ᠪᠤᠷᠭᠠᠰᠤᠲᠠᠢ ᠰᠢᠶᠠᠩ ᠳᠤ ︽ᠪᠢ ᠴᠢᠮ᠎ᠠ  ᠶᠢ ᠬᠠᠪᠰᠤᠷᠤᠨ᠎ᠠ︾ ᠭᠡᠰᠡᠨ ᠰᠠᠶᠢᠨ ᠳᠤᠷ᠎ᠠ  ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/3/7
    ︽ᠬᠠᠷᠠᠮ ᠦᠭᠡᠢ ᠵᠢᠳᠬᠦᠬᠦ᠂ ᠨᠥᠬᠦᠷᠰᠡᠭ ᠪᠠᠶᠢᠬᠤ᠂ ᠬᠠᠷᠢᠯᠴᠠᠨ ᠬᠠᠪᠰᠤᠷᠤᠯᠴᠠᠬᠤ᠂ ᠳᠠᠪᠰᠢᠬᠤ︾ ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠬᠤ ᠶᠢᠨ ᠲᠥᠯᠥᠭᠡ᠂ ᠯᠧᠢ ᠹᠧᠩ ᠠᠴᠠ ᠰᠤᠷᠤᠯᠴᠠᠭᠰᠠᠨ 60 ᠳ᠋ᠤᠭᠠᠷ ᠳᠤᠷᠠᠰᠬᠠᠯ ᠤᠨ ᠡᠳᠦᠷ ᠬᠦᠷᠴᠦ ᠢᠷᠡᠬᠦ ᠲᠠᠰᠢᠷᠠᠮ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠤᠷᠭᠠᠰᠤᠲᠠᠢ ᠰᠢᠶᠠᠩ ᠳᠤ ︽ᠪᠢ  ᠴᠢᠮ᠎ᠠ ᠶᠢ ᠬᠠᠪᠰᠤᠷᠤᠨ᠎ᠠ︾᠂ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ︽ᠤᠳᠬ᠎ᠠ ᠤᠷᠠᠯᠢᠭ + ᠤᠬᠠᠭᠤᠯᠤᠨ ᠲᠠᠶᠢᠯᠪᠤᠷᠢᠯᠠᠬᠤ︾ ᠬᠡᠯᠪᠡᠷᠢ ᠪᠠᠷ ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠪᠠ᠃    ᠪᠤᠷᠭᠠᠰᠤᠲᠠᠢ ᠰᠢᠶᠠᠩ ᠤᠨ ᠬᠢᠩᠭᠠᠨ ᠨᠡᠶᠢᠭᠡᠮ ᠲᠣᠭᠤᠷᠢᠭ ᠲᠤ᠂ ︽ᠪᠦᠳᠦᠭᠦᠨ ᠬᠤᠭᠤᠯᠠᠢ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠤᠬᠠᠭᠤᠯᠤᠨ ᠲᠠᠶᠢᠯᠪᠤᠷᠢᠯᠠᠬᠤ ᠪᠠᠷ ᠢᠷᠡᠭᠰᠡᠨ ᠰᠠᠶᠢᠨ ᠳᠤᠷ᠎ᠠ ᠶᠢᠨ ᠦᠢᠯᠡᠴᠢᠯᠡᠭᠴᠢᠳ ᠬᠠᠷᠢᠶ᠎ᠠ ᠲᠣᠭᠤᠷᠢᠭ ᠤᠨ ᠢᠶᠠᠨ ᠰᠠᠭᠤᠭᠠᠯᠢ ᠠᠷᠠᠳ ᠲᠤ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠵᠤ ᠪᠠᠶᠢᠨ᠎ᠠ᠃ ︽ᠯᠧᠢ ᠹᠧᠩ ᠤᠨ ᠰᠠᠢᠨ ᠳᠠᠭᠤᠷᠢᠶᠠᠯ ᠠᠴᠠ ᠰᠤᠷᠤᠯᠴᠠᠶ᠎ᠠ︾ ᠭᠡᠬᠦ ᠨᠠᠶᠢᠷᠠᠯ ᠳᠠᠭᠤᠤ ᠨᠢ ᠲᠣᠭᠯᠠᠯᠲᠠ ᠶᠢ ᠣᠷᠭᠢᠯ ᠳᠤᠨᠢ ᠬᠦᠷᠭᠡᠪᠡ᠃ ᠠᠵᠢᠯᠯᠠᠭ᠎ᠠ ᠶᠢᠨ ᠳᠤᠮᠳᠠ᠂ ︽ᠪᠦᠳᠦᠭᠦᠨ ᠬᠤᠭᠤᠯᠠᠢ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠭᠡᠰᠢᠭᠦᠳ ᠪᠠᠰᠠ ᠣᠯᠠᠨ ᠲᠦᠮᠡᠨ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠵᠢᠴᠢ ᠬᠠᠤᠯᠢ ᠴᠠᠭᠠᠵᠠ ᠶᠢᠨ ᠮᠡᠳᠡᠯᠭᠡ᠂ ᠠᠷᠢᠭᠤᠨ ᠴᠢᠬᠡᠴᠢ ᠰᠣᠶᠣᠯ ᠢ ᠤᠬᠠᠭᠤᠯᠤᠨ ᠲᠠᠶᠢᠯᠪᠤᠷᠢᠯᠠᠪᠠ᠃    ᠳᠠᠷᠠᠭ᠎ᠠ ᠨᠢ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠭᠡᠰᠢᠭᠦᠳ ᠤᠳᠬ᠎ᠠ ᠤᠷᠠᠯᠢᠭ ᠢ ᠭᠡᠷ ᠲᠤᠨᠢ ᠬᠦᠷᠭᠡᠬᠦ᠂ ᠣᠨᠣᠯ ᠲᠥᠷᠥ ᠶᠢᠨ ᠪᠣᠳᠣᠯᠭ᠎ᠠ ᠶᠢ ᠭᠡᠷ ᠲᠤᠨᠢ ᠬᠦᠷᠭᠡᠬᠦ᠂ ᠮᠡᠷᠭᠡᠵᠢᠯ ᠤᠨ ᠵᠢᠯᠣᠭᠤᠳᠤᠯᠭ᠎ᠠ ᠶᠢ ᠭᠡᠷ ᠲᠤᠨᠢ ᠬᠦᠷᠭᠡᠬᠦ ︽ᠭᠤᠷᠪᠠ ᠶᠢ ᠬᠦᠷᠭᠡᠬᠦ︾ ᠦᠢᠯᠡᠴᠢᠯᠡᠭᠡ ᠶᠢ ᠥᠷᠨᠢᠭᠦᠯᠵᠦ᠂ ᠨᠠᠮ ᠤᠨ ᠲᠥᠷᠥ ᠶᠢᠨ ᠪᠣᠳᠣᠯᠭ᠎ᠠ ᠶᠢ ᠣᠯᠠᠨ ᠲᠦᠮᠡᠨ ᠤ ᠡᠭᠦᠳᠡᠨ ᠳᠤ ᠬᠦᠷᠭᠡᠵᠦ᠂ ᠮᠡᠷᠭᠡᠵᠢᠯ ᠤᠨ ᠵᠢᠯᠣᠭᠤᠳᠤᠯᠭ᠎ᠠ ᠶᠢ ᠣᠯᠠᠨ ᠲᠦᠮᠡᠨ ᠤ ᠳᠡᠷᠭᠡᠳᠡ ᠬᠦᠷᠭᠡᠪᠡ᠃  
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号