ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠥᠷᠭᠡᠨ ᠣᠯᠠᠨ ᠲᠦᠮᠡᠨ ᠤ ᠶᠣᠰᠣ ᠮᠣᠷᠠᠯ ᠤᠨ ᠬᠡᠪ ᠴᠢᠨᠠᠷ ᠪᠠ ᠨᠡᠶᠢᠭᠡᠮ ᠤᠨ ᠪᠣᠯᠪᠠᠰᠤᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ 2023 ᠣᠨ ᠤ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠪᠯᠡᠷᠡᠩᠭᠦᠢ ᠵᠢᠱᠢᠶ᠎ᠡ ᠦᠵᠡᠭᠦᠯᠬᠦ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠢᠴᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ︽ᠪᠢ ᠴᠢᠮ᠎ᠠ ᠶᠢ ᠬᠠᠪᠰᠤᠷᠤᠨ᠎ᠠ︾ ᠰᠠᠶᠢᠨ ᠳᠤᠷ᠎ᠠ ᠶᠢᠨ ᠦᠢᠯᠡᠴᠢᠯᠡᠭᠡᠨ ᠤ ᠦᠵᠡᠭᠦᠯᠦᠯᠭᠡ ᠶᠢᠨ ᠠᠵᠢᠯᠯᠠᠭ᠎ᠠ ᠥᠷᠨᠢᠭᠦᠯᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠩ ᠰᠢᠤᠸᠠᠢ ᠸᠧᠢ᠂ ᠬᠤᠰᠢᠭᠤᠨ  ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠰᠠᠶᠢᠨ ᠳᠤᠷ᠎ᠠ ᠶᠢᠨ ᠠᠵᠢᠯᠯᠠᠭᠴᠢ ᠶᠢᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠵᠠᠢ᠃    ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠸᠠᠩ ᠰᠢᠤᠸᠠᠢ ᠸᠧᠢ 2023 ᠣᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠪᠯᠡᠷᠡᠩᠭᠦᠢ ᠵᠢᠱᠢᠶ᠎ᠡ ᠦᠵᠡᠭᠦᠯᠬᠦ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠢᠴᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ︽ᠪᠢ  ᠴᠢᠮ᠎ᠠ ᠶᠢ ᠬᠠᠪᠰᠤᠷᠤᠨ᠎ᠠ︾ ᠰᠠᠶᠢᠨ ᠳᠤᠷ᠎ᠠ ᠶᠢᠨ ᠦᠢᠯᠡᠴᠢᠯᠡᠭᠡᠨ ᠤ ᠦᠵᠡᠭᠦᠯᠦᠯᠭᠡ ᠶᠢᠨ ᠠᠵᠢᠯᠯᠠᠭ᠎ᠠ ᠡᠬᠢᠯᠡᠭᠰᠡᠨ ᠢ ᠵᠠᠷᠯᠠᠪᠠ᠃    ᠡᠬᠢᠯᠡᠯᠲᠡ ᠶᠢᠨ ᠶᠣᠰᠣᠯᠠᠯ ᠳᠡᠭᠡᠷ᠎ᠡ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠳᠤ ᠲᠤᠭ ᠣᠯᠭᠤᠵᠤ᠂ 2022 ᠣᠨ ᠤ ᠰᠢᠯᠢᠳᠡᠭ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ᠂ ᠰᠢᠯᠢᠳᠡᠭ ᠰᠠᠶᠢᠨ ᠳᠤᠷ᠎ᠠ ᠶᠢᠨ ᠠᠵᠢᠯᠯᠠᠭᠴᠢ ᠶᠢ ᠬᠥᠬᠢᠭᠦᠯᠦᠨ ᠰᠠᠶᠢᠰᠢᠶᠠᠵᠤ᠂ ︽ᠯᠧᠢ ᠹᠧᠩ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠰᠠᠨᠠᠭᠠᠴᠢᠯᠠᠭ᠎ᠠ ᠶᠢᠨ ᠪᠢᠴᠢᠭ︾ ᠢ ᠤᠩᠰᠢᠨ ᠨᠡᠶᠢᠲᠡᠯᠡᠪᠡ᠃    ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠳᠠᠷᠠᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠯ᠎ᠡ ᠥᠷᠲᠡᠭᠡᠨ ᠤ ᠱᠤᠭᠤᠮ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠨᠢ ᠠᠵᠢᠯ ᠲᠥᠷᠥᠯ ᠤᠨ ᠣᠨᠴᠠᠯᠢᠭ ᠲᠠᠢ ᠪᠠᠨ ᠤᠶᠠᠯᠳᠤᠭᠤᠯᠤᠨ᠂ ᠨᠡᠶᠢᠭᠡᠮ ᠲᠣᠭᠤᠷᠢᠭ᠂ ᠠᠵᠤ ᠠᠬᠤᠶᠢᠯᠠᠯ᠂ ᠨᠢᠭᠡᠴᠡ᠂ ᠰᠠᠭᠤᠭᠠᠯᠢ ᠠᠷᠠᠳ ᠤᠨ ᠭᠡᠷ ᠲᠤ ᠭᠦᠨᠵᠡᠭᠡᠶᠢᠷᠡᠵᠦ᠂ ᠣᠨᠣᠯ ᠤᠨ ᠤᠬᠠᠭᠤᠯᠭ᠎ᠠ᠂ ᠡᠷᠡᠭᠦᠯ ᠬᠠᠮᠠᠭᠠᠯᠠᠯ ᠤᠨ ᠴᠡᠭᠴᠡᠯᠡᠨ ᠵᠠᠰᠠᠯᠲᠠ᠂ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ᠂ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠤᠬᠠᠭᠤᠯᠭ᠎ᠠ᠂ ᠨᠠᠰᠤᠲᠠᠶᠢᠴᠤᠳ ᠢ ᠬᠠᠯᠠᠮᠵᠢᠯᠠᠬᠤ᠂ ᠬᠡᠦᠬᠡᠳ ᠢ ᠬᠠᠯᠠᠮᠵᠢᠯᠠᠬᠤ᠂ ᠭᠠᠯ ᠤᠨᠲᠠᠷᠠᠭᠠᠬᠤ ᠤᠬᠠᠭᠤᠯᠭ᠎ᠠ᠂ ᠬᠠᠤᠯᠢ ᠴᠠᠭᠠᠵᠠ ᠶᠢᠨ ᠤᠬᠠᠭᠤᠯᠭ᠎ᠠ᠂ ᠪᠣᠯᠪᠠᠰᠤᠨ ᠵᠠᠮ ᠬᠠᠷᠢᠯᠴᠠᠭ᠎ᠠ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠤᠨ ᠡᠯ᠎ᠡ ᠡᠲᠡᠭᠡᠳ ᠪᠠ ᠥᠷᠭᠡᠨ ᠣᠯᠠᠨ ᠲᠦᠮᠡᠨ ᠢ ᠬᠥᠲᠥᠯᠥᠨ ᠳᠠᠭᠠᠭᠤᠯᠵᠤ ᠰᠠᠶᠢᠨ ᠳᠤᠷ᠎ᠠ ᠶᠢᠨ ᠦᠢᠯᠡᠴᠢᠯᠡᠭᠡᠨ ᠳᠤ ᠢᠳᠡᠪᠬᠢᠲᠡᠢ ᠣᠷᠣᠯᠴᠠᠭᠤᠯᠤᠨ᠎ᠠ᠃  
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号