ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ  ᠠᠶᠤᠯ ᠢ ᠬᠠᠮᠢᠶᠠᠷᠤᠨ ᠡᠵᠡᠮᠳᠡᠬᠦ ᠠᠵᠢᠯ ᠤᠨ ᠲᠥᠰᠥᠯ
ᠨᠡᠶᠢᠲᠡᠯᠡᠭᠰᠡᠨ ᠴᠠᠭ᠄
2023/3/7
   ᠮᠠᠨ ᠤ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠲᠦᠭᠰᠢᠭᠦᠷᠢ ᠶᠢᠨ ᠳᠠᠯᠳᠠ ᠬᠡᠮ ᠢ ᠦᠨᠡᠨᠬᠦ ᠪᠠᠭᠤᠷᠠᠭᠤᠯᠵᠤ᠂ ᠭᠠᠯ ᠤᠨ ᠭᠠᠮᠰᠢᠭ ᠤᠨ ᠳᠠᠯᠳᠠ ᠬᠡᠮ ᠢ ᠰᠡᠷᠭᠡᠶᠢᠯᠡᠨ ᠠᠷᠢᠯᠭᠠᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠠᠳᠡᠯ ᠭᠠᠷᠬᠤ ᠶᠢ ᠪᠦᠲᠦᠮᠵᠢᠲᠡᠶ ᠬᠤᠷᠢᠭᠯᠠᠬᠤ ᠶᠢᠨ ᠲᠥᠯᠥᠭᠡ᠃ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠪᠥᠬᠦ ᠬᠤᠰᠢᠭᠤᠨ ᠳᠤ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠠᠶᠤᠯ ᠢ ᠬᠠᠮᠢᠶᠠᠷᠤᠨ ᠡᠵᠡᠮᠳᠡᠵᠦ ᠴᠡᠭᠴᠡᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯ ᠤᠨ ᠦᠷ᠎ᠡ ᠪᠦᠲᠦᠮᠵᠢ ᠣᠯᠬᠤ ᠶᠢ ᠪᠠᠲᠤᠯᠠᠵᠤ᠂ ᠠᠵᠢᠯ ᠤᠨ ᠲᠥᠰᠥᠯ ᠢᠶᠠᠨ ᠲᠣᠭᠲᠠᠭᠠᠨ᠎ᠠ᠃    ᠨᠢᠭᠡ᠂ ᠠᠵᠢᠯ ᠤᠨ ᠬᠠᠷᠠᠯᠲᠠ    ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠶᠡᠷᠦᠩᠬᠡᠢ  ᠱᠤᠵᠢ ᠰᠢ ᠶᠢᠨ ᠫᠢᠩ  ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠦᠨᠡᠨᠬᠦ ᠴᠢᠩᠭᠠᠳᠬᠠᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠲᠣᠪᠣᠶᠢᠮ᠎ᠠ ᠪᠠᠶᠢᠷᠢᠨ ᠳᠤ ᠲᠠᠯᠪᠢᠵᠤ᠂ ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ᠰᠡᠷᠭᠡᠶᠢᠯᠡᠬᠦ ᠪᠠ ᠤᠨᠲᠠᠷᠠᠭᠠᠬᠤ ᠶᠢ ᠤᠶᠠᠯᠳᠤᠭᠤᠯᠬᠤ᠂ ᠥᠨᠳᠥᠷ ᠦᠷ᠎ᠡ ᠪᠦᠲᠦᠮᠵᠢᠲᠡᠶ ᠪᠠᠷ ᠭᠠᠯ ᠤᠨᠲᠠᠷᠠᠭᠠᠬᠤ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ︾ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠴᠢᠭᠯᠡᠯᠲᠡ ᠶᠢ ᠪᠠᠷᠢᠮᠲᠠᠯᠠᠵᠤ᠂ ᠭᠠᠯ ᠤᠨ ᠢᠷᠡᠯᠲᠡ ᠶᠢᠨ ᠭᠠᠯ ᠤᠨ ᠠᠶᠤᠯ ᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠠᠳᠬᠤᠵᠤ᠂ ᠠᠶᠤᠯ ᠲᠦᠭᠰᠢᠭᠦᠷᠢ ᠶᠢ ᠠᠷᠢᠯᠭᠠᠵᠤ᠂ ᠳᠠᠯᠳᠠ ᠭᠡᠮ ᠢ ᠠᠷᠢᠯᠭᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠪᠠᠭᠤᠷᠠᠢ ᠲᠠᠯ᠎ᠠ ᠶᠢ ᠰᠢᠢᠳᠪᠦᠷᠢᠯᠡᠨ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠵᠦ᠂ ᠪᠥᠬᠦ ᠬᠤᠰᠢᠭᠤᠨ ᠤ ᠠᠵᠤ ᠠᠬᠤᠢ ᠶᠢᠨ ᠲᠣᠭᠲᠠᠭᠤᠨ ᠠᠵᠢᠯᠯᠠᠭᠠᠨ ᠪᠠ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠢ ᠪᠠᠲᠤᠯᠠᠬᠤ ᠳᠤ ᠰᠠᠶᠢᠨ ᠰᠠᠶᠢᠬᠠᠨ ᠠᠮᠤᠷ ᠲᠦᠪᠰᠢᠨ ᠤ ᠣᠷᠴᠢᠨ ᠲᠣᠭᠤᠷᠢᠨ ᠢ ᠡᠭᠦᠳᠦᠨ ᠥᠭᠴᠦ᠂ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠡᠬᠢ ᠪᠠᠶᠠᠯᠢᠭ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃    ᠬᠤᠶᠠᠷ᠂ ᠠᠵᠢᠯ  ᠤᠨ ᠡᠭᠦᠷᠭᠡ    ︵ᠨᠢᠭᠡ︶ ᠭᠤᠣᠯᠳᠠᠯᠭ᠎ᠠ ᠲᠠᠢ ᠬᠡᠰᠡᠭ ᠤᠨ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠠᠵᠢᠯ ᠢ ᠴᠢᠩᠭᠠᠳᠬᠠᠨ᠎ᠠ᠃ ᠡᠯ᠎ᠡ ᠰᠤᠮᠤ ᠰᠢᠶᠠᠩ ᠪᠠᠯᠭᠠᠰᠤ ︵ᠲᠥᠪ︶᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠡᠯ᠎ᠡ ᠲᠠᠷᠢᠶᠠᠯᠠᠩ ᠮᠠᠯ ᠠᠵᠤ ᠠᠬᠤᠢ ᠣᠶ ᠰᠢᠭᠤᠢ ᠶᠢᠨ ᠲᠠᠯᠠᠪᠠᠶ ᠨᠤᠭᠤᠳ ᠴᠢᠬᠤᠯᠠ ᠵᠠᠮ ᠤᠨ ᠠᠭᠤᠯᠵᠠᠷ᠂ ᠭᠤᠣᠯᠳᠠᠯᠭ᠎ᠠ ᠲᠠᠢ ᠭᠠᠵᠠᠷ ᠲᠤ ᠭᠠᠯ ᠰᠡᠷᠭᠡᠶᠢᠯᠡᠬᠦ ᠲᠣᠭᠤᠷᠢᠨ ᠬᠠᠮᠠᠭᠠᠯᠠᠬᠤ ᠪᠠᠶᠢᠴᠠᠭᠠᠯᠲᠠ ᠶᠢᠨ ᠺᠠᠷᠲ ᠤᠨ ᠥᠷᠲᠡᠭᠡ ᠪᠠᠶᠢᠭᠤᠯᠵᠤ᠂ ᠭᠠᠯ ᠰᠡᠷᠭᠡᠶᠢᠯᠡᠬᠦ ᠶᠢ ᠪᠠᠶᠢᠴᠠᠭᠠᠬᠤ ᠪᠠ ᠺᠣᠳ᠋ ᠰᠢᠷᠪᠢᠬᠦ ᠶᠢ ᠳᠠᠩᠰᠠᠯᠠᠬᠤ ᠠᠵᠢᠯ ᠢ ᠪᠠᠷᠢᠮᠲᠠᠯᠠᠬᠤ ᠶᠢᠨ ᠬᠠᠮᠲᠤ᠂ ᠭᠤᠣᠯᠳᠠᠯᠭ᠎ᠠ ᠲᠠᠢ ᠣᠶᠢᠲᠤ ᠣᠷᠣᠨ᠂ ᠪᠡᠯᠴᠢᠭᠡᠷᠯᠡᠭᠦᠯᠬᠦ ᠣᠷᠣᠨ᠂ ᠣᠶ ᠰᠢᠭᠤᠢ ᠡᠪᠡᠰᠦ ᠪᠡᠯᠴᠢᠭᠡᠷ ᠬᠢᠭᠡᠳ ᠠᠶᠢᠯ ᠲᠣᠰᠬᠤᠨ ᠤ ᠠᠭᠤᠯᠵᠠᠷ ᠬᠡᠰᠡᠭ᠂ ᠴᠢᠬᠤᠯᠠ ᠬᠠᠷᠠᠯᠲᠠᠲᠤ ᠣᠷᠣᠨ ᠪᠦᠰᠡ ᠳᠤ ᠭᠦᠨᠵᠡᠭᠡᠶᠢᠷᠡᠨ ᠪᠥᠬᠦ ᠲᠠᠯ᠎ᠠ ᠪᠠᠷ᠂ ᠲᠣᠣᠷ ᠲᠠᠲᠠᠬᠤ ᠮᠠᠶ᠋ᠢᠭ ᠢᠶᠠᠷ ᠵᠢᠭᠰᠠᠭᠠᠨ ᠪᠠᠶᠢᠴᠠᠭᠠᠬᠤ ᠪᠠ ᠬᠠᠮᠢᠶᠠᠷᠤᠨ ᠡᠵᠡᠮᠳᠡᠵᠦ᠂ ᠬᠥᠨᠳᠡᠯᠡᠨ ᠴᠢᠭᠯᠡᠯ ᠢᠶᠠᠷ ᠬᠥᠪᠡᠭᠡ ᠬᠢᠵᠠᠭᠠᠷ᠂ ᠭᠤᠯᠳᠤ ᠴᠢᠭᠯᠡᠯ ᠢᠶᠠᠷ ᠡᠴᠦᠰ  ᠲᠤᠨᠢ ᠲᠤᠯᠲᠠᠯ᠎ᠠ ᠬᠢᠵᠦ᠂ ᠪᠠᠯᠠᠢ ᠣᠷᠣᠨ ᠦᠯᠡᠳᠡᠭᠡᠬᠦ ᠦᠭᠡᠢ᠂ ᠥᠨᠴᠥᠭ ᠪᠤᠯᠤᠩ ᠦᠯᠡᠳᠡᠭᠡᠬᠦ ᠦᠭᠡᠢ᠂ ᠬᠤᠭᠤᠰᠤᠨ ᠭᠠᠵᠠᠷ ᠦᠯᠡᠳᠡᠭᠡᠬᠦ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠨᠢᠭᠡ ᠳᠤ ᠰᠢᠭᠤᠶᠢᠲᠤ ᠣᠷᠣᠨ᠂ ᠮᠠᠯᠵᠢᠬᠤ ᠣᠷᠣᠨ ᠵᠢᠴᠢ ᠲᠡᠭᠦᠨ ᠤ ᠡᠷᠬᠢᠨ ᠲᠣᠭᠤᠷᠢᠨ ᠤ ᠬᠤᠲᠠ ᠪᠠᠯᠭᠠᠰᠤ᠂ ᠠᠶᠢᠯ ᠲᠣᠰᠬᠤᠨ᠂ ᠰᠠᠭᠤᠭᠠᠯᠢ ᠠᠷᠠᠳ ᠤᠨ ᠴᠡᠭ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠳᠠᠯᠳᠠ ᠬᠡᠮ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ︽ᠭᠡᠷ ᠤᠨ ᠲᠦᠢᠮᠡᠷ ᠢ ᠠᠭᠤᠯᠠᠨ ᠳᠤ ᠭᠠᠷᠭᠠᠵᠤ᠂ ᠠᠭᠤᠯᠠᠨ ᠤ ᠲᠦᠢᠮᠡᠷ ᠢ ᠬᠤᠲᠠ ᠳᠤ ᠣᠷᠣᠭᠤᠯᠬᠤ︾ ᠶᠢ ᠴᠢᠩᠭ᠎ᠠ ᠰᠡᠷᠭᠡᠶᠢᠯᠡᠬᠦ ᠬᠡᠷᠡᠭᠲᠡᠢ︔ ᠬᠤᠶᠠᠷ ᠲᠤ ᠤᠯᠤᠰ ᠤᠨ ᠲᠠᠰ ᠤᠨ ᠣᠶ ᠰᠢᠭᠤᠢ ᠶᠢᠨ ᠴᠡᠴᠡᠷᠯᠢᠭ᠂ ᠴᠡᠷᠢᠭ ᠤᠨ ᠶᠠᠪᠤᠳᠠᠯ ᠤᠨ ᠲᠥᠬᠦᠭᠡᠷᠦᠮᠵᠢ᠂ ᠴᠢᠬᠤᠯᠠ ᠬᠠᠷᠠᠯᠲᠠ ᠶᠢᠨ ᠡᠷᠬᠢᠨ ᠲᠣᠭᠤᠷᠢᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠳᠠᠯᠳᠠ ᠬᠡᠮ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠴᠢᠬᠤᠯᠠ ᠲᠥᠬᠦᠭᠡᠷᠦᠮᠵᠢ ᠭᠠᠯ ᠤᠨ ᠭᠠᠮᠰᠢᠭ ᠤᠨ ᠰᠦᠷᠳᠡᠭᠦᠯᠦᠯ ᠳᠤ ᠤᠴᠠᠷᠠᠬᠤ ᠶᠢ ᠴᠢᠩᠭ᠎ᠠ ᠰᠡᠷᠭᠡᠶᠢᠯᠡᠨ᠎ᠡ︔ ᠭᠤᠷᠪᠠ ᠳᠤ ᠰᠢᠭᠤᠶᠢᠲᠤ ᠣᠷᠣᠨ᠂ ᠮᠠᠯᠵᠢᠬᠤ ᠣᠷᠣᠨ ᠤ ᠴᠠᠬᠢᠯᠭᠠᠨ ᠳᠠᠮᠵᠢᠭᠤᠯᠵᠤ ᠲᠦᠭᠡᠭᠡᠬᠦ᠂ ᠴᠢᠮᠡᠭᠡ ᠬᠤᠯᠪᠣᠭ᠎ᠠ ᠵᠡᠷᠭᠡ ᠲᠥᠬᠦᠭᠡᠷᠦᠮᠵᠢ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠳᠠᠯᠳᠠ ᠬᠡᠮ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠵᠠᠮ ᠱᠤᠭᠤᠮ ᠬᠠᠭᠤᠴᠢᠷᠠᠬᠤ᠂ ᠬᠤᠭᠵᠢᠷᠠᠬᠤ ᠵᠡᠷᠭᠡ ᠰᠢᠯᠲᠠᠭᠠᠨ  ᠠᠴᠠ ᠪᠣᠯᠵᠤ ᠭᠠᠯ ᠤᠨ ᠭᠠᠮᠰᠢᠭ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ︔ ᠳᠥᠷᠪᠡ ᠳᠤ᠂ ᠨᠡᠶᠢᠲᠡ ᠶᠢᠨ ᠪᠤᠩᠬᠤᠨ᠂ ᠪᠤᠯᠠᠰᠢᠨ ᠭᠠᠵᠠᠷ ᠵᠢᠴᠢ ᠤᠢ ᠰᠢᠭᠤᠢ ᠶᠢᠨ ᠲᠠᠷᠢᠶᠠᠴᠢᠨ ᠂ ᠤᠢ ᠰᠢᠭᠤᠢ ᠡᠪᠡᠰᠦ ᠪᠡᠯᠴᠢᠭᠡᠷ ᠤᠨ ᠠᠭᠤᠯᠵᠠᠷ ᠬᠡᠰᠡᠭ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠭᠡᠮ ᠰᠣᠭᠤᠭ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠲᠠᠬᠢᠯᠭ᠎ᠠ ᠳᠤ ᠭᠠᠯ ᠬᠡᠷᠡᠭᠯᠡᠬᠦ᠂ ᠲᠠᠷᠢᠶᠠᠯᠠᠩ ᠤᠨ ᠶᠠᠪᠤᠳᠠᠯ ᠳᠤ ᠭᠠᠯ ᠬᠡᠷᠡᠭᠯᠡᠬᠦ᠂ ᠡᠰᠢ ᠰᠦᠷᠡᠯ ᠢ ᠰᠢᠲᠠᠭᠠᠬᠤ ᠵᠡᠷᠭᠡ ᠠᠴᠠ ᠡᠭᠦᠰᠦᠭᠰᠡᠨ ᠭᠠᠯ ᠤᠨ ᠭᠠᠮᠰᠢᠭ ᠤᠨ ᠭᠡᠮ ᠰᠣᠭᠤᠭ ᠢ ᠴᠢᠩᠭ᠎ᠠ ᠰᠡᠷᠭᠡᠶᠢᠯᠡᠬᠦ ᠬᠡᠷᠡᠭᠲᠡᠢ︔ ᠲᠠᠪᠤ ᠳᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠭᠤᠣᠯᠳᠠᠯᠭ᠎ᠠ ᠲᠠᠢ ᠤᠯᠤᠰ ᠤᠨ ᠥᠮᠴᠢᠯᠡᠯ ᠤᠨ ᠰᠢᠭᠤᠶᠢᠲᠤ ᠣᠷᠣᠨ ᠤ ᠭᠠᠯ ᠤᠨ ᠭᠠᠮᠰᠢᠭ ᠤᠨ ᠳᠠᠯᠳᠠ ᠬᠡᠮ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠵᠢᠷᠭᠤᠭ᠎ᠠ ᠳᠤ ᠬᠢᠯᠢ ᠬᠢᠵᠠᠭᠠᠷ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠳᠠᠯᠳᠠ ᠬᠡᠮ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠬᠢᠯᠢ ᠶᠢᠨ ᠭᠠᠳᠠᠨᠠᠬᠢ ᠲᠦᠢᠮᠡᠷ ᠮᠠᠨ ᠤ ᠤᠯᠤᠰ ᠤᠨ ᠬᠢᠯᠢ ᠳᠤ ᠰᠢᠲᠠᠵᠤ ᠣᠷᠣᠬᠤ ᠶᠢ ᠴᠢᠩᠭ᠎ᠠ ᠰᠡᠷᠭᠡᠶᠢᠯᠡᠨ᠎ᠡ᠃ ︵ᠬᠤᠶᠠᠷ︶ ᠭᠤᠣᠯᠳᠠᠯᠭ᠎ᠠ ᠲᠠᠢ ᠴᠠᠭ ᠬᠤᠭᠤᠴᠠᠭ᠎ᠠ᠂ ᠴᠢᠬᠤᠯᠠ ᠵᠠᠩᠭᠢᠯᠠᠭ᠎ᠠ ᠶᠢᠨ ᠴᠢᠭ ᠤᠨ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠠᠵᠢᠯ ᠢ ᠴᠢᠩᠭᠠᠷᠠᠭᠤᠯᠤᠨ᠎ᠠ᠃ ᠢᠯᠠᠩᠭᠤᠶ᠎ᠠ ︽ᠬᠤᠶᠠᠷ ᠬᠤᠷᠠᠯ︾ ᠤᠨ ᠭᠤᠣᠯᠳᠠᠯᠭ᠎ᠠ ᠲᠠᠢ ᠴᠠᠭ ᠬᠤᠭᠤᠴᠠᠭ᠎ᠠ ᠵᠢᠴᠢ ︽ᠬᠠᠩᠰᠢ᠂ ᠲᠠᠪᠤᠨ ᠰᠠᠷ᠎ᠠ ᠶᠢᠨ ᠨᠢᠭᠡᠨ᠂  ᠤᠯᠤᠰ ᠪᠠᠶᠢᠭᠤᠯᠤᠭᠳᠠᠭᠰᠠᠨ ᠪᠠᠶᠠᠷ ᠤᠨ ᠡᠳᠦᠷ᠂ ᠰᠢᠨ᠎ᠡ ᠵᠢᠯ᠂ ᠴᠠᠭᠠᠨ ᠰᠠᠷ᠎ᠠ︾ ᠵᠡᠷᠭᠡ ᠵᠠᠩᠭᠢᠯᠠᠭ᠎ᠠ ᠶᠢᠨ ᠴᠡᠭ ᠤᠨ ᠰᠡᠷᠭᠡᠶᠢᠯᠡᠨ ᠬᠠᠮᠢᠶᠠᠷᠴᠤ ᠡᠵᠡᠮᠳᠡᠬᠦ ᠠᠵᠢᠯ ᠢ ᠴᠢᠩᠭᠠᠳᠬᠠᠵᠤ᠂ ᠡᠯ᠎ᠡ ᠰᠤᠮᠤ ᠰᠢᠶᠠᠩ ᠪᠠᠯᠭᠠᠰᠤ ︵ᠲᠥᠪ︶᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠲᠠᠷᠢᠶᠠᠯᠠᠩ ᠮᠠᠯ ᠠᠵᠤ ᠠᠬᠤᠢ ᠣᠶ ᠰᠢᠭᠤᠢ ᠶᠢᠨ ᠲᠠᠯᠠᠪᠠᠶ ᠨᠤᠭᠤᠳ ᠲᠤᠰᠬᠠᠢ ᠠᠵᠢᠯ ᠤᠨ ᠲᠥᠰᠥᠯ ᠲᠣᠭᠲᠠᠭᠠᠵᠤ᠂ ᠵᠠᠳᠠᠯᠤᠨ ᠰᠤᠳᠤᠯᠵᠤ ᠮᠠᠭᠠᠳᠯᠠᠬᠤ ᠪᠠᠨ ᠴᠢᠩᠭᠠᠳᠬᠠᠨ᠂ ᠰᠢᠮᠳᠠᠭᠤᠯᠤᠨ ᠪᠠᠶᠢᠴᠠᠭᠠᠵᠤ ᠪᠠᠶᠢᠴᠠᠭᠠᠬᠤ ᠪᠠᠨ ᠴᠢᠩᠭᠠᠳᠬᠠᠵᠤ᠂ ᠡᠯ᠎ᠡ ᠲᠥᠷᠥᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠲᠦᠭᠰᠢᠭᠦᠷᠢ ᠶᠢᠨ ᠳᠠᠯᠳᠠ ᠬᠡᠮ ᠢ ᠴᠢᠩᠭ᠎ᠠ ᠰᠡᠷᠭᠡᠶᠢᠯᠡᠨ ᠡᠵᠡᠮᠳᠡᠬᠦ ᠬᠡᠷᠡᠭᠲᠡᠢ︔ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠬᠤ ᠤᠷᠢᠳᠠᠴᠢ ᠬᠦᠴᠦᠨ  ᠢ ᠨᠡᠮᠡᠭᠳᠡᠭᠦᠯᠦᠨ᠂ ᠭᠤᠣᠯᠳᠠᠯᠭ᠎ᠠ ᠲᠠᠢ ᠰᠢᠭᠤᠶᠢᠲᠤ ᠣᠷᠣᠨ᠂ ᠦᠵᠡᠮᠵᠢ ᠶᠢᠨ ᠣᠷᠣᠨ᠂ ᠴᠢᠬᠤᠯᠠ ᠪᠡᠯᠡᠳᠬᠡᠮᠵᠢ ᠶᠢᠨ ᠡᠷᠬᠢᠨ ᠲᠣᠭᠤᠷᠢᠨ ᠤ ᠲᠣᠭᠤᠷᠢᠨ ᠪᠠᠶᠢᠴᠠᠭᠠᠬᠤ ᠡᠷᠴᠢᠮ ᠢᠶᠠᠨ ᠨᠡᠮᠡᠭᠳᠡᠭᠦᠯᠦᠨ᠂ ᠭᠤᠣᠯᠳᠠᠯᠭ᠎ᠠ ᠲᠠᠢ ᠬᠥᠮᠥᠰ  ᠢ  ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠭᠠᠯ ᠰᠡᠷᠭᠡᠶᠢᠯᠡᠬᠦ ᠶᠢᠨ ᠠᠮᠤᠷ ᠲᠦᠪᠰᠢᠨ  ᠢ ᠦᠨᠡᠨᠬᠦ ᠪᠠᠲᠤᠯᠠᠬᠤ ᠬᠡᠷᠡᠭᠲᠡᠢ᠃    ︵ᠭᠤᠷᠪᠠ︶ ᠳᠠᠯᠳᠠ ᠬᠡᠮ ᠢ ᠢᠯᠭᠠᠷᠠᠭᠤᠯᠬᠤ ᠠᠵᠢᠯ ᠢ ᠥᠷᠨᠢᠭᠦᠯᠬᠦ ᠶᠢ ᠴᠢᠩᠭᠠᠳᠬᠠᠵᠤ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠤᠨ᠎ᠠ᠃ ᠡᠯ᠎ᠡ ᠭᠠᠵᠠᠷ ᠤᠨ ᠬᠢᠨ ︽ᠠᠭᠤᠯᠠ ᠶᠢᠨ ᠬᠦᠪᠡᠭᠡ ᠶᠢ ᠴᠡᠪᠡᠷᠯᠡᠬᠦ︾᠂ ︽ᠵᠠᠮ ᠤᠨ ᠬᠦᠪᠡᠭᠡ ᠶᠢ ᠴᠡᠪᠡᠷᠯᠡᠬᠦ︾᠂ ︽ᠪᠤᠯᠠᠰᠢ ᠶᠢᠨ ᠬᠦᠪᠡᠭᠡ ᠶᠢ ᠴᠡᠪᠡᠷᠯᠡᠬᠦ︾᠂︽ᠤᠢ ᠶᠢᠨ ᠬᠦᠪᠡᠭᠡ ᠶᠢ ᠴᠡᠪᠡᠷᠯᠡᠬᠦ︾᠂ ︽ᠭᠤᠤ ᠶᠢᠨ ᠬᠦᠪᠡᠭᠡ ᠶᠢ ᠴᠡᠪᠡᠷᠯᠡᠬᠦ︾ ᠵᠡᠷᠭᠡ ᠠᠵᠢᠯ ᠢ ᠦᠷᠭᠦᠯᠵᠢᠯᠡᠨ ᠥᠷᠨᠢᠭᠦᠯᠵᠦ᠂ ᠭᠠᠯ ᠤᠨ ᠠᠶᠤᠯ ᠤᠨ ᠭᠡᠮ ᠰᠣᠭᠤᠭ ᠢ ᠴᠢᠩᠭ᠎ᠠ ᠰᠡᠷᠭᠡᠶᠢᠯᠡᠨ ᠡᠵᠡᠮᠳᠡᠵᠦ᠂ ᠭᠠᠯ ᠤᠨ ᠠᠶᠤᠯ ᠤᠨ ᠭᠡᠮ ᠰᠣᠭᠤᠭ ᠢ ᠵᠠᠰᠠᠬᠤ ᠠᠵᠢᠯ ᠢ ᠦᠨᠡᠨᠬᠦ ᠲᠣᠪᠣᠶᠢᠮ᠎ᠠ ᠪᠠᠶᠢᠷᠢᠨ ᠳᠤ ᠲᠠᠯᠪᠢᠵᠤ᠂ ᠨᠠᠷᠢᠨ ᠨᠢᠭᠲᠠ ᠪᠠᠶᠢᠷᠢᠯᠠᠭᠤᠯᠵᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃    ︵ᠳᠥᠷᠪᠡ︶ ᠦᠢᠯᠡᠳᠪᠦᠷᠢᠯᠡᠯ ᠤᠨ ᠠᠵᠢᠯᠯᠠᠭᠠᠨ ᠤ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠠᠵᠢᠯ ᠢ ᠴᠢᠩᠭᠠᠷᠠᠭᠤᠯᠤᠨ᠎ᠠ᠃ ᠬᠡᠭᠡᠷ᠎ᠡ ᠭᠠᠳᠠᠨ᠎ᠠ ᠦᠢᠯᠡᠳᠪᠦᠷᠢᠯᠡᠬᠦ ᠳᠤ ᠭᠠᠯ ᠬᠡᠷᠡᠭᠯᠡᠬᠦ ᠶᠢ ᠭᠤᠶᠤᠴᠢᠯᠠᠬᠤ ᠶᠢ ᠴᠣᠬᠤᠯᠠᠪᠤᠷᠢᠯᠠᠨ ᠬᠠᠷᠢᠭᠤᠯᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠲᠣᠭᠲᠠᠭᠠᠯ  ᠠᠴᠠ ᠵᠥᠷᠢᠴᠡᠨ ᠭᠠᠯ ᠬᠡᠷᠡᠭᠯᠡᠬᠦ ᠶᠢ ᠲᠠᠰᠤ ᠵᠣᠭᠰᠤᠭᠠᠬᠤ ᠬᠡᠷᠡᠭᠲᠡᠢ᠃ ᠡᠯ᠎ᠡ ᠰᠤᠮᠤ ᠰᠢᠶᠠᠩ ᠪᠠᠯᠭᠠᠰᠤ ︵ᠲᠥᠪ︶᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠲᠠᠷᠢᠶᠠᠯᠠᠩ ᠮᠠᠯ ᠠᠵᠤ ᠠᠬᠤᠢ ᠣᠶ ᠰᠢᠭᠤᠢ ᠶᠢᠨ ᠲᠠᠯᠠᠪᠠᠶ ᠨᠤᠭᠤᠳ ᠬᠡᠭᠡᠷ᠎ᠡ ᠭᠠᠳᠠᠨ᠎ᠠ ᠪᠠᠷᠢᠯᠭ᠎ᠠ ᠪᠠᠷᠢᠬᠤ ᠲᠤᠬᠠᠢ ᠶᠢᠨ ᠭᠠᠵᠠᠷ ᠲᠤ ᠭᠠᠯ ᠬᠡᠷᠡᠭᠯᠡᠬᠦ ᠳᠠᠯᠳᠠ ᠬᠡᠮ ᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠠᠮᠤᠷ ᠲᠦᠪᠰᠢᠨ ᠤ ᠤᠯᠠᠭᠠᠨ ᠱᠤᠭᠤᠮ ᠢ ᠴᠢᠩᠭ᠎ᠠ ᠰᠠᠬᠢᠵᠤ᠂ ᠦᠢᠯᠡᠳᠪᠦᠷᠢᠯᠡᠯ ᠳᠤ ᠭᠠᠯ ᠬᠡᠷᠡᠭᠯᠡᠭᠰᠡᠨ ᠠᠴᠠ ᠪᠣᠯᠵᠤ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠪᠠᠷᠢᠯᠭ᠎ᠠ ᠶᠢᠨ ᠲᠤᠬᠠᠢ ᠶᠢᠨ ᠲᠠᠯᠠᠪᠠᠶ ᠶᠢᠨ ᠨᠣᠴᠣᠮᠠᠲᠠᠭᠠᠢ ᠰᠢᠲᠠᠮᠠᠬᠠᠢ ᠪᠣᠳᠠᠰ ᠤᠨ ᠬᠠᠳᠠᠭᠠᠯᠠᠯᠲᠠ ᠠᠷᠪᠢᠨ᠂ ᠠᠵᠢᠯᠲᠠᠨ ᠤ ᠠᠮᠢᠳᠤᠷᠠᠯ ᠤᠨ ᠲᠣᠭᠤᠷᠢᠭ ᠲᠤ ᠬᠥᠮᠥᠨ ᠣᠯᠠᠨ᠂ ᠭᠠᠮᠰᠢᠭ ᠡᠭᠦᠰᠬᠡᠬᠦ ᠬᠦᠴᠦᠨ ᠵᠦᠢᠯ ᠣᠯᠠᠨ᠂ ᠭᠠᠯ ᠤᠨ ᠭᠠᠮᠰᠢᠭ ᠤᠨ ᠳᠠᠭᠠᠭᠠᠴᠠ ᠶᠡᠭᠡ ᠪᠠᠶᠢᠬᠤ ᠪᠠᠶᠢᠳᠠᠯ ᠳᠤ ᠴᠢᠭᠯᠡᠭᠦᠯᠦᠨ᠂ ᠳᠡᠭᠡᠳᠦ ᠬᠡᠮᠵᠢᠶ᠎ᠡ ᠪᠠᠷ ᠠᠩᠬᠠᠷᠬᠤ ᠬᠡᠷᠡᠭᠲᠡᠢ᠃ ᠪᠠᠷᠢᠯᠭ᠎ᠠ᠂ ᠲᠥᠷᠥᠯ ᠵᠦᠢᠯ ᠤᠨ ᠪᠠᠷᠢᠯᠭ᠎ᠠ ᠪᠠᠷᠢᠬᠤ ᠨᠢᠭᠡᠴᠡ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠢ ᠢᠮᠠᠭᠲᠠ ᠲᠣᠪᠣᠶᠢᠮ᠎ᠠ ᠪᠠᠶᠢᠷᠢᠨ ᠳᠤ ᠲᠠᠯᠪᠢᠵᠤ᠂ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠨᠠᠷᠢᠨ ᠵᠦᠢᠯᠡᠰ ᠢ ᠴᠢᠩᠭ᠎ᠠ ᠠᠳᠬᠤᠨ᠂ ᠭᠠᠯ ᠤᠨ ᠭᠠᠮᠰᠢᠭ ᠤᠨ ᠲᠦᠭᠰᠢᠭᠦᠷᠢ ᠶᠢᠨ ᠳᠠᠯᠳᠠ ᠬᠡᠮ ᠢ ᠠᠷᠢᠯᠭᠠᠵᠤ᠂ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠬᠦ ᠬᠡᠷᠡᠭᠲᠡᠢ᠃    ᠭᠤᠷᠪᠠ᠂ ᠠᠵᠢᠯ ᠤᠨ ᠵᠠᠷᠴᠢᠮ    ︵ᠨᠢᠭᠡ︶ ᠳᠡᠭᠡᠳᠦ ᠪᠠᠶᠢᠷᠢᠨ ᠳᠤ ᠲᠦᠯᠬᠢᠨ ᠠᠬᠢᠭᠤᠯᠬᠤ ᠶᠢ ᠪᠠᠷᠢᠮᠲᠠᠯᠠᠨ᠎ᠠ᠃ ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠪᠠᠶᠢᠬᠤ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠲᠠᠢ ᠪᠠᠶᠢᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠲᠦᠷᠦᠭᠦᠯᠡᠨ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠠᠬᠢᠭᠤᠯᠵᠤ᠂ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠠᠶᠤᠯ ᠢ ᠬᠠᠮᠢᠶᠠᠷᠤᠨ ᠡᠵᠡᠮᠳᠡᠬᠦ ᠠᠵᠢᠯ ᠢ ᠦᠨᠡᠨᠬᠦ ᠲᠣᠪᠣᠶᠢᠮ᠎ᠠ ᠪᠠᠶᠢᠷᠢᠨ ᠳᠤ ᠲᠠᠯᠪᠢᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃    ︵ᠬᠤᠶᠠᠷ︶ ᠰᠠᠯᠠᠭ᠎ᠠ ᠮᠥᠴᠢᠷ ᠤᠳ ᠬᠠᠮᠵᠢᠯᠴᠠᠬᠤ ᠶᠢ ᠪᠠᠷᠢᠮᠲᠠᠯᠠᠨ᠎ᠠ᠃ ᠡᠯ᠎ᠡ ᠰᠡᠷᠭᠡᠶᠢᠯᠡᠨ ᠭᠠᠯ ᠤᠨᠲᠠᠷᠠᠭᠠᠬᠤ ᠬᠠᠷᠢᠭᠤᠴᠠᠯᠭᠠᠲᠤ ᠨᠢᠭᠡᠴᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠮᠵᠢᠯᠴᠠᠨ ᠬᠠᠮᠵᠢᠯᠴᠠᠬᠤ ᠶᠢ ᠴᠢᠩᠭᠠᠷᠠᠭᠤᠯᠤᠨ ᠂ ᠭᠠᠯ ᠤᠨ ᠢᠷᠡᠯᠲᠡ ᠶᠢᠨ ᠭᠠᠯ ᠤᠨ ᠠᠶᠤᠯ ᠢ ᠬᠠᠮᠢᠶᠠᠷᠤᠨ ᠡᠵᠡᠮᠳᠡᠬᠦ ᠠᠵᠢᠯ ᠢ ᠬᠠᠮᠲᠤᠷᠠᠨ ᠥᠷᠨᠢᠭᠦᠯᠵᠦ᠂ ᠮᠡᠳᠡᠭᠡ ᠵᠠᠩᠭᠢ ᠶᠢ ᠬᠠᠮᠲᠤᠪᠠᠷ ᠭᠥᠷᠳᠡᠬᠦ᠂ ᠪᠠᠶᠢᠳᠠᠯ ᠢ ᠮᠡᠳᠡᠭᠡᠯᠡᠬᠦ᠂ ᠪᠣᠯᠵᠣᠨ ᠶᠠᠷᠢᠯᠴᠠᠵᠤ ᠰᠢᠮᠳᠠᠭᠤᠯᠤᠨ ᠭᠦᠢᠴᠡᠳᠬᠡᠬᠦ ᠵᠡᠷᠭᠡ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠢ᠃    ︵ᠭᠤᠷᠪᠠ︶ ᠰᠢᠮᠳᠠᠭᠤᠯᠤᠨ ᠪᠠᠶᠢᠴᠠᠭᠠᠵᠤ ᠪᠠᠶᠢᠴᠠᠭᠠᠬᠤ ᠶᠢ ᠪᠠᠷᠢᠮᠲᠠᠯᠠᠨ᠎ᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ ᠬᠠᠷᠢᠶ᠎ᠠ ᠭᠠᠵᠠᠷ ᠤᠨ ᠢᠶᠠᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠡᠭᠦᠷᠭᠡ ᠪᠠᠨ ᠲᠣᠳᠣᠷᠬᠠᠶᠢᠯᠠᠵᠤ᠂ ᠠᠵᠢᠯ ᠬᠤᠪᠢᠶᠠᠷᠢᠯᠠᠨ ᠬᠠᠷᠢᠭᠤᠴᠠᠵᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠠᠭᠤᠯᠠ ᠶᠢ ᠦᠨᠡᠨᠬᠦ ᠪᠢᠲᠡᠭᠦᠮᠵᠢᠯᠡᠵᠦ᠂ ᠭᠠᠯ ᠢ ᠰᠠᠶᠢᠲᠤᠷ ᠬᠠᠮᠢᠶᠠᠷᠴᠤ᠂ ᠬᠥᠮᠥᠨ ᠢ ᠰᠠᠶᠢᠲᠤᠷ ᠬᠠᠷᠠᠵᠤ᠂ ᠭᠠᠯ ᠤᠨ ᠢᠷᠡᠯᠲᠡ ᠶᠢᠨ ᠭᠠᠯ ᠤᠨ ᠠᠶᠤᠯ ᠢ ᠬᠠᠮᠢᠶᠠᠷᠤᠨ ᠡᠵᠡᠮᠳᠡᠬᠦ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃    ︵ᠳᠥᠷᠪᠡ︶ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠎ᠠ᠃ ᠡᠯ᠎ᠡ ᠰᠤᠮᠤ ᠰᠢᠶᠠᠩ ᠪᠠᠯᠭᠠᠰᠤ ︵ᠲᠥᠪ ︶᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠲᠠᠷᠢᠶᠠᠯᠠᠩ ᠮᠠᠯ ᠠᠵᠤ ᠠᠬᠤᠢ ᠣᠶ ᠰᠢᠭᠤᠢ ᠶᠢᠨ ᠲᠠᠯᠠᠪᠠᠶ ᠨᠤᠭᠤᠳ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠨᠢᠭᠲᠠ ᠠᠩᠬᠠᠷᠴᠤ᠂ ᠵᠠᠳᠠᠯᠤᠨ ᠰᠤᠳᠤᠯᠵᠤ ᠮᠠᠭᠠᠳᠯᠠᠬᠤ ᠪᠠᠨ ᠴᠢᠩᠭᠠᠳᠬᠠᠨ᠂ ᠭᠤᠣᠯᠳᠠᠯᠭ᠎ᠠ ᠲᠠᠢ ᠣᠷᠣᠨ ᠪᠠᠶᠢᠷᠢ ᠶᠢ ᠳᠣᠪᠤᠶᠢᠯᠭᠠᠵᠤ᠂ ᠠᠰᠠᠭᠤᠳᠠᠯ ᠤᠨ ᠳᠤᠲᠠᠭᠤᠳᠠᠯ ᠢ ᠰᠢᠢᠳᠪᠦᠷᠢᠯᠡᠨ᠂ ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠭᠠᠯ ᠤᠨ ᠠᠶᠤᠯ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠤᠨ ᠰᠢᠯᠢᠳᠡᠭᠴᠢᠯᠡᠭᠰᠡᠨ᠂ ᠬᠠᠮᠵᠢᠯᠴᠠᠭᠰᠠᠨ᠂ ᠥᠨᠳᠥᠷ ᠦᠷ᠎ᠡ ᠪᠦᠲᠦᠮᠵᠢᠲᠡᠶ ᠪᠠᠶᠢᠷᠢᠰᠢᠯ ᠢ ᠪᠠᠶᠢᠭᠤᠯᠬᠤ ᠬᠡᠷᠡᠭᠲᠡᠢ᠃    ᠳᠥᠷᠪᠡ᠂ ᠬᠡᠷᠡᠭᠵᠢᠭᠦᠯᠬᠦ ᠴᠠᠭ ᠬᠤᠭᠤᠴᠠᠭ᠎ᠠ    ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠢᠷᠡᠯᠲᠡ ᠶᠢᠨ ᠭᠠᠯ ᠤᠨ ᠠᠶᠤᠯ ᠢ ᠬᠠᠮᠢᠶᠠᠷᠤᠨ ᠡᠵᠡᠮᠳᠡᠬᠦ ᠠᠵᠢᠯ ᠢ ᠥᠷᠨᠢᠭᠦᠯᠬᠦ ᠴᠠᠭ᠄ 3 ᠰᠠᠷ᠎ᠠ ᠶᠢᠨ 15 ᠤ ᠡᠳᠦᠷ ᠠᠴᠠ 6  ᠰᠠᠷ᠎ᠠ ᠶᠢᠨ 15 ᠤ ᠡᠳᠦᠷ︔ 9 ᠰᠠᠷ᠎ᠠ ᠶᠢᠨ 15 ︱ 11 ᠰᠠᠷ᠎ᠠ ᠶᠢᠨ 15 ᠤ ᠡᠳᠦᠷ᠃    ᠲᠠᠪᠤ᠂ ᠠᠵᠢᠯ  ᠤᠨ ᠱᠠᠭᠠᠷᠳᠠᠯᠭ᠎ᠠ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ︽ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ᠂ ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾ ᠠᠵᠢᠯ ᠤᠨ ᠵᠠᠷᠴᠢᠮ ᠢ ᠴᠢᠩᠭ᠎ᠠ ᠬᠡᠷᠡᠭᠵᠢᠭᠦᠯᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠵᠢᠴᠢ ᠡᠵᠡᠩᠨᠡᠯᠲᠡ ᠶᠢᠨ ᠨᠢᠭᠡᠴᠡ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠭᠠᠯ ᠤᠨ ᠢᠷᠡᠯᠲᠡ ᠶᠢᠨ ᠭᠠᠯ ᠤᠨ ᠠᠶᠤᠯ ᠢ ᠬᠠᠮᠢᠶᠠᠷᠤᠨ ᠡᠵᠡᠮᠳᠡᠬᠦ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠤᠰᠬᠠᠢ ᠰᠡᠳᠦᠪ ᠢᠶᠠᠷ ᠰᠤᠳᠤᠯᠵᠤ᠂ ᠨᠠᠷᠢᠨ ᠨᠢᠭᠲᠠ ᠪᠠᠶᠢᠷᠢᠯᠠᠭᠤᠯᠵᠤ᠂ ᠬᠠᠮᠢᠶᠠᠷᠤᠨ ᠡᠵᠡᠮᠳᠡᠵᠦ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠶᠢ ᠪᠦᠷᠢᠯᠳᠦᠭᠦᠯᠵᠦ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭᠠᠲᠠᠨ ᠢ ᠨᠠᠶᠢᠳᠠᠪᠤᠷᠢᠵᠢᠭᠤᠯᠵᠤ᠂ ᠠᠵᠢᠯ ᠤᠨ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃    ︵ᠬᠤᠶᠠᠷ︶ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠬᠦ ᠬᠡᠷᠡᠭᠲᠡᠢ᠃ ᠭᠤᠣᠯᠳᠠᠯᠭ᠎ᠠ ᠲᠠᠢ ᠪᠣᠭᠤᠮᠲᠠ ᠶᠢ ᠪᠦᠬᠦ ᠲᠠᠯ᠎ᠠ ᠪᠠᠷ ᠡᠵᠡᠮᠳᠡᠵᠦ᠂ ᠠᠮᠠᠷᠬᠠᠨ ᠠᠶᠤᠯ ᠲᠦᠭᠰᠢᠭᠦᠷᠢ ᠡᠭᠦᠰᠬᠦ ᠬᠡᠰᠡᠭ ᠢ ᠴᠢᠩᠭ᠎ᠠ ᠠᠩᠬᠠᠷᠴᠤ᠂ ᠬᠥᠨᠳᠡᠯᠡᠨ ᠢᠶᠠᠷ ᠵᠠᠬ᠎ᠠ ᠬᠢᠵᠠᠭᠠᠷ ᠬᠦᠷᠲᠡᠯ᠎ᠡ᠂ ᠭᠤᠯᠳᠤ ᠴᠢᠭᠯᠡᠯ ᠢᠶᠠᠷ ᠡᠴᠦᠰ ᠲᠤᠨᠢ ᠲᠤᠯᠲᠠᠯ᠎ᠠ ᠦᠷᠭᠦᠯᠵᠢᠯᠡᠬᠦ ᠶᠢ ᠪᠠᠲᠤᠯᠠᠵᠤ᠂ ᠥᠨᠴᠥᠭ ᠪᠤᠯᠤᠩ ᠦᠯᠡᠳᠡᠭᠡᠬᠦ ᠦᠭᠡᠢ᠂ ᠰᠣᠬᠤᠷ ᠪᠠᠯᠠᠢ ᠣᠷᠣᠨ ᠦᠯᠡᠳᠡᠭᠡᠬᠦ ᠦᠭᠡᠢ ᠪᠠᠶᠢᠬᠤ ᠶᠢ ᠪᠠᠲᠤᠯᠠᠵᠤ᠂ ᠬᠠᠮᠢᠶᠠᠷᠤᠨ ᠡᠵᠡᠮᠳᠡᠬᠦ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ︽ᠬᠠᠭᠤᠴᠢᠨ ᠬᠡᠪ ᠤᠨ ᠪᠠᠶᠢᠳᠠᠯ︾ ᠤᠨ ᠢᠨᠧᠷᠼᠢ ᠶᠢᠨ ᠰᠡᠳᠬᠢᠬᠦᠢ ᠶᠢ ᠪᠥᠬᠦ ᠬᠦᠴᠦᠨ ᠢᠶᠠᠷ ᠢᠶᠠᠨ ᠬᠤᠪᠢᠷᠠᠭᠤᠯᠵᠤ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠶᠢ ᠲᠠᠰᠤ ᠬᠤᠷᠢᠭᠯᠠᠵᠤ᠂ ᠦᠷ᠎ᠡ ᠪᠦᠲᠦᠮᠵᠢ ᠣᠯᠬᠤ ᠦᠭᠡᠢ ᠪᠠᠶᠢᠬᠤ ᠬᠡᠷᠡᠭᠲᠡᠢ᠃ ᠴᠡᠭ ᠪᠠ ᠨᠡᠶᠢᠳᠡᠮ ᠢ ᠨᠢᠭᠡᠳᠦᠯᠲᠡᠢ ᠲᠥᠯᠥᠪᠯᠡᠬᠦ ᠶᠢ ᠴᠢᠬᠤᠯᠠᠴᠢᠯᠠᠵᠤ᠂ ᠭᠤᠣᠯᠳᠠᠯᠭ᠎ᠠ ᠲᠠᠢ ᠭᠠᠵᠠᠷ ᠣᠷᠣᠨ᠂ ᠭᠤᠣᠯᠳᠠᠯᠭ᠎ᠠ ᠲᠠᠢ ᠣᠷᠣᠨ ᠪᠠᠶᠢᠷᠢ᠂ ᠭᠤᠣᠯᠳᠠᠯᠭ᠎ᠠ ᠲᠠᠢ ᠴᠢᠭᠯᠡᠯ ᠢ ᠲᠤᠪᠤᠶᠢᠯᠭᠠᠬᠤ ᠬᠡᠷᠡᠭᠲᠡᠢ᠃ ᠭᠤᠣᠯᠳᠠᠯᠭ᠎ᠠ ᠲᠠᠢ ᠬᠥᠮᠥᠰ ᠢ ᠰᠠᠶᠢᠲᠤᠷ ᠠᠩᠬᠠᠷᠴᠤ᠂ ᠬᠢᠨᠠᠨ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠢ ᠪᠠᠲᠤᠯᠠᠬᠤ ᠬᠡᠷᠡᠭᠲᠡᠢ᠃    ︵ᠭᠤᠷᠪᠠ︶ ᠣᠨᠴᠠᠯᠢᠭ ᠵᠢᠮ᠎ᠡ ᠶᠣᠰᠣ ᠶᠢ ᠡᠵᠡᠮᠳᠡᠨ᠎ᠡ᠃ ᠭᠠᠯ ᠤᠨ ᠭᠠᠮᠰᠢᠭ ᠤᠨ ᠡᠭᠦᠰᠦᠭᠰᠡᠨ ᠰᠢᠯᠲᠠᠭᠠᠨ ᠢ ᠬᠢᠨᠠᠮᠠᠭᠠᠢ ᠰᠤᠳᠤᠯᠵᠤ᠂ ᠭᠠᠯ ᠤᠨ ᠪᠠᠶᠢᠳᠠᠯ ᠤᠨ ᠵᠢᠮ᠎ᠡ ᠶᠣᠰᠣ ᠶᠢ ᠲᠣᠳᠣᠷᠬᠠᠢ ᠣᠶᠢᠯᠠᠭᠠᠨ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠣᠨᠣᠪᠴᠢᠲᠠᠶ ᠡᠷᠢᠵᠦ᠂ ︽ᠬᠠᠮᠢᠶᠠᠷᠴᠤ ᠳᠡᠶᠢᠯᠬᠦ ᠦᠭᠡᠢ︾ ᠪᠠᠶᠢᠬᠤ ᠬᠡᠮ ᠰᠣᠭᠤᠭ ᠢ ᠡᠷᠡᠰ ᠠᠷᠢᠯᠭᠠᠬᠤ ᠬᠡᠷᠡᠭᠲᠡᠢ᠃ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠴᠢᠬᠤᠯᠠᠴᠢᠯᠠᠵᠤ᠂ ᠬᠠᠤᠯᠢ ᠲᠣᠭᠲᠠᠭᠠᠯ ᠤᠨ ᠳᠦᠷᠢᠮ ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠬᠠᠤᠯᠢ ᠶᠣᠰᠣᠭᠠᠷ ᠭᠠᠯ ᠢ ᠵᠠᠰᠠᠬᠤ᠂ ᠬᠠᠤᠯᠢ ᠶᠣᠰᠣᠭᠠᠷ ᠭᠠᠯ ᠢ ᠬᠠᠮᠢᠶᠠᠷᠬᠤ ᠶᠢ ᠬᠡᠷᠡᠭᠵᠢᠭᠦᠯᠬᠦ ᠬᠡᠷᠡᠭᠲᠡᠢ᠃ ᠤᠷᠳᠤ ᠣᠬᠤᠷ ᠢ ᠤᠶᠠᠯᠳᠤᠭᠤᠯᠬᠤ ᠶᠢ ᠴᠢᠬᠤᠯᠠᠴᠢᠯᠠᠵᠤ᠂ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠠᠶᠤᠯ ᠢ ᠬᠠᠮᠢᠶᠠᠷᠤᠨ ᠡᠵᠡᠮᠳᠡᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠦᠷᠭᠦᠯᠵᠢᠯᠡᠨ ᠠᠬᠢᠭᠤᠯᠵᠤ᠂ ᠴᠥᠬᠦᠷᠡᠰᠢ ᠦᠭᠡᠢ ᠪᠠᠶᠢᠩᠭᠤ ᠠᠳᠬᠤᠬᠤ ᠬᠡᠷᠡᠭᠲᠡᠢ᠃    ︵ᠳᠥᠷᠪᠡ︶ ᠰᠢᠮᠳᠠᠭᠤᠯᠤᠨ ᠵᠢᠯᠤᠭᠤᠳᠴᠤ ᠪᠠᠶᠢᠴᠠᠭᠠᠬᠤ ᠶᠢ ᠥᠷᠨᠢᠭᠦᠯᠦᠨ᠎ᠡ᠃ ᠡᠯ᠎ᠡ ᠭᠠᠵᠠᠷ ᠤᠨ ᠬᠢᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠣᠷᠣᠨ ᠪᠠᠶᠢᠷᠢ ᠶᠢᠨ ᠥᠪᠡᠷ ᠤᠨ ᠪᠠᠶᠢᠴᠠᠭᠠᠯᠲᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠤᠰᠢᠭᠤᠨ ᠤ ᠵᠠᠰᠠᠭ ᠤᠨ ᠣᠷᠳᠣᠨ  ᠠᠴᠠ ᠬᠢᠨᠠᠨ ᠵᠢᠯᠤᠭᠤᠳᠴᠤ ᠪᠠᠶᠢᠴᠠᠭᠠᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ᠂ ᠬᠡᠰᠡᠭ ᠲᠣᠭᠤᠷᠢᠭ ᠬᠤᠪᠢᠶᠠᠵᠤ᠂ ᠴᠠᠭ ᠬᠤᠭᠤᠴᠠᠭ᠎ᠠ ᠬᠤᠪᠢᠶᠠᠵᠤ ᠬᠢᠨᠠᠨ ᠵᠢᠯᠤᠭᠤᠳᠴᠤ ᠪᠠᠶᠢᠴᠠᠭᠠᠨ᠎ᠠ᠃    ︵ᠲᠠᠪᠤ︶ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠶᠢ ᠴᠢᠩᠭᠠᠳᠬᠠᠬᠤ ᠬᠡᠷᠡᠭᠲᠡᠢ᠃ ᠡᠯ᠎ᠡ ᠰᠤᠮᠤ ᠰᠢᠶᠠᠩ ᠪᠠᠯᠭᠠᠰᠤ ︵ᠲᠥᠪ︶᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠲᠠᠷᠢᠶᠠᠯᠠᠩ ᠮᠠᠯ ᠠᠵᠤ ᠠᠬᠤᠢ ᠣᠶ ᠰᠢᠭᠤᠢ ᠶᠢᠨ ᠲᠠᠯᠠᠪᠠᠶ ᠨᠤᠭᠤᠳ ᠥᠷᠨᠢᠭᠦᠯᠦᠭᠰᠡᠨ ᠪᠠᠶᠢᠳᠠᠯ ᠤᠨ ᠠᠵᠢᠯ ᠤᠨ ᠬᠥᠳᠡᠯᠦᠯ ᠪᠠᠶᠢᠳᠠᠯ ᠢᠶᠠᠨ ᠭᠠᠷᠠᠭ ᠪᠦᠷᠢ ᠨᠢᠭᠡ ᠤᠳᠠᠭ᠎ᠠ ᠮᠡᠳᠡᠭᠦᠯᠦᠨ ᠬᠦᠷᠭᠡᠵᠦ᠂ ᠪᠣᠳᠠᠲᠠᠢ ᠮᠡᠳᠡᠭᠡ ᠵᠠᠩᠭᠢ᠂ ᠬᠥᠮᠥᠨ᠂ ᠠᠵᠢᠯ ᠤᠨ ᠵᠢᠷᠤᠭ ᠲᠠᠢ ᠪᠠᠶᠢᠬᠤ ᠶᠢ ᠱᠠᠭᠠᠷᠳᠠᠬᠤ ᠬᠡᠷᠡᠭᠲᠡᠢ᠃ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠠᠶᠤᠯ ᠢ ᠬᠠᠮᠢᠶᠠᠷᠤᠨ ᠡᠵᠡᠮᠳᠡᠬᠦ ᠠᠵᠢᠯ ᠤᠨ ᠲᠥᠰᠥᠯ ᠢ ᠴᠠᠭ ᠲᠤᠬᠠᠢ ᠳᠤᠨᠢ ᠲᠣᠭᠲᠠᠭᠠᠵᠤ᠂ ᠬᠤᠰᠢᠭᠤᠨ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠭᠠᠯ ᠰᠡᠷᠭᠡᠶᠢᠯᠡᠬᠦ ᠲᠠᠰᠤᠭ ᠲᠤ ᠮᠡᠳᠡᠭᠦᠯᠦᠨ ᠬᠦᠷᠭᠡᠵᠦ᠂ ᠬᠠᠪᠤᠷ ᠤᠨ ᠰᠡᠷᠭᠡᠶᠢᠯᠡᠯᠲᠡ ᠳᠠᠭᠤᠰᠬᠤ  ᠠᠴᠠ ᠡᠮᠦᠨ᠎ᠡ ᠬᠠᠭᠠᠰ ᠵᠢᠯ ᠤᠨ ᠠᠵᠢᠯ ᠤᠨ ᠳ᠋ᠦᠩᠨᠡᠯᠲᠡ ᠪᠠᠨ ᠮᠡᠳᠡᠭᠦᠯᠦᠨ ᠬᠦᠷᠭᠡᠵᠦ᠂ ᠨᠠᠮᠤᠷ ᠤᠨ ᠰᠡᠷᠭᠡᠶᠢᠯᠡᠯᠲᠡ ᠳᠠᠭᠤᠰᠤᠭᠰᠠᠨ ᠤ ᠳᠠᠷᠠᠭ᠎ᠠ ᠪᠥᠬᠦ ᠵᠢᠯ ᠤᠨ ᠳ᠋ᠦᠩᠨᠡᠯᠲᠡ ᠪᠠᠨ ᠮᠡᠳᠡᠭᠦᠯᠦᠨ ᠬᠦᠷᠭᠡᠬᠦ ᠬᠡᠷᠡᠭᠲᠡᠢ᠃  
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号